ᠰᠣᠶᠣᠯ ᠵᠢᠭᠤᠯᠴᠢᠯᠠᠯ ᠪᠡᠶ᠎ᠠ ᠵᠢᠨ ᠳᠠᠮᠢᠷ᠎ᠢ ᠠᠭᠤᠰᠤᠯᠴᠠᠭᠤᠯᠬᠤ ᠳ᠋ᠤ 21.99 ᠳ᠋ᠦᠩᠰᠢᠭᠤᠷ ᠲᠥᠭᠥᠷᠢᠭ ᠤᠷᠤᠭᠤᠯᠤᠨ᠎ᠠ
2026-04-16 10:48:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠲᠥᠪ᠎ᠦᠨ ᠠᠵᠤ ᠠᠬᠤᠶ᠎ᠶᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠡᠳ᠋᠎ᠦᠨ ᠵᠠᠰᠠᠭ᠎ᠤᠨ ᠡᠭᠦᠷᠭᠡ ᠴᠢᠳᠠᠪᠬᠢ᠎ᠳᠠᠭᠠᠨ ᠰᠠᠭᠤᠷᠢᠯᠠᠨ᠂ ᠡᠳ᠋᠎ᠦᠨ ᠵᠠᠰᠠᠭ᠎ᠤᠨ ᠪᠠᠯᠠ ᠮᠥᠩᠭᠥ᠎ᠶᠢ 21.99 ᠳ᠋ᠦᠩᠰᠢᠭᠤᠷ ᠲᠥᠭᠥᠷᠢᠭ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠪᠥᠬᠥ᠌ ᠣᠷᠣᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠬᠣᠯᠪᠣᠭᠠᠯᠠᠨ ᠬᠥᠭᠵᠢᠬᠦ᠌᠎ᠶᠢ ᠳᠡᠮᠵᠢᠵᠦ᠍᠂ 《ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ》 ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠶ᠋ᠢᠭᠤᠯᠬᠤ᠎ᠳᠤ ᠪᠠᠲᠤ᠌ ᠪᠠᠬᠢ ᠡᠳ᠋᠎ᠦᠨ ᠬᠦᠴᠦᠨ᠎ᠦ ᠪᠠᠲᠤᠯᠠᠭ᠎ᠠ ᠬᠠᠩᠭᠠᠪᠠ᠃

ᠬᠦᠴᠦᠨ᠎ᠢᠶᠡᠨ ᠲᠥᠪᠯᠡᠷᠡᠭᠦᠯᠦᠨ ᠰᠣᠶᠣᠯ᠎ᠢᠶᠠᠷ ᠣᠷᠣᠨ᠎ᠢᠶᠠᠨ ᠬᠦᠴᠦᠷᠬᠡᠭᠵᠢᠭᠦᠯᠬᠦ᠌ ᠪᠠᠶ᠋ᠢᠭᠤᠯᠤᠯᠲᠠ᠂ ᠠᠭᠤᠰᠣᠯᠴᠠᠭᠤᠯᠥᠨ ᠬᠥᠭᠵᠢᠭᠦᠯᠬᠦ᠌᠎ᠳᠦ ᠭᠦᠴᠦᠨ ᠨᠡᠮᠡᠷᠢᠯᠡᠭᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠨᠢ ᠨᠠᠩ ᠢᠳᠡᠪᠬᠢᠲᠡᠶ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠵᠤ᠂ ᠡᠳ᠋᠎ᠦᠨ ᠵᠠᠰᠠᠭ᠎ᠤᠨ ᠲᠤᠰᠬᠠᠶ ᠪᠠᠯᠠ ᠮᠥᠩᠭᠥ᠌᠂ ᠡᠳ᠋᠎ᠦᠨ ᠵᠠᠰᠠᠭ᠎ᠤᠨ ᠨᠥᠬᠥᠪᠥᠷᠢ᠂ ᠣᠷᠣᠯᠭ᠎ᠠ᠎ᠶᠢᠨ ᠬᠠᠮᠢᠶᠠᠷᠤᠯᠲᠠ᠎ᠶᠢ ᠵᠢᠷᠤᠮᠵᠢᠭᠤᠯᠬᠤ ᠵᠡᠷᠭᠡ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠨᠡᠶ᠋ᠢᠳᠭᠡᠯ ᠦᠢᠯᠡᠳᠦᠯ᠎ᠢ ᠭᠦᠢᠴᠡᠳ ᠪᠠᠳᠠᠷᠠᠭᠤᠯᠤᠨ᠂ ᠰᠣᠶᠣᠯ ᠵᠢᠭᠤᠯᠴᠢᠯᠠᠯ᠂ ᠪᠡᠶ᠎ᠡ᠎ᠶᠢᠨ ᠲᠠᠮᠢᠷ ᠵᠡᠷᠭᠡ ᠡᠯ᠎ᠡ ᠬᠦᠷᠢᠶ᠎ᠡ ᠴᠠᠷᠠᠭ᠎ᠠ᠎ᠶᠢᠨ ᠲᠥᠷᠥ᠎ᠶᠢᠨ ᠪᠣᠳᠣᠯᠭ᠎ᠠ᠎ᠯᠤᠭ᠎ᠠ ᠬᠠᠮᠵᠢᠯᠴᠠᠨ ᠬᠦᠴᠦᠯᠡᠨ᠎ᠠ᠃ 2026 ᠣᠨ᠎ᠳᠤ ᠡᠳ᠋᠎ᠦᠨ ᠵᠠᠰᠠᠭ᠎ᠤᠨ ᠪᠠᠯᠠ ᠮᠥᠩᠭᠥ᠎ᠶᠢ 21.99 ᠳ᠋ᠦᠩᠰᠢᠭᠤᠷ ᠲᠥᠭᠥᠷᠢᠭ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌᠂ ᠤᠯᠠᠭᠠᠨᠮᠥ᠋ᠴᠢᠷ᠎ᠦᠨ ᠦᠢᠯᠡᠰ᠎ᠦᠨ ᠬᠥᠭᠵᠢᠯᠲᠡ᠂ ᠲᠡᠦᠬᠡ᠎ᠶᠢᠨ ᠳᠤᠷᠠᠰᠬᠠᠯᠲᠤ᠌ ᠵᠦᠢᠯᠡᠰ᠎ᠢ ᠬᠠᠮᠠᠭᠠᠯᠠᠵᠤ ᠠᠰᠢᠭᠯᠠᠬᠤ ᠪᠠ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠬᠣᠲᠠ ᠬᠥᠳᠡᠭᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ᠎ᠶᠢ ᠪᠠᠷᠢᠮᠵᠢᠶᠠᠵᠢᠭᠤᠯᠬᠤ ᠲᠡᠩᠴᠡᠭᠦᠷᠢᠰᠢᠭᠦᠯᠬᠦ᠌ ᠵᠡᠷᠭᠡ ᠲᠥᠷᠥᠯ ᠵᠦᠢᠯ᠎ᠢ ᠭᠤᠤᠯᠳᠠᠯᠭ᠎ᠠ᠎ᠲᠠᠶ ᠳᠡᠮᠵᠢᠨ᠎ᠡ; ᠡᠭᠦᠨ᠎ᠦ ᠬᠠᠮᠲᠤ᠌᠂ ᠪᠥᠬᠥ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲ᠋ᠧᠮ᠎ᠤᠨ ᠪᠠᠶ᠋ᠢᠭᠤᠯᠤᠯᠲᠠ᠎ᠶᠢ ᠲᠡᠭᠦᠯᠳᠡᠷᠵᠢᠭᠦᠯᠵᠦ᠍᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ ᠥᠷᠨᠢᠭᠦᠯᠬᠦ᠌᠎ᠶᠢ ᠪᠠᠲᠤᠯᠠᠵᠤ᠂ 《ᠰᠣᠶᠣᠯ ᠵᠢᠭᠤᠯᠴᠢᠯᠠᠯ + ᠵᠠᠭᠤᠨ ᠦᠢᠯᠡᠰ》᠎ᠤᠨ ᠬᠥᠭᠵᠢᠯᠲᠡ᠎ᠶᠢᠨ ᠵᠠᠭᠪᠤᠷ᠎ᠢ ᠬᠦᠴᠦᠯᠡᠨ ᠠᠬᠢᠭᠤᠯᠤᠨ᠎ᠠ᠃ ᠰᠣᠶᠣᠯ᠎ᠵᠢᠠᠷ ᠴᠢᠳᠠᠪᠤᠷᠢ ᠣᠯᠭᠣᠭᠰᠠᠨ ᠰᠣᠶᠣᠯ ᠵᠢᠭᠤᠯᠴᠢᠯᠠᠯ᠎ᠤᠨ ᠦᠢᠯᠡᠳᠬᠦᠨ᠎ᠦ ᠲᠥᠯᠥᠪᠯᠡᠭᠡ᠎ᠶᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠌᠎ᠪᠡᠷ ᠳᠠᠮᠵᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠌᠎ᠶᠢ ᠬᠥᠲᠥᠯᠥᠨ ᠵᠢᠯᠣᠭᠣᠳᠴᠤ᠌᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠵᠡᠷᠭᠡ ᠣᠯᠠᠨ ᠡᠵᠡᠩᠨᠡᠯᠲᠡ᠎ᠶᠢᠨ ᠪᠠᠶ᠋ᠢᠳᠠᠯ ᠲᠥᠯᠥᠪ᠎ᠢ ᠭᠦᠨᠵᠡᠭᠡᠶ ᠠᠭᠤᠰᠤᠯᠴᠠᠭᠤᠯᠬᠤ᠎ᠶᠢ ᠢᠳᠡᠪᠬᠢᠲᠡᠶ ᠠᠬᠢᠭᠤᠯᠵᠤ᠂ ᠰᠣᠶᠣᠯ᠎ᠤᠨ ᠠᠭᠤᠯᠤᠭᠳᠠᠬᠤᠨ ᠵᠢᠠᠷ ᠠᠵᠤ ᠦᠢᠯᠡᠰ᠎ᠦᠨ ᠨᠡᠮᠡᠯᠲᠡ ᠥᠷᠲᠡᠭ᠎ᠢ ᠳᠡᠭᠡᠭᠰᠢᠯᠡᠭᠦᠯᠦᠨ᠂ ᠠᠵᠤ ᠦᠢᠯᠡᠰ᠎ᠦᠨ ᠠᠭᠤᠰᠤᠯᠴᠠᠯ᠎ᠢᠶᠠᠷ ᠰᠣᠶᠣᠯ᠎ᠤᠨ ᠬᠥᠭᠵᠢᠯᠲᠡ᠎ᠶᠢᠨ ᠣᠷᠣᠨ ᠵᠠᠶ᠎ᠶᠢ ᠥᠷᠭᠡᠳᠬᠡᠨ᠎ᠡ᠃

ᠡᠭᠦᠨ᠎ᠦ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 《ᠳᠠᠯᠪᠢᠬᠤ ᠶᠤᠰᠤᠳᠠᠢ᠎ᠶᠢ᠎ᠨᠢ ᠴᠢᠯᠥᠭᠡᠲᠡᠶ ᠲᠠᠯᠪᠢᠵᠤ᠂ ᠬᠠᠮᠢᠶᠠᠷᠬᠤ ᠶᠤᠰᠤᠳᠠᠢ ᠵᠢ  ᠨᠢ ᠰᠠᠶ᠋ᠢᠲᠤᠷ ᠬᠠᠮᠢᠶᠠᠷᠬᠤ》 ᠵᠠᠷᠴᠢᠮ ᠶᠣᠰᠣᠭᠠᠷ᠂ ᠪᠠᠯᠠ ᠮᠥᠩᠭᠥ᠌ ᠬᠤᠪᠢᠶᠠᠷᠢᠯᠠᠬᠤ᠂ ᠳᠣᠭᠢᠷᠠᠭᠤᠯᠬᠤ᠂ ᠬᠢᠨᠠᠨ ᠵᠥᠪᠰᠢᠶᠡᠷᠡᠬᠦ᠌ ᠡᠷᠬᠡ ᠮᠡᠳᠡᠯ᠎ᠢ ᠠᠭᠤᠵᠢᠭᠤ ᠲᠠᠯᠪᠢᠵᠤ᠂ ᠬᠠᠮᠢᠶ᠎ᠠ ᠪᠥᠬᠥᠶ ᠲᠦᠷᠢᠮ ᠪᠠ ᠲᠣᠭᠲᠠᠴᠠ᠎ᠶᠢ ᠲᠡᠭᠦᠯᠳᠡᠷᠵᠢᠭᠦᠯᠬᠦ᠌᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠢᠳᠡᠪᠬᠢᠵᠢᠯ᠎ᠢ ᠭᠦᠢᠴᠡᠳ ᠳᠠᠶ᠋ᠢᠴᠢᠯᠠᠵᠤ᠂ ᠰᠠᠯᠠᠭ᠎ᠠ ᠮᠥᠴᠢᠷ᠎ᠦᠨ ᠬᠣᠭᠣᠷᠣᠨᠳᠣ᠎ᠪᠠᠨ ᠬᠠᠮᠵᠢᠯᠴᠠᠬᠤ ᠠᠵᠢᠯ᠎ᠤᠨ ᠲᠣᠭᠲᠠᠴᠠ᠎ᠶᠢ ᠪᠠᠶ᠋ᠢᠭᠤᠯᠤᠨ ᠪᠦᠷᠢᠨᠰᠢᠬᠦᠯᠵᠦ᠍᠂ ᠡᠳ᠋᠎ᠦᠨ ᠵᠠᠰᠠᠭ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠪᠦᠲᠦᠮᠵᠢᠲᠡᠶ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠠᠭᠤᠰᠤᠯᠴᠠᠨ ᠬᠥᠭᠵᠢᠬᠦ᠌᠎ᠳᠦ ᠰᠠᠶ᠋ᠢᠨ ᠰᠠᠶ᠋ᠢᠬᠠᠨ ᠲᠥᠷᠥ᠎ᠶᠢᠨ ᠪᠣᠳᠣᠯᠭ᠎ᠠ᠎ᠶᠢᠨ ᠣᠷᠴᠢᠨ ᠨᠥᠭᠥᠴᠡᠯ᠎ᠢ ᠪᠣᠶ ᠪᠣᠯᠭᠠᠵᠤ ᠥᠭᠭᠦᠨ᠎ᠡ᠃

ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠲᠦᠷᠢᠮ᠎ᠦᠨ ᠪᠠᠶ᠋ᠢᠭᠤᠯᠤᠯᠲᠠ᠎ᠪᠠᠷ ᠭᠠᠷᠳᠠᠴᠠ ᠪᠣᠯᠭᠠᠵᠤ᠂ ᠲᠤᠰᠬᠠᠶ ᠪᠠᠯᠠ ᠮᠥᠩᠭᠥ᠎ᠶᠢᠨ ᠬᠡᠷᠡᠭᠯᠡᠯᠲᠡ᠂ ᠬᠢᠨᠠᠯᠲᠠ ᠬᠠᠮᠢᠶᠠᠷᠤᠯᠲᠠ᠂ ᠠᠮᠵᠢᠯᠲᠠ ᠪᠦᠲᠦᠮᠵᠢ᠎ᠶᠢᠨ ᠦᠨᠡᠯᠡᠯᠲᠡ ᠵᠡᠷᠭᠡ᠎ᠶᠢ ᠪᠠᠭᠲᠠᠭᠠᠭᠰᠠᠨ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶᠢᠨ ᠲᠦᠷᠢᠮ᠎ᠦᠨ ᠰᠢᠰᠲ᠋ᠧᠮ᠎ᠢ ᠲᠡᠭᠦᠯᠳᠡᠷᠵᠢᠭᠦᠯᠵᠦ᠍᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠪᠠᠯᠠ ᠮᠥᠩᠭᠥ᠎ᠶᠢᠨ ᠬᠡᠷᠡᠭᠯᠡᠯᠲᠡ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠰᠠᠬᠢᠵᠤ᠂ ᠪᠥᠬᠥ᠌ ᠣᠷᠣᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌ ᠪᠠᠬᠢ ᠲᠦᠷᠢᠮ ᠪᠣᠯᠤᠨ ᠪᠠᠯᠠ ᠮᠥᠩᠭᠥ᠎ᠶᠢᠨ ᠪᠠᠲᠤᠯᠠᠭ᠎ᠠ ᠬᠠᠩᠭᠠᠨ᠎ᠠ᠃

ᠢᠷᠡᠯᠲᠡ᠄ ᠥᠪᠥᠷ ᠮᠣᠩᠭᠣᠯ᠎ᠤᠨ ᠡᠳ᠋᠎ᠦᠨ ᠵᠠᠰᠠᠭ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号