6 ᠰᠠᠯᠠᠭ᠎ᠠ ᠮᠥᠴᠢᠷ 2026 ᠣᠨ᠎ᠤ ᠴᠡᠷᠢᠭ᠎ᠡᠴᠡ ᠬᠠᠯᠠᠭᠳᠠᠭᠰᠠᠳ᠎ᠲᠤ᠌ ᠠᠵᠢᠯ ᠣᠯᠭᠣᠬᠤ ᠦᠢᠯᠡᠴᠢᠯᠡᠭᠡᠨ᠎ᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
2026-04-16 10:53:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ 14᠎ᠦ ᠡᠳᠦᠷ ᠴᠡᠷᠢᠭ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠶᠠᠮᠤᠨ᠎ᠠᠴᠠ ᠣᠶ᠋ᠢᠯᠠᠭᠠᠭᠰᠠᠨ᠎ᠢᠶᠠᠷ᠂ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠎ᠤᠨ ᠬᠡᠷᠡᠭ ᠶᠠᠪᠤᠳᠠᠯ᠎ᠤᠨ ᠶᠠᠮᠤᠨ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ ᠵᠡᠷᠭᠡ 6 ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠨᠡ ᠵᠢᠯ᠎ᠦᠨ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠎ᠲᠤ᠌ ᠠᠵᠢᠯ ᠣᠯᠭᠣᠬᠤ ᠦᠢᠯᠡᠴᠢᠯᠡᠭᠡᠨ᠎ᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ ᠥᠷᠭᠡᠨ ᠣᠯᠠᠨ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ᠎ᠳᠤ ᠪᠠᠲᠤ᠌ ᠪᠠᠬᠢ ᠦᠢᠯᠡᠴᠢᠯᠡᠭᠡᠨ᠎ᠦ ᠪᠠᠲᠤᠯᠠᠭ᠎ᠠ ᠬᠠᠩᠭᠠᠪᠠ᠃

6 ᠰᠠᠯᠠᠭ᠎ᠠ ᠮᠥᠴᠢᠷ᠎ᠤᠨ ᠬᠢᠨ᠂ 2026 ᠣᠨ᠎ᠳᠤ ᠡᠯ᠎ᠡ ᠭᠠᠵᠠᠷ᠎ᠤᠨ ᠬᠢᠨ ᠪᠥᠬᠥ᠌ ᠤᠯᠤᠰ᠎ᠤᠨ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲ᠋ᠧᠮ᠎ᠢᠶᠡᠷ ᠲᠤᠯᠭᠠᠭᠤᠷᠢᠯᠠᠯ ᠪᠣᠯᠭᠠᠵᠤ᠂ ᠨᠠᠷᠢᠯᠢᠭ ᠣᠨᠣᠴᠠᠲᠠᠶ᠎ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠴᠢᠩᠭᠠᠳᠬᠠᠨ᠂ ᠴᠡᠷᠢᠭ᠎ᠦᠨ ᠠᠯᠪᠠᠨ᠎ᠠᠴᠠ ᠬᠠᠯᠠᠭᠳᠠᠭᠰᠠᠳ᠎ᠤᠨ ᠠᠵᠢᠯ ᠤᠯᠬᠤ᠎ᠶᠢ ᠳᠡᠮᠵᠢᠬᠦ᠌ ᠪᠠᠢ᠌ᠩᠭᠤᠵᠢᠭᠰᠠᠨ᠂ ᠣᠷᠳᠣ ᠬᠤᠭᠤᠴᠠᠭᠠᠨ᠎ᠤ ᠪᠦᠲᠦᠮᠵᠢᠲᠡᠶ ᠰᠢᠰᠲ᠋ᠧᠮ᠎ᠢ ᠪᠠᠶ᠋ᠢᠭᠤᠯᠬᠤ ᠬᠡᠷᠡᠭᠲᠡᠢ ᠭᠡᠵᠦ ᠳᠤᠳᠤᠷᠬᠠᠢᠯᠠᠪᠠ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号