2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌᠎ᠨᠢ ᠲᠤᠢᠯ᠎ᠤᠨ ᠴᠢᠬᠤᠯᠠ ᠶᠤᠮ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠲᠠᠢ ᠨᠢᠬᠳᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠬᠦ᠌᠎ᠪᠡᠷ ᠤᠳᠤᠷᠢᠳᠤᠮᠵᠢ ᠪᠣᠯᠭᠠᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ᠎ᠪᠠᠷ ᠲᠤᠯᠭᠠᠭᠤᠷᠢᠯᠠᠯ ᠪᠣᠯᠭᠠᠨ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠦᠪᠱᠢᠨ᠂ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠲᠦᠪᠱᠢᠨ᠂ ᠬᠥᠳᠡᠭᠡ ᠲᠣᠰᠭᠣᠨ᠎ᠤ ᠵᠠᠰᠠᠯᠲᠠ᠎ᠶ᠋ᠢᠨ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠱᠢᠨ᠎ᠡ ᠦᠷ᠎ᠡ ᠪᠦᠲᠦᠮᠵᠢ ᠤᠯᠵᠤ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠳᠠᠬᠢᠨ ᠱᠢᠨ᠎ᠡ ᠳᠡᠭ᠌ᠲᠡᠷ᠎ᠲᠦ ᠭᠠᠷᠬᠤ ᠵᠢ ᠠᠬᠢᠭᠤᠯᠬᠤ ᠬᠡᠷᠡᠭᠲᠡᠢ᠃ 《ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠᠳ᠋ᠤ ᠠᠩᠬᠠᠷᠤᠯ᠎ᠢᠶᠡᠨ ᠲᠦᠪᠯᠡᠷᠡᠬᠦᠯᠵᠤ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠰᠠᠨᠠᠯ》 ᠤ᠋ᠨ ᠵᠣᠷᠢᠭ ᠰᠠᠨᠠᠭ᠎ᠠ᠎ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠶ ᠤᠶᠠᠯᠳᠤᠭᠤᠯᠵᠤ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ
(ᠨᠢᠭᠡ) ᠠᠮᠤ ᠪᠤᠳᠠᠭᠠᠨ᠎ᠤ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠮᠤ ᠪᠤᠳᠠᠭᠠᠨ᠎ᠤ ᠠᠮᠤᠷ ᠲᠦᠪᠱᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠮᠤ ᠪᠤᠳᠠᠭ᠎ᠠ᠂ ᠱᠢᠷ᠎ᠠ ᠪᠤᠷᠴᠠᠭ᠎ᠤᠨ ᠳᠠᠷᠢᠬᠤ ᠲᠠᠯᠠᠪᠠᠶ ᠪᠠ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠵᠤ᠂ ᠠᠮᠤ ᠪᠤᠳᠠᠭᠠᠨ᠎ᠤ ᠲᠥᠷᠥᠯ ᠵᠦᠶ᠋ᠯ᠎ᠢ ᠱᠢᠯᠢᠳᠡᠭ᠌ᠵᠢᠭᠦᠯᠦᠨ ᠪᠣᠢᠵᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠭᠤᠤᠯ ᠪᠣᠯᠬᠤ ᠠᠮᠤ ᠲᠣᠰᠣᠨ᠎ᠤ ᠲᠠᠷᠢᠮᠠᠯ᠎ᠤᠨ ᠶᠡᠬᠡ ᠬᠡᠪᠴᠢᠶᠡᠨ᠎ᠤ ᠮᠣ᠌ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠣᠨ᠎ᠤ ᠠᠵᠢᠯᠯᠠᠭ᠎ᠠ᠎ᠶ᠋ᠢ ᠥᠷᠨᠢᠭᠦᠯᠵᠦ᠍᠂ ᠮᠣ᠌ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠵᠢᠱ᠌ᠢᠶ᠎ᠡ ᠦᠵᠡᠭᠦᠯᠬᠦ᠌ ᠣᠷᠣᠨ᠎ᠢ 1000 ᠲᠦᠮᠡᠨ ᠮᠥ᠍ ᠪᠥᠲᠥᠭᠡᠨ ᠪᠠᠢᠭᠤᠯᠤᠨ᠎ᠠ᠃ ᠠᠮᠤ ᠪᠤᠳᠠᠭᠠᠨ᠎ᠤ ᠭᠦᠢᠯᠭᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠲᠦᠷᠦᠯ ᠵᠦᠢᠯ᠎ᠢ ᠬᠡᠷᠡᠭ᠌ᠵᠢᠭᠦᠯᠦᠨ᠎ᠡ᠃ ᠱᠢᠷ᠎ᠠ ᠪᠤᠷᠴᠠᠭ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠪᠠᠲᠤᠳᠭᠠᠨ ᠳᠡᠭᠡᠭ᠌ᠰᠢᠯᠡᠭᠦᠯᠵᠦ᠍᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠰᠠᠢᠲᠤᠷ ᠵᠣᠯᠭᠠᠭᠤᠯᠤᠨ᠎ᠠ᠃ ᠲᠥᠬᠦᠭᠡᠷᠦᠮᠵᠢᠲᠦ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠬᠦᠢᠲᠡᠨ ᠰᠡᠷᠢᠭᠦᠨ ᠭᠠᠵᠠᠷ ᠤᠷᠤᠨ ᠳ᠋ᠤ ᠵᠤᠨ ᠲᠠᠷᠢᠵᠤ ᠤᠷᠭᠤᠭᠤᠯᠬᠤ ᠢᠳᠡᠱᠢᠨ ᠨᠣᠭᠣᠭ᠎ᠠ᠎ᠶ᠋ᠢᠨ ᠰᠠᠭᠤᠷᠢ᠎ᠶ᠋ᠢ ᠴᠢᠩᠭᠠᠳᠭᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠲᠥᠬᠦᠭᠡᠷᠦᠮᠵᠢᠲᠦ ᠲᠠᠷᠢᠶᠠᠯᠠᠩ᠎ᠢ10 ᠲᠦᠮᠡᠨ ᠮᠦ᠍ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠳᠡᠭᠡᠭ᠌ᠰᠢᠯᠡᠭᠦᠯᠦᠨ᠎ᠡ᠃ ᠨᠡᠷᠡᠨ ᠬᠤᠸᠠᠷ᠂ ᠱᠢᠯᠢᠮᠳᠡᠭ ᠵᠡᠷᠭᠡ ᠭᠣᠣᠯ ᠪᠤᠯᠬᠤ ᠲᠣᠰᠣᠯᠢᠭ ᠲᠠᠷᠢᠮᠠᠯ᠎ᠤᠨ ᠦᠢᠯᠡᠳᠪᠦᠷᠢᠯᠡᠯ᠎ᠦᠨ ᠣᠷᠣᠨ ᠵᠠᠢ᠎ᠶ᠋ᠢ ᠥᠷᠭᠡᠳᠭᠡᠵᠦ᠍᠂ ᠬᠤᠮᠠ ᠵᠡᠷᠭᠡ ᠤᠨᠴᠠᠯᠢᠭ᠍ᠳᠤ ᠲᠣᠰᠣᠯᠢᠭ ᠲᠠᠷᠢᠮᠠᠯ᠎ᠢ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠬᠥᠭ᠌ᠵᠢᠭᠦᠯᠦᠨ᠎ᠡ᠃ ᠣᠶᠲᠤᠲᠤᠷᠠᠬᠢ ᠳᠠᠷᠢᠵᠤ ᠲᠡᠵᠢᠭᠡᠬᠦ᠌᠂ ᠲᠡᠭᠦᠵᠦ᠍ ᠴᠤᠭᠯᠠᠭᠤᠯᠤᠨ ᠡᠳ᠋ᠱᠢᠭᠦᠯᠬᠦ᠌ ᠠᠵᠤ ᠦᠢᠯᠡᠰ᠎ᠢ ᠵᠢᠷᠤᠮᠵᠢᠭᠤᠯᠤᠨ ᠥᠷᠨᠢᠭᠦᠯᠵᠦ᠍᠂ ᠬᠠᠳᠠᠭᠠᠭ᠍ᠰᠠᠨ ᠱᠢᠨ᠎ᠡ ᠰᠣᠷᠭᠣᠭ ᠵᠢᠮᠢᠰ᠂ ᠮᠣᠳᠣᠯᠢᠭ ᠠᠮᠤ ᠲᠣᠰᠣ ᠵᠡᠷᠭᠡ ᠣᠶ ᠱᠢᠭᠤᠶ᠎ᠶ᠋ᠢᠨ ᠢᠳᠡᠭᠡᠨ᠎ᠦ ᠬᠠᠩᠭᠠᠯᠭ᠎ᠠ᠎ᠶ᠋ᠢ 145 ᠲᠦᠮᠡᠨ ᠲᠣᠨ᠎ᠳᠤ ᠬᠦᠷᠬᠡᠬᠦ᠌᠎ᠪᠡᠷ ᠴᠢᠷᠮᠠᠢᠨ᠎ᠠ᠃ ᠢᠳᠡᠭᠡᠨ᠎ᠦ ᠠᠮᠤᠷ ᠲᠦᠪᠰᠢᠨ᠎ᠤ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠤ᠂ ᠬᠠᠤᠯᠢ ᠪᠤᠰᠤ᠎ᠪᠠᠷ ᠨᠡᠮᠡᠯᠳᠡ ᠡᠳ᠋ ᠨᠡᠮᠡᠬᠦ᠌ ᠪᠠ ᠲᠠᠷᠢᠶᠠᠨ ᠡᠮ ᠮᠠᠯ᠎ᠤᠨ ᠡᠮ᠎ᠦᠨ ᠦᠯᠡᠳᠡᠭ᠌ᠳᠡᠯ ᠪᠠᠷᠢᠮᠵᠢᠶ᠎ᠠ᠎ᠡᠴᠡ ᠬᠡᠲᠦᠷᠡᠭ᠌ᠰᠡᠨ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠴᠢᠩᠭ᠎ᠠ ᠱᠢᠢᠳᠭᠡᠨ᠎ᠡ᠃ ᠱᠢᠨᠵᠢᠯᠡᠬᠦ᠌ ᠤᠬᠠᠭᠠᠨᠴᠢ᠎ᠪᠠᠷ ᠠᠮᠤ ᠪᠤᠳᠠᠭ᠎ᠠ ᠨᠥᠭᠡᠴᠡᠯᠡᠬᠦ᠌ ᠵᠠᠭ᠍ᠪᠤᠷ ᠪᠣᠯᠤᠨ ᠡᠷᠳᠡᠨᠢ ᠱᠢᠰᠢ᠎ᠶ᠋ᠢᠨ ᠦᠷ᠎ᠡ᠎ᠶ᠋ᠢ ᠱᠢᠭᠤᠳ ᠬᠤᠷᠢᠶᠠᠬᠤ ᠮᠡᠷᠭᠡᠵᠢᠯ᠎ᠢ ᠳᠡᠯᠭᠡᠷᠡᠭᠦᠯᠵᠦ᠍᠂ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠪᠠ ᠢᠳᠡᠭᠡᠨ᠎ᠢ ᠪᠦᠷᠢᠯᠭᠡᠨ ᠰᠦᠶ᠋ᠳᠭᠡᠬᠦ᠌᠎ᠶ᠋ᠢ ᠲᠡᠪᠴᠢᠬᠦ ᠤᠬᠠᠭᠤᠯᠭ᠎ᠠ᠎ᠶ᠋ᠢ ᠴᠢᠩᠭᠠᠳᠭᠠᠵᠤ᠂ ᠠᠮᠤ ᠪᠤᠳᠠᠭᠠᠨ᠎ᠤ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠷᠪᠢᠯᠠᠨ ᠭᠠᠮᠨᠠᠵᠤ ᠬᠣᠷᠣᠭ᠍ᠳᠠᠭᠤᠯᠤᠯᠢ ᠪᠠᠭᠠᠰᠭᠠᠬᠤ᠎ᠶ᠋ᠢ ᠠᠬᠢᠭᠤᠯᠤᠨ᠎ᠠ᠃
(ᠬᠣᠶᠠᠷ)ᠮᠢᠬᠠᠨ᠎ᠤ ᠦᠬᠡᠷ ᠮᠢᠬᠠᠨ᠎ᠤ ᠬᠣᠨᠢ ᠵᠡᠷᠭᠡ᠎ᠶ᠋ᠢᠨ ᠭᠠᠷᠤᠯᠲᠠ᠎ᠶ᠋ᠢ ᠨᠡᠮᠡᠭ᠌ᠳᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠮᠠᠯ ᠠᠵᠤ ᠠᠬᠤᠶ᠎ᠶ᠋ᠢᠨ ᠰᠢᠯᠢᠳᠡᠭ ᠡᠭᠦᠯᠳᠡᠷ᠎ᠦᠨ ᠨᠥᠬᠥᠪᠥᠷᠢ ᠦᠭᠬᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠨᠤᠲᠤᠭ ᠪᠡᠯᠴᠢᠬᠡᠷ᠎ᠤᠨ ᠮᠠᠯ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠰᠠᠭᠤᠷᠢ ᠦᠨᠢᠶ᠎ᠡ᠎ᠶ᠋ᠢᠨ ᠰᠦᠷᠦᠭ᠎ᠢ ᠥᠷᠭᠡᠳᠭᠡᠨ ᠴᠢᠨᠠᠷ ᠢ᠋ ᠳᠡᠭᠡᠭ᠌ᠰᠢᠯᠡᠭᠦᠯᠬᠦ᠌ ᠲᠥᠷᠥᠯ ᠵᠦᠢᠯ ᠪᠠ ᠵᠠᠭᠤᠨ ᠲᠦᠮᠡᠨ ᠲᠤᠯᠤᠭᠠᠢ ᠮᠢᠬᠠᠨ᠎ᠤ ᠦᠬᠡᠷ ᠪᠣᠷᠳᠣᠨ ᠲᠠᠷᠭᠤᠯᠠᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠳᠤ ᠱᠢᠨ᠎ᠡ᠎ᠪᠡᠷ ᠮᠠᠨᠳᠤᠭ᠍ᠰᠠᠨ ᠮᠢᠬᠠᠨ᠎ᠤ ᠦᠬᠡᠷ᠎ᠦᠨ ᠭᠠᠷᠤᠯᠲᠠ᠎ᠶ᠋ᠢᠨ ᠣᠷᠣᠨ᠎ᠢ ᠪᠠᠢᠭᠤᠯᠵᠤ᠂ ᠮᠢᠬᠠᠨ᠎ᠤ ᠦᠬᠡᠷ᠎ᠦᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠤᠨ᠎ᠠ᠃ ᠭᠠᠬᠠᠢ ᠵᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢᠨ ᠶᠡᠷᠦᠩᠬᠡᠢᠯᠡᠭ᠌ᠰᠡᠨ ᠡᠵᠡᠮᠰᠢᠯ ᠳᠤᠬᠢᠷᠠᠭᠤᠯᠭ᠎ᠠ ᠵᠢ ᠴᠢᠩᠭᠠᠳᠭᠠᠨ᠎ᠠ᠃ ᠲᠦᠭᠦᠭᠡᠷᠦᠮᠵᠢᠲᠤ ᠵᠢᠭᠠᠰᠤᠨ ᠠᠵᠤ ᠠᠬᠤᠶ᠎ᠶ᠋ᠢ ᠬᠥᠭ᠌ᠵᠢᠭᠦᠯᠦᠨ᠎ᠡ᠃ ᠮᠠᠯ᠎ᠤᠨ ᠬᠠᠱᠢᠶ᠎ᠠ ᠰᠠᠷᠠᠪᠴᠢ᠎ᠶ᠋ᠢ 500 ᠲᠦᠮᠡᠨ ᠲᠡᠭ᠌ᠰᠢ ᠳᠥᠷᠪᠡᠯᠵᠢᠨ ᠮᠧᠲᠷ᠎ᠡᠴᠡ ᠳᠡᠭᠡᠭ᠌ᠰᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠤᠨ᠎ᠠ᠃
(ᠭᠤᠷᠪᠠ) ᠰᠦ᠎ᠶ᠋ᠢᠨ ᠦᠶ᠋ᠯᠡᠰ᠎ᠢ ᠬᠦᠭᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠰᠠᠭᠠᠯᠢ᠎ᠶ᠋ᠢᠨ ᠦᠨᠢᠶᠡᠨ᠎ᠦ ᠬᠦᠢᠰᠦ ᠵᠢᠨ ᠢᠯᠭᠠᠯ᠎ᠢ ᠡᠵᠡᠮᠳᠡᠵᠦ ᠦᠷ᠎ᠡ ᠵᠢ ᠬᠦᠯᠳᠡᠭᠡᠬᠦ ᠶ᠋ᠢ ᠳᠡᠯᠭᠡᠷᠡᠭᠦᠯᠦᠨ ᠬᠡᠷᠡᠭᠯᠡᠨ᠎ᠡ᠃ ᠤᠯᠠᠮᠵᠢᠯᠠᠯᠲᠤ ᠵᠢᠴᠢ ᠣᠷᠣᠨ ᠪᠦᠰᠡ᠎ᠶ᠋ᠢᠨ ᠣᠨᠴᠠᠯᠢᠭ᠎ᠲᠠᠶ ᠴᠠᠭᠠᠨ ᠢᠳᠡᠭᠡᠨ᠎ᠦ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠳᠡᠮᠵᠢᠵᠦ᠍᠂ ᠰᠦᠨ ᠲᠣᠰᠣᠨ᠎ᠤ ᠲᠥᠷᠥᠯ᠂ ᠰᠦᠨ ᠲᠡᠮᠦᠷ᠎ᠦᠨ ᠤᠭᠤᠷᠠᠭ᠎ᠤᠨ ᠲᠥᠷᠥᠯ ᠵᠡᠷᠭᠡ ᠨᠠᠷᠢᠯᠢᠭ ᠭᠦᠨᠵᠡᠭᠡᠶ ᠡᠳ᠋ᠱᠢᠭᠦᠯᠦᠭ᠌ᠰᠡᠨ ᠴᠠᠭᠠᠨ ᠢᠳᠡᠭᠡᠨ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠰᠦ᠎ᠶ᠋ᠢᠨ ᠦᠶ᠋ᠯᠡᠰ᠎ᠦᠨ ᠲᠡᠵᠢᠭᠡᠨ ᠦᠷᠡᠵᠢᠭᠦᠯᠬᠦ᠌ ᠡᠳ᠋ᠱᠢᠭᠦᠯᠬᠦ᠌᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ 《ᠰᠤᠷᠤᠭ᠍ᠴᠢᠳ᠎ᠤᠨ ᠤᠤᠭᠤᠬᠤ ᠰᠦ ᠶ᠋ᠢᠨ ᠲᠥᠯᠥᠪᠯᠡᠭᠡ》 ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠴᠠᠭᠠᠨ ᠢᠳᠡᠭᠡᠨ᠎ᠦ ᠶᠠᠰᠤ ᠴᠢᠨᠠᠷ᠎ᠢ ᠪᠠᠢᠴᠠᠭᠠᠨ ᠬᠡᠮᠵᠢᠬᠦ᠌ ᠮᠡᠷᠭᠡᠵᠢᠯ᠎ᠦᠨ ᠰᠤᠳᠤᠯᠭᠠᠨ᠎ᠢ ᠴᠢᠩᠭᠠᠳᠬᠠᠨ᠎ᠠ᠃ ᠰᠦ᠎ᠵᠢᠨ ᠦᠢᠯᠡᠰ᠎ᠦᠨ ᠠᠵᠤ ᠠᠬᠤᠢᠯᠠᠯ᠎ᠤᠨ ᠬᠢᠨ᠎ᠤ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠵᠢᠴᠢ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠦᠲᠦᠭᠡᠨ ᠪᠠᠢᠭᠤᠯᠬᠤ ᠤᠯᠤᠰ᠎ᠤᠳ ᠲᠠᠬᠢ ᠵᠠᠬ᠎ᠠ ᠳᠡᠯᠭᠡᠭᠦᠷ᠎ᠢᠶᠡᠨ ᠦᠷᠭᠡᠳᠭᠡᠬᠦ᠎ᠶ᠋ᠢ ᠵᠣᠷᠢᠭ᠍ᠵᠢᠭᠤᠯᠤᠨ᠎ᠠ᠃
(ᠳᠥᠷᠪᠡ) ᠲᠡᠵᠢᠭᠡᠯ ᠡᠪᠡᠰᠦ ᠪᠣᠷᠳᠣᠭ᠎ᠠ ᠵᠢᠨ ᠬᠠᠩᠭᠠᠯᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠬᠦᠬᠡ ᠪᠡᠷ ᠳᠠᠷᠤᠰᠢᠭᠤᠯᠬᠤ ᠡᠷᠳᠡᠨᠢ ᠱᠢᠰᠢ᠂ ᠲᠡᠵᠢᠭᠡᠯ ᠪᠤᠷᠳᠤᠭ᠎ᠠ ᠵᠢᠨ ᠨᠣᠬᠠᠶ᠎ᠶ᠋ᠢᠨ ᠬᠣᠱᠢᠭᠤ᠂ ᠴᠠᠷᠭᠠᠰᠤ ᠵᠡᠷᠭᠡ ᠴᠢᠨᠠᠷ ᠰᠠᠢᠲᠠᠶ ᠬᠦᠮᠦᠨ᠎ᠤ ᠬᠦᠴᠦ ᠪᠡᠷ ᠲᠡᠵᠢᠭᠡᠯ ᠡᠪᠡᠰᠦ ᠲᠠᠷᠢᠬᠤ᠎ᠶ᠋ᠢ ᠦᠷᠭᠦᠯᠵᠢᠯᠡᠨ ᠠᠬᠢᠭᠤᠯᠤᠨ᠎ᠠ᠃ ᠲᠡᠵᠢᠭᠡᠯ ᠡᠪᠡᠰᠦ ᠨᠥᠭᠡᠴᠡᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ 《ᠠᠮᠤ ᠪᠤᠳᠠᠭ᠎ᠠ ᠵᠢᠨ ᠡᠷᠳᠡᠨᠢ ᠰᠢᠰᠢ᠎ᠶ᠋ᠢ ᠲᠡᠵᠢᠭᠡᠯ ᠪᠣᠷᠳᠣᠭ᠎ᠠ ᠵᠢᠨ ᠡᠷᠳᠡᠨᠢ ᠰᠢᠰᠢ ᠪᠣᠯᠭᠠᠨ ᠥᠭᠡᠷᠡᠴᠢᠯᠡᠬᠦ᠌》 ᠶ᠋ᠢ ᠠᠬᠢᠭᠤᠯᠵᠤ᠂ ᠬᠥᠬᠡ ᠪᠡᠷ ᠳᠠᠷᠤᠰᠢᠭᠤᠯᠬᠤ ᠡᠷᠳᠡᠨᠢ ᠱᠢᠰᠢ ᠵᠡᠷᠭᠡ ᠴᠢᠨᠠᠷ ᠰᠠᠢᠲᠠᠶ ᠲᠡᠵᠢᠭᠡᠯ ᠡᠪᠡᠰᠦ᠎ᠶ᠋ᠢ ᠬᠣᠷᠢᠶᠠᠨ ᠬᠠᠳᠠᠭᠠᠯᠠᠵᠤ ᠠᠱᠢᠭ᠍ᠯᠠᠬᠤ᠎ᠶ᠋ᠢ ᠳᠠᠮᠵᠢᠨ᠎ᠠ᠃ ᠪᠦᠳᠦᠭᠦᠯᠢᠭ ᠪᠣᠷᠳᠣᠭ᠎ᠠ᠎ᠶ᠋ᠢ ᠭᠦᠨᠵᠡᠭᠡᠶ ᠡᠳ᠋ᠱᠢᠭᠦᠯᠬᠦ᠌ ᠪᠠ ᠪᠦᠬᠦᠯᠢ ᠡᠳᠦᠷ ᠬᠣᠯᠢᠮᠠᠭ ᠲᠡᠵᠢᠬᠡᠯ ᠪᠤᠷᠳᠤᠭ᠎ᠠ᠎ᠪᠠᠷ ᠲᠡᠵᠢᠭᠡᠬᠦ᠌ ᠵᠠᠭ᠍ᠪᠤᠷ᠎ᠢ ᠳᠡᠯᠭᠡᠷᠡᠭᠦᠯᠦᠨ᠎ᠡ᠃ ᠲᠡᠵᠢᠭᠡᠯ ᠡᠪᠡᠰᠦᠨ᠎ᠦ ᠰᠢᠯᠢᠳᠡᠭ ᠡᠭᠦᠯᠳᠡᠷ᠎ᠢ 《ᠪᠣᠢᠵᠢᠭᠤᠯᠤᠨ ᠦᠷᠡᠵᠢᠭᠦᠯᠬᠦ᠌ ᠳᠡᠯᠭᠡᠷᠡᠭᠦᠯᠬᠦ᠌》 ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
(ᠲᠠᠪᠤ) ᠲᠠᠷᠢᠶᠠᠨ ᠭᠠᠵᠠᠷ᠎ᠢ ᠬᠠᠮᠠᠭᠠᠯᠠᠬᠤ ᠬᠢᠭᠡᠳ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠨ᠎ᠠ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠨ᠎ᠠ᠃ ᠲᠠᠷᠢᠶᠠᠨ ᠭᠠᠵᠠᠷ᠎ᠢ ᠬᠠᠮᠠᠭᠠᠯᠠᠬᠤ ᠪᠠ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠣᠷᠣᠨ ᠵᠠᠢ᠎ᠶ᠋ᠢᠨ ᠲᠤᠰᠭᠠᠢ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠲᠠᠷᠢᠶᠠᠨ ᠭᠠᠵᠠᠷ ᠪᠠ ᠤᠢ ᠱᠢᠭᠤᠢ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠣᠷᠣᠨ ᠵᠠᠢ᠎ᠶ᠋ᠢ ᠵᠦᠢ ᠵᠣᠬᠢᠰᠲᠠᠢ ᠵᠠᠭᠠᠭ᠍ᠯᠠᠨ ᠲᠣᠭ᠍ᠲᠠᠭᠠᠨ᠎ᠠ᠃ ᠲᠠᠷᠢᠶᠠᠨ ᠭᠠᠵᠠᠷ᠎ᠢ ᠡᠵᠡᠯᠡᠬᠦ᠌ ᠪᠠ ᠨᠥᠬᠥᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠨᠥᠬᠥᠪᠥᠷᠢᠯᠡᠬᠦ᠌ ᠲᠠᠷᠢᠶᠠᠨ ᠭᠠᠵᠠᠷ᠎ᠤᠨ ᠶᠠᠰᠤ ᠴᠢᠨᠠᠷ᠎ᠢ ᠱᠢᠯᠭᠠᠨ ᠠᠪᠬᠤ ᠪᠣᠭᠣᠮᠲᠠ᠎ᠶ᠋ᠢ ᠴᠢᠩᠭ᠎ᠠ ᠰᠠᠬᠢᠨ᠎ᠠ᠃ ᠬᠠᠤᠯᠢ᠎ᠶ᠋ᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌᠂ ᠤᠢ ᠱᠢᠭᠤᠢ ᠡᠪᠡᠰᠦ ᠪᠡᠯᠴᠢᠭᠡᠷ᠎ᠢ ᠡᠪᠳᠡᠨ ᠰᠦᠢᠳᠭᠡᠬᠦ᠌ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠬᠥᠳᠡᠭᠡ ᠲᠣᠰᠭᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ᠎ᠢᠶᠠᠨ ᠡᠵᠡᠯᠡᠨ ᠭᠡᠷ ᠪᠠᠢᠱᠢᠩ ᠪᠠᠷᠢᠬᠤ᠎ᠶ᠋ᠢ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠦᠬᠦᠭᠡᠷᠤᠮᠵᠢᠳᠤ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ ᠰᠢᠷᠦᠢ ᠵᠢᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ 《ᠬᠦᠯᠡᠮᠵᠢ ᠵᠢᠨ ᠨᠡᠷ᠎ᠡ ᠪᠡᠷ ᠪᠠᠢᠭᠤᠯᠤᠬᠰᠠᠨ ᠬᠠᠤᠯᠢ ᠪᠤᠰᠤ ᠪᠠᠷᠢᠯᠭ᠎ᠠ》 ᠵᠢ ᠲᠤᠰᠭᠠᠶ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠠᠲᠠᠷᠱᠢᠭᠤᠯᠤᠭ᠍ᠰᠠᠨ ᠭᠠᠵᠠᠷ᠎ᠢ ᠰᠡᠷᠭᠦᠭᠡᠨ ᠠᠱᠢᠭ᠍ᠯᠠᠬᠤ ᠪᠠ ᠲᠠᠷᠢᠶᠠᠨ ᠭᠠᠵᠠᠷ᠎ᠲᠤ 《ᠠᠮᠤ ᠪᠤᠳᠠᠭᠠᠨ᠎ᠤ ᠪᠤᠰᠤ ᠲᠠᠷᠢᠮᠠᠯ ᠲᠠᠷᠢᠬᠤ》 ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠰᠠᠢᠲᠤᠷ ᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠳᠦᠷᠢᠮ᠎ᠢ ᠲᠣᠭ᠍ᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 600 ᠲᠦᠮᠡᠨ ᠮᠣ᠌ᠡᠴᠡ ᠳᠡᠭᠡᠭ᠌ᠰᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠳᠡᠭᠡᠭ᠌ᠰᠢᠯᠡᠭᠦᠯᠦᠨ᠎ᠡ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠱᠢᠯᠢᠳᠡᠭ᠎ᠢ ᠨᠢ ᠦᠯᠡᠳᠡᠬᠡᠵᠤ ᠰᠢᠭᠠᠷᠤ᠎ᠶ᠋ᠢ ᠨᠢ ᠰᠢᠭᠰᠢᠭᠳᠡᠬᠦᠯᠬᠦ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠬᠠᠷ᠎ᠠ ᠬᠥᠷᠥᠰᠥᠨ ᠳ᠋ᠤ ᠬᠠᠮᠠᠭᠠᠯᠠᠯᠳᠠ ᠵᠢᠨ ᠴᠢᠨᠠᠷᠲᠠᠢ ᠲᠠᠷᠢᠶᠠᠯᠠᠬᠤ ᠪᠠ ᠲᠠᠷᠢᠶᠠᠨ ᠭᠠᠵᠠᠷ᠎ᠢ ᠭᠦᠨ ᠰᠤᠯᠠᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠬᠤᠵᠢᠷᠯᠢᠭ ᠭᠠᠵᠠᠷ᠎ᠢ ᠥᠭᠡᠷᠡᠴᠢᠯᠡᠨ ᠳᠡᠭᠡᠭ᠌ᠰᠢᠯᠡᠭᠦᠯᠦᠨ᠎ᠡ᠃ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠬᠰᠠᠨ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠪᠤᠤ ᠠᠨ ᠵᠤᠤ ᠵᠡᠷᠭᠡ 3 ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠢ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠪᠠ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠪᠦᠬᠦ᠌ ᠣᠷᠣᠨ᠎ᠤ ᠲᠠᠷᠢᠶᠠᠨ ᠭᠠᠵᠠᠷ᠎ᠤᠨ ᠬᠡᠮᠵᠢᠶ᠎ᠡ᠎ᠶ᠋ᠢ ᠪᠠᠭᠤᠷᠠᠭᠤᠯᠬᠤ ᠦᠭᠡᠶ ᠪᠠᠢᠬᠤ᠎ᠶ᠋ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠣᠷ᠎ᠠ᠂ ᠭᠣᠣᠯ᠎ᠤᠨ ᠬᠡᠪᠡᠯᠢ᠎ᠳᠠᠬᠢ ᠲᠣᠭ᠍ᠲᠠᠭᠤᠨ ᠪᠤᠰᠤ ᠲᠠᠷᠢᠶᠠᠨ ᠭᠠᠵᠠᠷ᠎ᠢ ᠦᠬᠡᠢᠰᠬᠡᠬᠦ ᠶᠣᠰᠣᠲᠠᠶ᠎ᠶ᠋ᠢ ᠨᠢ ᠪᠦᠬᠦᠨ᠎ᠢ ᠦᠬᠡᠢᠰᠬᠡᠬᠦ ᠵᠢ ᠠᠬᠢᠭᠤᠯᠤᠨ᠎ᠠ ᠃
(ᠵᠢᠷᠭᠤᠭ᠎ᠠ) ᠮᠠᠯ ᠠᠵᠤ ᠠᠬᠤᠶ ᠲᠠᠷᠢᠶᠠᠯᠠᠩ᠎ᠤᠨ 《ᠦᠷ᠎ᠡ ᠪᠠ ᠡᠬᠦᠯᠳᠡᠷ》᠎ᠤ᠋ᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠲᠠᠷᠢᠮᠠᠯ᠂ ᠤᠨᠴᠠᠯᠢᠭ᠍ᠲᠤ ᠮᠠᠯ ᠵᠢᠭᠦᠷᠲᠡᠨ᠂ ᠨᠤᠲᠤᠭ᠎ᠤᠨ ᠣᠶ ᠱᠢᠭᠤᠶ ᠡᠪᠡᠰᠦᠨ᠎ᠦ ᠦᠷ᠎ᠡ᠂ ᠰᠦᠨ ᠬᠦᠴᠢᠯ᠎ᠦᠨ ᠪᠠᠺᠲ᠋ᠧᠷᠢ ᠵᠡᠷᠭᠡ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ᠃ ᠪᠦᠬᠦ᠌ ᠣᠷᠣᠨ᠎ᠤ ᠣᠨᠴᠠᠯᠢᠭ ᠪᠦᠬᠦᠢ ᠬᠦᠢᠲᠡᠨ ᠬᠠᠭᠤᠷᠠᠶ ᠭᠠᠵᠠᠷ᠎ᠤᠨ ᠲᠠᠷᠢᠮᠠᠯ᠎ᠤᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ᠂ ᠵᠡᠭᠦᠨ ᠬᠡᠰᠡᠭ᠎ᠦᠨ ᠠᠢᠮᠠᠭ ᠬᠣᠲᠠ᠎ᠶ᠋ᠢᠨ ᠲᠠᠷᠢᠮᠠᠯ᠎ᠤᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ ᠵᠢ ᠪᠠᠢᠭᠤᠯᠬᠤ᠎ᠶ᠋ᠢ ᠳᠡᠮᠵᠢᠨ᠎ᠡ᠃ ᠦᠷ᠎ᠡ ᠪᠣᠢᠵᠢᠭᠤᠯᠬᠤ ᠲᠣᠮᠣ ᠱᠢᠶᠠᠨ ᠪᠠ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ ᠤ᠋ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ 《ᠴᠢᠬᠢ ᠵᠢ ᠨᠢ ᠦᠵᠡᠨ ᠦᠷ᠎ᠡ ᠰᠣᠩᠭᠣᠬᠤ》 ᠲᠠᠪᠴᠠᠩ᠎ᠤᠨ ᠪᠦᠲᠦᠭᠡᠨ ᠪᠠᠢᠭᠤᠯᠤᠯᠲᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠎ᠡ᠃ ᠡᠮᠦᠨᠡᠲᠦ ᠣᠷᠣᠨ᠎ᠳᠤ ᠦᠷᠡᠵᠢᠭᠦᠯᠬᠦ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠦᠷ᠎ᠡ ᠪᠣᠢᠵᠢᠭᠤᠯᠬᠤ ᠥᠨᠳᠥᠷ ᠲᠦᠪᠰᠢᠨ ᠪᠦᠬᠦᠢ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠠᠵᠤ ᠦᠢᠯᠡᠰᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠠᠵᠢᠯ᠎ᠢ ᠥᠷᠨᠢᠭᠦᠯᠦᠨ᠎ᠡ᠃ ᠱᠢᠬᠢᠷ ᠯᠤᠤᠪᠠᠩ᠎ᠤᠨ ᠥᠪᠡᠷ ᠲᠡᠭᠡᠨ ᠪᠣᠢᠵᠢᠭᠤᠯᠬᠤ ᠳᠠᠩ ᠨᠠᠬᠢᠶ᠎ᠠ᠎ᠲᠤ ᠱᠢᠨ᠎ᠡ ᠡᠭᠦᠯᠳᠡᠷ ᠪᠣᠯᠤᠨ ᠦᠷ᠎ᠡ᠎ᠶ᠋ᠢᠨ ᠮᠥᠬᠥᠯᠢᠭ᠌ᠵᠢᠭᠦᠯᠬᠦ᠌ ᠮᠡᠷᠭᠡᠵᠢᠯ᠎ᠢ ᠶᠡᠬᠡ ᠪᠡᠷ ᠳᠡᠯᠭᠡᠷᠡᠭᠦᠯᠵᠦ᠍᠂ ᠱᠢᠬᠢᠷ ᠯᠤᠤᠪᠠᠩ ᠲᠠᠷᠢᠬᠤ ᠲᠠᠯᠠᠪᠠᠶ᠎ᠶ᠋ᠢ ᠲᠣᠭ᠍ᠲᠠᠭᠤᠨ ᠪᠠᠢᠯᠭᠠᠨ᠎ᠠ᠃ ᠦᠬᠡᠷ ᠬᠤᠨᠢ ᠵᠢᠨ ᠤᠯᠤᠰ᠎ᠤᠨ ᠲᠠᠰ᠎ᠤᠨ ᠭᠤᠤᠯ ᠪᠣᠯᠬᠤ ᠡᠭᠦᠯᠳᠡᠷ ᠪᠣᠢᠵᠢᠭᠤᠯᠬᠤ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠮᠢᠬᠠᠨ᠎ᠤ ᠦᠬᠡᠷ᠎ᠦᠨ ᠢᠴᠡᠭᠡᠯ ᠦᠷ᠎ᠡ᠎ᠪᠡᠷ ᠬᠡᠭᠡᠯᠲᠦᠭᠦᠯᠬᠦ ᠮᠡᠷᠭᠡᠵᠢᠯ᠎ᠢ ᠲᠦᠷᠭᠡᠳᠭᠡᠨ ᠳᠡᠯᠭᠡᠷᠡᠭᠦᠯᠵᠦ᠍᠂ ᠱᠢᠰᠲ᠋ᠧᠮᠲᠦ ᠴᠢᠨᠠᠷᠲᠠᠶ᠎ᠪᠠᠷ ᠡᠭᠦᠯᠳᠡᠷ ᠰᠠᠢᠵᠢᠷᠠᠭᠤᠯᠬᠤ ᠮᠡᠷᠬᠡᠵᠢᠯ᠎ᠤᠨ ᠲᠦᠪᠰᠢᠨ᠎ᠢ ᠳᠡᠭᠡᠭ᠌ᠰᠢᠯᠡᠭᠦᠯᠵᠦ᠍᠂ ᠦᠬᠡᠷ ᠬᠤᠨᠢᠨ ᠰᠦᠷᠦᠭ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃
(ᠳᠣᠯᠣᠭ᠎ᠠ) ᠮᠠᠯ ᠠᠵᠤ ᠠᠬᠤᠢ᠎ᠲᠠᠷᠢᠶᠠᠯᠠᠩ᠎ᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠮᠠᠯ ᠠᠵᠤ ᠠᠬᠤᠶ᠎ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ ᠰᠦ᠎ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠰᠤᠳᠤᠯᠤᠨ ᠨᠡᠭᠡᠭᠡᠬᠦ᠌ ᠦᠷ᠎ᠡ ᠪᠦᠲᠦᠮᠵᠢ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠮᠢᠬᠠᠨ᠎ᠤ ᠦᠬᠡᠷ᠂ ᠮᠢᠬᠠᠨ᠎ᠤ ᠬᠣᠨᠢᠨ᠎ᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ᠎ᠶ᠋ᠢ ᠳᠡᠮᠵᠢᠵᠦ᠍᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠲᠣᠭᠣᠷᠢᠭ᠎ᠢ ᠴᠢᠨᠠᠷ ᠰᠠᠢᠲᠠᠶ ᠪᠥᠲᠥᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠤᠨ ᠬᠢᠨ᠎ᠤ ᠠᠵᠤ ᠦᠢᠯᠡᠰ᠎ᠤᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠣᠯᠪᠣᠭᠠᠯᠠᠨ ᠮᠠᠯ ᠠᠵᠤ ᠠᠬᠤᠶ ᠲᠠᠷᠢᠶᠠᠯᠠᠩ᠎ᠤᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠵᠤ᠂ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠲᠠᠷᠢᠶᠠᠯᠠᠩ᠎ᠤᠨ ᠮᠠᠱᠢᠨ ᠦᠶ᠋ᠯᠡᠳᠪᠦᠷᠢᠯᠡᠬᠦ᠌ ᠠᠵᠤ ᠠᠬᠤᠢᠯᠠᠯ᠎ᠤᠨ ᠣᠶᠤᠨᠴᠢ ᠲᠠᠷᠢᠶᠠᠯᠠᠩ᠎ᠤᠨ ᠮᠠᠱᠢᠨ ᠮᠸᠬᠠᠨᠢᠭ ᠪᠠ ᠣᠶ ᠱᠢᠭᠤᠶ ᠨᠤᠲᠤᠭ ᠪᠡᠯᠴᠢᠭᠡᠷ᠎ᠤᠨ ᠮᠠᠱᠢᠨ ᠮᠸᠬᠠᠨᠢᠭ ᠰᠤᠳᠤᠯᠤᠨ ᠨᠡᠭᠡᠭᠡᠬᠦ᠌᠎ᠶ᠋ᠢ ᠵᠣᠷᠢᠭ᠍ᠵᠢᠭᠤᠯᠵᠤ᠂ ᠠᠩᠬᠠᠨ᠎ᠤ (ᠢᠵᠢ) ᠲᠣᠨᠣᠬᠯᠠᠯ᠎ᠢᠶᠡᠷ ᠬᠢᠨᠠᠨ ᠲᠣᠭ᠍ᠲᠠᠭᠠᠯᠭᠠᠬᠤ᠎ᠪᠠᠷ ᠮᠡᠳᠡᠭᠦᠯᠬᠦ᠌᠎ᠶ᠋ᠢ ᠳᠡᠮᠵᠢᠨ᠎ᠡ᠃ ᠲᠠᠷᠢᠶᠠᠯᠠᠩ᠎ᠤᠨ ᠮᠠᠱᠢᠨ᠎ᠢᠶᠠᠷ ᠠᠵᠢᠯᠯᠠᠬᠤ᠂ ᠮᠠᠯᠵᠢᠯ᠎ᠤᠨ ᠲᠠᠯᠠᠪᠠᠶ᠎ᠶ᠋ᠢᠨ ᠬᠠᠮᠢᠶᠠᠷᠤᠯᠲᠠ᠎ᠶ᠋ᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠯᠲᠡ᠎ᠶ᠋ᠢ ᠴᠢᠩᠭᠠᠳᠭᠠᠨ᠎ᠠ᠃ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠱᠢᠰᠲ᠋ᠧᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ 110》 ᠦᠢᠯᠡᠴᠢᠯᠡᠭᠡᠨ᠎ᠦ ᠵᠠᠭ᠍ᠪᠤᠷ᠎ᠢ ᠳᠡᠯᠭᠡᠷᠡᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠠᠷᠭ᠎ᠠ ᠵᠠᠮ᠎ᠢ ᠱᠢᠯᠤᠭᠤᠳᠭᠠᠨ᠎ᠠ᠃ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠩ ᠬᠢᠭᠡᠳ ᠲᠠᠷᠢᠶᠠᠯᠠᠩ᠎ᠤᠨ ᠮᠠᠱᠢᠨ ᠲᠣᠨᠣᠭ᠍ᠯᠠᠯ᠎ᠤᠨ ᠰᠤᠳᠤᠯᠤᠯ᠎ᠢ ᠳᠡᠮᠵᠢᠵᠦ᠍᠂ ᠶᠡᠬᠡ ᠲᠡᠭᠡᠲᠤ ᠰᠤᠷᠭᠠᠭᠤᠯᠢ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠲᠦᠭᠦᠭᠡᠷᠦᠮᠵᠢᠲᠤ ᠲᠠᠷᠢᠶᠠᠯᠠᠩ ᠬᠢᠭᠡᠳ ᠲᠣᠨᠣᠭ ᠲᠥᠬᠥᠭᠡᠷᠦᠮᠵᠢ ᠵᠡᠷᠭᠡ ᠲᠤᠰᠭᠠᠶ ᠮᠡᠷᠭᠡᠵᠢᠯ᠎ᠢ ᠨᠡᠮᠡᠵᠦ᠍ ᠲᠤᠬᠢᠷᠠᠭᠤᠯᠬᠤ᠎ᠶ᠋ᠢ ᠠᠬᠢᠭᠤᠯᠤᠨ᠎ᠠ᠃
(ᠨᠠᠶ᠋ᠮᠠ) ᠮᠠᠯ ᠠᠵᠤ ᠠᠬᠤᠶ ᠲᠠᠷᠢᠶᠠᠯᠠᠩ᠎ᠤᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠱᠢᠰᠲᠧᠮ᠎ᠤᠨ ᠪᠠᠢᠭᠤᠯᠤᠯᠲᠠ᠎ᠶ᠋ᠢ ᠴᠢᠩᠭᠠᠳᠬᠠᠨ᠎ᠠ᠃ ᠲᠠᠷᠢᠶᠠᠯᠠᠩ᠎ᠤᠨ ᠠᠭᠤᠷ ᠠᠮᠢᠰᠭᠤᠯ᠎ᠤᠨ ᠡᠬᠢ ᠪᠠᠶᠠᠯᠢᠭ᠎ᠤᠨ ᠨᠡᠢᠳᠡᠮ ᠪᠠᠢᠴᠠᠭᠠᠯᠲᠠ ᠪᠠ ᠣᠷᠣᠨ ᠬᠤᠪᠢᠶᠠᠷᠢᠯᠠᠬᠤ᠎ᠵᠢ ᠥᠷᠨᠢᠭᠦᠯᠵᠦ᠍᠂ ᠬᠥᠮᠦᠨ᠎ᠦ ᠬᠦᠴᠦ᠍᠎ᠪᠡᠷ ᠴᠠᠭ ᠠᠭᠤᠷ᠎ᠢ ᠨᠥᠯᠥᠭᠡᠯᠡᠬᠦ᠌ ᠠᠵᠢᠯ᠎ᠢ ᠴᠢᠩᠭᠠᠳᠭᠠᠨ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠢ ᠪᠠᠭᠠᠰᠭᠠᠬᠤ᠂ ᠭᠠᠵᠠᠷ ᠬᠥᠳᠡᠯᠦᠯᠲᠡ᠎ᠶ᠋ᠢᠨ ᠭᠠᠮᠱᠢᠭ᠎ᠢ ᠰᠡᠷᠭᠡᠢᠯᠡᠬᠦ᠌᠂ ᠬᠠᠴᠢᠨ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠤᠩᠭᠠᠷᠢ ᠮᠥᠷᠡᠨ᠂ ᠯᠢᠶᠣᠤᠾᠧ ᠭᠤᠤᠯ᠂ ᠲᠦᠮᠡᠳ᠎ᠦᠨ ᠲᠠᠯ᠎ᠠ ᠭᠠᠵᠠᠷ᠎ᠤᠨ ᠬᠡᠰᠡᠭ᠎ᠤᠨ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠤᠰᠤᠲᠤᠯ᠎ᠢ ᠵᠠᠯᠠᠬᠤ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠠᠬᠢᠭᠤᠯᠵᠤ᠂ 2026 ᠣᠨ᠎ᠤ ᠦᠶᠡᠷ᠎ᠦᠨ ᠬᠤᠭᠤᠴᠠᠭ᠎ᠠ᠎ᠡᠴᠡ ᠡᠮᠦᠨ᠎ᠡ ᠬᠠᠷᠠᠠᠤᠰᠤ ᠨᠠᠭᠤᠷ ᠵᠡᠷᠭᠡ ᠣᠷᠣᠨ ᠪᠦᠰᠡ᠎ᠶ᠋ᠢᠨ ᠤᠰᠤᠨ᠎ᠳᠤ ᠡᠪᠳᠡᠭ᠌ᠳᠡᠭ᠌ᠰᠡᠨ ᠪᠠᠷᠢᠯᠭ᠎ᠠ᠎ᠶ᠋ᠢ ᠵᠠᠰᠠᠵᠤ ᠰᠡᠷᠭᠦᠭᠡᠬᠦ᠌ ᠠᠵᠢᠯ᠎ᠢ ᠪᠡᠶᠡᠯᠡᠭᠦᠯᠦᠨ᠎ᠡ᠃ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠤᠨ ᠭᠣᠣᠯ᠎ᠤᠨ ᠬᠡᠪᠡᠯᠢ ᠵᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠶᠡᠬᠡ ᠲᠦᠷᠭᠡᠨ ᠭᠣᠣᠯ᠂ ᠮᠠᠢᠳᠠᠷ ᠭᠤᠤ ᠵᠡᠷᠭᠡ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠱᠢᠰᠲᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠱᠢᠰᠲᠧᠮ᠎ᠤᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠱᠢᠷ᠎ᠠ ᠨᠠᠭᠤᠷ᠂ ᠪᠤᠯᠤᠩ ᠨᠢᠭᠡᠳᠦᠭᠡᠷ᠂ ᠳᠠᠯᠠᠨ ᠬᠠᠷ᠎ᠠ ᠠᠭᠤᠯᠠ ᠵᠡᠷᠭᠡ ᠠᠶᠤᠯ ᠲᠦᠭᠰᠢᠬᠦᠷᠢ᠎ᠲᠡᠶ ᠤᠰᠤᠨ ᠴᠥᠭᠥᠷᠥᠮ᠎ᠦᠨ ᠲᠦᠭᠰᠢᠬᠦᠷᠢ ᠵᠢ ᠠᠷᠢᠯᠭᠠᠨ ᠪᠡᠬᠢᠵᠢᠭᠦᠯᠬᠦ᠌ ᠪᠠᠷᠢᠯᠭ᠎ᠠ᠎ᠶ᠋ᠢ ᠠᠵᠢᠯ ᠡᠬᠢᠯᠡᠭᠦᠯᠦᠨ ᠪᠦᠲᠦᠭᠡᠨ ᠪᠠᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠤᠰᠤᠲᠤᠯ᠎ᠢ ᠵᠠᠯᠠᠬᠤ ᠵᠢᠷᠤᠭ ᠲᠥᠯᠥᠪᠯᠡᠭᠡ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠲᠠᠷᠢᠶᠠᠨ ᠭᠠᠵᠠᠷ᠎ᠤᠨ ᠭᠤᠤ ᠰᠤᠪᠠᠭ᠎ᠢ ᠰᠡᠷᠭᠦᠭᠡᠨ ᠵᠠᠰᠠᠬᠤ ᠠᠵᠢᠯ᠎ᠢ ᠰᠠᠢᠲᠤᠷ ᠠᠳᠭᠤᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠲᠠᠷᠢᠶᠠᠨ ᠭᠠᠵᠠᠷ᠎ᠤᠨ ᠬᠠᠯᠬᠠᠪᠴᠢ ᠤᠢ᠎ᠶ᠋ᠢ ᠪᠠᠢᠭᠤᠯᠤᠨ᠎ᠠ᠃ ᠣᠶ ᠱᠢᠭᠤᠶ ᠨᠤᠲᠤᠭ ᠪᠡᠯᠴᠢᠭᠡᠷ᠎ᠦᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠢᠯᠡᠨ ᠵᠠᠰᠠᠬᠤ᠎ᠶ᠋ᠢ ᠥᠷᠨᠢᠭᠦᠯᠵᠦ᠍᠂ ᠲᠠᠷᠢᠮᠠᠯ᠎ᠤᠨ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠪᠣᠬᠢᠷᠲᠤᠯ ᠥᠬᠡᠶ᠎ᠪᠡᠷ ᠰᠡᠷᠭᠡᠢᠯᠡᠨ ᠡᠵᠡᠮᠳᠡᠬᠦ᠌ ᠪᠠ ᠨᠢᠭᠡᠳᠦᠯᠲᠡᠶ ᠰᠡᠷᠭᠡᠢᠯᠡᠨ ᠨᠢᠭᠡᠳᠦᠯᠲᠡᠶ ᠵᠠᠰᠠᠬᠤ᠎ᠶ᠋ᠢ ᠬᠡᠷᠡᠭ᠌ᠵᠢᠭᠦᠯᠦᠨ᠎ᠡ᠃ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ ᠪᠠ ᠬᠥᠮᠦᠨ ᠮᠠᠯ᠎ᠳᠤ ᠪᠦᠷ ᠬᠠᠯᠳᠠᠪᠦᠷᠢᠯᠠᠳᠠᠭ ᠭᠤᠤᠯ ᠪᠤᠯᠬᠤ ᠡᠪᠡᠳᠴᠢᠨ᠎ᠢ ᠪᠠᠢᠩᠭᠤᠵᠢᠭᠤᠯᠤᠨ ᠣᠨᠣᠪᠴᠢᠲᠠᠶ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠣᠶ ᠱᠢᠭᠤᠶ ᠨᠤᠲᠤᠭ ᠪᠡᠯᠴᠢᠭᠡᠷ᠎ᠦᠨ ᠭᠠᠯ᠎ᠤᠨ ᠭᠠᠮᠱᠢᠭ᠎ᠤᠨ ᠬᠦᠨᠳᠦ ᠶᠡᠬᠡ ᠬᠡᠮ ᠰᠤᠭᠤᠭ᠎ᠢ ᠬᠥᠳᠡᠯᠦᠩᠭᠦᠶ᠎ᠪᠡᠷ ᠦᠭᠡᠢᠰᠭᠡᠬᠦ᠌ ᠪᠠ ᠲᠣᠭ᠍ᠲᠠᠭᠠᠯ᠎ᠡᠴᠡ ᠵᠥᠷᠢᠴᠡᠨ ᠭᠠᠯ ᠬᠡᠷᠡᠭ᠌ᠯᠡᠬᠦ᠌᠎ᠶ᠋ᠢ ᠪᠠᠢᠴᠠᠭᠠᠨ ᠱᠢᠶ᠋ᠳᠪᠦᠷᠢᠯᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠡ᠃
ᠬᠣᠶᠠᠷ᠂ ᠪᠠᠢᠩᠭᠤᠵᠢᠭ᠍ᠰᠠᠨ ᠤᠨᠢᠨ ᠲᠡᠬᠡᠷ᠎ᠡ ᠨᠢ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠦᠨ᠎ᠡ
(ᠶᠢᠰᠦ) ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠢ᠋ ᠪᠦᠷᠢᠨᠱᠢᠭᠦᠯᠦᠨ᠎ᠡ᠃ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠣᠷᠣᠭᠤᠯᠤᠨ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠦ᠍᠂ ᠱᠢᠯᠵᠢᠯᠲᠡ᠎ᠶ᠋ᠢᠨ ᠬᠤᠭᠤᠴᠠᠭᠠᠨ᠎ᠤ ᠳᠠᠷᠠᠭᠠᠬᠢ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠤᠨᠢᠨ ᠲᠡᠬᠡᠷ᠎ᠡ ᠨᠢ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠲᠥᠷᠥᠯ ᠬᠤᠪᠢᠶᠠᠨ ᠨᠠᠢᠳᠠᠪᠤᠷᠢᠵᠢᠭᠤᠯᠵᠤ᠂ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌᠎ᠶ᠋ᠢ ᠴᠢᠩᠭᠠᠷᠠᠭᠤᠯᠤᠨ᠂ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠷᠠᠭᠤᠯᠵᠤ᠂ ᠨᠡᠢᠭᠡᠮ᠎ᠦᠨ ᠠᠪᠤᠷᠠᠨ ᠲᠤᠰᠠᠯᠠᠵᠤ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠢᠮᠠᠭ ᠬᠣᠲᠠ᠎ᠶ᠋ᠢᠨ ᠬᠢᠨ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠪᠠᠯᠠ ᠮᠥᠩᠭᠥ᠎ᠶ᠋ᠢᠨ ᠣᠷᠣᠭᠤᠯᠤᠯᠲᠠ᠎ᠶ᠋ᠢᠨ ᠡᠷᠴᠢᠮ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠬᠣᠱᠢᠭᠤ ᠱᠢᠶᠠᠨ᠎ᠨᠢ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠬᠡᠷᠡᠭ᠌ᠴᠡᠭᠡ ᠵᠢᠴᠢ ᠡᠳ᠋᠎ᠦᠨ ᠬᠦᠴᠦᠨ᠎ᠦ ᠪᠠᠢᠳᠠᠯ᠎ᠢᠶᠠᠨ ᠦᠨᠳᠦᠰᠦᠯᠡᠨ ᠬᠠᠪᠰᠤᠷᠤᠨ ᠲᠡᠳᠬᠦᠬᠦ᠌ ᠪᠠᠯᠠ ᠮᠥᠩᠭᠥ᠎ᠶ᠋ᠢ ᠵᠦᠶ ᠵᠣᠬᠢᠰᠲᠠᠶ ᠳᠣᠭᠢᠷᠠᠭᠤᠯᠤᠨ᠎ᠠ᠃ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠪᠡᠯᠡ ᠮᠥᠩᠭᠥ᠎ᠶ᠋ᠢᠨ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠤᠨ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ ᠳ᠋ᠤ ᠮᠥᠩᠭᠥᠨ ᠭᠦᠶ᠋ᠯᠭᠡᠭᠡᠨ᠎ᠦ ᠳᠡᠮᠵᠢᠯᠭᠡ ᠦᠵᠡᠬᠦᠯᠬᠦᠡᠷᠴᠢᠮᠢ ᠴᠢᠩᠭᠠᠷᠠᠭᠤᠯᠤᠨ᠎ᠠ᠃
(ᠠᠷᠪᠠ) ᠬᠢᠨᠠᠨ ᠬᠡᠮᠵᠢᠵᠦ ᠬᠠᠪᠰᠤᠷᠤᠨ ᠲᠡᠳᠬᠦᠬᠦ ᠵᠢᠨ ᠨᠠᠷᠢᠯᠢᠭ᠋ ᠣᠨᠣᠪᠴᠢᠲᠤ ᠴᠢᠨᠠᠷ ᠴᠠᠭᠴᠢ ᠴᠢᠨᠠᠷ᠎ᠢ ᠳᠡᠭᠡᠭᠰᠢᠯᠡᠭᠦᠯᠦᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠬᠦ ᠡᠲᠡᠭᠡᠳ᠎ᠢ ᠬᠢᠨᠠᠨ ᠲᠣᠭᠲᠠᠭᠠᠬᠤ ᠪᠠᠷᠢᠮᠵᠢᠶ᠎ᠠ᠂ ᠤᠬᠤᠷᠢᠨ ᠭᠠᠷᠬᠤ ᠲᠠᠰ ᠳᠠᠷᠠᠭᠠᠯᠠᠯ ᠪᠠ ᠠᠷᠭ᠎ᠠ᠎ᠶᠢ ᠲᠣᠭᠲᠠᠭᠠᠵᠤ᠂ ᠮᠠᠯᠵᠢᠬᠤ ᠲᠠᠷᠢᠶᠠᠯᠠᠬᠤ ᠡᠷᠦᠬᠡ᠎ᠶᠢᠨ ᠪᠡᠶ᠎ᠡ᠎ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠂ ᠲᠣᠭ᠎ᠠ ᠪᠠᠷᠢᠮᠲᠠ᠎ᠪᠠᠷ ᠤᠷᠢᠳᠴᠢᠯᠠᠨ ᠰᠡᠷᠡᠮᠵᠢᠯᠡᠭᠦᠯᠬᠦ᠂ ᠺᠠᠳ᠋ᠷᠴᠤᠳ᠎ᠤᠨ ᠡᠳᠦᠷ ᠲᠤᠲᠤᠮ᠎ᠤᠨ ᠰᠣᠷᠪᠤᠯᠵᠢᠯᠠᠭ᠎ᠠ ᠬᠢᠬᠦ ᠵᠡᠷᠭᠡ ᠬᠢᠨᠠᠨ ᠬᠡᠮᠵᠢᠬᠦ ᠲᠣᠭᠲᠡᠴᠡ᠎ᠶᠢ ᠪᠦᠷᠢᠨᠰᠢᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠬᠦ ᠡᠲᠡᠭᠡᠳ᠎ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠ ᠬᠥᠳᠡᠯᠦᠩᠭᠦᠢ᠎ᠪᠡᠷ ᠲᠣᠬᠢᠷᠠᠭᠤᠯᠬᠤ᠎ᠶᠢ ᠰᠠᠢᠲᠤᠷ ᠬᠢᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠬᠦ ᠡᠲᠡᠭᠡᠳ ᠪᠠ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠢ ᠬᠢᠨᠠᠨ ᠬᠡᠮᠵᠢᠵᠦ ᠢᠯᠭᠠᠨ ᠲᠠᠨᠢᠬᠤ᠎ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠲᠣᠭ᠎ᠠ ᠪᠠᠷᠢᠮᠲᠠ ᠵᠢ ᠴᠤᠭᠯᠠᠭᠤᠯᠵᠤ ᠬᠠᠷᠭᠤᠭᠤᠯᠤᠨ ᠪᠠᠢᠴᠠᠭᠠᠬᠤ᠎ᠶᠢ ᠳᠠᠪᠬᠤᠷᠳᠠᠭᠤᠯᠤᠨ ᠰᠣᠯᠪᠢᠴᠠᠭᠤᠯᠬᠤ᠎ᠶᠢ ᠰᠡᠷᠭᠡᠢᠯᠡᠨ ᠬᠣᠷᠢᠭ᠍ᠯᠠᠨ᠎ᠠ᠃ ᠤᠤᠯ᠎ᠤᠨ ᠳᠡᠩᠰᠡᠯᠡᠨ ᠺᠠᠷᠲᠯᠠᠭᠰᠠᠨ ᠶᠠᠳᠠᠭᠤ᠎ᠡᠴᠡ ᠠᠩᠭᠢᠵᠢᠷᠠᠭᠰᠠᠨ ᠬᠥᠮᠥᠨ ᠠᠮᠠ᠎ᠶᠢ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠪᠠ ᠭᠡᠷ ᠪᠦᠯᠢ᠎ᠶᠢᠨ ᠣᠷᠣᠯᠭ᠎ᠠ ᠵᠠᠷᠤᠯᠭ᠎ᠠ᠎ᠶᠢᠨ ᠪᠠᠢᠳᠠᠯ᠎ᠢ ᠶᠡᠷᠦᠩᠬᠡᠢᠯᠡᠨ ᠦᠨᠡᠯᠡᠨ ᠵᠢᠱ᠌ᠢᠵᠦ᠂ ᠤᠬᠤᠷᠢᠨ ᠭᠠᠷᠬᠤ ᠨᠥᠬᠥᠴᠡᠯ᠎ᠳᠦ ᠨᠡᠢᠴᠡᠪᠡᠯ ᠡᠮᠬᠢ ᠵᠢᠷᠤᠮ᠎ᠲᠠᠢ᠎ᠪᠠᠷ ᠬᠠᠪᠰᠤᠷᠤᠨ ᠳᠡᠳᠬᠦᠬᠦ ᠬᠡᠪᠴᠢᠶ᠎ᠠ ᠡᠴᠡ ᠭᠠᠷᠭᠠᠨ᠎ᠠ᠃
(ᠠᠷᠪᠠᠨ ᠨᠢᠭᠡ) ᠠᠵᠤ ᠦᠢᠯᠡᠰ ᠪᠠ ᠠᠵᠢᠯ ᠣᠯᠭᠣᠯᠳᠠ ᠪᠠᠷ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠠᠵᠤ ᠦᠢᠯᠡᠰ᠎ᠢᠶᠡᠷ ᠬᠠᠪᠰᠤᠷᠤᠨ ᠲᠡᠳᠬᠦᠬᠦ᠎ᠶᠢ ᠡᠷᠦᠬᠡ᠎ᠳᠦ ᠬᠦᠷᠲᠡᠯ᠎ᠡ ᠱᠠᠩᠨᠠᠵᠤ ᠨᠥᠬᠥᠪᠦᠷᠢᠯᠡᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠬᠦ ᠡᠲᠡᠭᠡᠳ᠎ᠦᠨ ᠡᠵᠡᠩᠨᠡᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠳᠡᠮᠵᠢᠨ᠎ᠡ᠃ ᠬᠠᠪᠰᠤᠷᠤᠨ ᠲᠡᠳᠬᠦᠬᠦ ᠲᠥᠷᠥᠯ ᠵᠦᠢᠯ᠎ᠦᠨ ᠡᠳ᠋ ᠬᠥᠷᠥᠩᠭᠡ᠎ᠶᠢᠨ ᠪᠠᠢᠩᠭᠤ ᠵᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠭᠠᠴᠠᠭ᠎ᠠ ᠲᠣᠰᠬᠣᠨ᠎ᠤ ᠬᠠᠮᠲᠤ᠎ᠶᠢᠨ ᠡᠳ᠋ ᠬᠥᠷᠥᠩᠭᠡ ᠪᠤᠶᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠰᠢᠰᠲᠧᠮ᠎ᠳᠦ ᠲᠥᠷᠥᠯ ᠬᠤᠪᠢᠶᠠᠨ ᠣᠷᠣᠭᠤᠯᠤᠨ᠎ᠠ᠃ ᠣᠲᠣ᠌᠎ᠶᠢᠨ ᠪᠠᠢᠭ᠎ᠠ ᠠᠵᠤ ᠦᠢᠯᠡᠰ᠎ᠢ ᠪᠡᠬᠢᠵᠢᠭᠦᠯᠬᠦ᠂ ᠲᠠᠰ ᠳᠡᠪᠰᠢᠭᠦᠯᠬᠦ᠂ ᠠᠮᠢᠯᠠᠭᠤᠯᠤᠨ ᠬᠦᠭᠵᠢᠭᠡᠬᠦ᠂ ᠲᠣᠬᠢᠷᠠᠭᠤᠯᠬᠤ᠎ᠶᠢ ᠲᠥᠷᠥᠯ ᠬᠤᠪᠢᠶᠠᠨ ᠠᠬᠢᠭᠤᠯᠵᠤ᠂ ᠠᠮᠢᠯᠠᠭᠤᠯᠤᠨ ᠬᠦᠭᠵᠢᠬᠡᠬᠦ᠎ᠳᠦ ᠬᠠᠷᠠᠬᠠᠨ ᠬᠦᠴᠢᠷᠲᠡᠢ ᠲᠥᠷᠥᠯ ᠵᠦᠢᠯ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠣᠷᠣᠨ ᠪᠦᠰᠡ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶᠢ ᠰᠡᠷᠭᠡᠢᠯᠡᠬᠦ ᠡᠲᠡᠭᠡᠳ᠎ᠢ ᠠᠵᠢᠯ ᠣᠯᠭᠣᠯᠲᠠ᠎ᠪᠡᠷ ᠬᠠᠪᠰᠤᠷᠤᠨ ᠲᠡᠳᠬᠦᠬᠦ ᠵᠢ ᠰᠠᠢᠲᠤᠷ ᠬᠢᠵᠦ᠂ ᠬᠥᠳᠡᠭᠡ ᠲᠣᠰᠬᠣᠨ᠎ᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ ᠵᠡᠷᠭᠡ ᠠᠵᠢᠯ ᠣᠯᠭᠣᠯᠲᠠ᠎ᠶᠢᠨ ᠠᠷᠭ᠎ᠠ ᠵᠠᠮ᠎ᠢ ᠰᠠᠢᠲᠤᠷ ᠬᠡᠷᠡᠭᠯᠡᠨ᠎ᠡ᠃ ᠣᠨᠳᠣᠣ ᠭᠠᠵᠠᠷ᠎ᠲᠤ ᠨᠡᠭᠦᠯᠭᠡᠭᠰᠡᠨᠦ ᠳᠠᠷᠠᠭᠠᠬᠢ ᠬᠠᠪᠰᠤᠷᠤᠨ ᠲᠡᠳᠬᠦᠬᠦ ᠠᠵᠢᠯ᠎ᠢ ᠰᠠᠢᠲᠤᠷ ᠬᠢᠨ᠎ᠡ᠃
(ᠠᠷᠪᠠᠨ ᠬᠣᠶᠠᠷ) ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠢ ᠳᠡᠮᠵᠢᠬᠦ᠎ᠶᠢ ᠴᠢᠩᠭᠠᠳᠬᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠢ ᠰᠢᠯᠢᠳᠡᠭᠵᠢᠭᠦᠯᠦᠨ ᠲᠣᠬᠢᠷᠠᠭᠤᠯᠵᠤ᠂ ᠢᠵᠢ ᠪᠦᠷᠢᠳᠦᠭᠰᠡᠨ ᠳᠡᠮᠵᠢᠯᠭᠡ ᠵᠢᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ 2026 ᠣᠨ᠎ᠳᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠦ ᠣᠷᠣᠭᠤᠯᠬᠤ ᠵᠢᠴᠢ ᠪᠡᠭᠡᠵᠢᠩ᠎ᠡᠴᠡ ᠭᠠᠳᠠᠨ᠎ᠠ ᠪᠣᠷᠣᠯᠠᠭᠤᠯᠬᠤ᠎ᠶᠢ 350 ᠳ᠋ᠦᠩᠰᠢᠭᠤᠷ ᠲᠥᠭᠥᠷᠢᠭ ᠪᠡᠶᠡᠯᠡᠭᠦᠯᠦᠨ᠎ᠡ᠃ ᠭᠠᠴᠠᠭ᠎ᠠ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ᠎ᠶᠢ ᠰᠣᠩᠭᠣᠨ ᠲᠣᠮᠢᠯᠠᠬᠤ ᠬᠠᠮᠢᠶᠠᠷᠤᠯᠲᠠ᠎ᠶᠢᠨ ᠲᠣᠭᠲᠡᠴᠡ᠎ᠶᠢ ᠰᠢᠯᠢᠳᠡᠭᠵᠢᠭᠦᠯᠵᠦ᠂ ᠡᠳᠦᠷ ᠲᠤᠲᠤᠮ᠎ᠤᠨ ᠬᠠᠮᠢᠶᠠᠷᠤᠯᠲᠠ᠂ ᠨᠥᠬᠥᠪᠦᠷᠢ ᠣᠯᠭᠣᠬᠤ᠂ ᠬᠠᠯᠠᠮᠵᠢᠯᠠᠨ ᠬᠠᠢᠷᠠᠯᠠᠬᠤ ᠪᠠᠲᠤᠯᠠᠭ᠎ᠠ᠂ ᠨᠡᠢᠲᠡᠯᠢᠭ ᠵᠢᠱ᠌ᠢᠶ᠎ᠡ ᠵᠢ ᠰᠣᠩᠭᠣᠵᠤ ᠪᠤᠢ ᠪᠤᠯᠭᠠᠬᠤ ᠵᠡᠷᠭᠡ ᠠᠵᠢᠯ᠎ᠢ ᠰᠠᠢᠲᠤᠷ ᠬᠢᠨ᠎ᠡ᠃
ᠭᠤᠷᠪᠠ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ᠋ ᠪᠦᠳᠦᠭᠡᠭᠳᠡᠬᠦᠨ᠎ᠤ ᠲᠥᠷᠥᠯ ᠲᠡᠮᠳᠡᠭ᠎ᠢ ᠡᠭᠦᠳᠬᠦ᠎ᠶᠢ ᠠᠬᠢᠭᠤᠯᠤᠨ᠎ᠠ
(ᠠᠷᠪᠠᠨ ᠭᠤᠷᠪᠠ) ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠎ᠶᠢ ᠴᠢᠩᠭᠠᠳᠬᠠᠨ᠎ᠠ᠃ ᠡᠯ᠎ᠡ ᠭᠠᠵᠠᠷ᠎ᠤᠨ ᠬᠢᠨ᠎ᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠤᠷᠤᠨ ᠵᠡᠷᠭᠡ ᠭᠠᠵᠠᠷ᠎ᠲᠤ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠎ᠶᠢᠨ ᠠᠯᠠᠵᠤ ᠨᠢᠲᠤᠯᠵᠤ ᠡᠳ᠋ᠰᠢᠭᠦᠯᠬᠦ ᠲᠥᠪ ᠪᠠᠶ᠋ᠢᠭᠤᠯᠬᠤ᠎ᠶᠢ ᠳᠡᠮᠵᠢᠵᠦ᠂ ᠬᠦᠯᠳᠡᠭᠦᠦ ᠰᠢᠨ᠎ᠡ ᠰᠣᠷᠭᠣᠭ ᠮᠢᠬ᠎ᠠ᠂ ᠭᠡᠰᠭᠦᠯᠡᠩ ᠰᠢᠨ᠎ᠡ ᠰᠣᠷᠭᠣᠭ ᠮᠢᠬ᠎ᠠ᠎ᠶᠢᠨ ᠵᠠᠬ᠎ᠠ ᠳᠡᠯᠭᠡᠭᠦᠷ᠎ᠢ ᠨᠡᠭᠡᠭᠡᠨ᠎ᠡ᠃ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠳᠠᠭᠠᠯᠲᠠ ᠪᠦᠲᠦᠭᠡᠭᠳᠡᠬᠦᠨ᠎ᠢ ᠶᠡᠷᠦᠩᠬᠡᠢᠯᠡᠨ ᠠᠰᠢᠭ᠍ᠯᠠᠬᠤ᠎ᠶᠢ ᠴᠢᠩᠭᠠᠳᠬᠠᠨ᠎ᠠ᠃
(ᠠᠷᠪᠠᠨ ᠳᠥᠷᠪᠡ) ᠲᠥᠷᠥᠯ ᠲᠡᠮᠳᠡᠭ᠎ᠢ ᠡᠭᠦᠳᠬᠦ ᠡᠷᠴᠢᠮ᠎ᠢ ᠴᠢᠩᠭᠠᠷᠠᠭᠤᠯᠤᠨ᠎ᠠ᠃ 《ᠦᠪᠦᠷ ᠮᠤᠩᠭᠤᠯ ᠨᠡᠷᠡᠮᠵᠢᠳᠤ》 ᠲᠦᠷᠦᠯ ᠲᠡᠮᠳᠡᠭ᠎ᠤᠨ ᠪᠠᠷᠢᠮᠵᠢᠶ᠎ᠠ᠎ᠶᠢ ᠣᠯᠠᠨ ᠤᠯᠤᠰ᠎ᠤᠨ ᠪᠠᠷᠢᠮᠵᠢᠶ᠎ᠠ᠎ᠲᠠᠢ ᠵᠣᠯᠭᠠᠭᠤᠯᠬᠤ᠎ᠶᠢ ᠠᠬᠢᠭᠤᠯᠵᠤ᠂ 《ᠦᠪᠦᠷ ᠮᠤᠩᠭᠤᠯ ᠨᠡᠷᠡᠮᠵᠢᠳᠤ》 ᠲᠦᠷᠦᠯ ᠲᠡᠮᠳᠡᠭ᠎ᠤᠨ ᠠᠵᠤ ᠠᠬᠤᠢᠯᠠᠯ᠎ᠢ ᠰᠢᠨ᠎ᠡ᠎ᠪᠡᠷ 30᠎ᠡᠴᠡ ᠳᠡᠭᠡᠭᠰᠢ ᠬᠢᠨᠠᠨ ᠲᠤᠬᠳᠠᠭᠠᠵᠤ᠂ ᠦᠬᠡᠷ᠎ᠦᠨ ᠮᠢᠬ᠎ᠠ᠎ᠶᠢ ᠲᠥᠷᠥᠯ ᠬᠤᠪᠢᠶᠠᠵᠤ ᠲᠠᠰ ᠬᠤᠪᠢᠶᠠᠬᠤ ᠪᠠᠷᠢᠮᠵᠢᠶ᠎ᠠ᠎ᠶᠢ ᠰᠦᠪᠡᠭᠴᠢᠯᠡᠨ ᠲᠣᠭᠲᠠᠭᠠᠨ᠎ᠠ᠃ ᠥᠪᠥᠷ ᠮᠣᠩᠭᠣᠯ᠎ᠤᠨ ᠦᠬᠡᠷ᠎ᠦᠨ ᠮᠢᠬ᠎ᠠ᠂ ᠬᠣᠨᠢᠨ ᠮᠢᠬ᠎ᠠ᠂ ᠪᠢᠰᠢᠯᠠᠭ᠂ ᠡᠯᠳᠡᠪ ᠠᠮᠤ᠂ ᠬᠦᠢᠲᠡᠨ ᠰᠡᠷᠢᠭᠦᠨ ᠭᠠᠵᠠᠷ ᠲᠤ᠌ ᠤᠷᠭᠤᠭᠤᠯᠬᠤ ᠢᠳᠡᠰᠢᠨ ᠨᠣᠭᠣᠭ᠎ᠠ ᠵᠡᠷᠭᠡ ᠣᠷᠣᠨ ᠪᠦᠰᠡ᠎ᠶᠢᠨ ᠲᠥᠷᠥᠯ ᠲᠡᠮᠳᠡᠭ᠎ᠢ ᠭᠣᠣᠯᠳᠠᠯᠭ᠎ᠠ᠎ᠲᠠᠢ ᠪᠣᠢᠵᠢᠭᠤᠯᠤᠨ᠎ᠠ᠃ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠬᠦ ᠡᠷᠴᠢᠮ᠎ᠢᠶᠡᠨ ᠴᠢᠩᠭᠠᠷᠠᠭᠤᠯᠵᠤ᠂ ᠪᠥᠬᠥ ᠤᠯᠤᠰ᠎ᠤᠨ ᠭᠣᠣᠯ ᠪᠣᠯᠬᠤ ᠬᠡᠷᠡᠭᠯᠡᠭᠡᠨ᠎ᠦ ᠬᠣᠲᠠ᠎ᠳᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠵᠡᠩᠨᠡᠨ ᠪᠣᠷᠣᠯᠠᠭᠤᠯᠬᠤ ᠲᠥᠪ᠂ ᠲᠠᠷᠢᠶᠠᠯᠠᠩ᠎ᠤᠨ ᠪᠦᠲᠦᠭᠡᠭᠳᠡᠭᠦᠨ᠎ᠢ ᠪᠥᠭᠡᠮ᠎ᠢᠶᠡᠷ ᠪᠤᠷᠤᠯᠠᠭᠤᠯᠬᠤ ᠭᠠᠵᠠᠷ᠂ ᠬᠠᠮᠲᠤ ᠪᠠᠷ ᠡᠳ᠋ᠯᠡᠬᠦ ᠬᠥᠮᠥᠷᠭᠡ᠎ᠶᠢ ᠪᠠᠢᠭᠤᠯᠤᠨ ᠪᠠᠢᠷᠢᠰᠢᠭᠤᠯᠤᠨᠠ᠃ 《ᠢᠨᠲᠧᠷ ᠰᠦᠯᠵᠢᠶ᠎ᠡ +》 ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ᠋ ᠲᠣᠰᠬᠣᠨ᠎ᠡᠴᠡ ᠭᠠᠷᠭᠠᠵᠤ ᠬᠣᠲᠠ ᠵᠢᠨ ᠵᠠᠬ᠎ᠠ ᠲᠡᠯᠬᠡᠬᠦᠷ ᠲᠤ᠌ ᠣᠷᠣᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠪᠠᠢᠳᠠᠯ᠎ᠢ ᠬᠠᠷᠠᠭᠤᠯᠤᠬᠰᠠᠨ ᠰᠢᠭᠤᠳ ᠨᠡᠪᠲᠡᠷᠡᠭᠦᠯᠬᠡ ᠵᠢᠨ ᠠᠵᠢᠯᠯᠠᠭ᠎ᠠ᠎ᠶᠢ ᠥᠷᠨᠢᠭᠦᠯᠵᠦ᠂ ᠮᠠᠯ ᠠᠵᠤ ᠠᠬᠤᠢ ᠲᠠᠷᠢᠶᠠᠯᠠᠩ᠎ᠤᠨ ᠰᠢᠨ᠎ᠡ ᠵᠠᠭᠤᠴᠢᠯᠠᠭᠤᠷ᠎ᠤᠨ IP ᠳᠠᠮᠵᠢᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠴᠤᠭᠴᠠᠯᠠᠨ᠎ᠠ᠃ ᠲᠥᠷᠥᠯ ᠲᠡᠮᠳᠡᠭ᠎ᠤᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃
(ᠠᠷᠪᠠᠨ ᠲᠠᠪᠤ) ᠠᠷᠠᠯᠵᠢᠶᠠᠨ᠎ᠤ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠤᠨ᠎ᠠ᠃ ᠮᠤᠵᠢ ᠶᠠᠮᠤᠨ ᠬᠠᠮᠲᠤᠷᠠᠨ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠎ᠶᠢᠨ ᠭᠠᠷᠤᠯᠲᠠ᠎ᠶᠢᠨ ᠣᠷᠣᠨ᠎ᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠬᠥᠬᠡᠬᠣᠲᠠ᠂ ᠪᠤᠭᠤᠲᠤ᠂ ᠲᠦᠩᠯᠢᠶᠣᠣ᠂ ᠪᠠᠶᠠᠨᠨᠠᠭᠤᠷ᠎ᠤᠨ ᠤᠯᠤᠰ᠎ᠤᠨ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ ᠭᠣᠣᠯᠯᠠᠭ᠍ᠴᠢ ᠰᠠᠭᠤᠷᠢᠨ᠎ᠤ᠋ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠴᠢᠳᠠᠪᠤᠷᠢᠲᠠᠨ᠎ᠢ ᠬᠦᠮᠦᠵᠢᠭᠦᠯᠬᠦ ᠠᠵᠢᠯ᠎ᠢ ᠥᠷᠨᠢᠭᠦᠯᠵᠦ᠂ ᠲᠠᠷᠢᠶᠠᠯᠠᠩ᠎ᠤᠨ ᠢᠳᠡᠭᠡᠨ᠂ ᠢᠮᠠᠭᠠᠨ ᠨᠣᠤᠯᠦᠭᠤᠷ ᠵᠡᠷᠭᠡ ᠴᠢᠨᠠᠷ ᠰᠠᠢᠲᠠᠢ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠳᠠᠶ᠋ᠢᠴᠢᠯᠠᠵᠤ᠂ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠠᠳᠤ ᠳ᠋ᠤ ᠭᠠᠷᠭᠠᠬᠤ ᠬᠡᠪᠴᠢᠶ᠎ᠡ᠎ᠶᠢ ᠥᠷᠭᠡᠳᠬᠡᠨ᠎ᠡ᠃ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠢᠭᠤᠴᠠ᠎ᠪᠠᠷ ᠠᠷᠠᠯᠵᠢᠶᠠᠯᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
ᠳᠥᠷᠪᠡ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ ᠵᠢ ᠠᠬᠢᠭᠤᠯᠤᠨ᠎ᠠ
(ᠠᠷᠪᠠᠨ ᠵᠢᠷᠭᠤᠭ᠎ᠠ) ᠮᠠᠯᠴᠢᠨ ᠲᠠᠷᠢᠶᠠᠴᠢᠨ᠎ᠤ ᠠᠮᠤ ᠪᠤᠳᠠᠭ᠎ᠠ ᠳᠠᠷᠢᠵᠤ ᠮᠠᠯ ᠲᠡᠵᠢᠭᠡᠬᠦ ᠢᠳᠡᠪᠬᠢᠵᠢᠯ᠎ᠢ ᠬᠠᠮᠠᠭᠠᠯᠠᠨ ᠳᠠᠶ᠋ᠢᠴᠢᠯᠠᠨ᠎ᠠ᠃ ᠮᠠᠯᠴᠢᠨ ᠲᠠᠷᠢᠶᠠᠴᠢᠨ ᠳ᠋ᠤ ᠠᠰᠢᠭ᠋ ᠬᠦᠷᠲᠡᠭᠡᠬᠦ ᠡᠯ᠎ᠡ ᠲᠥᠷᠥᠯ᠎ᠦᠨ ᠨᠥᠬᠥᠪᠦᠷᠢ ᠦᠭᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠴᠠᠭ ᠲᠤᠬᠠᠢ ᠳ᠋ᠤᠨᠢ ᠨᠠᠷᠢᠯᠢᠭ᠋ ᠣᠨᠣᠴᠠᠲᠠᠢ ᠪᠦᠷᠢᠨ ᠭᠦᠢᠴᠡᠳ ᠵᠢᠡᠷ ᠮᠠᠯᠴᠢᠨ ᠲᠠᠷᠢᠶᠠᠴᠢᠨ ᠡᠷᠦᠬᠡ ᠳ᠋ᠤ ᠬᠦᠷᠬᠡᠨ᠎ᠡ᠃ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠎ᠳᠦ ᠨᠥᠬᠥᠪᠦᠷᠢ ᠥᠭᠬᠦ ᠲᠦᠷᠦ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠵᠦ᠂ ᠪᠦᠬᠦ ᠬᠡᠯᠬᠢᠶ᠎ᠡ᠎ᠶᠢᠨ ᠪᠠᠢᠨᠭᠭᠤ ᠵᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠭᠤᠷᠪᠠᠨ ᠶᠡᠬᠡ ᠭᠣᠣᠯ ᠠᠮᠤ ᠪᠤᠳᠠᠭ᠎ᠠ᠂ ᠰᠢᠷ᠎ᠠ ᠪᠤᠷᠴᠠᠭ᠎ᠤᠨ ᠪᠦᠷᠢᠨ ᠥᠪᠡᠷ᠎ᠦᠨ ᠥᠷᠲᠡᠭ ᠪᠠ ᠲᠠᠷᠢᠮᠠᠯ᠎ᠤᠨ ᠣᠷᠣᠯᠭ᠎ᠠ᠎ᠶᠢᠨ ᠳᠠᠭᠠᠳᠬᠠᠯ᠎ᠤᠨ ᠪᠠᠲᠤᠯᠠᠭ᠎ᠠ᠎ᠶᠢ ᠴᠢᠩᠭᠠᠳᠬᠠᠵᠤ᠂ ᠨᠥᠬᠥᠴᠡᠯ᠎ᠲᠠᠢ ᠭᠠᠵᠠᠷ ᠣᠷᠣᠨ᠎ᠤ ᠣᠷᠣᠨ ᠨᠤᠲᠤᠭ᠎ᠤᠨ ᠳᠠᠪᠠᠭᠤᠯᠢᠭ᠋ ᠣᠨᠴᠠᠯᠢᠭ᠍ᠲᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠳᠠᠭᠠᠳᠬᠠᠯ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠦᠨ ᠬᠡᠪᠴᠢᠶ᠎ᠡ᠎ᠶᠢ ᠥᠷᠭᠡᠳᠬᠡᠬᠦ᠎ᠶᠢ ᠵᠣᠷᠢᠭ᠍ᠵᠢᠭᠤᠯᠵᠤ᠂ ᠳᠠᠭᠠᠳᠬᠠᠯ᠎ᠤᠨ ᠲᠥᠯᠥᠪᠦᠷᠢᠦᠭᠬᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠨᠡᠢᠲᠡᠯᠡᠬᠦ᠎ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠠ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠬᠤᠳᠠᠯᠳᠤᠨ ᠠᠪᠴᠤ ᠨᠥᠭᠡᠴᠡᠯᠡᠬᠦ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠴᠢᠬᠤᠯᠠ ᠪᠦᠬᠦᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨᠤ᠋ ᠦᠨ᠎ᠡ ᠬᠠᠩᠰᠢ᠎ᠶᠢ ᠢᠮᠠᠭᠲᠠ ᠵᠦᠢ ᠵᠣᠬᠢᠰᠲᠠᠢ ᠲᠦᠪᠰᠢᠨ᠎ᠳᠤ ᠪᠠᠢᠯᠭᠠᠬᠤ᠎ᠶᠢ ᠠᠬᠢᠭᠤᠯᠤᠨ᠎ᠠ᠃ ᠲᠥᠪ᠎ᠦᠨ ᠠᠮᠤ ᠪᠤᠳᠠᠭ᠎ᠠ ᠳᠤᠰᠤᠨ᠎ᠤ ᠲᠠᠷᠢᠮᠠᠯ᠎ᠤᠨ ᠲᠤᠰᠬᠠᠢ ᠵᠦᠢᠯ᠎ᠦᠨ ᠵᠢᠭᠡᠯᠡᠯᠭᠡᠳ᠋ᠤ ᠬᠦᠦ ᠮᠦᠩᠬᠦ ᠵᠢᠨ ᠨᠦᠬᠦᠪᠦᠷᠢ ᠦᠭᠬᠦ ᠲᠤᠷᠰᠢᠯᠲᠠ᠎ᠶᠢᠨ ᠴᠡᠭ᠎ᠢ ᠢᠳᠡᠪᠬᠢᠲᠡᠢ ᠲᠡᠮᠡᠴᠡᠨ ᠤᠯᠤᠨ᠎ᠠ᠃ ᠠᠮᠤ ᠪᠤᠳᠠᠭᠠᠨ᠎ᠤ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠣᠷᠣᠨ᠎ᠤ ᠮᠤᠵᠢ ᠵᠢᠨ ᠬᠣᠭᠣᠷᠣᠨᠳᠣᠬᠢ ᠬᠦᠨᠳᠡᠯᠡᠨ ᠴᠢᠭᠯᠡᠯ᠎ᠤᠨ ᠠᠰᠢᠭ᠋ ᠲᠤᠰᠠ᠎ᠶᠢᠨ ᠨᠥᠬᠥᠪᠦᠷᠢᠤᠯᠭᠤᠬᠤ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠤᠨ᠎ᠠ᠃
(ᠠᠷᠪᠠᠨ ᠳᠣᠯᠣᠭ᠎ᠠ) ᠮᠠᠯᠴᠢᠨ ᠲᠠᠷᠢᠶᠠᠴᠢᠨ᠎ᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ᠎ᠶᠢ ᠠᠬᠢᠭᠤᠯᠤᠨ᠎ᠠ᠃ 《ᠬᠠᠪᠤᠷ᠎ᠤᠨ ᠠᠵᠢᠯᠯᠠᠭ᠎ᠠ》᠂ 《ᠬᠠᠪᠤᠷ᠎ᠤᠨ ᠤᠯᠠᠷᠢᠯ᠎ᠳᠦ ᠬᠥᠯᠥᠰᠦᠨ ᠠᠵᠢᠯᠴᠢᠳ᠎ᠢ ᠬᠠᠯᠠᠮᠵᠢᠯᠠᠬᠤ》 ᠲᠤᠰᠬᠠᠢ ᠦᠢᠯᠡᠴᠢᠯᠡᠭᠡᠨ᠎ᠦ ᠠᠵᠢᠯᠯᠠᠭ᠎ᠠ᠎ᠶᠢ ᠥᠷᠨᠢᠭᠦᠯᠵᠦ᠂ ᠠᠵᠤ ᠠᠬᠤᠢᠯᠠᠯ᠎ᠤᠨ ᠠᠵᠢᠯ᠎ᠤᠨ ᠪᠠᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠪᠠᠨ ᠥᠷᠭᠡᠳᠬᠡᠬᠦ᠎ᠶᠢ ᠲᠡᠮᠵᠢᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠥᠷᠨᠢᠭᠦᠯᠦᠨ᠎ᠡ᠃ ᠰᠢᠶᠠᠩ ᠲᠣᠰᠬᠣᠨ ᠬᠣᠶᠠᠷ ᠱᠠᠲᠤᠨ᠎ᠤ ᠬᠥᠳᠡᠯᠮᠦᠷᠢ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠᠶᠢ ᠳᠡᠮᠵᠢᠵᠦ᠂ ᠭᠠᠳᠠᠭ᠍ᠰᠢ ᠭᠠᠷᠴᠤ ᠬᠦᠯᠦᠰᠦᠨ ᠠᠵᠢᠯ ᠬᠢᠬᠦ᠎ᠶᠢᠨ ᠦᠢᠯᠡᠴᠢᠯᠡᠭᠡᠨ᠎ᠦ ᠪᠠᠲᠤᠯᠠᠭ᠎ᠠ ᠪᠠ ᠨᠤᠲᠤᠭ᠎ᠲᠠᠭᠠᠨ ᠪᠤᠴᠠᠵᠤ ᠦᠢᠯᠡᠰ ᠪᠤᠰᠬᠠᠨ ᠠᠵᠢᠯ ᠣᠯᠬᠤ᠎ᠶᠢ ᠲᠡᠳᠬᠦᠨ ᠳᠡᠮᠵᠢᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠨᠠᠰᠤ ᠠᠬᠢᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠳ᠎ᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠎ᠶᠢ ᠴᠢᠩᠭᠠᠳᠬᠠᠨ᠎ᠠ᠃ ᠬᠥᠳᠡᠭᠡ ᠲᠣᠰᠬᠣᠨ᠎ᠤ ᠤᠷᠠᠨ ᠲᠠᠷᠬᠠᠨ᠎ᠢ ᠪᠣᠢᠵᠢᠭᠤᠯᠬᠤ ᠢᠨᠵᠧᠨᠧᠷᠢᠩ᠎ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶᠢᠨ ᠠᠵᠤ ᠠᠬᠤᠢ ᠵᠢ ᠲᠡᠳᠬᠦᠬᠦ ᠠᠵᠢᠯᠯᠠᠭ᠎ᠠ᠎ᠶᠢ ᠦᠷᠭᠦᠯᠵᠢᠯᠡᠨ ᠬᠡᠷᠡᠭᠵᠢᠭᠦᠯᠦᠨ᠎ᠡ᠃ ᠭᠠᠴᠠᠭ᠎ᠠ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠮᠠᠯᠵᠢᠬᠤ ᠲᠠᠷᠢᠶᠠᠯᠠᠬᠤ ᠣᠷᠣᠨ᠎ᠤ ᠵᠢᠵᠢᠭ ᠬᠡᠯᠪᠡᠷᠢ᠎ᠶᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠳᠠᠭᠠᠭᠠᠨ ᠠᠪᠬᠤ᠎ᠶᠢ ᠵᠤᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠨ᠎ᠤ ᠭᠣᠣᠯᠳᠠᠯᠭ᠎ᠠ᠎ᠲᠠᠢ ᠢᠨᠵᠧᠨᠧᠷᠢᠩ᠎ᠤᠨ ᠬᠦᠳᠡᠯᠮᠦᠷᠢᠯᠡᠬᠦ ᠪᠡᠷ ᠲᠡᠳᠬᠦᠮᠵᠢ᠎ᠶᠢ ᠣᠷᠣᠯᠠᠭᠤᠯᠬᠤ ᠲᠥᠷᠥᠯ ᠵᠦᠢᠯ ᠳ᠋ᠦ ᠲᠣᠬᠢᠷᠠᠬᠤ ᠨᠠᠷᠢᠨ ᠳᠠᠨᠭᠰᠠ᠎ᠶᠢ ᠪᠠᠢᠭᠤᠯᠵᠤ᠂ ᠮᠠᠯᠴᠢᠨ ᠲᠠᠷᠢᠶᠠᠴᠢᠨ᠎ᠤ ᠴᠠᠯᠢᠩ᠎ᠤᠨ ᠴᠢᠨᠠᠷᠲᠠᠢ ᠣᠷᠣᠯᠭ᠎ᠠ᠎ᠶᠢᠨ ᠳᠦᠪᠰᠢᠨ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠠᠮᠢᠳᠤᠯᠢᠭ᠋᠎ᠢᠶᠠᠷ ᠠᠵᠢᠯ ᠣᠯᠣᠭᠰᠠᠨ ᠬᠥᠮᠥᠰ᠎ᠦᠨ ᠬᠤᠳᠠ ᠪᠠᠯᠭᠠᠰᠤᠨ᠎ᠤ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠳᠠᠭᠠᠳᠬᠠᠯ᠎ᠳᠤ ᠣᠷᠣᠯᠴᠠᠬᠤ᠎ᠶᠢ ᠲᠦᠯᠬᠢᠨ ᠠᠬᠢᠭᠤᠯᠵᠤ᠂ ᠰᠢᠨ᠎ᠡ ᠪᠡᠷ ᠠᠵᠢᠯ ᠣᠯᠣᠭᠰᠠᠨ ᠬᠡᠯᠪᠡᠷᠢ᠎ᠶᠢᠨ ᠬᠥᠮᠥᠰ᠎ᠦᠨ ᠠᠵᠢᠯ ᠮᠡᠷᠭᠡᠵᠢᠯ᠎ᠦᠨ ᠭᠡᠮᠲᠦᠯ᠎ᠢ ᠪᠠᠲᠤᠯᠠᠬᠤ ᠲᠤᠷᠰᠢᠯᠲᠠ᠎ᠶᠢᠨ ᠠᠵᠢᠯ᠎ᠢ ᠠᠬᠢᠭᠤᠯᠤᠨ᠎ᠠ᠃
(ᠠᠷᠪᠠᠨ ᠨᠠᠢ᠍ᠮᠠ) ᠰᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ 《ᠨᠢᠭᠡ ᠰᠢᠶᠠᠨ᠎ᠳᠤ ᠨᠢᠭᠡ ᠪᠣᠳᠣᠯᠭ᠎ᠠ ᠬᠡᠷᠡᠭᠵᠢᠭᠦᠯᠬᠦ》 ᠪᠡᠷ ᠰᠢᠶᠠᠨ᠎ᠤ ᠬᠡᠪᠴᠢᠶᠡᠨ᠎ᠦ ᠣᠨᠴᠠᠯᠢᠭ᠍ᠲᠤ ᠠᠵᠤ ᠦᠢᠯᠡᠰ᠎ᠢ ᠪᠤᠵᠠᠭᠠᠢᠷᠠᠭᠤᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ 《ᠵᠢᠵᠢᠭ ᠲᠥᠷᠥᠯ ᠵᠦᠢᠯ᠂ ᠲᠣᠮᠣ᠌ ᠠᠵᠤ ᠦᠢᠯᠡᠰ》 ᠢ᠋ ᠬᠥᠭᠵᠢᠭᠦᠯᠦᠨ᠎ᠡ᠃ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠰᠢᠶᠠᠨ᠂ ᠤᠯᠤᠰ᠎ᠤᠨ ᠲᠠᠷᠢᠶᠠᠯᠠᠩ᠎ᠤᠨ ᠣᠳᠣᠬᠢᠴᠢᠯᠠᠯᠲᠠ᠎ᠶᠢᠨ ᠵᠢᠱ᠌ᠢᠶ᠎ᠡ ᠦᠵᠡᠭᠦᠯᠬᠦ ᠣᠷᠣᠨ᠂ ᠤᠯᠤᠰ᠎ᠤᠨ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠨᠠᠷᠢᠯᠢᠭ᠋ ᠭᠦᠨᠵᠡᠭᠡᠢ ᠡᠳ᠋ᠰᠢᠭᠦᠯᠬᠦ ᠠᠵᠤ ᠠᠬᠤᠢᠯᠠᠯ᠎ᠤᠨ ᠬᠦᠷᠢᠶᠡᠯᠡᠩ ᠲᠣᠭᠣᠷᠢᠭ᠋ ᠲᠡᠢᠰᠢ ᠴᠤᠭᠯᠠᠷᠠᠬᠤ᠎ᠶᠢ ᠠᠬᠢᠭᠤᠯᠵᠤ᠂ ᠤᠯᠤᠰ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠦᠷᠦᠭᠵᠢᠯ᠎ᠢ ᠬᠦᠴᠦᠯᠡᠨ ᠪᠣᠶ ᠪᠣᠯᠭᠠᠨ᠎ᠠ᠃ ᠲᠠᠷᠢᠶᠠᠯᠠᠩ᠎ᠤᠨ ᠠᠵᠤ ᠦᠢᠯᠡᠰ᠎ᠦᠨ ᠬᠦᠴᠦᠷᠬᠡᠭ ᠪᠠᠯᠭᠠᠰᠤ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠲᠦᠭᠦᠬᠡᠢ ᠮᠠᠲᠧᠷᠢᠶᠠᠯ᠎ᠤᠨ ᠰᠠᠭᠤᠷᠢᠨ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠣᠭ ᠪᠠᠢᠯᠭᠠᠬᠤ᠂ ᠡᠳ᠋ᠰᠢᠭᠦᠯᠦᠨ ᠪᠣᠷᠣᠯᠠᠭᠤᠯᠬᠤ ᠵᠡᠷᠭᠡ ᠵᠠᠩᠭᠢᠯᠠᠭ᠎ᠠ᠎ᠶᠢᠨ ᠳᠤᠲᠠᠭᠤᠳᠠᠯ᠎ᠢ ᠨᠥᠬᠥᠪᠦᠷᠢᠯᠡᠨ᠎ᠡ᠃ ᠣᠶ ᠰᠢᠭᠤᠢ ᠨᠤᠲᠤᠭ ᠪᠡᠯᠴᠢᠭᠡᠷ᠎ᠦᠨ ᠠᠵᠤ ᠦᠢᠯᠡᠰ᠎ᠢ ᠬᠥᠭᠵᠢᠭᠦᠯᠦᠨ ᠪᠤᠵᠠᠭᠠᠢᠷᠠᠭᠤᠯᠵᠤ᠂ ᠣᠶᠳᠤᠲᠤᠷᠠᠬᠢ ᠠᠵᠤ ᠠᠬᠤᠢ᠂ ᠣᠶ ᠰᠢᠭᠤᠢ᠎ᠶᠢᠨ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠣᠢᠵᠢᠭᠤᠯᠤᠨ᠎ᠠ᠃ ᠬᠥᠳᠡᠭᠡ ᠲᠣᠰᠬᠣᠨ᠎ᠤ ᠰᠤᠯᠠ ᠪᠠᠢᠬᠤ ᠭᠡᠷ ᠪᠠᠢᠰᠢᠩ᠎ᠢ ᠰᠢᠨᠡᠳᠬᠡᠨ ᠵᠠᠰᠠᠵᠤ ᠣᠨᠴᠠᠯᠢᠭ᠍ᠲᠤ ᠠᠷᠠᠳ᠎ᠤᠨ ᠤᠯᠠᠮᠵᠢᠯᠠᠯᠲᠦ ᠰᠠᠭᠤᠴᠠ ᠵᠢᠨ ᠪᠠᠭᠤᠳᠠᠯ ᠪᠠᠶ᠋ᠢᠭᠤᠯᠬᠤ᠎ᠶᠢ ᠠᠬᠢᠭᠤᠯᠵᠤ᠂ ᠤᠳᠤᠨ ᠳᠡᠰ᠎ᠤᠨ ᠠᠷᠠᠳ᠎ᠤᠨ ᠤᠯᠠᠮᠵᠢᠯᠠᠯᠲᠦ ᠰᠠᠭᠤᠴᠠ ᠵᠢᠨ ᠪᠠᠭᠤᠳᠠᠯ᠎ᠢ ᠪᠤᠢᠵᠢᠭᠤᠯᠤᠨ᠎ᠠ᠃ᠮᠠᠯᠴᠢᠨ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠬᠤ ᠲᠥᠯᠥᠪᠯᠡᠭᠡ᠎ᠶᠢ ᠬᠡᠷᠡᠭᠵᠢᠭᠦᠯᠵᠦ᠂ ᠬᠥᠳᠡᠯᠮᠦᠷᠢ ᠨᠢᠭ᠍ᠲᠠᠷᠠᠭᠰᠠᠨ ᠬᠡᠯᠪᠡᠷᠢ᠎ᠶᠢᠨ ᠠᠵᠤ ᠦᠢᠯᠡᠰ᠎ᠦᠨ ᠰᠢᠶᠠᠨ᠎ᠤ ᠬᠡᠪᠴᠢᠶ᠎ᠡ ᠳᠠᠢᠰᠢ ᠱᠠᠲᠤᠯᠠᠨ ᠰᠢᠯᠵᠢᠬᠦ᠎ᠶᠢ ᠬᠥᠲᠥᠯᠥᠨ ᠵᠢᠯᠤᠭᠣᠳᠴᠤ᠂ ᠬᠣᠲᠠ᠎ᠶᠢᠨ ᠡᠷᠬᠢᠨ ᠲᠣᠭᠣᠷᠢᠨ᠎ᠳᠤ ᠬᠣᠯᠪᠣᠭᠳᠠᠬᠤ ᠠᠵᠤ ᠦᠢᠯᠡᠰ ᠪᠠ ᠢᠵᠢ ᠪᠦᠷᠢᠳᠦᠭᠰᠡᠨ ᠠᠵᠤ ᠠᠬᠤᠢᠯᠠᠯ᠎ᠢ ᠪᠠᠢᠷᠢᠯᠠᠭᠤᠯᠬᠤ᠎ᠶᠢ ᠳᠡᠮᠵᠢᠵᠦ᠂ ᠲᠤᠬᠠᠢ᠎ᠶᠢᠨ ᠭᠠᠵᠠᠷ᠎ᠤᠨ ᠮᠠᠯᠴᠢᠨ ᠲᠠᠷᠢᠶᠠᠴᠢᠳ᠎ᠢ ᠪᠠᠭᠲᠠᠭᠠᠨ ᠠᠪᠴᠦ ᠣᠢᠷ᠎ᠠ ᠬᠠᠪᠢ ᠳ᠋ᠤᠨᠢ ᠠᠵᠢᠯ ᠣᠯᠭᠣᠨ᠎ᠠ᠃
(ᠠᠷᠪᠠ ᠶᠢᠰᠦ) ᠬᠥᠳᠡᠭᠡ ᠲᠣᠰᠬᠣᠨ᠎ᠤ ᠬᠡᠷᠡᠭᠯᠡᠭᠡ᠎ᠶᠢ ᠲᠠᠰ ᠳᠡᠪᠰᠢᠭᠦᠯᠬᠦ ᠠᠵᠢᠯᠯᠠᠭ᠎ᠠ᠎ᠶᠢ ᠬᠡᠷᠡᠭᠵᠢᠭᠦᠯᠦᠨ᠎ᠡ᠃ 《ᠥᠪᠥᠷ ᠮᠣᠩᠭᠣᠯ᠎ᠤᠨ ᠪᠡᠯᠡᠭ》 ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭᠲᠦ᠎ᠶᠢ ᠡᠭᠦᠳᠴᠦ᠂ ᠡᠯᠪᠡᠭ ᠬᠤᠷᠢᠶᠠᠯᠲᠠ᠎ᠶᠢᠨ ᠴᠤᠭᠯᠠᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠵᠢ ᠪᠣᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠠᠭᠤᠰᠤᠯᠴᠠᠨ ᠬᠥᠭᠵᠢᠬᠦ᠎ᠶᠢ ᠠᠬᠢᠭᠤᠯᠤᠨ᠎ᠠ᠃ ᠰᠢᠶᠠᠩ ᠪᠠᠯᠭᠠᠰᠤᠨ᠎ᠤ ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠂ ᠲᠣᠰᠬᠣᠨ᠎ᠤ ᠱᠠᠲᠤᠨ᠎ᠤ ᠠᠷᠠᠳ᠎ᠲᠤ ᠲᠥᠬᠥᠮ ᠦᠵᠡᠭᠦᠯᠬᠦ ᠳᠡᠯᠭᠡᠭᠦᠷ᠎ᠢ ᠰᠢᠨᠡᠳᠬᠡᠨ ᠥᠭᠡᠷᠡᠴᠢᠯᠡᠬᠦ᠎ᠶᠢ ᠳᠡᠮᠵᠢᠨ᠎ᠡ᠃ ᠲᠦᠷᠭᠡᠨ ᠬᠦᠷᠭᠡᠯᠲᠡ᠎ᠶᠢᠨ ᠠᠵᠢᠯ ᠲᠥᠷᠥᠯ ᠬᠢᠭᠡᠳ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭᠠᠨ᠎ᠤ ᠬᠠᠮᠵᠢᠯᠴᠠᠨ ᠬᠥᠭᠵᠢᠬᠦ᠎ᠶᠢ ᠠᠬᠢᠭᠤᠯᠤᠨ᠎ᠠ᠃ ᠬᠡᠷᠡᠭᠯᠡᠭᠡᠨ᠎ᠤ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠠ ᠲᠠᠷᠢᠶᠠᠯᠠᠩ᠎ᠤᠨ ᠮᠠᠰᠢᠨ᠎ᠤ ᠬᠡᠷᠡᠭᠯᠡᠭᠡᠨ᠎ᠡᠴᠡ ᠭᠠᠷᠭᠠᠵᠤ ᠰᠢᠨᠡᠳᠬᠡᠬᠦ᠎ᠶᠢ ᠮᠠᠯᠵᠢᠬᠤ ᠲᠠᠷᠢᠶᠠᠯᠠᠬᠤ ᠣᠷᠣᠨ ᠲᠡᠢᠰᠢ ᠪᠠᠭᠤᠯᠭᠠᠬᠤ᠎ᠶᠢ ᠠᠬᠢᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠮᠠᠯᠵᠢᠬᠤ ᠲᠠᠷᠢᠶᠠᠯᠠᠬᠤ ᠣᠷᠣᠨ᠎ᠤ ᠦᠢᠯᠡᠳᠪᠦᠷᠢᠯᠡᠯ ᠠᠮᠢᠳᠤᠷᠠᠯ᠎ᠳᠦ ᠲᠣᠬᠢᠷᠠᠬᠤ ᠰᠢᠨ᠎ᠡ ᠦᠢᠯᠡᠳᠬᠦᠨ᠎ᠢ ᠨᠡᠮᠡᠭᠳᠡᠭᠦᠯᠦᠨ᠎ᠡ᠃ ᠨᠢᠭᠡ ᠪᠦᠯᠦᠭ ᠬᠠᠶᠠᠭᠳᠠᠮᠠᠯ ᠬᠠᠭᠤᠴᠢᠨ ᠭᠡᠷ᠎ᠦᠨ ᠴᠠᠬᠢᠯᠭᠠᠨ ᠬᠡᠷᠡᠭᠰᠡᠯ ᠭᠡᠷ᠎ᠦᠨ ᠲᠠᠪᠢᠯᠭ᠎ᠠ ᠵᠡᠷᠭᠡ ᠳᠠᠬᠢᠯᠲᠠ ᠡᠬᠢ ᠪᠠᠶᠠᠯᠢᠭ᠋᠎ᠢ ᠪᠠᠷᠢᠮᠵᠢᠶᠠᠵᠢᠭᠤᠯᠤᠨ ᠵᠢᠷᠤᠮᠵᠢᠭᠤᠯᠵᠤ ᠡᠭᠡᠭᠦᠯᠦᠨ ᠬᠤᠷᠢᠶᠠᠬᠤ ᠥᠷᠲᠡᠭᠡ ᠴᠡᠭ᠎ᠢ ᠰᠢᠨ᠎ᠡ᠎ᠪᠡᠷ ᠪᠠᠶ᠋ᠢᠭᠤᠯᠬᠤ ᠪᠠ ᠥᠭᠡᠷᠡᠴᠢᠯᠡᠨ ᠪᠠᠢᠭᠤᠯᠵᠤ᠂ ᠭᠤᠷᠪᠠᠨ ᠱᠠᠲᠤᠨ᠎ᠤ ᠡᠭᠡᠭᠦᠯᠦᠨ ᠬᠤᠷᠢᠶᠠᠬᠤ ᠲᠣᠣᠷ᠎ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
ᠲᠠᠪᠤ᠂ ᠠᠵᠢᠯᠯᠠᠵᠤ ᠠᠮᠢᠳᠤᠷᠠᠬᠤ᠎ᠳᠦ ᠲᠣᠬᠢᠲᠠᠢ ᠡᠶ᠎ᠡ ᠨᠡᠢᠷᠠᠮᠳᠠᠭᠤ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ
(ᠬᠣᠷᠢ) ᠬᠥᠳᠡᠭᠡ ᠲᠣᠰᠬᠣᠨ᠎ᠤ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠪᠠᠢᠷᠢᠰᠢᠯ᠎ᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠨ ᠠᠮᠠ᠎ᠶᠢᠨ ᠬᠤᠪᠢᠷᠠᠯᠲᠠ᠎ᠶᠢᠨ ᠬᠠᠨᠳᠤᠰᠢ᠎ᠶᠢ ᠦᠨᠳᠦᠰᠦᠯᠡᠵᠤ᠂ ᠭᠣᠣᠯ ᠴᠣᠭᠴᠠ᠎ᠶᠢᠨ ᠴᠢᠳᠠᠮᠵᠢ᠎ᠶᠢᠨ ᠪᠠᠢᠷᠢ ᠲᠣᠭᠲᠠᠭᠠᠯᠲᠠ ᠪᠠ ᠲᠣᠰᠬᠣᠨ ᠪᠠᠯᠭᠠᠰᠤ᠎ᠶᠢᠨ ᠰᠢᠰᠲᠧᠮ᠎ᠤᠨ ᠪᠠᠢᠷᠢᠰᠢᠭᠤᠯᠤᠯᠲᠠ᠎ᠳᠤ ᠰᠠᠭᠤᠷᠢᠯᠠᠵᠤ᠂ ᠮᠠᠯᠵᠢᠬᠤ ᠲᠠᠷᠢᠶᠠᠯᠠᠬᠤ ᠣᠷᠣᠨ᠎ᠤ ᠠᠵᠤ ᠦᠢᠯᠡᠰ ᠪᠠ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠲᠥᠷᠥᠯ ᠬᠤᠪᠢᠶᠠᠨ ᠡᠮᠬᠢ ᠵᠢᠷᠤᠮ᠎ᠲᠠᠢ ᠪᠠᠢᠷᠢᠰᠢᠭᠤᠯᠤᠨᠠ᠃ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠤᠷᠤᠨ ᠬᠡᠰᠡᠭ ᠬᠤᠪᠢᠶᠠᠨ ᠠᠬᠢᠭᠤᠯᠬᠤ᠂ ᠲᠥᠷᠥᠯ ᠬᠤᠪᠢᠶᠠᠨ ᠲᠣᠰᠬᠣᠨ ᠳᠠᠷᠠᠭᠠᠯᠠᠨ ᠪᠦᠲᠦᠭᠡᠨ ᠪᠠᠶ᠋ᠢᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠣᠲᠣ᠌ ᠦᠶ᠎ᠡ᠎ᠶᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠨ᠎ᠡ᠃ ᠰᠢᠶᠠᠨ᠎ᠤ ᠬᠡᠪᠴᠢᠶᠡᠨ᠎ᠦ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠵᠠᠰᠠᠯᠲᠠ᠎ᠶᠢ ᠬᠠᠮᠵᠢᠯᠴᠠᠨ ᠠᠬᠢᠭᠤᠯᠵᠤ᠂ ᠪᠥᠬᠥ ᠤᠷᠤᠨ ᠪᠦᠰᠡ ᠵᠢᠨ ᠭᠠᠵᠠᠷ ᠰᠢᠷᠣᠢ᠎ᠶᠢ ᠶᠡᠷᠦᠩᠬᠡᠢᠯᠡᠨ ᠴᠡᠭᠴᠡᠯᠡᠨ ᠵᠠᠰᠠᠬᠤ ᠠᠵᠢᠯ᠎ᠢ ᠲᠣᠭᠲᠠᠭᠤᠨ᠎ᠢᠶᠠᠷ ᠥᠷᠨᠢᠭᠦᠯᠵᠤ᠂ ᠭᠠᠵᠠᠷ ᠰᠢᠷᠣᠢ᠎ᠶᠢ ᠠᠷᠪᠢᠲᠠᠢ ᠡᠷᠴᠢᠮᠯᠢᠭ ᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠬᠥᠭᠵᠢᠯᠲᠡ᠎ᠶᠢᠨ ᠵᠦᠢ ᠵᠣᠬᠢᠰᠲᠠᠢ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠨ᠎ᠠ᠃ 《ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ᠎ᠢ ᠬᠢᠯᠢ ᠬᠢᠵᠠᠭᠠᠷᠲᠤ ᠣᠷᠣᠭᠤᠯᠬᠤ》 ᠠᠵᠢᠯᠯᠠᠭ᠎ᠠ᠎ᠶᠢ ᠥᠷᠨᠢᠭᠦᠯᠦᠨ᠎ᠡ᠃
(ᠬᠣᠷᠢᠨ ᠨᠢᠭᠡ) ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠠ ᠬᠠᠮᠢᠶᠠᠷᠴᠤ ᠬᠠᠮᠠᠭᠠᠯᠠᠬᠤ᠎ᠶᠢ ᠴᠢᠩᠭᠠᠷᠠᠭᠤᠯᠤᠨ᠎ᠠ᠃ ᠬᠥᠳᠡᠭᠡ ᠲᠣᠰᠬᠣᠨ᠎ᠤ ᠬᠡᠪᠴᠢᠶᠡᠵᠢᠭᠦᠯᠦᠨ ᠤᠰᠤ ᠬᠠᠩᠭᠠᠬᠤ ᠪᠠ ᠮᠠᠯᠵᠢᠬᠤ ᠣᠷᠣᠨ᠎ᠤ ᠡᠷᠦᠬᠡ᠎ᠳᠦ ᠬᠦᠷᠲᠡᠯ᠎ᠡ ᠤᠰᠤ ᠬᠠᠩᠭᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠤᠷᠢᠳ ᠵᠢᠡᠷ ᠳᠡᠮᠵᠢᠵᠦ᠂ ᠲᠦᠩᠯᠢᠶᠣᠣ ᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠂ ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ 2 ᠵᠢᠵᠢᠭ ᠬᠡᠯᠪᠡᠷᠢ᠎ᠶᠢᠨ ᠤᠰᠤ ᠲᠠᠲᠠᠵᠤ ᠲᠤᠬᠢᠷᠠᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠴᠠᠬᠢᠯᠭᠠᠨ᠎ᠤ ᠲᠣᠣᠷ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠴᠠᠬᠢᠯᠭᠠᠨ ᠴᠡᠨᠡᠭᠯᠡᠬᠦ ᠲᠦᠬᠦᠭᠡᠷᠦᠮᠵᠢ᠎ᠶᠢᠨ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ ᠰᠢᠨ᠎ᠡ ᠨᠢᠭᠡᠨ ᠡᠭᠡᠯᠵᠢ᠎ᠶᠢᠨ ᠬᠥᠳᠡᠭᠡ ᠲᠣᠰᠬᠣᠨ᠎ᠤ ᠵᠠᠰᠠᠮᠠᠯ ᠵᠠᠮ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠪᠠᠷᠠᠭᠠᠨ᠎ᠤ ᠭᠦᠢᠯᠭᠡᠭᠡᠨ᠎ᠦ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ᠎ᠶᠢ ᠲᠦᠷᠭᠡᠳᠬᠡᠵᠦ᠂ ᠴᠢᠬᠤᠯᠠ ᠵᠠᠩᠭᠢᠯᠠᠭ᠎ᠠ᠎ᠶᠢᠨ ᠴᠡᠭ᠎ᠦᠨ ᠪᠠᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ ᠰᠢᠨᠡᠳᠬᠡᠨ ᠵᠠᠰᠠᠬᠤ᠎ᠶᠢ ᠬᠡᠷᠡᠭᠵᠢᠭᠦᠯᠵᠦ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠣᠲᠣ᠌ ᠦᠶ᠎ᠡ᠎ᠶᠢᠨ ᠣᠷᠣᠰᠢᠨ ᠰᠠᠭᠤᠬᠤ᠎ᠳᠤ ᠲᠣᠬᠢᠲᠠᠢ ᠭᠡᠷ ᠪᠠᠢᠰᠢᠩ᠎ᠢ ᠪᠦᠲᠦᠭᠡᠨ ᠪᠠᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠣᠨ᠎ᠤ ᠴᠢᠨᠠᠷ ᠰᠠᠢᠲᠠᠢ ᠬᠥᠭᠵᠢᠯᠲᠡ᠎ᠶᠢᠨ ᠠᠵᠢᠯᠯᠠᠭ᠎ᠠ᠎ᠶᠢ ᠥᠷᠨᠢᠭᠦᠯᠵᠦ᠂ ᠬᠥᠳᠡᠭᠡ ᠲᠣᠰᠬᠣᠨ᠎ᠤ ᠴᠢᠮᠡᠭᠡ ᠬᠣᠯᠪᠣᠭᠠᠨ᠎ᠤ ᠰᠦᠯᠵᠢᠶᠡᠨ᠎ᠦ ᠰᠠᠭᠤᠷᠢ ᠦᠷᠳᠡᠭᠡ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠬᠥᠳᠡᠭᠡ ᠲᠣᠰᠬᠣᠨ ᠵᠢᠴᠢ ᠪᠤᠢ᠍ᠢᠳᠠ ᠪᠥᠭᠯᠡᠭᠦᠦ ᠭᠠᠵᠠᠷ ᠣᠷᠣᠨ᠎ᠤ ᠴᠢᠮᠡᠭᠡ ᠬᠣᠯᠪᠣᠭᠠᠨ᠎ᠤ ᠰᠦᠯᠵᠢᠶᠡᠨ᠎ᠦ ᠪᠦᠷᠬᠦᠴᠡ᠎ᠶᠢᠨ ᠲᠦᠪᠰᠢᠨ᠎ᠢ ᠳᠡᠭᠡᠭᠰᠢᠯᠡᠭᠦᠯᠦᠨ᠎ᠡ᠃ ᠰᠢᠭᠤᠢᠲᠤ ᠣᠷᠣᠨ᠂ ᠠᠲᠠᠷ ᠬᠠᠭᠠᠯᠪᠤᠷᠢᠯᠠᠯᠲᠠ᠎ᠶᠢᠨ ᠣᠷᠣᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠰᠢᠶᠠᠨ᠎ᠤ ᠬᠡᠪᠴᠢᠶᠡᠨ᠎ᠦ ᠰᠠᠭᠤᠷᠢ ᠲᠦᠬᠦᠭᠡᠷᠦᠮᠵᠢ᠎ᠶᠢ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ᠎ᠶᠢᠨ ᠬᠠᠮᠢᠶᠠᠷᠴᠤ ᠬᠠᠮᠠᠭᠠᠯᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠪᠦᠷᠢᠨᠰᠢᠭᠦᠯᠦᠨ᠎ᠡ᠃
(ᠬᠣᠷᠢᠨ ᠬᠣᠶᠠᠷ) ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠰᠢᠨ᠎ᠢ ᠳᠡᠭᠡᠭ᠌ᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠰᠤᠷᠭᠠᠭᠤᠯᠢ᠎ᠶ᠋ᠢᠨ ᠪᠠᠢᠷᠢᠱᠢᠭᠤᠯᠤᠯᠲᠠ᠎ᠶ᠋ᠢ ᠯᠠᠪᠳᠠᠭᠤᠨ ᠪᠣᠯᠭᠣᠮᠵᠢᠲᠠᠶ ᠱᠢᠯᠢᠳᠡᠭ᠌ᠵᠢᠭᠦᠯᠵᠦ᠍᠂ ᠴᠢᠬᠤᠯᠠ ᠪᠥᠬᠥᠶ ᠰᠤᠮᠤ ᠱᠢᠶᠠᠩ ᠪᠠᠯᠭᠠᠰᠤ᠎ᠶ᠋ᠢᠨ ᠪᠠᠢᠷᠢᠯᠠᠬᠤ ᠳᠦᠷᠢᠮᠲᠦ ᠰᠤᠷᠭᠠᠭᠤᠯᠢ ᠪᠤᠶᠤ ᠵᠢᠭᠠᠨ ᠰᠤᠷᠭᠠᠯᠲᠠ᠎ᠶ᠋ᠢᠨ ᠴᠡᠭ᠎ᠢ ᠰᠠᠢᠲᠤᠷ ᠡᠷᠭᠢᠯᠡᠨ᠂ ᠨᠥᠬᠥᠴᠡᠯ᠎ᠲᠡᠶ ᠬᠡᠦᠬᠡᠳ᠎ᠦᠨ ᠴᠡᠴᠡᠷᠯᠢᠭ᠎ᠦᠨ ᠪᠠᠷᠢᠮᠵᠢᠶ᠎ᠠ ᠶᠣᠰᠣᠭᠠᠷ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠦᠶ᠋ᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃ ᠱᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠱᠢᠶᠠᠨ᠎ᠤ ᠬᠡᠪᠴᠢᠶᠡᠨ᠎ᠦ ᠪᠠᠭ᠍ᠰᠢ᠎ᠶ᠋ᠢᠨ ᠡᠩᠨᠡᠭᠡ᠎ᠶ᠋ᠢ ᠨᠢᠭᠡᠳᠦᠯᠲᠡᠶ ᠳᠦᠯᠦᠪᠵᠢᠬᠦᠯᠦᠨ ᠳᠣᠭᠢᠷᠠᠭᠤᠯᠬᠤ᠎ᠶ᠋ᠢ ᠴᠢᠩᠭᠠᠳᠭᠠᠨ᠂ ᠬᠣᠲᠠ ᠬᠥᠳᠡᠭᠡ᠎ᠶ᠋ᠢᠨ ᠰᠤᠷᠭᠠᠭᠤᠯᠢ ᠵᠢᠨ ᠴᠢᠨᠠᠷ ᠰᠠᠢᠲᠠᠶ ᠬᠢᠴᠢᠶᠡᠯ᠎ᠦᠨ ᠲᠠᠩᠬᠢᠮ᠎ᠢ ᠰᠦᠯᠵᠢᠶᠡᠨ ᠳᠡᠭᠡᠷ᠎ᠡ ᠬᠠᠮᠲᠤ ᠪᠠᠷ ᠡᠳ᠋ᠯᠡᠬᠦ ᠶ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠳᠡᠬᠢ ᠰᠤᠷᠤᠯᠭ᠎ᠠ᠎ᠪᠠᠨ ᠳᠣᠷᠭᠣᠨ ᠵᠣᠭ᠍ᠰᠣᠬᠤ᠎ᠶ᠋ᠢ ᠬᠢᠵᠠᠭᠠᠷᠯᠠᠬᠤ ᠰᠤᠷᠤᠯᠭ᠎ᠠ᠎ᠶ᠋ᠢ ᠪᠠᠲᠤᠯᠠᠬᠤ ᠡᠷᠴᠢᠮ᠎ᠢ ᠴᠢᠩᠭᠠᠷᠠᠭᠤᠯᠤᠨ᠎ᠠ᠃ ᠱᠢᠶᠠᠨ᠎ᠤ ᠬᠡᠪᠴᠢᠶᠡᠨ᠎ᠦ ᠨᠢᠭ᠍ᠲᠠᠷᠬᠠᠰᠠᠨ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠬᠣᠲᠠ ᠬᠥᠳᠡᠭᠡ᠎ᠶ᠋ᠢᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠪᠠᠢᠷᠢᠱᠢᠭᠤᠯᠤᠯ᠎ᠢ ᠱᠢᠯᠢᠳᠡᠭ᠌ᠵᠢᠭᠦᠯᠦᠨ᠎ᠡ᠃ ᠤᠶᠤᠲᠠᠳ᠎ᠤᠨ ᠬᠥᠳᠡᠭᠡ ᠲᠣᠰᠭᠣᠨ᠎ᠤ ᠡᠮᠴᠢ᠎ᠶ᠋ᠢᠨ ᠲᠤᠰᠭᠠᠶ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠡᠮᠴᠢ᠎ᠶ᠋ᠢᠨ ᠠᠵᠢᠯ ᠡᠷᠬᠢᠯᠡᠬᠦ᠌ (ᠲᠤᠰᠠᠯᠠᠬᠤ) ᠡᠮᠴᠢ᠎ᠶ᠋ᠢᠨ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠢ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠶ᠎ᠪᠡᠷ ᠲᠣᠬᠢᠷᠠᠭᠤᠯᠤᠨ᠎ᠠ᠃ ᠣᠨᠴᠠ ᠬᠦᠴᠢᠷᠳᠡᠯᠲᠡᠶ ᠨᠠᠰᠤᠲᠠᠢᠴᠤᠳ᠎ᠢ ᠡᠷᠬᠢᠨ ᠦᠵᠡᠵᠦ᠍ ᠬᠠᠯᠠᠮᠵᠢᠯᠠᠨ ᠬᠠᠢᠷᠠᠯᠠᠬᠤ 《ᠬᠠᠢᠷ᠎ᠠ ᠬᠠᠯᠠᠮᠵᠢ》 ᠶ᠋ᠢᠨ ᠠᠵᠢᠯᠯᠠᠭ᠎ᠠ ᠪᠠ ᠬᠡᠷ᠎ᠲᠡᠬᠡᠨ ᠬᠣᠴᠣᠷᠤᠭ᠍ᠰᠠᠨ ᠬᠡᠦᠬᠡᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠎ᠡ᠃ ᠵᠡᠮᠳᠡᠭ᠌ᠴᠦᠳ᠂ ᠣᠶᠣᠨ ᠮᠡᠳᠡᠷᠡᠯ᠎ᠦᠨ ᠰᠠᠭᠠᠳ᠎ᠲᠠᠶ ᠬᠥᠮᠦᠰ᠎ᠦᠨ ᠬᠥᠮᠦᠯᠢᠭ ᠬᠠᠯᠠᠮᠵᠢᠯᠠᠯ᠎ᠢ ᠴᠢᠩᠭᠠᠳᠭᠠᠨ᠎ᠠ᠃
(ᠬᠣᠷᠢᠨ ᠭᠤᠷᠪᠠ) ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠎ᠠ᠃ 《ᠤᠮᠠᠷᠠᠲᠤ᠎ᠶᠢᠨ ᠭᠤᠷᠪᠠᠨ ᠤᠷᠤᠨ》 ᠤ᠋ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠎ᠡ᠃ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠪᠠᠯᠠ ᠮᠥᠩᠭᠥ᠎ᠶ᠋ᠢ ᠣᠯᠭᠣᠬᠤ ᠬᠢᠭᠡᠳ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠬᠣᠯᠪᠣᠭ᠍ᠳᠠᠭᠤᠯᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠮᠠᠯ ᠪᠡᠯᠴᠢᠭᠡᠷ᠎ᠢ ᠲᠡᠩᠴᠡᠭᠦᠷᠢ ᠲᠠᠢ ᠪᠠᠢᠯᠭᠠᠬᠤ ᠬᠠᠮᠢᠶᠠᠷᠤᠯᠲᠠ᠎ᠶ᠋ᠢ ᠴᠢᠩᠭᠠᠳᠭᠠᠨ᠂ ᠪᠠᠢᠭᠠᠯᠢ᠎ᠶ᠋ᠢᠨ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠢ ᠲᠡᠩᠴᠡᠭᠦᠷᠢ ᠲᠠᠢ ᠪᠠᠢᠯᠭᠠᠬᠤ ᠵᠢᠭᠠᠯᠲᠠ ᠲᠣᠭ᠎ᠠ᠎ᠶ᠋ᠢ 10% ᠡᠴᠡ ᠳᠣᠷᠣᠭ᠍ᠰᠢ ᠲᠣᠭ᠍ᠲᠠᠭᠤᠨ ᠪᠠᠢᠯᠭᠠᠨ᠎ᠠ᠃ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠢ᠎ᠶ᠋ᠢᠨ ᠬᠦᠨᠳᠦ ᠲᠡᠮᠦᠷᠯᠢᠭ᠎ᠦᠨ ᠪᠣᠬᠢᠷᠲᠤᠯ᠎ᠤᠨ ᠡᠬᠢ ᠰᠤᠷᠪᠤᠯᠵᠢ᠎ᠶ᠋ᠢ ᠡᠷᠢᠬᠦ᠌ ᠪᠠ ᠲᠤᠰᠭᠠᠢᠯᠠᠨ ᠴᠡᠭ᠌ᠴᠡᠯᠡᠨ ᠵᠠᠰᠠᠬᠤᠠᠵᠢᠯᠢ ᠥᠷᠨᠢᠭᠦᠯᠦᠨ᠎ᠡ᠃ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ᠎ᠶ᠋ᠢ ᠴᠢᠩᠭᠠᠳᠭᠠᠵᠤ᠂ ᠳᠡᠵᠢᠬᠡᠨ ᠦᠷᠡᠵᠢᠬᠦᠯᠬᠦ ᠮᠠᠯ ᠵᠢᠭᠦᠷᠲᠡᠨ ᠤ᠋ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠦᠷᠭᠦᠯᠵᠢᠯᠡᠨ ᠠᠬᠢᠭᠤᠯᠤᠨ᠎ᠠ᠃ ᠡᠰᠢ ᠰᠦᠷᠡᠯ᠎ᠢ ᠪᠣᠷᠳᠣᠭᠠᠵᠢᠭᠤᠯᠬᠤ᠂ ᠪᠣᠷᠳᠣᠭᠤᠷ ᠪᠤᠯᠭᠠᠬᠤ᠎ᠪᠠᠷ ᠭᠣᠣᠯ ᠪᠣᠯᠭᠠᠭ᠍ᠰᠠᠨ ᠶᠡᠷᠦᠩᠬᠡᠢᠯᠡᠨ ᠠᠱᠢᠭ᠍ᠯᠠᠬᠤ ᠠᠵᠢᠯ ᠥᠷᠨᠢᠭᠦᠯᠬᠦ᠌᠎ᠶ᠋ᠢ ᠳᠡᠮᠵᠢᠨ᠎ᠡ᠃ ᠰᠦᠯᠢᠶᠣᠣ ᠪᠦᠷᠬᠦᠪᠴᠢ᠎ᠶ᠋ᠢ ᠪᠤᠴᠠᠭᠠᠨ ᠬᠤᠷᠢᠶᠠᠬᠤ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠥᠷᠨᠢᠭᠦᠯᠦᠨ᠎ᠡ᠃ ᠤᠰᠤᠨ᠎ᠳᠤ ᠠᠭᠤᠰᠭᠤ ᠪᠣᠷᠳᠣᠭᠤᠷ ᠵᠡᠷᠭᠡ ᠱᠢᠨ᠎ᠡ ᠬᠡᠯᠪᠡᠷᠢ᠎ᠶ᠋ᠢᠨ ᠪᠣᠷᠳᠣᠭᠤᠷ᠎ᠢ ᠳᠡᠯᠭᠡᠷᠡᠭᠦᠯᠵᠦ᠍᠂ ᠲᠠᠷᠢᠶᠠᠨ ᠡᠮ᠎ᠦᠨ ᠪᠣᠭᠣᠳᠠᠯ ᠬᠠᠶᠠᠭ᠍ᠳᠠᠮᠠᠯ ᠡᠳ᠋᠎ᠢ ᠡᠭᠡᠭᠦᠯᠦᠨ ᠬᠤᠷᠢᠶᠠᠵᠤ ᠱᠢᠶ᠋ᠳᠪᠦᠷᠢᠯᠡᠬᠦ᠌᠎ᠶ᠋ᠢ ᠥᠷᠨᠢᠭᠦᠯᠦᠨ᠎ᠡ᠃ 《ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ᠎ᠤᠨ ᠠᠮᠢ ᠠᠬᠤᠢ᠎ᠶ᠋ᠢᠨ ᠵᠠᠰᠠᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠵᠢᠵᠢᠭ ᠰᠠᠪᠠ ᠭᠠᠵᠠᠷ᠎ᠤᠨ ᠬᠥᠷᠥᠰᠥ᠍ ᠱᠢᠷᠣᠢ᠎ᠶ᠋ᠢᠨ ᠢᠳᠡᠭ᠌ᠳᠡᠯ ᠪᠠ ᠢᠳᠡᠭᠳᠡᠮᠡᠯ ᠭᠤᠤ᠎ᠶᠢᠨ ᠵᠠᠰᠠᠯᠲᠠ᠎ᠶ᠋ᠢ ᠴᠢᠩᠭᠠᠳᠭᠠᠨ᠎ᠠ᠃ ᠬᠢᠯᠢ᠎ᠪᠡᠷ ᠣᠷᠣᠭᠤᠯᠬᠤ ᠠᠮᠢᠲᠠᠨ ᠤᠷᠭᠤᠮᠠᠯ᠎ᠤᠨ ᠬᠢᠵᠢᠭ᠎ᠦᠨ ᠪᠠᠢᠴᠠᠭᠠᠯᠲᠠ᠎ᠶ᠋ᠢ ᠴᠢᠩᠭᠠᠳᠭᠠᠵᠤ᠂ ᠲᠠᠷᠢᠶᠠᠯᠠᠩ ᠣᠶ ᠱᠢᠭᠤᠶ᠎ᠵᠢᠨ ᠬᠦᠨᠳᠦ ᠶᠡᠬᠡ ᠬᠥᠨᠥᠭᠡᠯᠲᠡᠶ ᠲᠦᠷᠢᠯᠳᠡᠳᠡᠢ ᠠᠮᠢᠳᠤ ᠪᠤᠳᠠᠰ᠎ᠢ ᠰᠡᠷᠬᠡᠢᠯᠡᠬᠦ ᠡᠷᠴᠢᠮ᠎ᠢ ᠨᠡᠮᠡᠭ᠌ᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠬᠦ᠌᠎ᠶ᠋ᠢ ᠭᠦᠨᠵᠡᠭᠡᠢᠷᠡᠭᠦᠯᠵᠦ᠍᠂ ᠵᠣᠷᠯᠣᠩ᠎ᠤᠨ ᠬᠤᠪᠢᠰᠭᠠᠯ᠂ ᠠᠢᠯ ᠲᠣᠰᠭᠣᠨ᠎ᠢ ᠴᠡᠪᠡᠷᠯᠡᠬᠦ᠌ ᠠᠵᠢᠯᠯᠠᠭ᠎ᠠ ᠪᠠ 1000 ᠡᠴᠡ ᠳᠡᠭᠡᠭ᠌ᠰᠢ ᠪᠠᠢᠩᠭᠤ ᠰᠠᠭᠤᠭ᠎ᠠ ᠬᠦᠮᠦᠨ ᠠᠮᠠ ᠲᠠᠢ ᠵᠠᠰᠠᠭ ᠵᠠᠬᠢᠷᠭᠠᠨ᠎ᠤ ᠲᠣᠰᠭᠣᠨ᠎ᠤ ᠠᠮᠢᠳᠤᠷᠠᠯ᠎ᠤᠨ ᠬᠣᠭ ᠨᠣᠪᠰᠢ᠎ᠶ᠋ᠢ ᠲᠥᠪᠯᠡᠷᠡᠭᠦᠯᠦᠨ ᠵᠠᠰᠠᠬᠤ᠎ᠶ᠋ᠢ ᠠᠬᠢᠭᠤᠯᠤᠨ᠎ᠠ᠃
(ᠬᠣᠷᠢᠨ ᠳᠥᠷᠪᠡ) ᠬᠦᠳᠡᠬᠡ ᠳᠤᠰᠬᠤᠨ᠎ᠤ ᠵᠠᠩ ᠰᠤᠷᠳᠡᠯ᠎ᠤᠨ ᠪᠣᠯᠪᠠᠰᠤᠨ᠎ᠤ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠥᠷᠲᠡᠭᠡ᠂ ᠭᠠᠵᠠᠷ) ᠤ᠋ᠨ ᠴᠢᠳᠠᠮᠵᠢ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠬᠡᠷ ᠪᠦᠯᠢ᠎ᠶ᠋ᠢᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ 《ᠲᠠᠪᠤᠨ 100》 ᠠᠵᠢᠯᠯᠠᠭ᠎ᠠ᠎ᠶ᠋ᠢ ᠥᠷᠨᠢᠭᠦᠯᠵᠦ᠍᠂ 《ᠶᠣᠰᠣ ᠰᠤᠷᠲᠠᠬᠤᠨ᠎ᠤ ᠵᠢᠱ᠌ᠢᠶᠡᠴᠢ》᠂ 《ᠳᠡᠷᠭᠡᠳᠡᠬᠢ ᠰᠠᠢᠨ ᠬᠥᠮᠦᠨ》᠂ 《ᠬᠠᠮᠤᠭ᠎ᠤᠨ ᠭᠣᠶᠣ ᠬᠡᠷ ᠪᠦᠯᠢ》 ᠶ᠋ᠢ ᠰᠣᠩᠭᠣᠨ ᠭᠠᠷᠭᠠᠵᠤ᠂ ᠬᠡᠪ ᠲᠠᠭᠤᠷᠢᠶᠠᠯ ᠱᠤᠭᠤᠨ᠎ᠠ᠃ ᠤᠯᠠᠭᠠᠨᠮᠥ᠋ᠴᠢᠷ ᠡᠴᠡ ᠬᠡᠪ ᠵᠠᠩᠰᠢᠯ᠎ᠢ ᠥᠭᠡᠷᠡᠴᠢᠯᠡᠬᠦ᠌᠎ᠶ᠋ᠢ ᠰᠠᠨᠠᠭᠠᠴᠢᠯᠠᠭ᠍ᠰᠠᠨ ᠨᠢᠭᠡ ᠪᠦᠯᠦᠭ ᠪᠦᠲᠦᠭᠡᠯ ᠵᠣᠬᠢᠶᠠᠨ ᠪᠦᠲᠦᠭᠡᠵᠦ᠂ ᠦᠨᠳᠦᠰᠦᠨ ᠱᠠᠲᠤᠨ᠎ᠳᠤ ᠬᠦᠷᠴᠦ᠍ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠥᠷᠨᠢᠭᠦᠯᠬᠦ ᠵᠢ ᠵᠣᠷᠢᠭ᠍ᠵᠢᠭᠤᠯᠤᠨ᠎ᠠ᠃ 《ᠬᠥᠳᠡᠭᠡ ᠲᠣᠰᠭᠣᠨ᠎ᠤ ᠦᠳᠡᠰᠢᠯᠡᠭᠡ》᠂ 《ᠲᠠᠯ᠎ᠠ ᠨᠤᠲᠤᠭ᠎ᠤᠨ ᠲᠣᠰᠭᠣᠨ᠎ᠤ ᠠᠯᠠᠭᠠᠳᠠᠬᠤ ᠪᠦᠮᠪᠦᠭᠡ᠎ᠶᠢᠨ ᠤᠷᠤᠯᠳᠤᠭᠠᠨ》᠂ 《ᠳᠤᠰᠬᠤᠨᠤ᠋ ᠭᠡᠳᠦ ᠲᠡᠰ᠎ᠤᠨ ᠮᠣᠷᠢ ᠤᠷᠤᠯᠳᠤᠬᠤ ᠤᠷᠤᠯᠳᠤᠭᠠᠨ》 ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠵᠢ ᠱᠢᠨ᠎ᠡ᠎ᠶ᠋ᠢ ᠡᠭᠦᠳᠦᠨ ᠥᠷᠨᠢᠭᠦᠯᠦᠨ᠎ᠡ᠃ ᠲᠠᠷᠢᠶᠠᠯᠠᠬᠤ ᠰᠣᠶᠣᠯ᠎ᠤᠨ ᠡᠬᠢ ᠪᠠᠶᠠᠯᠢᠭ᠎ᠤᠨ ᠭᠤᠤᠯᠳᠠᠯᠭ᠎ᠠ᠎ᠲᠠᠶ ᠬᠠᠮᠠᠭᠠᠯᠠᠬᠤ ᠨᠡᠷᠡᠰ᠎ᠦᠨ ᠵᠢᠭ᠍ᠰᠠᠭᠠᠯᠲᠠ᠎ᠶ᠋ᠢ ᠨᠠᠢᠷᠠᠭᠤᠯᠤᠨ ᠵᠣᠬᠢᠶᠠᠵᠤ᠂ 《ᠲᠠᠷᠢᠶᠠᠯᠠᠩ᠎ᠤᠨ ᠰᠤᠶᠤᠯ᠎ᠤᠨ ᠦᠪ᠎ᠦᠨ ᠰᠠᠢᠨ ᠪᠦᠲᠦᠭᠡᠭ᠌ᠳᠡᠬᠦᠨ》 ᠤ᠋ ᠨᠠᠷᠠᠲᠤ ᠲᠥᠷᠥᠯ ᠲᠡᠮᠳᠡᠭ᠌᠎ᠢ ᠪᠣᠶ ᠪᠣᠯᠭᠠᠨ᠎ᠠ᠃ ᠲᠡᠦᠬᠡ ᠰᠣᠶᠣᠯ᠎ᠤᠨ ᠨᠡᠷᠡᠲᠦ ᠪᠠᠯᠭᠠᠰᠤ ᠨᠡᠷᠡᠲᠦ ᠲᠣᠰᠭᠣᠨ᠂ ᠤᠯᠠᠮᠵᠢᠯᠠᠯᠲᠤ ᠠᠢᠯ ᠲᠣᠰᠭᠣᠨ᠎ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠥᠨᠳᠥᠷ ᠪᠣᠭ᠍ᠲᠣᠯᠠᠬᠤ ᠪᠡᠯᠡᠭ ᠬᠦᠷᠬᠡᠬᠦ᠂ ᠶᠡᠬᠡ ᠪᠡᠷ ᠬᠢᠬᠦ᠂ ᠣᠷᠣᠱᠢᠭᠤᠯᠭ᠎ᠠ᠎ᠶ᠋ᠢ ᠬᠦᠨᠳᠦᠳᠬᠡᠵᠦ ᠠᠰᠠᠷᠠᠬᠤ ᠵᠢ ᠬᠥᠩᠭᠡᠪᠴᠢᠯᠡᠬᠦ᠌ ᠵᠡᠷᠭᠡ ᠲᠣᠪᠣᠢᠮ᠎ᠠ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠣᠷᠣᠱᠢᠭᠤᠯᠭ᠎ᠠ᠎ᠶ᠋ᠢᠨ ᠳᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃
(ᠬᠣᠷᠢᠨ ᠲᠠᠪᠤ) ᠠᠮᠤᠷ ᠠᠮᠤᠭᠤᠯᠠᠩ ᠬᠠᠤᠯᠢ ᠪᠡᠷ ᠵᠠᠰᠠᠬᠤ ᠬᠥᠳᠡᠭᠡ ᠲᠣᠰᠭᠣᠨ᠎ᠢ ᠪᠠᠢᠭᠤᠯᠤᠨ᠎ᠠ᠃ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠭᠡᠷ ᠪᠦᠯᠢ ᠬᠥᠷᠰᠢ ᠵᠡᠷᠭᠡᠯᠡᠳᠡᠭᠡ᠎ᠶ᠋ᠢᠨ ᠵᠥᠷᠢᠴᠡᠯ ᠪᠠ ᠭᠠᠵᠠᠷ ᠱᠢᠷᠣᠶ ᠬᠠᠳᠤᠯᠠᠩ ᠪᠡᠯᠴᠢᠭᠡᠷ᠎ᠦᠨ ᠵᠠᠭᠠᠭ ᠬᠢᠵᠠᠭᠠᠷ᠂ ᠳᠠᠭᠠᠭᠠᠴᠢᠯᠠᠨ ᠡᠵᠡᠩᠨᠡᠬᠦ ᠡᠷᠬᠡ ᠵᠢ ᠱᠢᠯᠵᠢᠭᠦᠯᠬᠦ᠌᠂ ᠳᠠᠳᠠᠪᠤᠷᠢᠯᠡᠨ ᠡᠵᠡᠯᠡᠭᠰᠡᠨ ᠨᠥᠬᠥᠪᠥᠷᠢ ᠵᠡᠷᠭᠡ ᠵᠠᠭᠤᠷᠠᠯᠳᠤᠭᠠᠨ᠎ᠢ ᠴᠠᠭ ᠲᠤᠬᠠᠶ᠎ᠳᠤᠨᠢ ᠵᠢᠭ᠍ᠰᠠᠭᠠᠨ ᠪᠠᠢᠴᠠᠭᠠᠵᠤ ᠨᠠᠮᠳᠠᠭᠤᠯᠤᠨ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ 《ᠨᠠᠮ᠎ᠤᠨ ᠳᠤᠭᠤᠢᠯᠠᠩ + ᠲᠤᠤᠷᠵᠢᠯ᠎ᠤᠨ ᠠᠵᠢᠯᠲᠠᠨ + ᠬᠣᠯᠪᠣᠭ᠎ᠠ᠎ᠳᠤ ᠡᠷᠦᠬᠡ᠎ᠶ᠋ᠢᠨ ᠳᠠᠷᠤᠭ᠎ᠠ》 ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠨᠡᠢᠭᠡᠮ᠎ᠦᠨ ᠠᠮᠤᠷ᠎ᠢ ᠬᠠᠮᠠᠭᠠᠯᠠᠬᠤ ᠪᠦᠬᠦᠯᠢ ᠴᠣᠭ᠍ᠴᠠ᠎ᠶ᠋ᠢᠨ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠮᠠᠯᠵᠢᠬᠤ ᠲᠠᠷᠢᠶᠠᠯᠠᠬᠤ ᠣᠷᠣᠨ᠎ᠤ 《ᠠᠮᠤᠷ ᠲᠦᠪᠰᠢᠨ᠎ᠤ ᠢᠨᠵᠧᠨᠧᠷᠢᠩ》᠎ᠤ᠋ᠨ ᠴᠡᠭ᠎ᠤᠨ ᠬᠠᠮᠤᠷᠬᠤ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠂ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ ᠪᠠ ᠵᠡᠮᠳᠡᠭ᠌ᠴᠦᠳ᠎ᠦᠨ ᠪᠡᠶ᠎ᠡ᠎ᠶ᠋ᠢᠨ ᠡᠷᠬᠡ᠎ᠳᠦ ᠬᠠᠯᠳᠠᠭ᠍ᠰᠠᠨ ᠵᠡᠷᠭᠡ ᠡᠯ᠎ᠡ ᠲᠥᠷᠥᠯ᠎ᠦᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠨᠠᠰᠤᠨ᠎ᠳᠤ ᠦᠯᠦ᠍ ᠬᠦᠷᠦᠭ᠌ᠰᠡᠳ᠎ᠦᠨ ᠬᠠᠤᠯᠢ ᠡᠴᠡ ᠵᠥᠷᠢᠴᠡᠨ ᠶᠠᠯ᠎ᠠ ᠬᠢᠬᠦ᠌᠎ᠶ᠋ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠭᠠᠮᠱᠢᠭ᠎ᠤᠨ ᠠᠶᠤᠯ ᠲᠦᠭ᠌ᠰᠢᠭᠦᠷᠢ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ᠃
ᠵᠢᠷᠭᠤᠭ᠎ᠠ᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠷᠠᠭᠤᠯᠤᠨ᠎ᠠ
(ᠬᠣᠷᠢᠨ ᠵᠢᠷᠭᠤᠭ᠎ᠠ) ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠡᠵᠡᠩᠨᠡᠯᠲᠡ᠎ᠶ᠋ᠢᠨ ᠱᠢᠰᠲᠧᠮ᠎ᠢ ᠪᠦᠷᠢᠨᠱᠢᠭᠦᠯᠦᠨ᠎ᠡ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠢ᠎ᠶ᠋ᠢᠨ ᠳᠠᠭᠠᠭᠠᠴᠢᠯᠠᠯᠳᠠ᠎ᠶᠢᠨ ᠬᠤᠭᠤᠴᠠᠭ᠎ᠠ ᠳᠠᠭᠤᠰᠤᠭᠰᠠᠨ ᠤ᠋ ᠳᠠᠷᠠᠭ᠎ᠠ ᠳᠠᠬᠢᠨ ᠤᠷᠲᠤᠳᠬᠠᠬᠤ ᠪᠦᠬᠦᠢᠯᠡ ᠮᠤᠵᠢ ᠣᠷᠣᠨ᠎ᠤ ᠲᠤᠷᠱᠢᠯᠲᠠ᠎ᠶ᠋ᠢᠨ ᠠᠵᠢᠯ᠎ᠢ ᠡᠬᠢᠯᠡᠭᠦᠯᠦᠨ᠎ᠡ᠃ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠥᠮᠴᠢᠯᠡᠬᠦ᠌ ᠡᠷᠬᠡ ᠵᠢ ᠬᠦᠢᠯᠬᠡᠬᠡᠯᠡᠨ ᠠᠷᠠᠯᠵᠢᠶᠠᠯᠠᠬᠤ᠎ᠶ᠋ᠢ ᠵᠢᠷᠤᠮᠵᠢᠭᠤᠯᠬᠤ ᠲᠤᠷᠱᠢᠯᠲᠠ᠎ᠶ᠋ᠢ ᠥᠷᠨᠢᠭᠦᠯᠦᠨ᠎ᠡ᠃ ᠭᠠᠵᠠᠷ ᠱᠢᠷᠣᠢ᠎ᠶ᠋ᠢᠨ ᠡᠵᠡᠩᠨᠡᠯᠳᠡ᠎ᠶᠢᠨ ᠡᠷᠬᠡ ᠵᠢ ᠬᠦᠢᠯᠭᠡᠭᠡᠬᠦ ᠭᠡᠷ᠎ᠡ᠎ᠶ᠋ᠢᠨ ᠮᠡᠳᠡᠭᠡ ᠵᠠᠩᠭᠢ᠎ᠶ᠋ᠢ ᠳᠠᠩᠰᠠᠯᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠦᠢᠯᠭᠡᠭᠡᠬᠦ ᠠᠵᠢᠯᠯᠠᠭ᠎ᠠ᠎ᠶ᠋ᠢ ᠵᠢᠷᠤᠮᠵᠢᠭᠤᠯᠤᠨ᠎ᠠ᠃ ᠭᠤᠤᠯᠳᠠᠯᠭ᠎ᠠ᠎ᠲᠠᠶ ᠬᠣᠷᠱᠢᠶ᠎ᠠ᠎ᠶ᠋ᠢ ᠬᠢᠨᠠᠨ ᠬᠡᠮᠵᠢᠬᠦ ᠵᠢ ᠦᠷᠨᠢᠬᠦᠯᠵᠦ᠂ ᠬᠡᠷ ᠪᠦᠯᠢ᠎ᠶ᠋ᠢᠨ ᠮᠠᠯᠵᠢᠯ ᠲᠠᠷᠢᠶᠠᠯᠠᠩ᠎ᠤᠨ ᠲᠠᠯᠠᠪᠠᠶ᠎ᠳᠦ ᠺᠣᠳ᠋ ᠣᠯᠭᠣᠵᠤ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠮᠠᠯ ᠠᠵᠤ ᠠᠬᠤᠶ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠭᠤᠳ ᠬᠠᠷᠢᠶ᠎ᠠ ᠬᠣᠷᠱᠢᠶ᠎ᠠ᠎ᠶ᠋ᠢᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠬᠢᠵᠦ ᠬᠦᠴᠢᠷᠳᠡᠯ᠎ᠡᠴᠡ ᠮᠤᠯᠳᠤᠷᠠᠬᠤ ᠵᠢ ᠠᠬᠢᠭᠤᠯᠤᠨ᠎ᠠ᠃ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠣᠳᠣ ᠦᠶ᠎ᠡ᠎ᠶ᠋ᠢᠨ ᠠᠵᠤ ᠠᠬᠤᠢᠯᠠᠯ᠎ᠤᠨ ᠳᠦᠷᠢᠮ᠎ᠢ ᠲᠦᠷᠭᠡᠳᠭᠡᠨ ᠪᠠᠢᠭᠤᠯᠤᠨ ᠲᠡᠭᠦᠯᠳᠡᠷᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠶ᠎ᠶ᠋ᠢ ᠵᠠᠬ᠎ᠠ ᠳᠡᠯᠭᠡᠭᠦᠷ᠎ᠲᠦ ᠣᠷᠣᠭᠤᠯᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠵᠠᠬ᠎ᠠ ᠳᠡᠯᠭᠡᠭᠦᠷ᠎ᠲᠦ ᠣᠷᠣᠭᠤᠯᠤᠭᠰᠠᠨ ᠭᠠᠵᠠᠷ ᠱᠢᠷᠣᠶ᠎ᠶ᠋ᠢ ᠬᠠᠮᠲᠤ᠎ᠶ᠋ᠢᠨ ᠠᠵᠤ ᠠᠬᠤᠶ ᠪᠠ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠤᠷᠢᠳ ᠵᠢᠡᠷ ᠬᠡᠷᠡᠭ᠌ᠯᠡᠬᠦ᠌᠎ᠶ᠋ᠢ ᠳᠡᠮᠵᠢᠵᠦ᠍᠂ ᠲᠠᠸᠠᠷ᠎ᠤᠨ ᠣᠷᠣᠨ ᠰᠠᠭᠤᠴᠠ ᠵᠢ ᠪᠥᠲᠥᠭᠡᠨ ᠪᠠᠢᠭᠤᠯᠬᠤ᠎ᠳᠤ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠎ᠠ᠃ ᠮᠠᠯᠴᠢᠨ ᠲᠠᠷᠢᠶᠠᠴᠢᠨ ᠤ᠋ ᠣᠷᠣᠨ ᠰᠠᠭᠤᠴᠠ᠎ᠶ᠋ᠢᠨ ᠭᠠᠵᠠᠷ᠎ᠤᠨ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠰᠤᠯᠠ ᠪᠠᠢᠭ᠎ᠠ ᠲᠠᠷᠢᠶᠠᠴᠢᠳ᠎ᠤᠨ ᠭᠡᠷ ᠪᠠᠢᠱᠢᠩ᠎ᠢ ᠠᠮᠢᠳᠤᠯᠢᠭᠵᠢᠭᠤᠯᠤᠨ ᠠᠱᠢᠭ᠍ᠯᠠᠬᠤ᠎ᠶ᠋ᠢ ᠯᠠᠪᠳᠠᠭᠤᠨ ᠪᠥᠭᠡᠳ ᠡᠮᠬᠢ ᠵᠢᠷᠤᠮ᠎ᠲᠠᠶ᠎ᠪᠠᠷ ᠥᠷᠨᠢᠭᠦᠯᠵᠦ᠍᠂ ᠠᠮᠢᠳᠤᠯᠢᠭᠵᠢᠭᠤᠯᠤᠨ ᠠᠱᠢᠭ᠍ᠯᠠᠬᠤ ᠨᠡᠷ᠎ᠡ᠎ᠪᠡᠷ ᠬᠠᠤᠯᠢ ᠲᠣᠭ᠍ᠲᠠᠭᠠᠯ ᠡᠴᠡ ᠵᠥᠷᠢᠴᠡᠨ ᠣᠷᠣᠨ ᠰᠠᠭᠤᠴᠠ᠎ᠶ᠋ᠢᠨ ᠭᠠᠵᠠᠷ ᠬᠤᠳᠠᠯᠳᠤᠭᠠᠯᠠᠬᠤ᠂ ᠲᠣᠭ᠍ᠲᠠᠭᠠᠯ ᠡᠴᠡ ᠵᠥᠷᠢᠴᠡᠨ ᠵᠤᠰᠠᠯᠠᠩ᠎ᠤᠨ ᠲᠣᠮᠣ ᠬᠦᠷᠢᠶ᠎ᠡ ᠪᠠ ᠬᠤᠪᠢ ᠬᠥᠮᠦᠨ᠎ᠦ ᠪᠠᠢᠷᠢ ᠪᠠᠢᠭᠤᠯᠬᠤ᠎ᠶ᠋ᠢ ᠴᠢᠩᠭ᠎ᠠ ᠴᠠᠭᠠᠵᠠᠯᠠᠨ᠎ᠠ᠃ ᠬᠣᠲᠠ ᠪᠠᠯᠭᠠᠰᠤᠨ᠎ᠤ ᠰᠠᠭᠤᠭᠠᠯᠢ ᠠᠷᠠᠳ ᠪᠣᠯᠤᠨ ᠠᠵᠢᠯ ᠡᠴᠡ᠎ᠪᠠᠨ ᠠᠮᠠᠷᠠᠭᠰᠠᠨ ᠺᠠᠳ᠋ᠷᠴᠤᠳ᠎ᠲᠤ ᠣᠷᠣᠨ ᠰᠠᠭᠤᠴᠠ᠎ᠶ᠋ᠢᠨ ᠭᠠᠵᠠᠷ ᠬᠢᠨᠠᠨ ᠵᠥᠪᠱᠢᠶᠡᠷᠡᠵᠦ ᠦᠭᠬᠦ᠎ᠶ᠋ᠢ ᠴᠢᠩᠭ᠎ᠠ ᠴᠠᠭᠠᠵᠠᠯᠠᠨ᠎ᠠ᠃ ᠬᠠᠮᠲᠤ᠎ᠶ᠋ᠢᠨ ᠤᠢ ᠵᠢᠨ ᠡᠷᠬᠡ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃
(ᠬᠣᠷᠢᠨ ᠳᠣᠯᠣᠭ᠎ᠠ) ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠦ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ᠎ᠡ᠃ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠲᠠᠷᠢᠶᠠᠯᠠᠩ᠎ᠤᠨ ᠢᠲᠡᠭᠡᠮᠵᠢᠲᠦ ᠵᠢᠭᠡᠯᠡᠯᠭᠡ᠎ᠶ᠋ᠢᠨ ᠳᠠᠭᠠᠭᠠᠯᠲᠠ᠂ ᠮᠠᠯ ᠠᠵᠤ ᠠᠬᠤᠶ ᠲᠠᠷᠢᠶᠠᠯᠠᠩ᠎ᠤᠨ ᠳᠡᠮ ᠬᠦᠦ ᠲᠠᠢ ᠵᠢᠭᠡᠯᠡᠯᠭᠡ᠂ ᠲᠠᠷᠢᠶᠠᠯᠠᠩ᠎ᠳᠤ ᠬᠣᠯᠪᠣᠭ᠍ᠳᠠᠬᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠰᠠᠭᠤᠷᠢ ᠮᠥᠩᠭᠥ᠌ ᠵᠡᠷᠭᠡ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠡᠳ᠋᠎ᠦᠨ ᠵᠠᠰᠠᠭ᠂ ᠮᠥᠩᠭᠥᠨ ᠭᠦᠶ᠋ᠯᠭᠡᠭᠡᠨ᠎ᠢᠶᠡᠷ ᠮᠠᠯ ᠠᠵᠤ ᠠᠬᠤᠶ ᠲᠠᠷᠢᠶᠠᠯᠠᠩ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠠᠪᠬᠢ ᠵᠢ ᠳᠡᠭᠡᠭ᠌ᠰᠢᠯᠡᠭᠦᠯᠦᠨ᠎ᠡ᠃ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠬᠦᠷᠢᠶᠡᠨ᠎ᠳᠡᠬᠢ ᠪᠠᠯᠠ ᠮᠥᠩᠭᠥ᠎ᠶ᠋ᠢᠨ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠮᠠᠯ ᠠᠵᠤ ᠠᠬᠤᠶ ᠲᠠᠷᠢᠶᠠᠯᠠᠩ᠎ᠤᠨ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠢᠲᠡᠭᠡᠮᠵᠢᠲᠦ ᠵᠢᠭᠡᠯᠡᠯᠭᠡ᠎ᠶ᠋ᠢᠨ ᠪᠦᠳᠦᠭᠡᠭᠳᠡᠬᠦᠨ᠎ᠢ ᠱᠢᠨ᠎ᠡ᠎ᠪᠡᠷ ᠡᠭᠦᠳᠦᠨ ᠳᠡᠯᠭᠡᠷᠡᠭᠦᠯᠵᠦ᠍᠂ ᠲᠠᠷᠢᠶᠠᠯᠠᠩ᠎ᠤᠨ ᠳᠦᠬᠦᠭᠡᠷᠦᠮᠵᠢ᠂ ᠠᠮᠢᠳᠤ ᠮᠠᠯ ᠵᠢᠭᠦᠷᠲᠡᠨ ᠵᠡᠷᠭᠡ᠎ᠶ᠋ᠢ ᠪᠠᠷᠢᠴᠠᠭᠠᠯᠠᠨ ᠪᠡᠯᠡ ᠬᠤᠷᠠᠮᠳᠤᠭᠤᠯᠬᠤ᠎ᠶ᠋ᠢ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠲᠠᠷᠢᠶᠠᠯᠠᠩ᠎ᠳᠤ ᠬᠣᠯᠪᠣᠭ᠍ᠳᠠᠬᠤ ᠠᠵᠤ ᠠᠬᠤᠢᠯᠠᠯ᠎ᠤᠨ ᠬᠦᠢᠯᠭᠡᠭᠡᠨ᠎ᠳᠦ ᠪᠡᠯᠡ ᠮᠥᠩᠭᠥ᠎ᠶ᠋ᠢᠨ ᠵᠢᠭᠡᠯᠡᠯᠭᠡ ᠵᠢᠴᠢ ᠲᠠᠷᠢᠶᠠᠴᠢᠨ ᠡᠷᠦᠬᠡ᠎ᠶ᠋ᠢᠨ ᠡᠵᠡᠩᠨᠡᠯᠲᠡ᠎ᠶ᠋ᠢᠨ ᠴᠢᠨᠠᠷᠲᠠᠢ ᠵᠢᠭᠡᠯᠡᠯᠭᠡ᠎ᠶᠢᠨ ᠬᠤᠭᠤᠴᠠᠭ᠎ᠠ ᠪᠠᠨ ᠤᠷᠳᠤᠳᠬᠠᠬᠤ ᠵᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠢᠲᠡᠭᠡᠮᠵᠢ᠎ᠶ᠋ᠢᠨ ᠱᠢᠰᠲ᠋ᠧᠮ᠎ᠤ᠋ᠨ ᠪᠠᠢᠭᠤᠯᠤᠯᠲᠠ᠎ᠶ᠋ᠢ ᠠᠬᠢᠭᠤᠯᠤᠨ᠎ᠠ᠃ ᠡᠳ᠋᠎ᠦᠨ ᠵᠠᠰᠠᠭ᠎ᠤᠨ ᠲᠠᠷᠢᠶᠠᠯᠠᠩ᠎ᠳᠤ ᠬᠣᠯᠪᠣᠭ᠍ᠳᠠᠬᠤ ᠪᠡᠯᠡ ᠮᠥᠩᠭᠥ᠎ᠶ᠋ᠢᠨ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃
(ᠬᠣᠷᠢᠨ ᠨᠠᠶ᠋ᠮᠠ) ᠬᠣᠲᠠ ᠬᠥᠳᠡᠭᠡ᠎ᠶ᠋ᠢᠨ ᠡᠯᠸᠮᠸᠨ᠋ᠲ᠎ᠦᠨ ᠬᠤᠤᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠤᠨ᠎ᠠ᠃ ᠬᠦᠳᠡᠭᠡ ᠡᠴᠡ ᠱᠢᠯᠵᠢᠭ᠌ᠰᠡᠳᠢ ᠬᠣᠲᠠ᠎ᠶ᠋ᠢᠨ ᠠᠷᠠᠳ ᠪᠣᠯᠭᠠᠬᠤ ᠶᠠᠪᠤᠳᠠᠯ᠎ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠎ᠪᠠᠷ ᠠᠬᠢᠭᠤᠯᠵᠤ᠂ ᠪᠠᠢᠩᠭᠤ ᠰᠠᠭᠤᠭ᠎ᠠ ᠭᠠᠵᠠᠷ᠂ ᠠᠵᠢᠯ ᠣᠯᠤᠭ᠍ᠰᠠᠨ ᠭᠠᠵᠠᠷ ᠳᠠᠭᠠᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠬᠤ᠎ᠳᠦ ᠡᠷᠦᠬᠡ ᠠᠮᠠ᠎ᠶ᠋ᠢᠨ ᠬᠢᠵᠠᠭᠠᠷᠯᠠᠯ᠎ᠢ ᠦᠷᠭᠦᠯᠵᠢᠯᠡᠨ ᠠᠭᠤᠵᠢᠭᠤ ᠲᠠᠯᠪᠢᠨ᠎ᠠ᠃ ᠱᠢᠨ᠎ᠡ᠎ᠪᠡᠷ ᠨᠡᠮᠡᠭ᠌ᠳᠡᠭ᠌ᠰᠡᠨ ᠬᠤᠲᠠ ᠪᠠᠯᠭᠠᠰᠤᠨ᠎ᠤ ᠪᠦᠲᠦᠭᠡᠡ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠢ᠎ᠶ᠋ᠢᠨ ᠭᠦᠢᠴᠡᠳᠭᠡᠯ ᠲᠣᠭ᠎ᠠ᠎ᠶ᠋ᠢᠨ ᠲᠤᠬᠢᠷᠠᠭᠤᠯᠤᠯᠲᠠ ᠪᠣᠯᠤᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠨᠡᠮᠡᠭ᠌ᠳᠡᠯ᠎ᠢ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠬᠣᠲᠠ᠎ᠳᠤ ᠡᠷᠦᠬᠡ ᠠᠮᠠ ᠤᠷᠤᠭ᠍ᠰᠠᠨ ᠮᠠᠯᠴᠢᠨ ᠲᠠᠷᠢᠶᠠᠴᠢᠳ᠎ᠤᠨ ᠭᠠᠵᠠᠷ ᠱᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ᠎ᠶ᠋ᠢᠨ ᠭᠠᠵᠠᠷ ᠬᠡᠷᠡᠭ᠌ᠯᠡᠬᠦ᠌ ᠡᠷᠬᠡ᠂ ᠬᠠᠮᠲᠤ᠎ᠶ᠋ᠢᠨ ᠠᠱᠢᠭ ᠣᠷᠣᠯᠭ᠎ᠠ ᠵᠢ ᠬᠤᠪᠢᠶᠠᠷᠢᠯᠠᠬᠤ ᠡᠷᠬᠡ᠎ᠶ᠋ᠢ ᠬᠠᠤᠯᠢ ᠶᠣᠰᠣᠭᠠᠷ ᠬᠠᠮᠠᠭᠠᠯᠠᠵᠤ᠂ ᠰᠠᠢᠨ ᠳᠤᠷ᠎ᠠ ᠡᠴᠡ᠎ᠪᠠᠨ ᠲᠥᠯᠥᠪᠦᠷᠢ᠎ᠲᠡᠶ᠎ᠪᠡᠷ ᠪᠤᠴᠠᠭᠠᠠ ᠭᠠᠷᠭᠠᠬᠤ ᠠᠷᠭ᠎ᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠎ᠶ᠋ᠢ ᠰᠣᠩᠭᠣᠨ ᠲᠣᠮᠢᠯᠠᠵᠤ ᠦᠨᠳᠦᠰᠦᠨ ᠱᠠᠲᠤᠨ᠎ᠳᠤ ᠭᠦᠨᠵᠡᠭᠡᠢᠷᠡᠭᠦᠯᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠴᠢᠯᠡᠭᠡ ᠥᠷᠨᠢᠭᠦᠯᠵᠦ᠍᠂ ᠬᠣᠲᠠ᠎ᠶ᠋ᠢᠨ ᠠᠵᠢᠯ ᠡᠷᠭᠢᠯᠡᠬᠦ᠌ ᠡᠮᠴᠢ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠡᠴᠡ ᠳᠡᠭᠡᠳᠦ ᠵᠡᠷᠭᠡ᠎ᠶ᠋ᠢᠨ ᠮᠡᠷᠭᠡᠵᠢᠯ᠎ᠦᠨ ᠴᠣᠯᠠ᠎ᠳᠦ ᠳᠡᠪᠱᠢᠬᠦ᠌᠎ᠳᠡᠭᠡᠨ ᠦᠨᠳᠦᠰᠦᠨ ᠱᠠᠲᠤᠨ᠎ᠳᠤ ᠣᠴᠢᠵᠤ ᠦᠶ᠋ᠯᠡᠴᠢᠯᠡᠬᠦ᠌ ᠬᠣᠯᠪᠣᠭ᠍ᠳᠠᠯ ᠪᠥᠬᠥᠶ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠥᠪᠥᠷ ᠮᠣᠩᠭᠣᠯ᠎ᠤᠨ ᠱᠢᠨ᠎ᠡ ᠲᠠᠷᠢᠶᠠᠴᠢᠨ᠎ᠤ ᠳᠦᠷᠦᠯ ᠲᠡᠮᠳᠡᠭ᠌᠎ᠢ ᠪᠣᠢᠵᠢᠭᠤᠯᠬᠤ ᠲᠥᠯᠥᠪᠯᠡᠭᠡ᠂ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ 《ᠭᠤᠷᠪᠠ᠎ᠶ᠋ᠢ ᠳᠡᠮᠵᠢᠵᠦ᠍ ᠨᠢᠭᠡ᠎ᠶ᠋ᠢ ᠲᠡᠳᠬᠦᠬᠦ᠌》 ᠲᠥᠯᠥᠪᠯᠡᠭᠡ᠂ ᠤᠶᠤᠲᠠᠳ᠎ᠤᠨ ᠰᠠᠢᠨ ᠳᠤᠷ᠎ᠠ ᠡᠴᠡ᠎ᠪᠠᠨ ᠪᠠᠷᠠᠭᠤᠨ ᠣᠷᠣᠨ᠎ᠳᠤ ᠦᠶ᠋ᠯᠡᠴᠢᠯᠡᠬᠦ᠌ ᠲᠥᠯᠥᠪᠯᠡᠭᠡ᠂ 《ᠬᠥᠳᠡᠭᠡ ᠲᠣᠰᠭᠣᠨ᠎ᠤ ᠡᠮᠡᠭ᠌ᠲᠡᠢᠴᠦᠳ᠎ᠦᠨ ᠬᠦᠰᠡᠯ ᠵᠡᠭᠦᠳᠦ᠍᠎ᠪᠡᠨ ᠬᠥᠭᠡᠭᠡᠴᠡᠯᠳᠦᠭ᠌ᠴᠢ》 ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃
ᠳᠣᠯᠣᠭ᠎ᠠ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ᠎ᠠ
(ᠬᠣᠷᠢ ᠶᠢᠰᠦ) ᠲᠠᠪᠤᠨ ᠱᠠᠲᠤᠨ᠎ᠤ ᠱᠦᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠡᠴᠡ ᠶᠡᠷᠦᠩᠬᠡᠢᠯᠡᠨ ᠬᠠᠷᠢᠭᠤᠴᠠᠭ᠍ᠰᠠᠨ᠂ ᠬᠣᠲᠠ ᠱᠢᠶᠠᠨ ᠱᠢᠶᠠᠩ ᠨᠠᠢᠳᠠᠪᠤᠷᠢᠵᠢᠭᠤᠯᠤᠯᠲᠠ᠎ᠶ᠋ᠢ ᠠᠳᠭᠤᠭ᠍ᠰᠠᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠭᠤ ᠪᠠᠢᠭᠤᠯᠤᠯ᠎ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠨᠠᠮ᠎ᠤᠨ ᠬᠤᠷᠢᠶ᠎ᠠ᠎ᠶᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠡᠯ᠎ᠡ ᠵᠦᠶ᠋ᠯ᠎ᠦᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠤᠨ᠎ᠠ᠃ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠴᠢᠩᠭᠠᠳᠭᠠᠨ᠎ᠠ᠃
(ᠭᠤᠴᠢ) ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠨ᠎ᠠ᠃ ᠭᠠᠴᠠᠭ᠎ᠠ ᠲᠣᠰᠬᠣᠨ᠎ᠤ 《ᠬᠤᠶᠠᠷ ᠵᠦᠪᠯᠡᠯ》 ᠤ᠋ᠨ ᠬᠤᠭᠤᠴᠠᠭ᠎ᠠ ᠰᠣᠯᠢᠬᠤ ᠠᠵᠢᠯ᠎ᠢ ᠰᠠᠢᠲᠤᠷ ᠬᠢᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠨᠠᠮ᠎ᠤᠨ ᠭᠡᠰᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶᠢ ᠴᠢᠨᠭᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠬᠦᠴᠦᠨ᠎ᠢ ᠲᠡᠭᠦᠯᠳᠡᠷᠵᠢᠭᠦᠯᠦᠨ ᠲᠣᠭᠲᠠᠪᠤᠷᠢᠵᠢᠭᠤᠯᠵᠤ᠂ ᠠᠯᠪᠠᠲᠠᠨ ᠡᠯᠰᠡᠬᠦ ᠲᠥᠯᠥᠪᠯᠡᠭᠡ᠎ᠶᠢ ᠰᠢᠶᠠᠨ ᠰᠢᠶᠠᠩ᠎ᠤᠨ ᠦᠨᠳᠦᠰᠦᠨ ᠱᠠᠲᠤᠨ᠎ᠤ ᠪᠠᠢᠭᠤᠯᠭ᠎ᠠ ᠳᠠᠢᠰᠢ ᠬᠡᠯᠪᠡᠢᠯᠭᠡᠨ᠎ᠡ᠃ ᠭᠠᠴᠠᠭ᠎ᠠ ᠲᠣᠰᠬᠣᠨ᠎ᠤ ᠺᠠᠳ᠋ᠷ᠎ᠤᠨ ᠦᠨᠳᠦᠰᠦᠨ ᠬᠥᠯᠥᠰᠦ ᠣᠯᠭᠣᠮᠵᠢ᠎ᠶᠢᠨ ᠪᠠᠲᠤᠯᠠᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠎ᠠ᠃ ᠭᠠᠴᠠᠭ᠎ᠠ ᠲᠣᠰᠬᠣᠨ᠎ᠤ ᠪᠡᠯᠡᠳᠬᠡᠯ ᠬᠦᠴᠦᠨ᠎ᠢ ᠨᠥᠭᠡᠴᠡᠯᠡᠬᠦ ᠠᠵᠢᠯ᠎ᠢ ᠰᠠᠢᠲᠤᠷ ᠬᠢᠨ᠎ᠡ᠃ ᠭᠠᠴᠠᠭ᠎ᠠ ᠲᠣᠰᠬᠣᠨ᠎ᠤ ᠵᠥᠪᠳᠡᠯᠴᠡᠨ ᠵᠥᠪᠯᠡᠬᠦ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠣᠯᠠᠨ ᠲᠦᠮᠡᠨ᠎ᠦ ᠬᠥᠳᠡᠭᠡ ᠲᠣᠰᠬᠣᠨ᠎ᠤ ᠵᠠᠰᠠᠯᠲᠠ᠎ᠳᠤ ᠣᠷᠣᠯᠴᠠᠬᠤ ᠢᠳᠡᠪᠬᠢᠵᠢᠯ᠎ᠢ ᠬᠥᠭᠵᠢᠭᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠲᠤᠰᠢᠶᠠᠯ ᠬᠠᠷᠢᠭᠤᠴᠠᠯᠭ᠎ᠠ ᠪᠡᠨ ᠭᠦᠢᠴᠡᠳᠬᠡᠬᠦ᠎ᠳᠦ ᠬᠢᠨᠠᠯᠲᠠ ᠲᠠᠯᠪᠢᠬᠤ ᠵᠢ ᠴᠢᠨᠭᠭᠠᠳᠬᠠᠨ᠎ᠠ᠃ ᠲᠣᠰᠬᠣᠨ᠎ᠤ ᠴᠠᠭᠳᠠᠨ ᠪᠠᠢᠴᠠᠭᠠᠬᠤ ᠠᠵᠢᠯ᠎ᠢ ᠰᠠᠢᠲᠤᠷ ᠬᠢᠨ᠎ᠡ᠃
(ᠭᠤᠴᠢᠨ ᠨᠢᠭᠡ) ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠤᠰᠤᠳᠴᠢ ᠪᠣᠳᠠᠲᠤ ᠪᠠᠢᠳᠠᠯ ᠪᠠ ᠤᠯᠠᠨ ᠲᠦᠮᠡᠨ᠎ᠦ ᠬᠡᠷᠡᠭᠴᠡᠭᠡ᠎ᠶᠢ ᠬᠦᠨᠳᠦᠳᠬᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠵᠦ᠂ 《ᠳᠦᠷᠢ ᠲᠥᠷᠬᠦ᠎ᠶᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠢ᠋ ᠡᠷᠡᠰ ᠬᠣᠷᠢᠭ᠍ᠯᠠᠨ᠎ᠠ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠦᠷᠭᠦᠯᠵᠢᠯᠡᠨ ᠥᠷᠨᠢᠭᠦᠯᠵᠦ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠳᠠᠨᠭᠰᠠ᠎ᠶᠢ ᠰᠠᠢᠲᠤᠷ ᠬᠡᠷᠡᠭᠯᠡᠵᠦ᠂ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠤ᠋ ᠠᠵᠢᠯ᠎ᠤᠨ ᠵᠦᠢᠯᠡᠰ᠎ᠦᠨ ᠨᠠᠷᠢᠨ ᠳᠠᠨᠭᠰᠠ᠎ᠶᠢ ᠰᠢᠯᠢᠳᠡᠭᠵᠢᠭᠦᠯᠤᠨ᠎ᠡ᠃ ᠤᠯᠤᠰ᠎ᠤᠨ 《ᠨᠢᠭᠡ ᠬᠦᠰᠦᠨᠦᠭᠲᠦ ᠪᠡᠷ ᠪᠦᠬᠦᠨ᠎ᠢ ᠭᠦᠢᠴᠡᠳᠬᠡᠬᠦ》 ᠰᠢᠰᠲᠧᠮ ᠯᠦ᠍ᠭᠡ ᠪᠥᠬᠥ ᠲᠠᠯ᠎ᠠ᠎ᠪᠠᠷ ᠵᠣᠯᠭᠠᠭᠤᠯᠬᠤ᠎ᠶᠢ ᠲᠦᠷᠭᠡᠳᠬᠡᠨ ᠠᠬᠢᠭᠤᠯᠵᠤ᠂ ᠰᠢᠰᠲᠧᠮ᠎ᠦᠨ ᠬᠡᠷᠡᠭᠯᠡᠯᠲᠡ᠎ᠶᠢ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠳᠠᠢᠰᠢ ᠤᠷᠲᠤᠳᠬᠠᠨ ᠪᠦᠷᠬᠦᠭᠦᠯᠬᠦ᠎ᠶᠢ ᠠᠬᠢᠭᠤᠯᠤᠨ᠎ᠠ᠃ ᠠᠵᠢᠯ᠎ᠤᠨ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠣᠳᠠᠲᠤ ᠠᠮᠵᠢᠯᠲᠠ ᠪᠦᠲᠦᠮᠵᠢ᠎ᠶᠢ ᠲᠤᠪᠤᠢ᠍ᠢᠯᠭᠠᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢᠨ ᠪᠣᠳᠠᠲᠤ ᠠᠮᠵᠢᠯᠲᠠ᠎ᠶᠢ ᠬᠢᠨᠠᠨ ᠰᠢᠯᠭᠠᠬᠤ᠎ᠶᠢ ᠰᠢᠯᠢᠳᠡᠭᠵᠢᠭᠦᠯᠦᠨ᠎ᠡ᠃《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》ᠳᠦᠷᠢᠮ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠎ᠠ᠃ ᠬᠥᠳᠡᠭᠡ ᠲᠣᠰᠬᠣᠨ᠎ᠤ ᠬᠠᠮᠲᠤ᠎ᠶᠢᠨ 《ᠭᠤᠷᠪᠠᠨ ᠪᠡᠯᠡ》 ᠶ᠋ᠢᠨ ᠬᠠᠮᠢᠶᠠᠷᠤᠯᠲᠠ᠎ᠶᠢᠨ ᠲᠣᠪᠣᠢᠮ᠎ᠠ ᠠᠰᠠᠭᠤᠳᠠᠯ᠎ᠢ ᠲᠤᠰᠬᠠᠢ ᠵᠦᠢᠯ᠎ᠢᠶᠡᠷ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠢᠯᠢᠳᠡᠭ ᠰᠤᠷᠲᠠᠯ᠎ᠢᠶᠠᠷ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠤᠨ᠎ᠠ᠃