ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶ᠋ᠢᠨ ᠮᠠᠯᠵᠢᠬᠤ ᠲᠠᠷᠢᠶᠠᠯᠠᠬᠤ ᠤᠷᠤᠨ ᠤ᠋ ᠠᠵᠢᠯ᠎ᠤᠨ ᠤᠳᠤᠷᠢᠳᠬᠤ ᠲᠤᠭᠤᠢᠯᠠᠩ ᠎ᠤᠨ ᠠᠯᠪᠠᠨ ᠬᠡᠷ᠎ᠦᠨ ᠬᠠᠷᠢᠭᠤᠴᠠᠯᠭᠠᠲᠠᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠎ᠤ ᠣᠳᠣᠬᠢᠴᠢᠯᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ᠎ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ 》 ᠳ᠋ᠤ ᠲᠤᠰᠭᠠᠶ ᠰᠡᠳᠦᠪᠲᠦ ᠲᠠᠢᠯᠤᠮᠵᠢ ᠬᠢᠪᠠ
2026-04-17 11:20:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ᠎ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ᠌ᠵᠢᠭᠦᠯᠬᠦ᠌ ᠰᠠᠨᠠᠯ 》 (ᠳᠣᠷᠣᠭ᠍ᠰᠢ 《 ᠬᠡᠷᠡᠭ᠌ᠵᠢᠭᠦᠯᠬᠦ᠌ ᠰᠠᠨᠠᠯ 》 ᠭᠡᠵᠦ᠍ ᠳᠦᠭᠦᠮᠴᠢᠯᠡᠨ᠎ᠠ ) ᠢ᠋ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠤᠷᠤᠨ᠎ᠤ ᠠᠵᠢᠯ᠎ᠤᠨ ᠤᠳᠤᠷᠢᠳᠬᠤ ᠲᠤᠭᠤᠢᠯᠠᠩ᠎ᠤᠨ ᠠᠯᠪᠠᠨ ᠬᠡᠷ᠎ᠦᠨ ᠬᠠᠷᠢᠭᠤᠴᠠᠯᠭᠠᠲᠠᠨ 《 ᠬᠡᠷᠡᠭ᠌ᠵᠢᠭᠦᠯᠬᠦ᠌ ᠰᠠᠨᠠᠯ》 ᠤ᠋ᠨ ᠲᠤᠬᠠᠶ ᠲᠤᠰᠭᠠᠶ ᠰᠡᠳᠦᠪᠲᠦ ᠲᠠᠢᠯᠤᠮᠵᠢ ᠬᠢᠪᠠ᠃

ᠨᠢᠭᠡ ᠂ 《  ᠬᠡᠷᠡᠭ᠌ᠵᠢᠭᠦᠯᠬᠦ᠌ ᠰᠠᠨᠠᠯ 》  ᠢ᠋ ᠨᠡᠢᠲᠡᠯᠡᠭ᠌ᠰᠡᠨ ᠠᠬᠤᠶ ᠪᠠᠢᠳᠠᠯ

ᠥᠩᠭᠡᠷᠡᠭ᠌ᠰᠡᠨ ᠨᠢᠭᠡ ᠵᠢᠯ᠎ᠳᠦ᠂ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠣᠷᠣᠨ ᠪᠠᠢᠭᠠᠯᠢ᠎ᠶ᠋ᠢᠨ ᠭᠠᠮᠱᠢᠭ ᠤᠯᠠᠨ ᠡᠭᠦᠰᠦᠭᠰᠡᠨ ᠵᠡᠷᠭᠡ ᠠᠱᠢᠭ ᠦᠭᠡᠢ ᠪᠠᠢᠳᠠᠯ᠎ᠢ ᠢᠯᠠᠨ ᠳᠠᠪᠠᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠤ ᠪᠤᠳᠠᠭᠠᠨ᠎ᠤ ᠶᠡᠷᠦᠩᠬᠡᠶ ᠤᠨᠠᠯᠲᠠ 840 ᠳ᠋ᠦᠩᠱᠢᠭᠤᠷ ᠵᠢᠩ᠎ᠳᠦ ᠬᠦᠷᠴᠦ᠍᠂ ᠪᠦᠬᠦ᠌ ᠤᠯᠤᠰ᠎ᠤᠨ ᠲᠠᠪᠤᠳᠤᠭᠠᠷ᠎ᠲᠤ ᠣᠷᠣᠵᠤ᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠶ 》; ᠦᠬᠡᠷ ᠬᠣᠨᠢᠨ ᠮᠢᠬᠠᠨ᠎ᠤ ᠭᠠᠷᠤᠯᠲᠠ ᠴᠥᠮ ᠵᠠᠭᠤᠨ ᠲᠦᠮᠡᠨ ᠲᠣᠨ ᠎ᠢ ᠳᠠᠪᠠᠵᠤ᠂ ᠦᠨᠢᠶᠡᠨ ᠰᠦ ᠵᠢᠨ ᠭᠠᠷᠤᠯᠲᠠ 758 ᠲᠦᠮᠡᠨ ᠲᠣᠨ᠎ᠳᠤ ᠬᠦᠷᠴᠦ᠍᠂ ᠴᠥᠮ ᠪᠥᠬᠥ᠌ ᠤᠯᠤᠰ ᠲᠤ᠌ ᠲᠦᠷᠦᠬᠦᠯᠡᠵᠤ᠂ ᠤᠯᠤᠰ᠎ᠤᠨ 《ᠠᠮᠤ ᠵᠢᠨ ᠰᠠᠩ》᠂ 《 ᠮᠢᠬᠠᠨ᠎ᠤ ᠬᠥᠮᠥᠷᠭᠡ 》᠂ 《 ᠰᠦ ᠵᠢᠨ ᠬᠦᠨᠦᠭ 》 ᠤ᠋ᠨ ᠶᠠᠰᠤ ᠴᠢᠨᠠᠷ ᠨᠠᠩ ᠰᠢᠯᠢᠳᠡᠭᠵᠢᠪᠠ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠦᠷᠭᠦᠯᠵᠢᠯᠡᠨ ᠪᠡᠬᠢᠵᠢᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ ᠪᠠ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠪᠠ᠃ ᠮᠠᠯᠵᠢᠬᠤ ᠲᠠᠷᠢᠶᠠᠯᠠᠬᠤ ᠣᠷᠣᠨ ᠤ᠋ ᠰᠠᠭᠤᠷᠢ ᠲᠦᠬᠦᠭᠡᠷᠤᠮᠵᠢ ᠪᠠ ᠣᠷᠣᠱᠢᠨ ᠰᠠᠭᠤᠷᠢᠰᠢᠬᠤ ᠣᠷᠴᠢᠨ ᠨᠦᠭᠦᠴᠡᠯ ᠦᠷᠭᠦᠯᠵᠢᠯᠡᠨ ᠰᠠᠢᠵᠢᠷᠠᠵᠤ᠂ ᠠᠵᠢᠯᠯᠠᠵᠤ ᠠᠮᠢᠳᠤᠷᠠᠬᠤ ᠳ᠋ᠤ ᠳᠤᠬᠢᠳᠠᠢ ᠡᠶ᠎ᠠ ᠨᠠᠢᠷᠠᠮᠳᠠᠭᠤ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠳᠤ ᠱᠢᠨ᠎ᠡ ᠳᠦᠷᠰᠦ ᠪᠠᠢᠳᠠᠯ ᠢᠯᠡᠷᠡᠪᠡ᠃

2025 ᠣᠨ᠎ᠤ 12 ᠰᠠᠷ᠎ᠠ᠎ᠶ᠋ᠢᠨ 29 ᠡᠴᠡ 30 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠭ᠍ᠰᠠᠨ ᠲᠥᠪ ᠎ᠤᠨ  ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠡᠴᠡ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ᠂ 2026 ᠣᠨ᠎ᠤ 《ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ 》 ᠤ᠋ ᠭᠤᠤᠯᠳᠠᠯᠭ᠎ᠠ᠎ᠲᠠᠶ ᠠᠵᠢᠯ᠎ᠳᠤ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠃ 2 ᠰᠠᠷ᠎ᠠ᠎ᠶ᠋ᠢᠨ 3 ᠤ᠋ ᠡᠳᠦᠷ᠂ 《ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠎ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠣᠷᠢᠶ᠎ᠠ᠂ ᠲᠦᠷᠦ᠍ ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ 》 ᠢ᠋ ᠨᠡᠢᠭᠡᠮ ᠨᠠᠢᠳᠠ᠎ᠳᠦ ᠨᠡᠢᠲᠡᠯᠡᠪᠡ᠂ ᠡᠨᠡ ᠪᠣᠯ ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ 》 ᠤ᠋ ᠠᠵᠢᠯ᠎ᠢ ᠵᠢᠯᠣᠭᠤᠳᠤᠬᠰᠠᠨ  ᠠᠷᠪᠠᠨ ᠳᠥᠷᠪᠡᠳᠡᠬᠢ ᠲᠦᠪ ᠤ᠋ᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠪᠣᠯᠤᠨ᠎ᠠ᠂ ᠮᠦᠨ ᠴᠤ᠌ 《 ᠠᠷᠪᠠᠨ ᠲᠠᠪᠤᠳᠤᠭᠠᠷ ᠲᠠᠪᠤᠨ ᠵᠢᠯ 》 ᠡᠬᠢᠯᠡᠭᠰᠡᠨ ᠤ᠋ ᠳᠠᠷᠠᠭᠠᠬᠢ ᠠᠩᠬᠠᠳᠠᠭ᠍ᠴᠢ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠪᠣᠯᠤᠨ᠎ᠠ᠂  ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ 》 ᠤ᠋ ᠠᠵᠢᠯ᠎ᠢ ᠢᠮᠠᠭᠳᠠ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ ᠪᠠᠢᠬᠤ ᠎ᠶ᠋ᠢ ᠭᠦᠢᠴᠡᠳ ᠬᠠᠷᠠᠭᠤᠯᠪᠠ᠃ ᠲᠥᠪ᠎ᠦᠨ ᠬᠥᠳᠡᠭᠡ ᠲᠣᠰᠭᠣᠨ᠎ᠤ ᠠᠵᠢᠯ ᠎ᠤᠨ ᠬᠤᠷᠠᠯ ᠪᠣᠯᠤᠨ ᠲᠥᠪ ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠲᠤᠰ 《ᠬᠡᠷᠡᠭ᠌ᠵᠢᠭᠦᠯᠬᠦ᠌ ᠰᠠᠨᠠᠯ 》  ᠢ᠋ ᠨᠡᠢᠲᠡᠯᠡᠪᠡ ᠃ 《 ᠬᠡᠷᠡᠭ᠌ᠵᠢᠭᠦᠯᠬᠦ᠌ ᠰᠠᠨᠠᠯ 》  ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《 ᠮᠢᠩᠭ᠎ᠠ ᠲᠦᠮᠡ᠎ᠶ᠋ᠢᠨ ᠢᠨᠵᠧᠨᠧᠷᠢᠩ 》 ᠤ᠋ᠨ ᠲᠤᠷᠱᠢᠯᠭ᠎ᠠ᠎ᠶ᠋ᠢ ᠭᠦᠨᠵᠡᠭᠡᠶ ᠰᠤᠷᠤᠯᠴᠠᠨ ᠬᠡᠷᠡᠭ᠌ᠯᠡᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠂ ᠮᠠᠯ ᠠᠵᠤ ᠠᠬᠤᠢ ᠲᠠᠷᠢᠶᠠᠯᠠᠩ ᠤ᠋ᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌᠎ᠶ᠋ᠢ ᠪᠠᠢᠩᠭᠤᠵᠢᠭᠤᠯᠤᠨ ᠬᠡᠷᠡᠭ᠌ᠵᠢᠭᠦᠯᠬᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠢ᠋ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠦᠭᠡᠶ ᠣᠷᠭᠠᠨᠢᠭ ᠪᠦᠳᠦᠬᠡᠭᠳᠡᠬᠦᠨ᠎ᠤ ᠲᠦᠷᠦᠯ ᠲᠡᠮᠳᠡᠭ᠎ᠢ ᠴᠤᠭᠴᠠᠯᠠᠬᠤ ᠵᠢ ᠰᠠᠢᠲᠤᠷ ᠠᠳᠭᠤᠬᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠲᠣᠭ᠍ᠲᠠᠭᠤᠨ᠎ᠢᠶᠡᠷ ᠨᠡᠮᠡᠭ᠌ᠳᠡᠬᠦ ᠎ᠵᠢ ᠠᠬᠢᠭᠤᠯᠬᠤ᠂ ᠠᠵᠢᠯᠯᠠᠵᠤ ᠠᠮᠢᠳᠤᠷᠠᠬᠤ ᠳ᠋ᠤ ᠲᠣᠬᠢᠳᠠᠢ ᠡᠶ᠎ᠠ ᠨᠠᠢᠷᠠᠮᠳᠠᠭᠤ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠪᠠᠢᠭᠤᠯᠤᠯ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠬᠠᠬᠤ᠂ 《 ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠳᠠᠬᠢ ᠨᠠᠮ ᠤ᠋ᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠵᠡᠷᠭᠡ ᠲᠤᠯᠤᠭᠠᠨ ᠲᠠᠯ᠎ᠠ᠎ᠪᠠᠷ ᠪᠣᠳᠠᠲᠠᠶ᠎ᠶ᠋ᠢ ᠡᠷᠬᠢᠮᠯᠡᠭ᠌ᠰᠡᠨ ᠦᠨᠡᠨ ᠬᠦ᠌ ᠲᠤᠰᠠᠲᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠴᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠲᠠᠯ᠎ᠠ ᠪᠡᠷ ᠱᠢᠨ᠎ᠡ ᠦᠷ᠎ᠡ ᠪᠦᠲᠦᠮᠵᠢ ᠤᠯᠵᠤ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠳᠠᠬᠢᠨ ᠱᠢᠨ᠎ᠡ ᠳᠡᠭ᠌ᠲᠡᠷ᠎ᠲᠦ ᠭᠠᠷᠬᠤ ᠵᠢ ᠠᠬᠢᠭᠤᠯᠬᠤ ᠪᠤᠯᠤᠨ᠎ᠠ᠃

ᠬᠣᠶᠠᠷ᠂ ᠤᠯᠤᠰ᠎ᠤᠨ ᠴᠢᠬᠤᠯᠠ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ᠎ᠦᠨ ᠰᠠᠭᠤᠷᠢᠨ ᠢ᠋ ᠴᠢᠨᠠᠷ ᠰᠠᠢᠲᠠᠶ ᠪᠥᠲᠥᠭᠡᠨ ᠪᠠᠢᠭᠤᠯᠤᠨ᠎ᠠ

《ᠬᠡᠷᠡᠭ᠌ᠵᠢᠭᠦᠯᠬᠦ᠌ ᠰᠠᠨᠠᠯ 》 ᠳ᠋ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠭᠠᠷᠤᠯᠲᠠ ᠪᠠ ᠦᠶ᠋ᠯᠡᠳᠪᠦᠷᠢᠯᠡᠯ᠎ᠦᠨ ᠴᠢᠳᠠᠪᠤᠷᠢ᠂ ᠦᠶ᠋ᠯᠡᠳᠪᠦᠷᠢᠯᠡᠯ᠎ᠦᠨ ᠠᠮᠢ ᠠᠬᠤᠶ᠂ ᠭᠠᠷᠤᠯᠲᠠ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠮᠢᠬᠠᠨ ᠤ᠋ ᠦᠬᠡᠷ ᠮᠢᠬᠠᠨ  ᠤ᠋ ᠬᠣᠨᠢ ᠵᠡᠷᠭᠡ᠎ᠶ᠋ᠢᠨ ᠭᠠᠷᠤᠯᠲᠠ ᠪᠠ ᠦᠷ᠎ᠡ ᠠᠱᠢᠭ ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠂ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠪᠦᠳᠦᠬᠡᠭᠳᠡᠬᠦᠨ᠎ᠤ ᠲᠥᠷᠥᠯ ᠲᠡᠮᠳᠡᠭ᠎ᠢ ᠴᠣᠭ᠍ᠴᠠᠯᠠᠬᠤ ᠵᠡᠷᠭᠡ ᠲᠤᠭᠤᠷᠢᠨ ᠳ᠋ᠤ ᠠᠯᠢ ᠣᠯᠠᠨ ᠪᠣᠳᠠᠲᠠᠶ ᠪᠠᠢᠷᠢᠯᠠᠭᠤᠯᠤᠯᠲᠠ ᠬᠢᠵᠦ᠍᠂  ᠮᠠᠯ ᠠᠵᠤ ᠠᠬᠤᠶ ᠲᠠᠷᠢᠶᠠᠯᠠᠩ ᠤ᠋ᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠵᠦ᠍᠂ ᠮᠠᠯ ᠠᠵᠤ ᠠᠬᠤᠶ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃

ᠨᠢᠭᠡ ᠎ᠳᠦ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠨ᠎ᠠ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠪᠣᠯ ᠢᠮᠠᠭ᠍ᠲᠠ ᠶ᠋ᠢᠨ ᠲᠡᠷᠢᠭᠦᠨ ᠴᠢᠬᠤᠯᠠ ᠶᠠᠪᠤᠳᠠᠯ᠂ ᠡᠷᠬᠡᠪᠰᠢ ᠰᠠᠬᠢᠬᠤ ᠬᠣᠷᠢᠭ᠎ᠠ ᠱᠤᠭᠤᠮ᠎ᠮᠦᠨ᠃ ᠡᠯ᠎ᠡ ᠭᠠᠵᠠᠷ᠎ᠤᠨ᠎ᠬᠢᠨ ᠠᠮᠤ ᠪᠤᠳᠠᠭᠠᠨ᠎ᠤ ᠠᠮᠤᠷ ᠲᠦᠪᠱᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠮᠤ ᠪᠤᠳᠠᠭ᠎ᠠ᠂ ᠱᠢᠷ᠎ᠠ ᠪᠤᠷᠴᠠᠭ ᠳᠠᠷᠢᠬᠤ ᠲᠠᠯᠠᠪᠠᠶ ᠪᠣᠯᠤᠨ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠵᠤ᠂ ᠠᠮᠤ ᠪᠤᠳᠠᠭᠠᠨ᠎ᠤ ᠲᠠᠷᠢᠮᠠᠯ ᠤ᠋ᠨ ᠡᠭᠦᠯᠳᠡᠷ᠎ᠢ ᠱᠢᠯᠢᠳᠡᠭ᠌ᠵᠢᠭᠦᠯᠦᠨ ᠪᠣᠢᠵᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠭᠤᠤᠯ ᠪᠣᠯᠬᠤ ᠠᠮᠤ ᠲᠣᠰᠣᠨ᠎ᠤ ᠲᠠᠷᠢᠮᠠᠯ᠎ᠤᠨ ᠶᠡᠬᠡ ᠬᠡᠪᠴᠢᠶᠠᠨ ᠤ᠋ ᠮᠤ᠌  ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ᠎ᠶ᠋ᠢᠨ ᠣᠨ᠎ᠤ ᠠᠵᠢᠯᠯᠠᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠰᠠᠢᠨ ᠲᠠᠷᠢᠶ᠎ᠠ ᠰᠠᠢᠨ ᠡᠭᠦᠯᠳᠡᠷ ᠰᠠᠢᠨ ᠮᠠᠰᠢᠨ ᠰᠠᠢᠨ ᠠᠷᠭ᠎ᠠ ᠵᠢ ᠬᠤᠷᠠᠮᠳᠤᠭᠤᠯᠵᠤ ᠦᠷ᠎ᠡ ᠠᠱᠢᠭ᠎ᠢ ᠨᠡᠮᠡᠭ᠌ᠳᠡᠭᠦᠯᠬᠦ ᠵᠢ ᠠᠬᠢᠭᠤᠯᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠤᠶᠠᠨ ᠴᠢᠨᠠᠷ᠎ᠢ ᠴᠢᠩᠭᠠᠳᠬᠠᠬᠤ ᠬᠡᠷᠡᠭᠳᠡᠢ᠃ ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ 《ᠠᠮᠢᠨ ᠰᠤᠳᠠᠰᠤ 》 ᠮᠥᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠥᠷᠥᠰᠥ᠍ ᠱᠢᠷᠣᠶ᠎ᠶ᠋ᠢ ᠰᠠᠢᠵᠢᠷᠠᠭᠤᠯᠬᠤ ᠪᠠ ᠭᠠᠵᠠᠷ᠎ᠤᠨ ᠱᠢᠮ᠎ᠡ᠎ᠬᠦᠴᠦ ᠶ᠋ᠢ ᠳᠡᠭᠡᠭ᠌ᠰᠢᠯᠡᠭᠦᠯᠬᠦ᠌ ᠡᠷᠴᠢᠮ᠎ᠢ ᠴᠢᠩᠭᠠᠷᠠᠭᠤᠯᠤᠨ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠪᠠ ᠨᠥᠬᠥᠪᠥᠷᠢᠯᠡᠬᠦ᠌ ᠎ᠶ᠋ᠢ ᠲᠡᠩᠴᠡᠭᠦᠷᠢᠲᠡᠶ ᠪᠠᠢᠯᠭᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠨᠦᠬᠦᠪᠦᠷᠢᠯᠡᠭᠰᠡᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠱᠢᠯᠭᠠᠨ ᠠᠪᠬᠤ ᠪᠣᠭᠣᠮᠲᠠ᠎ᠶ᠋ᠢ ᠴᠢᠩᠭ᠎ᠠ ᠰᠠᠬᠢᠬᠤ ᠬᠡᠷᠡᠭᠳᠡᠢ᠃ ᠲᠠᠷᠢᠶᠠᠨ ᠭᠠᠵᠠᠷ᠎ᠢ ᠡᠪᠳᠡᠬᠦ ᠡᠯ᠎ᠡ ᠲᠥᠷᠥᠯ᠎ᠦᠨ ᠬᠠᠤᠯᠢ᠎ᠡᠴᠡ ᠵᠥᠷᠢᠴᠡᠭ᠌ᠰᠡᠨ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠵᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠎ᠶ᠋ᠢ ᠪᠠᠭᠠᠰᠭᠠᠬᠤ ᠥᠬᠡᠶ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠠᠮᠢ ᠠᠬᠤᠶ᠎ᠶ᠋ᠢ ᠦᠷᠭᠦᠯᠵᠢᠯᠡᠭᠦᠯᠬᠦ᠌᠎ᠶ᠋ᠢ ᠪᠠᠲᠤᠯᠠᠬᠤ ᠬᠡᠷᠡᠭᠳᠡᠢ᠃ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ᠎ᠶ᠋ᠢ ᠴᠢᠩᠭᠠᠳᠬᠠᠵᠤ᠂ ᠰᠡᠷᠭᠡᠢᠯᠡᠬᠦ᠌᠎ᠪᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠤᠰᠤᠨ᠎ᠳᠤ ᠡᠪᠳᠡᠭ᠌ᠳᠡᠭ᠌ᠰᠡᠨ ᠪᠠᠷᠢᠯᠭ᠎ᠠ᠎ᠶ᠋ᠢ ᠰᠡᠯᠪᠢᠨ ᠵᠠᠰᠠᠬᠤ᠂ ᠦᠶᠡᠷ ᠎ᠢ  ᠰᠡᠷᠭᠡᠢᠯᠡᠬᠦ᠌ ᠱᠢᠰᠲ᠋ᠧᠮ᠎ᠦᠨ ᠪᠠᠢᠭᠤᠯᠤᠯᠲᠠ ᠪᠣᠯᠤᠨ ᠠᠶᠤᠯ ᠲᠦᠭᠰᠢᠬᠦᠷᠢ᠎ᠲᠡᠶ ᠤᠰᠤᠨ ᠴᠥᠭᠥᠷᠥᠮ᠎ᠦᠨ ᠲᠦᠭᠰᠢᠬᠦᠷᠢ ᠵᠢ ᠠᠷᠢᠯᠭᠠᠨ ᠪᠡᠬᠢᠵᠢᠭᠦᠯᠬᠦ᠌᠎ᠶ᠋ᠢ ᠴᠢᠩᠭᠠᠳᠭᠠᠬᠤ᠎ᠶ᠋ᠢᠨ ᠬᠠᠮᠲᠤ ᠲᠠᠷᠢᠶᠠᠨ ᠭᠠᠵᠠᠷ᠎ᠤᠨ ᠭᠤᠤ ᠰᠤᠪᠠᠭ᠎ᠢ ᠰᠡᠯᠪᠢᠨ ᠵᠠᠰᠠᠵᠤ ᠴᠡᠭᠴᠡᠯᠡᠬᠦ ᠪᠠ ᠡᠪᠡᠳᠴᠢᠨ ᠬᠣᠷᠣᠬᠠᠢ᠎ᠶ᠋ᠢᠨ ᠬᠥᠨᠥᠭᠡᠯ᠎ᠢ ᠨᠢᠭᠡᠳᠦᠯᠲᠡᠢ ᠰᠡᠷᠭᠡᠢᠯᠡᠨ ᠵᠠᠰᠠᠬᠤ ᠵᠢ ᠰᠠᠢᠲᠤᠷ ᠠᠳᠭᠤᠵᠤ᠂ ᠲᠠᠷᠢᠶᠠᠯᠠᠩ᠎ᠤᠨ ᠠᠭᠤᠷ ᠠᠮᠢᠰᠭᠤᠯ᠎ᠤᠨ ᠡᠬᠢ ᠪᠠᠶᠠᠯᠢᠭ᠎ᠢ ᠨᠡᠢᠳᠡᠮ ᠪᠠᠢᠴᠠᠭᠠᠬᠤ ᠪᠠ ᠣᠷᠣᠨ ᠬᠤᠪᠢᠶᠠᠬᠤ ᠠᠵᠢᠯ᠎ᠢ ᠥᠷᠨᠢᠭᠦᠯᠵᠦ᠍᠂ ᠦᠶᠡᠷ ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ ᠎ᠢ ᠪᠠᠭᠠᠰᠭᠠᠬᠤ᠂ ᠭᠠᠵᠠᠷ ᠬᠥᠳᠡᠯᠦᠯᠲᠡ᠎ᠶ᠋ᠢᠨ ᠭᠠᠮᠱᠢᠭ᠎ᠢ ᠰᠡᠷᠭᠡᠢᠯᠡᠬᠦ᠌᠂ ᠤᠨᠴᠠᠭᠠᠢ  ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ ᠬᠡᠷᠡᠭᠳᠡᠢ᠃ᠣᠯᠠᠨ ᠡᠱᠢᠴᠢᠯᠡᠭᠰᠡᠨ  ᠢᠳᠡᠭᠡᠨ ᠬᠠᠩᠭᠠᠬᠤ ᠴᠢᠳᠠᠪᠤᠷᠢ᠎ᠶ᠋ᠢ ᠴᠢᠩᠭᠠᠳᠬᠠᠨ  ᠬᠠᠮ ᠲᠠᠷᠢᠶᠠᠯᠠᠩ᠎ᠤᠨ ᠦᠵᠡᠯᠲᠡ᠂ ᠬᠠᠮ ᠢᠳᠡᠭᠡᠨ ᠎ᠦ ᠦᠵᠡᠯᠲᠡ᠎ᠶ᠋ᠢ ᠪᠣᠶ ᠪᠣᠯᠭᠠᠵᠤ᠂ ᠲᠦᠬᠦᠭᠡᠷᠤᠮᠵᠢᠳᠤ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠳᠡᠭᠡᠭ᠌ᠰᠢᠯᠡᠭᠦᠯᠬᠦ᠌ ᠪᠠ ᠬᠦᠶ᠋ᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ᠎ᠶ᠋ᠢᠨ ᠰᠠᠭᠤᠷᠢ᠎ᠶ᠋ᠢ ᠪᠡᠬᠢᠵᠢᠭᠦᠯᠬᠦ ᠢᠨᠵᠧᠨᠧᠷᠢᠩ ᠎ᠢ ᠬᠡᠷᠡᠭ᠌ᠵᠢᠭᠦᠯᠵᠦ᠍᠂ ᠣᠶ᠎ᠳᠤᠳᠤᠷᠠᠬᠢ ᠠᠵᠤ ᠠᠬᠤᠶ᠎ᠶ᠋ᠢ ᠵᠢᠷᠤᠮᠵᠢᠭᠤᠯᠤᠨ ᠬᠥᠭ᠌ᠵᠢᠭᠦᠯᠵᠦ᠍᠂ ᠲᠦᠬᠦᠭᠡᠷᠤᠮᠵᠢᠳᠤ ᠵᠢᠭᠠᠰᠤᠨ ᠤ᠋ ᠠᠵᠤ ᠠᠬᠤᠶ᠎ᠶ᠋ᠢ ᠬᠥᠭ᠌ᠵᠢᠭᠦᠯᠦᠨ᠂ 《 ᠬᠣᠯᠢᠱᠢᠨ ᠢᠳᠡᠭᠡᠨ 》 ᠤ᠋ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭᠳᠡᠢ᠃

ᠬᠣᠶᠠᠷ᠎ᠲᠤ᠂ ᠮᠠᠯ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠡ᠃ ᠮᠠᠯ ᠠᠵᠤ ᠠᠬᠤᠶ᠎ᠶ᠋ᠢᠨ ᠲᠣᠮᠣ ᠣᠷᠣᠨ᠎ᠤ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠮᠢᠬᠠᠨ ᠤ᠋ ᠦᠬᠡᠷ ᠮᠢᠬᠠᠨ ᠤ᠋ ᠬᠣᠨᠢᠨ᠎ᠤ ᠠᠵᠤ ᠦᠶ᠋ᠯᠡᠰ᠎ᠢ ᠦᠷᠭᠦᠯᠵᠢᠯᠡᠨ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠰᠠᠭᠤᠷᠢ ᠦᠨᠢᠶ᠎ᠠ ᠵᠢᠨ ᠰᠦᠷᠦᠭ᠎ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌᠂ ᠬᠤᠴᠠ ᠤᠬᠤᠨ᠎ᠠ᠎ᠶ᠋ᠢᠨ ᠨᠥᠬᠥᠪᠥᠷᠢ ᠥᠭ᠌ᠬᠦ᠂ ᠮᠠᠯ ᠤ᠋ᠨ ᠭᠠᠷᠭᠠᠯᠳᠠ ᠶ᠋ᠢᠨ ᠱᠠᠩᠨᠠᠯ ᠨᠥᠬᠥᠪᠥᠷᠢ ᠥᠭ᠌ᠬᠦ᠂ ᠪᠡᠯᠴᠢᠬᠡᠷ᠎ᠤᠨ ᠮᠠᠯ ᠠᠵᠤ ᠠᠬᠤᠶ᠎ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠵᠡᠷᠭᠡ ᠬᠠᠮ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ᠎ᠪᠠᠷ ᠳᠡᠮᠵᠢᠨ᠂ ᠮᠢᠬᠠᠨ ᠤ᠋ ᠦᠬᠡᠷ ᠮᠢᠬᠠᠨ ᠤ᠋ ᠬᠣᠨᠢ ᠵᠢ ᠪᠣᠷᠳᠣᠨ ᠲᠠᠷᠭᠤᠯᠠᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠳᠤᠮᠳᠠ ᠪᠠᠷᠠᠭᠤᠨ ᠪᠡᠶ᠎ᠠ ᠶ᠋ᠢᠨ ᠠᠢᠮᠠᠭ ᠬᠣᠲᠠ᠎ᠶ᠋ᠢᠨ ᠱᠢᠨ᠎ᠡ᠎ᠪᠡᠷ ᠮᠠᠨᠳᠤᠭ᠍ᠰᠠᠨ ᠮᠢᠬᠠᠨ ᠤ᠋ ᠦᠬᠡᠷ᠎ᠦᠨ ᠭᠠᠷᠤᠯᠲᠠ᠎ᠶ᠋ᠢᠨ ᠲᠤᠭᠤᠷᠢᠭ᠎ᠢ ᠪᠥᠲᠥᠭᠡᠨ ᠪᠠᠢᠭᠤᠯᠬᠤ᠎ᠶ᠋ᠢ ᠳᠡᠮᠵᠢᠵᠦ᠍᠂ ᠮᠢᠬᠠᠨ ᠤ᠋ ᠦᠬᠡᠷ ᠮᠢᠬᠠᠨ ᠤ᠋ ᠬᠣᠨᠢᠨ᠎ᠤ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠲᠡᠵᠢᠭᠡᠯ ᠡᠪᠡᠰᠦ ᠪᠣᠷᠳᠣᠭ᠎ᠠ ᠬᠠᠩᠭᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠬᠥᠬᠡ ᠳᠠᠷᠤᠰᠢ᠎ᠶ᠋ᠢᠨ ᠡᠷᠳᠡᠨᠢ ᠱᠢᠰᠢ᠂ ᠴᠠᠷᠭᠠᠰᠤ ᠵᠡᠷᠭᠡ ᠴᠢᠨᠠᠷ ᠰᠠᠢᠲᠠᠶ ᠲᠠᠷᠢᠮᠠᠯ ᠡᠪᠡᠰᠦ ᠳᠠᠷᠢᠬᠤ᠎ᠶ᠋ᠢ ᠦᠷᠭᠦᠯᠵᠢᠯᠡᠨ ᠠᠬᠢᠭᠤᠯᠵᠤ᠂ ᠨᠥᠭᠡᠴᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ 《ᠠᠮᠤ ᠪᠤᠳᠠᠭ᠎ᠠ ᠵᠢᠨ ᠲᠠᠷᠢᠮᠠᠯ ᠢ᠋  ᠲᠡᠵᠢᠭᠡᠯ ᠪᠣᠷᠳᠣᠭ᠎ᠠ ᠵᠢᠨ ᠲᠠᠷᠢᠮᠠᠯ ᠪᠣᠯᠭᠠᠨ ᠬᠤᠪᠢᠷᠠᠭᠤᠯᠬᠤ》 ᠶ᠋ᠢ ᠭᠦᠨᠵᠡᠭᠡᠶ ᠠᠬᠢᠭᠤᠯᠵᠤ᠂ ᠦᠬᠡᠷ ᠬᠣᠨᠢ᠎ᠶ᠋ᠢ ᠳᠥᠷᠪᠡᠨ ᠤᠯᠠᠷᠢᠯ᠎ᠳᠤ ᠴᠥᠮ 《ᠰᠠᠢᠨ ᠬᠦᠨᠡᠰᠦ 》 ᠲᠠᠢ ᠪᠣᠯᠭᠠᠨ᠎ᠠ᠃ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂  ᠬᠦᠢᠰᠦ ᠶ᠋ᠢ ᠨᠢ ᠡᠵᠡᠮᠳᠡᠬᠦ ᠢᠴᠡᠭᠡᠯ ᠦᠷ᠎ᠡ ᠶ᠋ᠢᠨ ᠮᠡᠷᠭᠡᠵᠢᠯ ᠢ᠋ ᠳᠡᠯᠭᠡᠷᠡᠭᠦᠯᠬᠦ ᠎ᠪᠡᠷ ᠳᠠᠮᠵᠢᠨ ᠰᠦ ᠵᠢᠨ ᠢᠷᠡᠯᠲᠡ᠎ᠶ᠋ᠢᠨ ᠰᠠᠭᠤᠷᠢ᠎ᠶ᠋ᠢ ᠪᠡᠬᠢᠵᠢᠭᠦᠯᠤᠨ᠂ ᠤᠯᠠᠮᠵᠢᠯᠠᠯᠲᠤ ᠴᠠᠭᠠᠨ ᠢᠳᠡᠭᠡᠨ᠎ᠦ ᠲᠠᠰ ᠳᠡᠪᠱᠢᠬᠦ᠌᠎ᠶ᠋ᠢ ᠳᠡᠮᠵᠢᠵᠦ᠍᠂ ᠰᠦᠨ ᠲᠣᠰᠣ᠂ ᠰᠦᠨ ᠲᠡᠮᠦᠷᠳᠤ ᠤᠭᠤᠷᠠᠭ ᠵᠡᠷᠭᠡ ᠨᠠᠷᠢᠯᠢᠭ ᠡᠳ᠋ᠱᠢᠭᠦᠯᠦᠭ᠌ᠰᠡᠨ ᠴᠠᠭᠠᠨ ᠢᠳᠡᠭᠡᠨ᠎ᠢ ᠨᠡᠭᠡᠭᠡᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ 《 ᠰᠤᠷᠤᠭ᠍ᠴᠢᠳ᠎ᠤᠨ ᠤᠤᠭᠤᠬᠤ ᠰᠦ ᠵᠢᠨ ᠲᠥᠯᠥᠪᠯᠡᠭᠡ》 ᠎ᠶ᠋ᠢ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠰᠦ ᠵᠢᠨ ᠦᠶ᠋ᠯᠡᠰ᠎ᠦᠨ ᠬᠡᠷᠡᠭ᠌ᠯᠡᠭᠡ᠎ᠶ᠋ᠢ ᠳᠡᠭᠡᠭ᠌ᠰᠢᠯᠡᠭᠦᠯᠦᠨ᠎ᠡ᠃

ᠭᠤᠷᠪᠠ᠎ᠳᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠮᠠᠯ ᠠᠵᠤ ᠠᠬᠤᠶ ᠲᠠᠷᠢᠶᠠᠯᠠᠩ᠎ᠤ᠋ᠨ ᠥᠨᠳᠥᠷ ᠲᠦᠪᠰᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ᠃ ᠮᠠᠯ ᠠᠵᠤ ᠠᠬᠤᠶ ᠲᠠᠷᠢᠶᠠᠯᠠᠩ᠎ᠤᠨ 《ᠲᠣᠮᠣ ᠪᠣᠯᠪᠠᠴᠤ᠌ ᠬᠦᠴᠦᠷᠬᠡᠭ ᠪᠤᠰᠤ 》 ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠦᠨᠳᠦᠰᠦᠨ ᠭᠠᠷᠬᠤ ᠵᠠᠮ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳᠦ ᠪᠤᠶ᠃ 《ᠬᠡᠷᠡᠭ᠌ᠵᠢᠭᠦᠯᠬᠦ᠌ ᠰᠠᠨᠠᠯ 》 ᠨᠢ ᠡᠨᠡ ᠬᠦ᠌ ᠵᠠᠩᠭᠢᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂《ᠦᠷ᠎ᠠ ᠶ᠋ᠢᠨ ᠴᠢᠫ 》 ᠤ᠋ᠨ ᠢᠨᠵᠧᠨᠧᠷᠢᠩ ᠎ᠢ ᠭᠦᠨᠵᠡᠭᠡᠶ ᠬᠡᠷᠡᠭ᠌ᠵᠢᠭᠦᠯᠬᠦ᠌᠎ᠶ᠋ᠢᠨ ᠬᠠᠮᠲᠤ ᠲᠠᠪᠴᠠᠩ᠎ᠤᠨ ᠪᠠᠢᠭᠤᠯᠤᠯᠲᠠ᠂ ᠠᠵᠤ ᠠᠬᠤᠢᠯᠠᠯ᠎ᠢ ᠠᠮᠢᠯᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠴᠢᠯᠡᠭᠡ ᠵᠡᠷᠭᠡ ᠭᠤᠷᠪᠠᠨ ᠲᠠᠯ᠎ᠠ᠎ᠡᠴᠡ ᠬᠦᠴᠦᠯᠡᠵᠦ᠍ ᠂ ᠮᠠᠯ ᠠᠵᠤ ᠠᠬᠤᠶ ᠲᠠᠷᠢᠶᠠᠯᠠᠩ᠎ᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠱᠢᠰᠲ᠋ᠧᠮ᠎ᠲᠡᠶ ᠠᠬᠢᠭᠤᠯᠤᠨ᠎ᠠ᠃ 《ᠦᠷ᠎ᠠ ᠶ᠋ᠢᠨ ᠴᠢᠫ 》 ᠤ᠋ᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠦᠨ᠎ᠡ ᠃ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠵᠤ᠂ ᠦᠷ᠎ᠡ ᠪᠤᠢᠵᠢᠭᠤᠯᠬᠤ ᠲᠤᠮᠤ ᠱᠢᠶᠠᠨ ᠪᠠ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ᠂ ᠤᠯᠤᠰ ᠎ᠤᠨ ᠡᠮᠦᠨᠡᠲᠦ  ᠤᠷᠤᠨ ᠳ᠋ᠡᠬᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠎ᠤ ᠰᠤᠳᠤᠯᠭᠠᠨ᠎ᠤ  ᠡᠭᠦᠯᠳᠡᠷ ᠪᠣᠢᠵᠢᠭᠤᠯᠬᠤ ᠰᠠᠭᠤᠷᠢᠨ᠎ᠢ ᠰᠠᠢᠲᠤᠷ ᠪᠠᠢᠭᠤᠯᠤᠨ᠎ᠠ ᠃ ᠱᠢᠬᠢᠷ ᠯᠤᠤᠪᠠᠩ᠎ᠤᠨ ᠥᠪᠡᠷ ᠲᠡᠭᠡᠨ ᠪᠣᠢᠵᠢᠭᠤᠯᠬᠤ ᠳᠠᠩ ᠨᠠᠬᠢᠶᠠᠲᠤ ᠱᠢᠨ᠎ᠡ ᠡᠭᠦᠯᠳᠡᠷ ᠪᠣᠯᠤᠨ ᠦᠷ᠎ᠡ᠎ᠶ᠋ᠢ ᠪᠦᠮᠪᠦᠭᠡᠯᠡᠨ ᠮᠥᠬᠥᠯᠢᠭ᠌ᠵᠢᠭᠦᠯᠬᠦ᠌ ᠮᠡᠷᠭᠡᠵᠢᠯ ᠎ᠢ ᠶᠡᠬᠡ ᠪᠡᠷ ᠳᠡᠯᠭᠡᠷᠡᠭᠦᠯᠵᠦ᠍᠂ ᠱᠢᠬᠢᠷ ᠯᠤᠤᠪᠠᠩ ᠲᠠᠷᠢᠬᠤ ᠲᠠᠯᠠᠪᠠᠶ ᠎ᠶ᠋ᠢ ᠲᠣᠭ᠍ᠲᠠᠭᠤᠨ ᠪᠠᠢᠯᠭᠠᠨ᠎ᠠ᠃ ᠤᠯᠤᠰ᠎ᠤᠨ ᠲᠠᠰ᠎ᠤᠨ ᠭᠤᠤᠯ ᠡᠭᠦᠯᠳᠡᠷ ᠪᠣᠢᠵᠢᠭᠤᠯᠬᠤ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠮᠢᠬᠠᠨ ᠎ᠤ ᠦᠬᠡᠷ ᠎ᠦᠨ ᠢᠴᠡᠭᠡᠯ ᠦᠷ᠎ᠡ᠎ᠶ᠋ᠢᠨ ᠬᠡᠭᠡᠯᠲᠦᠭᠦᠯᠭᠡ᠎ᠶ᠋ᠢᠨ ᠮᠡᠷᠭᠡᠵᠢᠯ᠎ᠢ ᠲᠦᠷᠭᠡᠳᠭᠡᠨ ᠳᠡᠯᠭᠡᠷᠡᠭᠦᠯᠵᠦ᠍᠂ ᠦᠬᠡᠷ᠎ᠦᠨ ᠰᠦᠷᠦᠭ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠨ᠎ᠡ᠃ ᠤᠯᠤᠰ᠎ᠤᠨ ᠰᠦ᠎ᠶ᠋ᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠡᠪᠡᠰᠦᠨ ᠎ᠦ ᠦᠢᠯᠡᠰ᠎ᠦᠨ ᠤᠯᠤᠰ᠎ᠤᠨ  ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠲᠠᠪᠴᠠᠩ ᠎ᠤᠨ ᠰᠤᠳᠤᠯᠤᠨ ᠨᠡᠭᠡᠭᠡᠬᠦ᠌ ᠦᠢᠯᠡᠳᠦᠯ ᠴᠢᠳᠠᠮᠵᠢ᠎ᠶ᠋ᠢ ᠳᠡᠭᠡᠭ᠌ᠰᠢᠯᠡᠭᠦᠯᠵᠦ᠍ ᠂ ᠮᠢᠬᠠᠨ᠎ᠤ ᠦᠬᠡᠷ᠂ ᠮᠢᠬᠠᠨ᠎ᠤ ᠬᠣᠨᠢᠨ᠎ᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠦᠲᠦᠭᠡᠨ ᠪᠠᠢᠭᠤᠯᠬᠤ᠎ᠶ᠋ᠢ ᠳᠠᠮᠵᠢᠵᠤ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠤᠷᠤᠨ᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠠᠵᠤ ᠦᠢᠯᠡᠰ᠎ᠦᠨ ᠥᠷᠢᠰᠦᠯᠳᠦᠬᠦ᠌ ᠬᠦᠴᠦᠨ᠎ᠢ ᠪᠦᠲᠦᠮᠵᠢᠲᠡᠢ ᠳᠡᠭᠡᠭ᠌ᠰᠢᠯᠡᠭᠦᠯᠦᠨ᠎ᠡ᠃ ᠠᠵᠤ ᠠᠬᠤᠢᠯᠠᠯ ᠬᠡᠬᠦ ᠡᠨᠡ ᠬᠦ᠌ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢ ᠠᠮᠢᠯᠠᠭᠤᠯᠤᠨ ᠬᠥᠭ᠌ᠵᠢᠭᠡᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠲᠦᠷᠦᠭᠦᠯᠡᠨ ᠠᠵᠤ ᠦᠢᠯᠡᠰ᠎ᠤᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠠᠬᠤᠢᠯᠠᠯ ᠪᠣᠯᠤᠨ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ᠎ᠲᠠᠶ ᠬᠣᠯᠪᠣᠭᠠᠯᠠᠨ ᠱᠢᠨ᠎ᠡ ᠎ᠶ᠋ᠢ ᠡᠭᠦᠳᠬᠦ᠌ ᠬᠣᠯᠪᠣᠭᠠᠲᠤ ᠴᠣᠭ᠍ᠴᠠ ᠪᠠᠢᠭᠤᠯᠬᠤ᠎ᠶ᠋ᠢ ᠵᠣᠷᠢᠭ᠍ᠵᠢᠭᠤᠯᠵᠤ᠂ ᠲᠠᠷᠢᠶᠠᠯᠠᠩ᠎ᠤᠨ ᠮᠠᠱᠢᠨ᠎ᠤ ᠠᠵᠤ ᠠᠬᠤᠢᠯᠠᠯ᠎ᠤᠨ ᠣᠶᠤᠨᠴᠢ ᠲᠠᠷᠢᠶᠠᠯᠠᠩ᠎ᠤᠨ ᠮᠠᠱᠢᠨ ᠪᠠ ᠣᠶ ᠱᠢᠭᠤᠶ᠎ᠶ᠋ᠢᠨ ᠮᠠᠱᠢᠨ᠎ᠢ ᠰᠤᠳᠤᠯᠤᠨ ᠨᠡᠭᠡᠭᠡᠬᠦ᠌᠎ᠶ᠋ᠢ ᠳᠡᠮᠵᠢᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠦᠢᠯᠡᠴᠢᠯᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ 《 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 110》 ᠦᠢᠯᠡᠴᠢᠯᠡᠭᠡᠨ᠎ᠦ ᠵᠠᠭ᠍ᠪᠤᠷ᠎ᠢ ᠳᠡᠯᠭᠡᠷᠡᠭᠦᠯᠵᠦ᠍᠂ ᠨᠡᠩ ᠣᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠬᠴᠢ ᠎ᠶ᠋ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠬᠦ ᠪᠡᠷ  ᠰᠣᠩᠭᠣᠨ ᠲᠣᠮᠢᠯᠠᠵᠤ᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠵᠢᠨ ᠲᠦᠬᠦᠭᠡᠷᠦᠮᠵᠢᠲᠦ ᠲᠠᠷᠢᠶᠠᠯᠠᠩ ᠬᠢᠭᠡᠳ ᠲᠣᠨᠣᠭ ᠲᠥᠬᠥᠭᠡᠷᠦᠮᠵᠢ ᠵᠡᠷᠭᠡ ᠲᠤᠰᠭᠠᠶ ᠮᠡᠷᠭᠡᠵᠢᠯ᠎ᠢ ᠨᠡᠮᠡᠵᠦ᠍ ᠪᠠᠢᠷᠢᠯᠠᠭᠤᠯᠬᠤ᠎ᠶ᠋ᠢ ᠵᠣᠷᠢᠭ᠍ᠵᠢᠭᠤᠯᠤᠨ᠂ 《ᠭᠤᠷᠪᠠ᠎ᠶ᠋ᠢ ᠳᠡᠮᠵᠢᠵᠦ᠍ ᠨᠢᠭᠡ᠎ᠶ᠋ᠢ ᠲᠡᠳᠬᠦᠬᠦ᠌ 》᠂ ᠤᠶᠤᠲᠠᠳ ᠰᠠᠢᠨ ᠳᠤᠷ᠎ᠠ᠎ᠡᠴᠡ᠎ᠪᠠᠨ ᠪᠠᠷᠠᠭᠤᠨ ᠣᠷᠣᠨ᠎ᠳᠤ ᠦᠢᠯᠡᠴᠢᠯᠡᠬᠦ᠌ ᠵᠡᠷᠭᠡ ᠦᠨᠳᠦᠰᠦᠨ ᠱᠠᠲᠤᠨ᠎ᠤ ᠦᠢᠯᠡᠴᠢᠯᠡᠭᠡᠨ᠎ᠦ ᠲᠥᠷᠥᠯ ᠵᠦᠢᠯ᠎ᠢ ᠬᠡᠷᠡᠭ᠌ᠵᠢᠭᠦᠯᠵᠦ᠍ ᠂ ᠨᠡᠩ ᠣᠯᠠᠨ 《 ᠱᠢᠨ᠎ᠡ ᠲᠠᠷᠢᠶᠠᠴᠢᠨ 》  ᠢ᠋ ᠬᠥᠮᠦᠵᠢᠭᠦᠯᠦᠨ᠎ᠡ᠃

ᠳᠥᠷᠪᠡ᠎ᠳᠦ ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠪᠦᠳᠦᠬᠡᠭᠳᠡᠬᠦᠨ ᠎ᠤ ᠲᠥᠷᠥᠯ ᠲᠡᠮᠳᠡᠭ᠌᠎ᠢ᠎ᠱᠢᠯᠢᠳᠡᠭ᠌ᠵᠢᠭᠦᠯᠦᠨ᠎ᠡ᠃ ᠶᠡᠷᠦᠩᠬᠡᠶ ᠱᠦᠵᠢ ᠰᠢ ᠵᠢᠨ ᠫᠢᠩ 2019 ᠣᠨ᠎ᠳᠤ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂ ᠥᠪᠥᠷ ᠮᠣᠩᠭᠣᠯ᠎ᠤᠨ ᠮᠠᠰᠢ ᠣᠯᠠᠨ 《ᠬᠤᠪᠤᠷ ᠴᠤᠬᠠᠭ ᠵᠦᠢᠯ᠎ᠢ ᠬᠠᠷᠠᠬᠠᠨ ᠲᠠᠨᠢᠵᠤ ᠢᠯᠡᠷᠡᠭᠦᠯᠦᠭᠡᠳᠦᠢ ᠪᠠᠢᠭ᠍ᠰᠠᠭᠠᠷ 》᠂ 《ᠰᠠᠢᠨ ᠶᠠᠭᠤᠮ᠎ᠠ᠎ᠶ᠋ᠢ ᠦᠨᠳᠦᠷ ᠦᠨ᠎ᠡ ᠳ᠋ᠤ ᠬᠦᠷᠭᠡᠵᠦ ᠳᠡᠢᠯᠬᠦ᠌ ᠥᠬᠡᠶ ᠪᠠᠢᠨ᠎ᠠ 》᠂ ᠪᠢᠳᠡ ᠨᠢᠭᠡ ᠲᠠᠯ᠎ᠠ᠎ᠪᠠᠷ ᠡᠳ᠋ᠱᠢᠭᠦᠯᠵᠦ᠍ ᠤᠨᠳᠤᠤᠱᠢᠭᠤᠯᠬᠤ᠎ᠶ᠋ᠢ ᠠᠳᠭᠤᠵᠤ᠂ ᠨᠥᠭᠥᠭᠡ ᠲᠠᠯ᠎ᠠ᠎ᠪᠠᠷ ᠲᠦᠷᠦᠯ ᠲᠡᠮᠳᠡᠭ᠌ᠵᠢᠬᠦᠯᠦᠨ ᠡᠵᠡᠩᠨᠡᠨ ᠪᠣᠷᠣᠯᠠᠭᠤᠯᠬᠤ᠎ᠶ᠋ᠢ ᠠᠳᠭᠤᠵᠤ᠂ 《ᠶᠠᠭᠤ ᠳᠠᠷᠢᠪᠠᠯ ᠶᠠᠭᠤ᠎ᠶ᠋ᠢ ᠬᠤᠳᠠᠯᠳᠤᠬᠤ᠂ ᠶᠠᠭᠤ ᠲᠡᠵᠢᠭᠡᠪᠡᠯ ᠶᠠᠭᠤ᠎ᠶ᠋ᠢ ᠬᠤᠳᠠᠯᠳᠤᠬᠤ 》 ᠪᠠᠢᠳᠠᠯ᠎ᠢ ᠳᠠᠷᠤᠶ ᠲᠦᠷᠭᠡᠨ ᠬᠤᠪᠢᠷᠠᠭᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃ ᠡᠳ᠋ᠱᠢᠭᠦᠯᠬᠦ᠌ ᠭᠣᠭ᠍ᠴᠣᠭ᠎ᠠ᠎ᠶ᠋ᠢᠨ ᠲᠠᠯ᠎ᠠ᠎ᠪᠠᠷ᠂ ᠳᠠᠷᠢᠵᠤ ᠲᠡᠵᠢᠭᠡᠬᠦ᠌ ᠡᠳ᠋ᠱᠢᠭᠦᠯᠬᠦ᠌ ᠪᠣᠷᠣᠯᠠᠭᠤᠯᠬᠤ᠎ᠶ᠋ᠢ ᠨᠢᠭᠡ ᠴᠤᠬ᠍ᠴᠠᠵᠢᠭᠤᠯᠬᠤ ᠵᠢ ᠠᠬᠢᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠢᠳᠡᠭᠡᠨ᠎ᠢ ᠨᠠᠷᠢᠯᠢᠭ ᠡᠳ᠋ᠱᠢᠭᠦᠯᠬᠦ᠌᠎ᠶ᠋ᠢ ᠶᠡᠬᠡ᠎ᠪᠡᠷ ᠬᠥᠭ᠌ᠵᠢᠭᠦᠯᠵᠦ᠍᠂ ᠲᠠᠭᠠᠯᠳᠠ ᠪᠦᠲᠦᠭᠡᠭ᠌ᠳᠡᠬᠦᠨ᠎ᠢ ᠥᠨᠳᠥᠷ ᠦᠷᠳᠡᠭ᠎ᠢᠶᠡᠷ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠨ᠂ 《ᠡᠬᠢᠨ᠎ᠤ ᠪᠦᠳᠦᠬᠡᠭᠳᠡᠬᠦᠨ᠎ᠢᠶᠡᠷ ᠭᠤᠤᠯ ᠪᠤᠯᠭᠠᠬᠰᠠᠨ》 ᠳᠤᠲᠠᠭᠤᠳᠠᠯ᠎ᠢ ᠱᠢᠢᠳᠪᠦᠷᠢᠯᠡᠨ᠎ᠠ᠃ ᠵᠠᠬ᠎ᠠ ᠳᠡᠯᠭᠡᠭᠦᠷ᠎ᠢ ᠨᠡᠭᠡᠭᠡᠨ ᠦᠷᠭᠡᠳᠬᠡᠬᠦ ᠲᠠᠯ᠎ᠠ᠎ᠪᠠᠷ᠂ ᠵᠣᠷᠢᠭ᠍ᠲᠠᠶ᠎ᠪᠠᠷ 《ᠭᠠᠳᠠᠭ᠍ᠰᠢ ᠭᠠᠷᠴᠤ᠌》᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡ ᠭᠠᠵᠠᠷ ᠲᠤ᠌ ᠬᠡᠷᠡᠭᠯᠡᠭᠴᠢᠳ ᠲᠠᠢ ᠤᠢᠷᠠᠬᠠᠨ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ ᠶ᠋ᠢ ᠨᠢᠲᠤᠯᠵᠤ ᠡᠳ᠋ᠱᠢᠭᠦᠯᠬᠦ᠌ ᠲᠥᠪ ᠪᠠᠢᠭᠤᠯᠬᠤ᠎ᠶ᠋ᠢ ᠳᠡᠮᠵᠢᠵᠦ᠍᠂ ᠲᠠᠯ᠎ᠠ ᠨᠤᠲᠤᠭ᠎ᠤᠨ ᠠᠮᠲᠠᠲᠤ ᠢᠳᠡᠭᠡᠨ᠎ᠢ ᠬᠦᠯᠳᠡᠬᠡᠭᠰᠡᠨ ᠰᠣᠷᠭᠣᠭ ᠮᠢᠬ᠎ᠠ᠂ ᠰᠢᠨᠡᠭᠡᠨ ᠨᠢᠳᠤᠯᠤᠬᠰᠠᠨ ᠰᠢᠨ᠎ᠠ ᠰᠣᠷᠭᠣᠭ ᠮᠢᠬᠠᠨ᠎ᠤ ᠬᠡᠯᠪᠡᠷᠢ᠎ᠪᠡᠷ ᠪᠥᠬᠥ᠌ ᠤᠯᠤᠰ᠎ᠤᠨ ᠬᠡᠷᠡᠭ᠌ᠯᠡᠭ᠌ᠴᠢᠳ᠎ᠦᠨ ᠬᠣᠭᠣᠯᠠᠨ ᠱᠢᠷᠡᠭᠡᠨ ᠎ᠳᠦ ᠱᠢᠭᠤᠳ ᠬᠦᠷᠭᠡᠨ᠎ᠠ᠃ ᠲᠦᠷᠥᠯ ᠲᠡᠮᠳᠡᠭ᠌ ᠎ᠢ ᠡᠬᠦᠳᠬᠦ ᠎ᠲᠠᠯ᠎ᠠ᠎ᠪᠠᠷ᠂  ᠥᠪᠥᠷ ᠮᠣᠩᠭᠣᠯ》 ᠨᠡᠷᠡᠮᠵᠢᠲᠦ᠎ᠲᠦᠷᠦᠯ ᠲᠡᠮᠳᠡᠭ ᠶ᠋ᠢᠡᠷ ᠤᠳᠤᠷᠢᠳᠤᠮᠵᠢ ᠪᠣᠯᠭᠠᠵᠤ᠂ ᠣᠯᠠᠨ ᠤᠯᠤᠰ᠎ᠤᠨ ᠪᠠᠷᠢᠮᠵᠢᠶ᠎ᠠ᠎ᠯᠤᠭ᠎ᠠ ᠵᠣᠯᠭᠠᠭᠤᠯᠬᠤ᠎ᠶ᠋ᠢ ᠠᠬᠢᠭᠤᠯᠤᠨ᠂ ᠦᠬᠡᠷ᠎ᠦᠨ ᠮᠢᠬ᠎ᠠ᠂ ᠬᠣᠨᠢᠨ ᠮᠢᠬ᠎ᠠ᠂ ᠪᠢᠱᠢᠯᠠᠭ ᠂ ᠡᠯᠳᠡᠪ ᠠᠮᠤ᠂ ᠬᠦᠢᠲᠡᠨ ᠰᠡᠷᠢᠭᠦᠨ ᠤᠷᠤᠨ ᠤ᠋ ᠢᠳᠡᠱᠢᠨ ᠨᠣᠭᠣᠭ᠎ᠠ ᠵᠡᠷᠭᠡ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ ᠎ᠢ ᠭᠣᠣᠯᠳᠠᠯᠭ᠎ᠠ᠎ᠲᠠᠶ ᠡᠬᠦᠳᠬᠦ ᠬᠡᠷᠡᠭᠲᠡᠢ ᠃ ᠡᠵᠡᠩᠨᠡᠨ ᠪᠣᠷᠣᠯᠠᠭᠤᠯᠬᠤ ᠠᠷᠭ᠎ᠠ ᠵᠠᠮ᠎ᠤᠨ ᠲᠠᠯ᠎ᠠ᠎ᠪᠠᠷ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ᠎ᠳᠤ ᠵᠡᠷᠭᠡ ᠪᠡᠷ ᠬᠦᠴᠦᠯᠡᠵᠦ᠍᠂ ᠪᠥᠬᠥ᠌ ᠤᠯᠤᠰ᠎ᠤᠨ ᠭᠤᠤᠯ ᠪᠣᠯᠬᠤ ᠬᠡᠷᠡᠭ᠌ᠯᠡᠭᠡ᠎ᠶ᠋ᠢᠨ ᠬᠣᠲᠠ᠎ᠳᠤ ᠡᠵᠡᠩᠨᠡᠨ ᠪᠣᠷᠣᠯᠠᠭᠤᠯᠬᠤ ᠲᠥᠪ᠎ᠢ ᠪᠠᠢᠷᠢᠱᠢᠭᠤᠯᠤᠨ᠂ ᠬᠡᠷᠡᠭᠯᠡᠭᠴᠢ ᠲᠠᠢ ᠤᠢᠷᠠᠬᠠᠨ ᠬᠥᠮᠥᠷᠭᠡ᠎ᠶ᠋ᠢ ᠬᠠᠮᠲᠤ ᠪᠠᠷ ᠡᠳ᠋ᠯᠡᠬᠦ ᠶ᠋ᠢᠨ ᠬᠠᠮᠲᠤ᠂《ᠢᠨᠲ᠋ᠧᠷ ᠰᠦᠯᠵᠢᠶ᠎ᠡ +》᠎ᠶ᠋ᠢ ᠲᠣᠰᠭᠣᠨ᠎ᠡᠴᠡ ᠭᠠᠷᠭᠠᠵᠤ ᠬᠣᠲᠠ ᠳ᠋ᠤ ᠣᠷᠣᠭᠤᠯᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ 《ᠥᠪᠥᠷ ᠮᠣᠩᠭᠣᠯ᠎ᠤᠨ ᠲᠠᠯ᠎ᠠ ᠨᠤᠲᠤᠭ᠎ᠤᠨ ᠬᠠᠢᠷ᠎ᠠ 》 ᠡᠬᠢ ᠢᠷᠡᠯᠳᠡ ᠵᠢ ᠮᠥᠷᠳᠡᠬᠦ ᠱᠢᠭᠤᠳ ᠨᠡᠪᠲᠡᠷᠡᠭᠦᠯᠭᠡ ᠵᠡᠷᠭᠡ ᠠᠵᠢᠯᠯᠠᠭ᠎ᠠ᠎ᠪᠠᠷ ᠳᠠᠮᠵᠢᠨ᠂ ᠦᠵᠡᠭ᠌ᠳᠡᠯ᠎ᠦᠨ ᠲᠠᠰ᠎ᠤᠨ ᠮᠠᠯ ᠠᠵᠤ ᠠᠬᠤᠶ ᠲᠠᠷᠢᠶᠠᠯᠠᠩ᠎ᠤᠨ ᠱᠢᠨ᠎ᠡ ᠵᠠᠭᠤᠴᠢᠯᠠᠭᠤᠷ᠎ᠤᠨ IP ᠎ᠶ᠋ᠢ ᠪᠣᠶ ᠪᠣᠯᠭᠠᠨ᠎ᠠ᠃ ᠲᠠᠪᠴᠠᠩ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ᠂ ᠮᠤᠵᠢ ᠶᠠᠮᠤᠨ ᠬᠠᠮᠳᠤᠷᠠᠨ ᠦᠬᠡᠷ ᠬᠣᠨᠢᠨ ᠮᠢᠬᠠᠨ ᠎ᠤ ᠭᠠᠷᠤᠯᠲᠠ᠎ᠶ᠋ᠢᠨ ᠣᠷᠣᠨ᠎ᠤ ᠵᠠᠬ᠎ᠠ ᠳᠡᠯᠭᠡᠭᠦᠷ᠎ᠢ ᠪᠠᠢᠭᠤᠯᠬᠤ ᠎ᠶ᠋ᠢ ᠠᠬᠢᠭᠤᠯᠵᠤ᠂ ᠠᠷᠠᠯᠵᠢᠶᠠᠨ ᠎ᠤ ᠬᠡᠮᠵᠢᠶ᠎ᠡ᠎ᠶ᠋ᠢ 100 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠨ᠎ᠠ᠃ ᠤᠯᠤᠰ᠎ᠤᠨ ᠭᠤᠤᠯ ᠪᠤᠯᠬᠤ ᠬᠦᠢᠲᠡᠨ ᠬᠡᠯᠬᠢᠶᠡᠲᠦ ᠪᠠᠷᠠᠭ᠎ᠠ᠎ᠶ᠋ᠢᠨ ᠭᠦᠢᠯᠭᠡᠭᠡ ᠵᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠴᠢᠳᠠᠪᠤᠷᠢᠲᠠᠨ᠎ᠢ ᠪᠤᠢᠵᠢᠭᠤᠯᠬᠤ ᠠᠵᠢᠯᠯᠠᠭ᠎ᠠ ᠥᠷᠨᠢᠭᠦᠯᠦᠨ᠂ ᠣᠨᠴᠠᠯᠢᠭ᠍ᠲᠤ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭᠠᠳᠤ᠎ᠳᠤ ᠭᠠᠷᠭᠠᠬᠤ ᠬᠡᠪᠴᠢᠶ᠎ᠡ᠎ᠶ᠋ᠢ ᠥᠷᠭᠡᠳᠭᠡᠨ᠎ᠡ᠃

ᠭᠤᠷᠪᠠ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠭᠡᠢᠯᠡᠬᠦ᠌ ᠪᠠᠢᠩᠭᠤᠵᠢᠭ᠍ᠰᠠᠨ ᠲᠣᠭ᠍ᠲᠡᠴᠡ᠎ᠶ᠋ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠤᠨ᠎ᠠ

2026 ᠣᠨ ᠪᠣᠯ ᠱᠢᠯᠵᠢᠯᠲᠡ᠎ᠶ᠋ᠢᠨ ᠬᠤᠭᠤᠴᠠᠭ᠎ᠠ ᠳᠠᠭᠤᠰᠤᠭ᠍ᠰᠠᠨ᠎ᠤ ᠳᠠᠷᠠᠭ᠎ᠠ ᠪᠠᠢᠩᠭᠤᠵᠢᠭᠤᠯᠤᠨ ᠬᠠᠪᠰᠤᠷᠤᠨ ᠲᠡᠳᠬᠦᠬᠦ ᠱᠠᠳᠤᠨ᠎ᠳᠤ ᠤᠷᠤᠬ᠍ᠰᠠᠨ ᠠᠩᠬᠠᠨ᠎ᠤ ᠵᠢᠯ ᠪᠣᠯᠤᠨ᠎ᠠ᠂ ᠡᠯ᠎ᠡ ᠭᠠᠵᠠᠷ᠎ᠤᠨ ᠬᠢᠨ ᠠᠵᠢᠯ᠎ᠤᠨ ᠬᠠᠷᠢᠭᠤᠴᠠᠯᠭ᠎ᠠ᠎ᠪᠠᠨ ᠦᠷᠭᠦᠯᠵᠢᠯᠡᠨ ᠴᠢᠩᠭᠠᠳᠭᠠᠨ ᠪᠣᠳᠠᠲᠠᠢᠵᠢᠭᠤᠯᠵᠤ᠂ ᠪᠠᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠨᠢᠭᠡᠳᠦᠯᠲᠡᠢ ᠲᠥᠯᠥᠪᠵᠢᠭᠦᠯᠦᠨ ᠬᠡᠷᠡᠭ᠌ᠵᠢᠭᠦᠯᠬᠦ᠌ ᠬᠡᠪᠴᠢᠶᠠᠨ᠎ᠳᠦ ᠣᠷᠣᠭᠤᠯᠵᠤ᠂ ᠲᠦᠷᠦ᠍᠎ᠶ᠋ᠢᠨ ᠪᠤᠳᠤᠯᠭ᠎ᠠ ᠪᠠ ᠠᠵᠢᠯ᠎ᠤᠨ ᠵᠣᠯᠭᠠᠯᠴᠠᠭ᠎ᠠ᠎ᠶ᠋ᠢ ᠰᠠᠢᠲᠤᠷ ᠬᠢᠵᠦ᠍᠂ ᠲᠣᠭ᠍ᠲᠠᠭᠤᠨ ᠶ᠋ᠢᠡᠷ ᠱᠢᠯᠵᠢᠬᠦ᠌᠎ᠶ᠋ᠢ ᠦᠨᠡᠨ ᠬᠦ᠌ ᠪᠠᠲᠤᠯᠠᠵᠤ᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ 《 ᠬᠡᠷᠡᠭ᠌ᠵᠢᠭᠦᠯᠬᠦ᠌ ᠰᠠᠨᠠᠯ 》 ᠨᠢ ᠪᠠᠢᠩᠭᠤᠵᠢᠭᠤᠯᠤᠨ ᠬᠠᠪᠰᠤᠷᠤᠨ ᠲᠡᠳᠬᠦᠬᠦ᠌᠎ᠳᠦ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍ ᠂ ᠡᠯ᠎ᠡ ᠵᠦᠶ᠋ᠯ᠎ᠦᠨ ᠢᠵᠢ ᠪᠥᠷᠢᠳᠦᠭᠦᠯᠦᠭᠰᠡᠨ ᠲᠥᠷᠥ᠎ᠶ᠋ᠢᠨ ᠪᠣᠳᠣᠯᠭ᠎ᠠ᠎ᠶ᠋ᠢ ᠴᠤ᠌ ᠱᠠᠯᠠᠪᠳᠠᠨ ᠲᠣᠭ᠍ᠲᠠᠭᠠᠵᠤ ᠪᠠᠢᠨ᠎ᠠ᠃

ᠨᠢᠭᠡ᠎ᠳᠦ᠂ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠲᠠᠯ᠎ᠠ᠎ᠪᠠᠷ᠂ ᠲᠣᠭ᠍ᠲᠠᠭᠤᠨ᠎ᠤ ᠳᠤᠮᠳᠠ ᠠᠬᠢᠯᠲᠠ ᠲᠠᠢ᠂ ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠌᠎ᠵᠢ ᠪᠠᠷᠢᠮᠲᠠᠯᠠᠬᠤ ᠬᠡᠷᠡᠭ᠌ᠲᠡᠢ᠃ ᠡᠳ᠋᠎ᠦᠨ ᠵᠠᠰᠠᠭ᠎ᠤᠨ ᠣᠷᠣᠭᠤᠯᠤᠯᠲᠠ᠂ ᠮᠥᠩᠭᠥᠨ ᠭᠦᠢᠯᠭᠡᠭᠡᠨ᠎ᠦ ᠳᠡᠮᠵᠢᠯᠭᠡ᠂ ᠡᠬᠢ ᠪᠠᠶᠠᠯᠢᠭ᠎ᠤᠨ ᠡᠯᠧᠮᠧᠨ᠋ᠲ᠎ᠦᠨ ᠲᠤᠬᠢᠷᠠᠭᠤᠯᠤᠯᠳᠠ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠶᠡᠷᠦᠩᠬᠡᠢ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠢᠮᠠᠭ ᠬᠣᠲᠠ᠎ᠶ᠋ᠢᠨ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠪᠠᠯᠠ ᠮᠥᠩᠭᠥ᠎ᠶ᠋ᠢᠨ ᠣᠷᠣᠭᠤᠯᠤᠯᠲᠠ᠎ᠶ᠋ᠢᠨ ᠡᠷᠴᠢᠮ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠬᠣᠱᠢᠭᠤ ᠱᠢᠶᠠᠨ᠎ᠨᠢ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠬᠡᠷᠡᠭ᠌ᠴᠡᠭᠡ ᠵᠢᠴᠢ ᠡᠳ᠋᠎ᠦᠨ ᠬᠦᠴᠦᠨ᠎ᠦ ᠪᠠᠢᠳᠠᠯ᠎ᠢᠶᠠᠨ ᠦᠨᠳᠦᠰᠦᠯᠡᠨ ᠬᠠᠪᠰᠤᠷᠤᠨ ᠲᠡᠳᠬᠦᠬᠦ᠌ ᠪᠠᠯᠠ ᠮᠥᠩᠭᠥ᠎ᠶ᠋ᠢ ᠵᠦᠶ ᠵᠣᠬᠢᠰᠲᠠᠶ ᠳᠣᠭᠢᠷᠠᠭᠤᠯᠤᠨ᠎ᠠ ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ᠎ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠢᠵᠢ ᠪᠦᠷᠢᠳᠦᠭᠦᠯᠦᠭᠰᠡᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠭᠠᠴᠡᠭ᠎ᠠ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶ᠋ᠢ ᠰᠣᠩᠭᠣᠨ ᠲᠣᠮᠢᠯᠠᠬᠤ ᠵᠡᠷᠭᠡ ᠪᠦᠲᠦᠮᠵᠢᠲᠡᠶ ᠠᠵᠢᠯ᠎ᠤᠨ ᠲᠣᠭ᠍ᠲᠡᠴᠡ ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠡᠮᠬᠢ ᠵᠢᠷᠤᠮ᠎ᠲᠠᠶ ᠵᠣᠯᠭᠠᠭᠤᠯᠵᠤ ᠲᠣᠭ᠍ᠲᠠᠭᠤᠨ᠎ᠢᠶᠠᠷ ᠱᠢᠯᠵᠢᠬᠦ᠌᠎ᠶ᠋ᠢ ᠦᠨᠡᠨ᠎ᠬᠦ ᠪᠠᠲᠤᠯᠠᠬᠤ ᠬᠡᠷᠡᠭ᠌ᠲᠡᠶ᠃

ᠬᠣᠶᠠᠷ᠎ᠲᠤ᠂ ᠬᠠᠪᠰᠤᠷᠤᠨ ᠲᠡᠳᠬᠦᠬᠦ᠌ ᠡᠲᠡᠭᠡᠳ᠎ᠦᠨ ᠲᠠᠯ᠎ᠠ᠎ᠪᠠᠷ᠂ ᠬᠢᠨᠠᠨ ᠰᠢᠯᠭᠠᠵᠤ ᠢᠯᠭᠠᠨ ᠲᠠᠨᠢᠬᠤ ᠠᠵᠢᠯ᠎ᠢ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ᠎ᠪᠡᠷ ᠥᠷᠨᠢᠭᠦᠯᠬᠦ᠌ ᠬᠡᠷᠡᠭ᠌ᠲᠡᠶ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠬᠦ᠌ ᠡᠲᠡᠭᠡᠳ᠎ᠢ ᠬᠢᠨᠠᠨ ᠲᠣᠭ᠍ᠲᠠᠭᠠᠬᠤ ᠪᠠᠷᠢᠮᠵᠢᠶ᠎ᠠ᠂ ᠬᠠᠪᠰᠤᠷᠤᠨ ᠲᠡᠳᠬᠦᠬᠦ ᠡᠳᠡᠬᠡᠳ ᠡᠴᠡ ᠭᠠᠷᠭᠠᠬᠤ ᠵᠢᠷᠦᠮ ᠪᠠ ᠠᠷᠭ᠎ᠠ᠎ᠶ᠋ᠢ ᠲᠣᠭ᠍ᠲᠠᠭᠠᠵᠤ᠂ ᠬᠢᠨᠠᠨ ᠰᠢᠯᠭᠠᠬᠤ ᠲᠣᠭ᠍ᠲᠡᠴᠡ᠎ᠶ᠋ᠢ ᠪᠦᠷᠢᠨᠱᠢᠭᠦᠯᠦᠨ᠂ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠬᠦ᠌ ᠡᠲᠡᠭᠡᠳ᠎ᠢ ᠤᠨᠢᠨ ᠲᠡᠬᠡᠷ᠎ᠡ ᠨᠢ ᠬᠠᠪᠰᠤᠷᠤᠨ ᠲᠡᠳᠬᠦᠬᠦ᠌ ᠪᠠ ᠬᠥᠳᠡᠯᠦᠩᠭᠦᠶ᠎ᠪᠡᠷ ᠲᠣᠬᠢᠷᠠᠭᠤᠯᠬᠤ ᠠᠵᠢᠯ᠎ᠢ ᠰᠠᠢᠲᠤᠷ ᠬᠢᠵᠦ᠍᠂ ᠡᠷᠲᠡ  ᠡᠴᠡ ᠢᠯᠡᠷᠡᠭᠦᠯᠦᠨ᠂ ᠡᠷᠲᠡ ᠡᠴᠡ ᠬᠠᠮᠢᠶᠠᠷᠤᠨ᠂ ᠡᠷᠲᠡ ᠬᠠᠪᠰᠤᠷᠤᠨ ᠲᠡᠳᠬᠦᠵᠦ᠍᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭ᠌ᠰᠢᠭᠦᠷᠢ᠎ᠶ᠋ᠢ ᠴᠠᠭ ᠲᠤᠬᠠᠶ᠎ᠳᠤᠨᠢ ᠠᠷᠢᠯᠭᠠᠨ᠎ᠠ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠨ ᠬᠣᠷᠢᠭ᠍ᠯᠠᠬᠤ ᠡᠲᠡᠭᠡᠳ ᠪᠠ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠢ ᠬᠢᠨᠠᠨ ᠰᠢᠯᠭᠠᠵᠤ ᠢᠯᠭᠠᠨ ᠲᠠᠨᠢᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠵᠦ᠍᠂ ᠲᠣᠭ᠎ᠠ ᠪᠠᠷᠢᠮᠲᠠ ᠵᠢ ᠴᠤᠭ᠍ᠯᠠᠭᠤᠯᠤᠨ ᠬᠠᠷᠭᠤᠭᠤᠯᠤᠨ ᠪᠠᠢᠴᠠᠭᠠᠵᠤ ᠳᠠᠪᠬᠤᠷᠳᠠᠨ ᠰᠣᠯᠪᠢᠴᠠᠬᠤ᠎ᠶ᠋ᠢ ᠰᠡᠷᠭᠡᠢᠯᠡᠨ ᠬᠣᠷᠢᠭ᠍ᠯᠠᠨ᠎ᠠ᠃ ᠤᠤᠯ᠎ᠤᠨ ᠲᠠᠩᠰᠠᠯᠠᠵᠤ ᠺᠠᠷᠲ᠋ᠯᠠᠭᠰᠠᠨ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢ ᠬᠠᠪᠰᠤᠷᠤᠨ ᠲᠡᠳᠬᠦᠭ᠌ᠰᠡᠨ ᠦᠷ᠎ᠡ ᠪᠦᠲᠦᠮᠵᠢ ᠪᠣᠯᠤᠨ ᠬᠡᠷ ᠪᠦᠯᠢ᠎ᠶ᠋ᠢᠨ ᠣᠷᠣᠯᠭ᠎ᠠ ᠵᠠᠷᠤᠯᠭ᠎ᠠ᠎ᠶ᠋ᠢᠨ ᠪᠠᠢᠳᠠᠯ᠎ᠢ ᠶᠡᠷᠦᠩᠬᠡᠢᠯᠡᠨ ᠦᠨᠡᠯᠡᠵᠦ᠍᠂ ᠬᠠᠪᠰᠤᠷᠤᠨ ᠲᠡᠳᠬᠦᠬᠦ ᠡᠳᠡᠭᠡᠳ ᠡᠴᠡ ᠭᠠᠷᠭᠠᠬᠤ ᠨᠥᠬᠥᠴᠡᠯ᠎ᠳᠦ ᠨᠡᠢᠴᠡᠪᠡᠯ ᠬᠠᠪᠰᠤᠷᠤᠨ ᠲᠡᠳᠬᠦᠬᠦ᠌᠎ᠡᠳᠡᠭᠡᠳ ᠡᠴᠡ ᠭᠠᠷᠭᠠᠨ᠎ᠠ᠃

ᠭᠤᠷᠪᠠ᠎ᠳᠤ᠂ ᠬᠠᠪᠰᠤᠷᠤᠨ ᠲᠡᠳᠬᠦᠬᠦ᠌ ᠠᠷᠭ᠎ᠠ ᠬᠡᠯᠪᠡᠷᠢ᠎ᠶ᠋ᠢᠨ ᠲᠠᠯ᠎ᠠ᠎ᠪᠠᠷ᠂ ᠠᠵᠤ ᠦᠢᠯᠡᠰ ᠪᠣᠯᠤᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠨᠡᠭᠡᠭᠡᠨ ᠬᠥᠭ᠌ᠵᠢᠭᠦᠯᠬᠦ᠌ ᠬᠡᠯᠪᠡᠷᠢ᠎ᠶ᠋ᠢᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠠᠵᠤ ᠦᠶ᠋ᠯᠡᠰ᠎ᠢᠶᠡᠷ ᠬᠠᠪᠰᠤᠷᠤᠨ ᠲᠡᠳᠬᠦᠬᠦ᠌᠎ᠶ᠋ᠢ ᠡᠷᠦᠬᠡ᠎ᠳᠦ ᠬᠦᠷᠲᠡᠯ᠎ᠡ ᠱᠠᠩᠨᠠᠵᠤ ᠨᠥᠬᠥᠪᠥᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠤᠨ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠬᠡᠢᠯᠡᠬᠦ ᠡᠲᠡᠭᠡᠳ᠎ᠦᠨ ᠡᠵᠡᠩᠨᠡᠯᠳᠠ ᠬᠢᠵᠦ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠡᠮᠵᠢᠵᠦ᠍᠂ ᠨᠡᠢᠭᠡᠮ᠎ᠦᠨ ᠠᠪᠤᠷᠠᠨ ᠲᠤᠰᠠᠯᠠᠯᠲᠠ᠎ᠪᠠᠷ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠪᠠᠳᠠᠷᠠᠭᠤᠯᠤᠨ᠎ᠠ᠃ ᠬᠠᠪᠰᠤᠷᠤᠨ ᠲᠡᠳᠬᠦᠬᠦ᠌ ᠲᠥᠷᠥᠯ ᠵᠦᠶ᠋ᠯ ᠎ᠦᠨ ᠡᠳ᠋ ᠬᠥᠷᠥᠩᠭᠡ᠎ᠶ᠋ᠢ ᠪᠠᠢᠩᠭᠤᠵᠢᠭᠤᠯᠤᠨ ᠬᠢᠨᠠᠨ ᠬᠠᠮᠢᠶᠠᠷᠬᠤ᠎ᠶ᠋ᠢ ᠴᠢᠩᠭᠠᠳᠭᠠᠵᠤ ᠂ ᠣᠲᠣ᠎ᠶ᠋ᠢᠨ ᠪᠠᠢᠭ᠎ᠠ ᠠᠵᠤ ᠦᠶ᠋ᠯᠡᠰ᠎ᠢ ᠪᠡᠬᠢᠵᠢᠭᠦᠯᠬᠦ᠌᠂ ᠲᠠᠰ ᠳᠡᠪᠱᠢᠭᠦᠯᠬᠦ᠌᠂ ᠠᠮᠢᠯᠠᠭᠤᠯᠬᠤ᠂ ᠳᠣᠭᠢᠷᠠᠭᠤᠯᠬᠤ᠎ᠶ᠋ᠢ ᠲᠥᠷᠥᠯ ᠬᠤᠪᠢᠶᠠᠨ ᠠᠬᠢᠭᠤᠯᠵᠤ᠂ ᠲᠦᠷ ᠴᠠᠭ ᠠᠮᠢᠯᠠᠭᠤᠯᠬᠤ᠎ᠳᠤ ᠬᠦᠴᠢᠷᠲᠡᠶ ᠲᠥᠷᠥᠯ ᠵᠦᠶ᠋ᠯ᠎ᠳᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠣᠷᠣᠨ ᠪᠦᠰᠡ᠎ᠶ᠋ᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠲᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠰᠡᠷᠭᠡᠢᠯᠡᠬᠦ᠌ ᠡᠲᠡᠭᠡᠳ᠎ᠢ ᠠᠵᠢᠯ ᠣᠯᠭᠣᠯᠲᠠ᠎ᠪᠡᠷ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠬᠥᠳᠡᠭᠡ ᠲᠣᠰᠭᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠵᠡᠷᠭᠡ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠰᠠᠢᠲᠤᠷ ᠬᠡᠷᠡᠭ᠌ᠯᠡᠨ᠎ᠡ᠃

ᠳᠥᠷᠪᠡ᠂ ᠮᠠᠯᠴᠢᠨ ᠲᠠᠷᠢᠶᠠᠴᠢᠨ ᠤ᠋ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠎ᠶ᠋ᠢ ᠠᠬᠢᠭᠤᠯᠤᠨ᠎ᠠ

ᠮᠠᠯᠴᠢᠨ ᠲᠠᠷᠢᠶᠠᠴᠢᠳ ᠤ᠋ᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠣᠯ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ 》 ᠤ᠋ ᠠᠵᠢᠯ᠎ᠤᠨ ᠢᠮᠠᠭ᠍ᠲᠠ ᠶ᠋ᠢᠨ ᠭᠣᠣᠯ ᠡᠭᠦᠷᠭᠡ ᠪᠣᠯᠬᠤ ᠲᠤᠯᠠ᠂ 《ᠬᠡᠷᠡᠭ᠌ᠵᠢᠭᠦᠯᠬᠦ᠌ ᠰᠠᠨᠠᠯ》 ᠳ᠋ᠤ ᠲᠥᠷᠥ᠎ᠶ᠋ᠢᠨ ᠪᠣᠳᠣᠯᠭ᠎ᠠ᠎ᠪᠠᠷ ᠳᠡᠮᠵᠢᠬᠦ᠌᠂ ᠠᠵᠢᠯ ᠣᠯᠭᠣᠵᠤ ᠣᠷᠣᠯᠭ᠎ᠠ᠎ᠶ᠋ᠢ ᠨᠢ  ᠨᠡᠮᠡᠭ᠌ᠳᠡᠭᠦᠯᠬᠦ᠌᠂ ᠠᠵᠤ ᠦᠢᠯᠡᠰ᠎ᠢᠶᠡᠷ ᠳᠠᠢᠴᠢᠯᠠᠬᠤ᠂ ᠬᠡᠷᠡᠭ᠌ᠯᠡᠭᠡᠨ᠎ᠦ ᠶᠠᠰᠤ ᠴᠢᠨᠠᠷ ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠠᠪᠴᠤ᠌᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠮᠠᠯᠴᠢᠨ ᠲᠠᠷᠢᠶᠠᠴᠢᠳ ᠤ᠋ᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠂ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠬᠦ᠌ ᠬᠠᠨᠳᠤᠰᠢ᠎ᠶ᠋ᠢ ᠲᠣᠭ᠍ᠲᠠᠭᠤᠨ ᠪᠠᠢᠯᠭᠠᠪᠠ᠃

ᠨᠢᠭᠡ᠎ᠳᠦ᠂ ᠮᠠᠯᠴᠢᠨ ᠲᠠᠷᠢᠶᠠᠴᠢᠨ ᠤ᠋ ᠮᠠᠯ ᠮᠠᠯᠵᠢᠵᠤ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭᠠᠯᠠᠨ ᠳᠠᠢᠴᠢᠯᠠᠨ᠎ᠠ᠃ ᠲᠠᠷᠢᠵᠤ ᠲᠡᠵᠢᠭᠡᠬᠦ᠌᠎ᠶ᠋ᠢᠨ ᠠᠱᠢᠭ ᠣᠯᠵᠠᠪᠤᠷᠢ ᠪᠣᠯ ᠮᠠᠯᠴᠢᠨ ᠲᠠᠷᠢᠶᠠᠴᠢᠳ ᠤ᠋ᠨ ᠣᠷᠣᠯᠭ᠎ᠠ᠎ᠶ᠋ᠢᠨ ᠦᠨᠳᠦᠰᠦᠨ ᠵᠦᠢᠯ ᠪᠣᠯᠬᠣᠷ ᠨᠥᠬᠥᠪᠥᠷᠢ᠂ ᠳᠠᠭᠠᠳᠭᠠᠯ᠂ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠵᠡᠷᠭᠡ 《ᠬᠠᠮ ᠠᠷᠭ᠎ᠠ ᠬᠡᠮᠵᠢᠶ᠎ᠡ》 ᠶ᠋ᠢ ᠰᠠᠢᠲᠤᠷ  ᠬᠡᠷᠡᠭᠯᠡᠵᠦ᠂ ᠮᠠᠯᠴᠢᠨ ᠲᠠᠷᠢᠶᠠᠴᠢᠨ ᠳ᠋ᠦ ᠠᠱᠢᠭ ᠬᠦᠷᠲᠡᠭᠡᠬᠦ᠌ ᠡᠯ᠎ᠡ ᠲᠥᠷᠥᠯ᠎ᠦᠨ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠂ ᠴᠠᠭ ᠲᠤᠬᠠᠶ᠎ᠳᠤᠨᠢ ᠭᠦᠢᠴᠡᠳ ᠲᠣᠭ᠎ᠠ᠎ᠪᠠᠷ ᠣᠯᠭᠣᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠤᠷᠪᠠᠨ ᠶᠡᠬᠡ ᠭᠤᠤᠯ ᠠᠮᠤ ᠪᠠ ᠱᠢᠷ᠎ᠠ ᠪᠤᠷᠴᠠᠭ᠎ᠤᠨ ᠳᠠᠭᠠᠳᠭᠠᠯ᠎ᠤᠨ ᠪᠠᠲᠤᠯᠠᠭ᠎ᠠ ᠎ᠶ᠋ᠢ ᠴᠢᠩᠭᠠᠳᠬᠠᠵᠤ᠂ ᠣᠷᠣᠨ ᠨᠤᠲᠤᠭ᠎ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠮᠠᠯ ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭᠳᠡᠭᠦᠨ  ᠤ᠋ ᠳᠠᠭᠠᠳᠭᠠᠯ ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠬᠡᠪᠴᠢᠶ᠎ᠡ᠎ᠶ᠋ᠢ ᠥᠷᠭᠡᠳᠭᠡᠬᠦ᠌ ᠎ᠶ᠋ᠢ ᠳᠠᠮᠵᠢᠵᠤ᠂ ᠮᠠᠯᠴᠢᠨ ᠲᠠᠷᠢᠶᠠᠴᠢᠨ ᠎ᠢ ᠬᠠᠪᠰᠤᠷᠤᠨ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ᠎ᠨᠢ ᠴᠢᠩᠭᠠᠳᠬᠠᠨ᠎ᠠ᠃ ᠮᠠᠯ ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭᠳᠡᠭᠦᠨ ᠤ᠋ ᠵᠠᠬ᠎ᠠ ᠳᠡᠯᠭᠡᠭᠦᠷ ᠎ᠢ ᠬᠢᠨᠠᠨ ᠡᠵᠡᠮᠳᠡᠵᠦ ᠰᠡᠷᠡᠮᠵᠢᠯᠡᠭᠦᠯᠬᠦ᠌᠎ᠶ᠋ᠢ ᠴᠢᠩᠭᠠᠳᠭᠠᠨ᠂ ᠵᠠᠬ᠎ᠠ ᠳᠡᠯᠭᠡᠭᠦᠷᠴᠢᠯᠡᠭᠰᠡᠨ ᠬᠤᠳᠠᠯᠳᠤᠨ ᠠᠪᠬᠤ ᠪᠠ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠬᠤᠳᠠᠯᠳᠤᠨ ᠠᠪᠴᠤ᠌ ᠨᠥᠭᠡᠴᠡᠯᠡᠬᠦ᠌᠎ᠶ᠋ᠢ ᠰᠠᠢᠲᠤᠷ ᠨᠠᠢᠳᠠᠪᠤᠷᠢᠵᠢᠭᠤᠯᠵᠤ ᠂ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭᠳᠡᠭᠦᠨ ᠤ᠋ ᠦᠨ᠎ᠡ ᠬᠠᠩᠰᠢ᠎ᠶ᠋ᠢ ᠵᠦᠢ ᠵᠣᠬᠢᠰᠲᠠᠶ ᠲᠦᠪᠰᠢᠨ᠎ᠳᠦ ᠪᠠᠢᠯᠭᠠᠬᠤ᠎ᠶ᠋ᠢ ᠠᠬᠢᠭᠤᠯᠤᠨ ᠂ 《ᠠᠮᠤ ᠪᠤᠳᠠᠭ᠎ᠠ ᠬᠢᠮᠳᠠᠷᠠᠭᠠᠳ ᠲᠠᠷᠢᠶᠠᠴᠢᠳ ᠤ᠋ᠨ ᠠᠰᠢᠭ ᠲᠤᠰᠠ ᠬᠤᠬᠢᠷᠠᠬᠤ 》 ᠡᠴᠡ ᠰᠡᠷᠭᠡᠢᠯᠡᠬᠦ᠌ ᠬᠡᠷᠡᠭ᠌ᠲᠡᠶ᠃

ᠬᠣᠶᠠᠷ᠎ᠲᠤ᠂ ᠬᠦᠯᠦᠰᠦᠨ ᠮᠠᠯᠴᠢᠨ ᠲᠠᠷᠢᠶᠠᠴᠢᠨ ᠤ᠋ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠬᠤ᠎ᠶ᠋ᠢ ᠠᠬᠢᠭᠤᠯᠤᠨ᠎ᠠ᠃ ᠴᠠᠯᠢᠩ᠎ᠤᠨ ᠴᠢᠨᠠᠷᠲᠠᠶ ᠣᠷᠣᠯᠭ᠎ᠠ ᠪᠣᠯ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢᠨ ᠨᠡᠮᠡᠭᠳᠡᠯ ᠤ᠋ᠨ ᠳᠤᠲᠠᠭᠤᠳᠠᠯ ᠪᠣᠯᠤᠨ᠎ᠠ᠂ ᠮᠠᠯᠴᠢᠨ ᠲᠠᠷᠢᠶᠠᠴᠢᠨ᠎ᠦ ᠭᠠᠳᠠᠭ᠍ᠰᠢ ᠭᠠᠷᠴᠤ᠌ ᠬᠦᠴᠦ᠍ ᠶᠠᠪᠤᠬᠤ ᠪᠠ ᠣᠢᠷ᠎ᠠ ᠬᠠᠪᠢ᠎ᠳᠠᠭᠠᠨ ᠠᠵᠢᠯ ᠤᠯᠬᠤ᠎ᠶ᠋ᠢ ᠢᠳᠡᠪᠬᠢᠲᠡᠶ ᠳᠡᠮᠵᠢᠵᠦ᠍᠂ ᠭᠠᠳᠠᠭ᠍ᠰᠢ ᠭᠠᠷᠴᠤ᠌ ᠬᠦᠴᠦ᠍ ᠶᠠᠪᠤᠬᠤ ᠦᠶ᠋ᠯᠡᠴᠢᠯᠡᠭᠡ ᠪᠠᠲᠤᠯᠠᠭ᠎ᠠ ᠪᠠ ᠨᠤᠲᠤᠭ᠎ᠲᠠᠭᠠᠨ ᠪᠤᠴᠠᠵᠤ ᠠᠵᠢᠯ ᠣᠯᠵᠤ ᠦᠶ᠋ᠯᠡᠰ ᠪᠤᠰᠭᠠᠬᠤ᠎ᠶ᠋ᠢ ᠲᠡᠳᠬᠦᠨ ᠳᠡᠮᠵᠢᠬᠦ᠌ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ᠌ ᠬᠡᠷᠡᠭ᠌ᠲᠡᠶ᠃ ᠨᠢᠭᠡ ᠲᠠᠯ᠎ᠠ᠎ᠪᠠᠷ᠂ 《ᠤᠷᠢᠬᠠᠨ ᠰᠠᠯᠬᠢᠨ ᠤ᠋ ᠠᠵᠢᠯᠯᠠᠭ᠎ᠠ 》 ᠵᠡᠷᠭᠡ ᠦᠶ᠋ᠯᠡᠴᠢᠯᠡᠭᠡ᠎ᠪᠡᠷ ᠳᠠᠮᠵᠢᠭᠤᠯᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠶ᠋ᠢ ᠶᠡᠬᠡ᠎ᠪᠡᠷ ᠳᠡᠮᠵᠢᠵᠦ᠍᠂ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠳᠤ ᠣᠷᠣᠯᠴᠠᠬᠤ᠎ᠶ᠋ᠢ ᠠᠬᠢᠭᠤᠯᠵᠤ ᠂ᠱᠢᠨ᠎ᠡ ᠬᠡᠯᠪᠡᠷᠢ᠎ᠶ᠋ᠢᠨ ᠠᠵᠢᠯ ᠣᠯᠤᠭᠰᠠᠳ  ᠦ᠋ᠨ ᠲᠤᠬᠠᠢᠯᠠᠭᠰᠠᠨ ᠠᠵᠢᠯ᠎ᠦᠨ ᠭᠡᠮᠲᠦᠯ᠎ᠦᠨ ᠪᠠᠲᠤᠯᠠᠭ᠎ᠠ᠎ᠶ᠋ᠢᠨ ᠲᠤᠷᠱᠢᠯᠲᠠ ᠵᠢᠨ ᠴᠡᠭ ᠢ᠋ ᠠᠬᠢᠭᠤᠯᠵᠤ᠂ ᠬᠦᠯᠦᠰᠦᠨ ᠮᠠᠯᠴᠢᠨ ᠲᠠᠷᠢᠶᠠᠴᠢᠨ ᠤ᠋ 《ᠭᠠᠳᠠᠭᠰᠢ ᠭᠠᠷᠴᠤ ᠳᠡᠢᠯᠬᠦ᠌᠂ ᠰᠠᠢᠨ ᠠᠵᠢᠯᠯᠠᠵᠤ ᠳᠡᠢᠯᠬᠦ᠌᠂ ᠬᠤᠷᠭᠤᠳᠠᠨ ᠦᠯᠡᠳᠡᠵᠦ᠍ ᠳᠡᠢᠯᠬᠦ᠌ 》 ᠪᠣᠯᠭᠠᠨ᠎ᠠ; ᠨᠥᠭᠥᠭᠡ ᠲᠠᠯ᠎ᠠ᠎ᠪᠠᠷ᠂ ᠱᠢᠶᠠᠩ ᠲᠣᠰᠭᠣᠨ ᠬᠣᠶᠠᠷ ᠱᠠᠲᠤᠨ᠎ᠤ ᠬᠥᠳᠡᠯᠮᠦᠷᠢ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠬᠤ᠂ ᠥᠪᠡᠷᠲᠡᠭᠡᠨ ᠵᠠᠰᠠᠬᠤ ᠣᠷᠣᠨ᠎ᠤ ᠣᠨ᠎ ᠤ ᠭᠤᠤᠯᠳᠠᠯᠭ᠎ᠠ᠎ᠲᠠᠶ ᠢᠨᠵᠧᠨᠧᠷᠢᠩ᠎ᠦᠨ ᠠᠵᠢᠯ ᠣᠯᠭᠣᠬᠤ᠎ᠪᠠᠷ ᠲᠡᠳᠬᠦᠮᠵᠢ᠎ᠶ᠋ᠢ ᠣᠷᠣᠯᠠᠭᠤᠯᠬᠤ ᠲᠥᠷᠥᠯ ᠵᠦᠶ᠋ᠯ᠎ᠦᠨ ᠨᠠᠷᠢᠨ ᠲᠠᠩᠰᠠ᠎ᠶ᠋ᠢ ᠪᠠᠢᠭᠤᠯᠬᠤ᠂ ᠭᠠᠴᠠᠭ᠎ᠠ ᠲᠣᠰᠭᠣᠨ᠎ᠤ ᠪᠠᠭ᠎ᠠ ᠬᠡᠯᠪᠡᠷᠢ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ᠎ᠢ ᠳᠠᠭᠠᠭᠠᠴᠢᠯᠠᠨ ᠠᠪᠬᠤ᠎ᠶ᠋ᠢ ᠵᠣᠷᠢᠭ᠍ᠵᠢᠭᠤᠯᠬᠤ ᠵᠡᠷᠭᠡ ᠠᠷᠭ᠎ᠠ ᠬᠡᠯᠪᠡᠷᠢ ᠪᠡᠷ ᠬᠡᠰᠡᠭ ᠬᠦᠮᠦᠰ ᠢ᠋  《ᠨᠤᠲᠤᠭ᠎ᠡᠴᠡ᠎ᠪᠠᠨ ᠰᠠᠯᠬᠤ ᠥᠬᠡᠶ ᠴᠦ᠍ ᠣᠷᠣᠯᠭ᠎ᠠ᠎ᠪᠡᠨ ᠨᠡᠮᠡᠭ᠌ᠳᠡᠭᠦᠯᠵᠤ ᠳᠡᠢᠯᠬᠦ 》 ᠪᠤᠯᠭᠠᠨ᠎ᠠ᠃

ᠭᠤᠷᠪᠠ᠎ᠳᠤ᠂ ᠱᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ ᠃ ᠱᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠶ᠋ᠯᠡᠰ ᠪᠣᠯ ᠮᠠᠯᠴᠢᠨ ᠲᠠᠷᠢᠶᠠᠴᠢᠨ ᠤ᠋ ᠲᠤᠬᠠᠢ ᠵᠢᠨ ᠭᠠᠵᠠᠷ᠎ᠲᠠᠭᠠᠨ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢᠨ ᠴᠢᠬᠤᠯᠠ ᠠᠴᠢᠶᠠᠯᠠᠪᠤᠷᠢ ᠪᠣᠯᠤᠨ᠎ᠠ᠃《 ᠨᠢᠭᠡ ᠱᠢᠶᠠᠨ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌ 》 ᠶ᠋ᠢ ᠪᠠᠷᠢᠮᠲᠠᠯᠠᠨ ᠱᠢᠶᠠᠨ᠎ᠤ ᠬᠡᠪᠴᠢᠶᠡᠨ᠎ᠦ ᠣᠨᠴᠠᠯᠢᠭ᠍ᠲᠤ ᠠᠵᠤ ᠦᠶ᠋ᠯᠡᠰ᠎ᠢ ᠪᠤᠵᠠᠭᠠᠢᠷᠠᠭᠤᠯᠵᠤ᠂ ᠬᠥᠳᠡᠯᠮᠦᠷᠢ ᠬᠦᠴᠦ ᠨᠢᠭ᠍ᠲᠠᠷᠠᠭ᠍ᠰᠠᠨ ᠬᠡᠯᠪᠡᠷᠢ᠎ᠶ᠋ᠢᠨ ᠠᠵᠤ ᠦᠶ᠋ᠯᠡᠰ᠎ᠢ ᠱᠢᠶᠠᠨ᠎ᠤ ᠬᠡᠪᠴᠢᠶᠡᠨ᠎ᠳᠦ ᠱᠠᠲᠤ ᠱᠠᠳᠤ ᠪᠡᠷ ᠱᠢᠯᠵᠢᠭᠦᠯᠬᠦ᠌᠎ᠶ᠋ᠢ ᠬᠥᠲᠥᠯᠥᠨ ᠵᠢᠯᠣᠭᠣᠳᠴᠤ᠌᠂ ᠬᠣᠲᠠ᠎ᠶ᠋ᠢᠨ ᠡᠷᠬᠢᠨ ᠲᠣᠭᠣᠷᠢᠨ᠎ᠳᠤ ᠬᠣᠯᠪᠣᠭ᠍ᠳᠠᠯ ᠪᠦᠬᠦᠢ ᠠᠵᠤ ᠦᠶ᠋ᠯᠡᠰ᠎ᠢ ᠪᠠᠢᠷᠢᠱᠢᠭᠤᠯᠬᠤ᠎ᠶ᠋ᠢ ᠳᠡᠮᠵᠢᠵᠦ᠍᠂ ᠮᠠᠯᠴᠢᠨ ᠲᠠᠷᠢᠶᠠᠴᠢᠨ᠎ᠢ ᠬᠡᠷ᠎ᠤ᠋ᠨ ᠵᠢᠡᠨ ᠣᠢᠷᠠᠯᠴᠠᠭ᠎ᠠ ᠠᠵᠢᠯ ᠣᠯᠵᠤ᠂ ᠣᠷᠣᠯᠭ᠎ᠠ᠎ᠪᠡᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠪᠤᠯᠭᠠᠨ᠎ᠠ ᠃ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠢ᠎ᠡ ᠦᠵᠡᠭᠦᠯᠬᠦ᠌ ᠱᠢᠶᠠᠨ᠂ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠵᠡᠷᠭᠡ ᠠᠴᠢᠶᠠᠯᠠᠪᠤᠷᠢ᠎ᠶ᠋ᠢ ᠰᠠᠢᠲᠤᠷ ᠠᠱᠢᠭ᠍ᠯᠠᠵᠤ᠂ ᠨᠠᠷᠢᠯᠢᠭ ᠡᠳ᠋ᠱᠢᠭᠦᠯᠬᠦ᠌ ᠠᠵᠤ ᠠᠬᠤᠢᠯᠠᠯ᠎ᠤᠨ ᠬᠦᠷᠢᠶᠡᠯᠡᠩ ᠲᠣᠭᠣᠷᠢᠭ ᠲᠡᠢᠰᠢ ᠲᠥᠪᠯᠡᠷᠡᠬᠦ᠌᠎ᠶ᠋ᠢ ᠠᠬᠢᠭᠤᠯᠤᠨ᠂ ᠤᠯᠤᠰ᠎ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ᠎ᠦᠨ ᠪᠦᠯᠦᠭ᠌ᠵᠢᠯ᠎ᠢ ᠴᠣᠭ᠍ᠴᠠᠯᠠᠨ᠎ᠠ ᠃ ᠲᠠᠷᠢᠶᠠᠯᠠᠩ᠎ᠤᠨ ᠠᠵᠤ ᠦᠶ᠋ᠯᠡᠰ᠎ᠢᠶᠡᠷ ᠪᠠᠯᠭᠠᠰᠤ᠎ᠶ᠋ᠢ ᠬᠦᠴᠦᠷᠬᠡᠭ᠌ᠵᠢᠭᠦᠯᠬᠦ᠌᠎ᠪᠡᠷ ᠭᠠᠷᠳᠠᠴᠠ ᠪᠣᠯᠭᠠᠨ᠂ ᠲᠦᠭᠦᠬᠡᠶ ᠮᠠᠲ᠋ᠧᠷᠢᠶᠠᠯ᠎ᠤᠨ ᠰᠠᠭᠤᠷᠢᠨ᠂ ᠬᠥᠮᠥᠷᠭᠡᠯᠡᠨ ᠰᠣᠷᠭᠣᠭ ᠶ᠋ᠢᠡᠷ ᠬᠠᠳᠠᠭᠠᠯᠠᠬᠤ᠂ ᠡᠳ᠋ᠱᠢᠭᠦᠯᠦᠨ ᠪᠣᠷᠣᠯᠠᠭᠤᠯᠬᠤ ᠵᠡᠷᠭᠡ ᠳᠤᠲᠠᠭᠤᠳᠠᠯ᠎ᠢ ᠨᠥᠬᠥᠪᠥᠷᠢᠯᠡᠨ᠎ᠡ᠃ ᠣᠶ ᠲᠤᠳᠤᠷᠠᠬᠢ ᠠᠵᠤ ᠠᠬᠤᠶ᠂ ᠣᠶ ᠱᠢᠭᠤᠶ᠎ᠶ᠋ᠢᠨ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ᠎ᠶ᠋ᠢᠨ ᠬᠡᠯᠪᠡᠷᠢ ᠶ᠋ᠢ ᠶᠡᠬᠡ ᠪᠡᠷ ᠬᠥᠭ᠌ᠵᠢᠭᠦᠯᠦᠨ᠎ᠡ᠃

ᠳᠥᠷᠪᠡ᠎ᠳᠦ᠂ ᠬᠥᠳᠡᠭᠡ ᠲᠣᠰᠭᠣᠨ᠎ᠤ ᠬᠡᠷᠡᠭ᠌ᠯᠡᠭᠡ᠎ᠶ᠋ᠢ ᠲᠠᠰ ᠳᠡᠪᠱᠢᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠡᠷᠡᠭ᠌ᠯᠡᠭᠡᠨ᠎ᠦ ᠲᠡᠰ ᠲᠡᠪᠱᠢᠯᠳᠡ ᠨᠢ ᠠᠷᠠᠳ᠎ᠤᠨ ᠠᠮᠢᠳᠤᠷᠠᠯ᠎ᠤᠨ ᠰᠠᠢᠵᠢᠷᠠᠯᠲᠠ ᠪᠣᠯᠬᠤ᠎ᠪᠠᠷ ᠪᠠᠷᠠᠬᠤ ᠦᠭᠡᠢ ᠪᠠᠰᠠ ᠣᠷᠣᠯᠭ᠎ᠠ᠎ᠶ᠋ᠢ ᠨᠢ ᠨᠡᠮᠡᠭ᠌ᠳᠡᠭᠦᠯᠬᠦ᠌ ᠠᠵᠠ ᠲᠣᠬᠢᠶᠠᠯ ᠪᠣᠯᠤᠨ᠎ᠠ᠃ 《ᠥᠪᠥᠷ ᠮᠣᠩᠭᠣᠯ᠎ᠤᠨ ᠪᠡᠯᠡᠭ 》 ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠡᠭᠦᠳᠴᠦ᠍᠂ ᠡᠯᠪᠡᠭ ᠬᠤᠷᠢᠶᠠᠯᠲᠠ᠎ᠶ᠋ᠢᠨ ᠴᠤᠬᠯᠠᠭ᠎ᠠ ᠮᠠᠢᠮᠠᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠦᠶ᠋ᠯᠡᠳᠬᠡᠯ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠶ᠃ ᠱᠢᠶᠠᠩ ᠪᠠᠯᠭᠠᠰᠤ᠎ᠶ᠋ᠢᠨ ᠴᠤᠭ᠍ᠯᠠᠭ᠎ᠠ ᠮᠠᠢᠮᠠᠶ᠎ᠶ᠋ᠢᠨ ᠵᠠᠬ᠎ᠠ ᠳᠡᠯᠭᠡᠭᠦᠷ᠂ ᠲᠣᠰᠭᠣᠨ᠎ᠤ ᠱᠠᠲᠤᠨ᠎ᠤ ᠠᠷᠠᠳ᠎ᠲᠤ ᠲᠥᠬᠥᠮ ᠦᠵᠡᠭᠦᠯᠬᠦ᠌ ᠳᠡᠯᠭᠡᠭᠦᠷ᠎ᠢ ᠱᠢᠨᠡᠳᠭᠡᠨ ᠪᠠᠢᠭᠤᠯᠵᠤ᠂ ᠲᠦᠷᠭᠡᠨ ᠬᠦᠷᠭᠡᠯᠳᠠ ᠶ᠋ᠢᠨ ᠠᠵᠢᠯ ᠲᠥᠷᠥᠯ ᠬᠢᠭᠡᠳ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭ᠎ᠠ᠎ᠶ᠋ᠢᠨ ᠵᠣᠬᠢᠴᠠᠯᠳᠤᠨ ᠬᠥᠭ᠌ᠵᠢᠬᠦ᠌᠂ ᠬᠡᠷᠡᠭ᠌ᠯᠡᠭᠡ᠎ᠶ᠋ᠢᠨ ᠵᠦᠶ᠋ᠯᠡᠰ ᠤ᠋ᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠪᠠ ᠲᠠᠷᠢᠶᠠᠯᠠᠩ᠎ᠤᠨ ᠮᠠᠱᠢᠨ᠎ᠢ ᠬᠡᠷᠡᠭ᠌ᠯᠡᠭᠡᠨ᠎ᠡᠴᠡ ᠭᠠᠷᠭᠠᠵᠤ ᠱᠢᠨᠡᠳᠭᠡᠬᠦ᠌᠎ᠶ᠋ᠢ ᠠᠬᠢᠭᠤᠯᠤᠨ᠂ ᠮᠠᠯᠴᠢᠨ ᠲᠠᠷᠢᠶᠠᠴᠢᠳ᠎ᠢ ᠬᠡᠷ᠎ᠦᠨ ᠡᠭᠦᠳᠡᠨ ᠳ᠋ᠤ᠎ᠪᠡᠨ ᠰᠠᠢᠨ ᠶᠠᠭᠤᠮ᠎ᠠ ᠬᠤᠳᠠᠯᠳᠤᠨ ᠠᠪᠴᠤ᠌ ᠳᠡᠢᠯᠬᠦ᠌᠂ ᠰᠠᠢᠨ ᠦᠶ᠋ᠯᠡᠳᠬᠦᠨ ᠵᠢᠡᠨ ᠬᠤᠳᠠᠯᠳᠤᠨ ᠭᠠᠷᠭᠠᠵᠤ ᠳᠡᠢᠯᠬᠦ᠌ ᠪᠣᠯᠭᠠᠨ᠎ᠠ᠃

ᠲᠠᠪᠤ᠂ ᠠᠵᠢᠯᠯᠠᠬᠤ ᠠᠮᠢᠳᠤᠷᠠᠬᠤ ᠳ᠋ᠤ ᠳᠤᠬᠢᠳᠠᠢ ᠡᠶ᠎ᠠ ᠨᠠᠢᠷᠠᠮᠳᠠᠭᠤ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠤᠨ᠎ᠠ

ᠶᠡᠷᠦᠩᠬᠡᠢ ᠱᠦᠵᠢ ᠰᠢ ᠵᠢᠨ ᠫᠢᠩ ᠂ 《ᠮᠢᠩᠭ᠎ᠠ ᠲᠦᠮᠡ᠎ᠶ᠋ᠢᠨ ᠢᠨᠵᠧᠨᠧᠷᠢᠩ 》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠭᠠᠵᠠᠷ ᠣᠷᠣᠨ ᠎ᠤ ᠪᠠᠢᠳᠠᠯ᠎ᠳᠠᠭᠠᠨ ᠲᠤᠬᠢᠷᠠᠭᠤᠯᠤᠨ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠳᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠵᠠᠰᠠᠯᠲᠠ ᠪᠠ ᠬᠥᠳᠡᠭᠡ ᠲᠣᠰᠭᠣᠨ᠎ᠤ ᠪᠣᠯᠪᠠᠰᠤᠨ ᠰᠤᠷᠲᠠᠯ᠎ᠤᠨ ᠪᠠᠢᠭᠤᠯᠤᠯᠲᠠ᠎ᠶ᠋ᠢᠨ ᠲᠦᠪᠱᠢᠨ ᠢ᠋ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ 《ᠬᠡᠷᠡᠭ᠌ᠵᠢᠭᠦᠯᠬᠦ᠌ ᠰᠠᠨᠠᠯ 》 ᠳ᠋ᠤ ᠮᠠᠯᠴᠢᠨ ᠲᠠᠷᠢᠶᠠᠴᠢᠨ ᠣᠯᠠᠨ ᠲᠦᠮᠡᠨ᠎ᠦ ᠪᠠᠴᠢᠮᠳᠠᠵᠤ ᠲᠦᠪᠡᠭᠰᠢᠶᠠᠵᠤ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠰᠲ᠋ᠧᠮ᠎ᠲᠡᠶ ᠲᠣᠬᠢᠷᠠᠭᠤᠯᠤᠯᠲᠠ ᠬᠢᠵᠦ᠍᠂ ᠨᠠᠩ ᠣᠯᠠᠨ ᠠᠢᠯ ᠲᠣᠰᠭᠣᠨ᠎ᠢ ᠦᠨᠳᠦᠰᠦᠨ᠎ᠳᠡᠭᠡᠨ ᠣᠲᠣ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ᠎ᠲᠡᠶ ᠪᠣᠯᠭᠠᠨ᠎ᠠ ᠭᠡᠵᠠᠢ᠃

ᠨᠢᠭᠡ᠎ᠳᠦ᠂ ᠬᠥᠳᠡᠭᠡ ᠲᠣᠰᠭᠣᠨ᠎ᠤ ᠴᠢᠨᠠᠷ ᠰᠠᠢᠲᠠᠶ ᠠᠮᠢᠳᠤᠷᠠᠯ᠎ᠤᠨ ᠣᠷᠣᠨ ᠵᠠᠶ᠎ᠶ᠋ᠢ ᠪᠤᠢ ᠪᠣᠯᠭᠠᠨ᠎ᠠ᠃ ᠮᠠᠨ᠎ᠤ ᠣᠷᠣᠨ ᠭᠠᠵᠠᠷ ᠠᠭᠤᠳᠠᠮ ᠬᠥᠮᠦᠨ ᠴᠥᠭᠡᠨ ᠪᠣᠯᠬᠣᠷ᠂ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ ᠎ᠳᠤ ᠵᠣᠬᠢᠴᠠᠭᠤᠯᠤᠨ᠂ ᠭᠤᠤᠯ ᠴᠣᠭ᠍ᠴᠠ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ ᠪᠠ ᠲᠣᠰᠭᠣᠨ ᠪᠠᠯᠭᠠᠰᠤ᠎ᠶ᠋ᠢᠨ ᠱᠢᠰᠲ᠋ᠧᠮ ᠤ᠋ᠨ ᠪᠠᠢᠷᠢᠱᠢᠭᠤᠯᠤᠯᠲᠠ᠎ᠳᠤ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠬᠥᠳᠡᠭᠡ ᠲᠣᠰᠭᠣᠨ ᠎ᠤ ᠪᠥᠲᠥᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠲᠥᠷᠥᠯ ᠬᠤᠪᠢᠶᠠᠨ ᠡᠮᠬᠢ ᠵᠢᠷᠤᠮ᠎ᠲᠠᠶ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠬᠡᠷᠡᠭ᠌ᠲᠡᠶ᠃ ᠡᠯ᠎ᠡ ᠭᠠᠵᠠᠷ ᠎ᠤᠨ ᠪᠣᠳᠠᠲᠤ ᠪᠠᠢᠳᠠᠯ ᠪᠣᠯᠤᠨ ᠮᠠᠯᠴᠢᠨ ᠲᠠᠷᠢᠶᠠᠴᠢᠨ᠎ᠤ ᠬᠡᠷᠡᠭ᠌ᠴᠡᠭᠡ ᠱᠠᠭᠠᠷᠳᠠᠯᠭ᠎ᠠ᠎ᠡᠴᠡ ᠡᠭᠦᠰᠴᠦ᠍᠂ 《ᠶᠠᠭᠤ ᠳᠤᠲᠠᠪᠠᠯ ᠶᠠᠭᠤ᠎ᠶ᠋ᠢ ᠨᠥᠬᠥᠪᠥᠷᠢᠯᠡᠬᠦ᠌ 》 ᠶ᠋ᠢ ᠪᠠᠷᠢᠮᠲᠠᠯᠠᠵᠤ ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠴᠠᠬᠢᠯᠭᠠᠨ ᠵᠠᠮ ᠬᠡᠷ ᠪᠠᠢᠱᠢᠩ ᠴᠢᠮᠡᠭᠡ ᠬᠣᠯᠪᠣᠭ᠎ᠠ ᠵᠡᠷᠭᠡ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠪᠦᠳᠦᠭᠡᠨ ᠪᠠᠢᠭᠤᠯᠬᠤ ᠪᠡᠷ ᠪᠠᠷᠠᠬᠤ ᠦᠭᠡᠶ᠂ ᠨᠡᠩ ᠴᠤ᠌ ᠬᠠᠮᠢᠶᠠᠷᠬᠤ ᠬᠡᠷᠡᠭᠳᠡᠢ᠂ ᠱᠢᠶᠠᠨ᠎ᠤ ᠬᠡᠪᠴᠢᠶᠡᠨ᠎ᠦ ᠰᠠᠭᠤᠷᠢ ᠲᠦᠬᠦᠭᠡᠷᠦᠮᠵᠢ᠎ᠶ᠋ᠢ ᠨᠢᠭᠡ ᠴᠣᠭ᠍ᠴᠠᠵᠢᠭᠤᠯᠬᠤ ᠪᠦᠲᠦᠭᠡᠨ ᠪᠠᠢᠭᠤᠯᠤᠯᠲᠠ᠎ᠶ᠋ᠢᠨ ᠬᠠᠮᠢᠶᠠᠷᠴᠤ᠌ ᠬᠠᠮᠠᠭᠠᠯᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠬᠡᠷᠡᠭ᠌ᠲᠡᠶ᠃ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠵᠣᠷᠯᠣᠩ᠎ᠤᠨ ᠬᠤᠪᠢᠰᠭᠠᠯ᠂ ᠠᠢᠯ ᠲᠣᠰᠭᠣᠨ᠎ᠤ ᠠᠷᠢᠭᠤᠨ ᠴᠡᠪᠡᠷ᠎ᠦᠨ ᠠᠵᠢᠯᠯᠠᠭ᠎ᠠ ᠪᠣᠯᠤᠨ ᠠᠮᠢᠳᠤᠷᠠᠯ᠎ᠤᠨ ᠬᠣᠭ ᠨᠣᠪᠰᠢ᠎ᠶ᠋ᠢ ᠲᠥᠪᠯᠡᠷᠡᠭᠦᠯᠦᠨ ᠵᠠᠰᠠᠬᠤ᠎ᠶ᠋ᠢ ᠠᠬᠢᠭᠤᠯᠵᠤ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠵᠤ ᠰᠠᠢᠵᠢᠷᠠᠭᠤᠯᠬᠤ ᠶ᠋ᠢ ᠭᠦᠨᠵᠡᠭᠡᠢᠷᠡᠭᠦᠯᠤᠨ ᠂ ᠮᠠᠯᠴᠢᠨ ᠲᠠᠷᠢᠶᠠᠴᠢᠨ ᠤᠯᠠᠨ ᠲᠦᠮᠡᠨ᠎ᠳᠦ ᠲᠠᠭᠠᠱᠢᠶᠠᠭ᠍ᠳᠠᠬᠤ᠂ ᠪᠣᠳᠠᠲᠤ ᠠᠱᠢᠭ ᠬᠦᠷᠲᠡᠭᠡᠬᠦ᠌᠎ᠶ᠋ᠢ ᠪᠠᠲᠤᠯᠠᠬᠤ ᠬᠡᠷᠡᠭ᠌ᠲᠡᠢ᠃

ᠬᠣᠶᠠᠷ᠎ᠲᠤ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠦᠨ᠎ᠡ ᠃ ᠮᠠᠯᠴᠢᠨ ᠲᠠᠷᠢᠶᠠᠴᠢᠨ ᠤᠯᠠᠨ ᠲᠦᠮᠡᠨ᠎ᠤ ᠰᠤᠷᠭᠠᠭᠤᠯᠢ᠎ᠳᠤ ᠰᠠᠭᠤᠬᠤ᠂ ᠡᠪᠡᠳᠴᠢᠨ ᠦᠵᠡᠭᠦᠯᠬᠦ᠌ ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠷᠭᠦᠯᠵᠢᠯᠡᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠰᠤᠷᠭᠠᠨ ᠬᠥᠮᠦᠵᠢᠯ ᠎ᠦᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠰᠤᠷᠭᠠᠭᠤᠯᠢ᠎ᠶ᠋ᠢᠨ ᠪᠠᠢᠷᠢᠱᠢᠭᠤᠯᠤᠯᠲᠠ᠎ᠶ᠋ᠢ ᠯᠠᠪᠳᠠᠭᠤᠨ ᠪᠣᠯᠭᠣᠮᠵᠢᠲᠠᠶ ᠱᠢᠯᠢᠳᠡᠭ᠌ᠵᠢᠭᠦᠯᠵᠦ᠂ ᠴᠢᠬᠤᠯᠠ ᠪᠥᠬᠥᠶ ᠰᠤᠮᠤ ᠱᠢᠶᠠᠩ ᠪᠠᠯᠭᠠᠰᠤ᠎ᠶ᠋ᠢᠨ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ ᠪᠠ ᠵᠢᠭᠠᠨ ᠰᠤᠷᠭᠠᠯᠲᠠ᠎ᠶ᠋ᠢᠨ ᠴᠡᠭ ᠎ᠢ ᠰᠠᠢᠲᠤᠷ ᠡᠷᠭᠢᠯᠡᠨ᠂ ᠱᠢᠶᠠᠨ᠎ᠤ ᠬᠡᠪᠴᠢᠶᠡᠨ᠎ᠦ ᠡᠩ ᠎ᠦᠨ ᠥᠨᠳᠥᠷ ᠵᠡᠷᠭᠡ ᠎ᠶ᠋ᠢᠨ ᠳᠤᠮᠳᠠᠳᠤ ᠰᠤᠷᠭᠠᠭᠤᠯᠢ ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠥᠷᠨᠢᠭᠦᠯᠦᠨ᠂ ᠬᠣᠲᠠ ᠬᠥᠳᠡᠭᠡ᠎ᠶ᠋ᠢᠨ ᠰᠤᠷᠭᠠᠭᠤᠯᠢ᠎ᠶ᠋ᠢᠨ ᠰᠦᠯᠵᠢᠶᠡᠨ ᠳᠡᠭᠡᠷ᠎ᠡ ᠴᠢᠨᠠᠷ ᠰᠠᠢᠲᠠᠶ ᠬᠢᠴᠢᠶᠡᠯ᠎ᠦᠨ ᠲᠠᠩᠬᠢᠮ᠎ᠢ ᠬᠠᠮᠲᠤ ᠪᠠᠷ ᠡᠳ᠋ᠯᠡᠬᠦ ᠶ᠋ᠢ ᠠᠬᠢᠭᠤᠯᠤᠨ᠎ᠠ᠃ ᠡᠮᠴᠢᠯᠡᠭᠡᠨ᠎ᠦ ᠲᠠᠯ᠎ᠠ᠎ᠪᠠᠷ᠂ ᠱᠢᠶᠠᠨ᠎ᠤ ᠬᠡᠪᠴᠢᠶᠡᠨ᠎ᠦ ᠨᠢᠭ᠍ᠲᠠᠷᠠᠭᠰᠠᠨ ᠮᠠᠶᠢᠭ ᠤ᠋ᠨ ᠡᠮᠴᠢᠯᠡᠭᠡᠨ᠎ᠦ ᠬᠠᠮᠳᠦ ᠵᠢᠨ ᠴᠤᠬᠴᠠ ᠵᠢᠨ ᠪᠠᠢᠭᠤᠯᠤᠯᠲᠠ᠎ᠶ᠋ᠢ ᠠᠬᠢᠭᠤᠯᠵᠤ᠂ ᠬᠣᠲᠠ ᠬᠥᠳᠡᠭᠡ᠎ᠶ᠋ᠢᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠬᠥᠳᠡᠭᠡ ᠲᠣᠰᠭᠣᠨ᠎ᠤ ᠣᠶᠤᠲᠠᠨ ᠡᠮᠴᠢ ᠎ᠶ᠋ᠢᠨ ᠲᠤᠰᠭᠠᠶ ᠲᠥᠯᠥᠪᠯᠡᠭᠡ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠲᠤᠬᠠᠢᠯᠠᠭᠰᠠᠨ ᠠᠵᠢᠯ ᠤ᠋ᠨ ᠶᠡᠬᠡ ᠡᠮᠴᠢ (ᠲᠤᠰᠠᠯᠠᠬᠤ ᠡᠮᠴᠢ)᠎ᠶ᠋ᠢᠨ ᠡᠵᠡᠯᠡᠬᠦ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠨᠠᠰᠤᠵᠢᠯ ᠎ᠤᠨ ᠠᠰᠠᠷᠠᠮᠵᠢ᠎ᠶ᠋ᠢᠨ ᠲᠠᠯ᠎ᠠ᠎ᠪᠠᠷ᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠨᠠᠰᠤᠵᠢᠯ ᠎ᠤᠨ ᠠᠰᠠᠷᠠᠮᠵᠢ᠎ᠶ᠋ᠢᠨ ᠦᠢᠯᠡᠴᠢᠯᠡᠭᠡᠨ ᠎ᠦ ᠲᠣᠣᠷ ᠎ᠢ ᠲᠡᠭᠦᠯᠳᠡᠷᠵᠢᠭᠦᠯᠵᠦ᠍᠂ ᠣᠨᠴᠠᠭᠠᠢ ᠬᠦᠴᠢᠷᠳᠡᠯ᠎ᠲᠡᠶ ᠨᠠᠰᠤᠲᠠᠢᠴᠤᠳ ᠎ᠤᠨ 《ᠰᠡᠳᠭᠢᠯ ᠎ᠢ ᠳᠤᠯᠠᠭᠠᠴᠠᠭᠤᠯᠬᠤ》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠦᠨ᠎ᠡ᠃

ᠭᠤᠷᠪᠠ᠎ᠳᠤ᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠎ᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠎ᠡ᠃ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠱᠠᠩᠨᠠᠯ᠎ᠤᠨ ᠪᠠᠯᠠ ᠮᠥᠩᠭᠥ᠎ᠶ᠋ᠢ ᠣᠯᠭᠣᠬᠤ ᠬᠢᠭᠡᠳ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠬᠣᠯᠪᠣᠭ᠍ᠳᠠᠭᠤᠯᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠮᠠᠯ ᠪᠡᠯᠴᠢᠭᠡᠷ ᠤ᠋ᠨ ᠲᠡᠩᠴᠡᠭᠦᠷᠢ ᠶ᠋ᠢ ᠪᠠᠳᠤᠯᠠᠬᠤ ᠬᠠᠮᠢᠶᠠᠷᠤᠯᠲᠠ᠎ᠶ᠋ᠢ ᠴᠢᠩᠭᠠᠳᠭᠠᠨ᠎ᠠ᠃

ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠬᠥᠷᠥᠰᠥ᠍ ᠱᠢᠷᠣᠶ᠎ᠶ᠋ᠢᠨ ᠬᠦᠨᠳᠦ ᠲᠡᠮᠦᠷᠯᠢᠭ᠎ᠦᠨ ᠪᠣᠬᠢᠷᠲᠤᠯ᠎ᠤᠨ ᠡᠬᠢ ᠡᠭᠦᠰᠦᠯ ᠢ᠋ ᠡᠷᠢᠬᠦ᠌ ᠪᠠ ᠲᠤᠰᠭᠠᠶ ᠵᠦᠶ᠋ᠯ᠎ᠢᠶᠡᠷ ᠴᠡᠭ᠌ᠴᠡᠯᠡᠨ ᠵᠠᠰᠠᠬᠤ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ᠂ ᠮᠠᠯ ᠵᠢᠭᠦᠷᠲᠡᠨ᠎ᠤ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠪᠠ ᠰᠦᠯᠢᠶᠣᠣ ᠪᠦᠷᠬᠦᠪᠴᠢ᠎ᠶ᠋ᠢ ᠪᠤᠴᠠᠭᠠᠨ ᠬᠤᠷᠢᠶᠠᠬᠤ ᠠᠵᠢᠯ᠎ᠢ ᠰᠠᠢᠲᠤᠷ ᠬᠢᠨ᠎ᠠ᠃ ᠡᠰᠢ ᠰᠦᠷᠡᠯ᠎ᠢ ᠪᠣᠷᠳᠣᠭᠠᠵᠢᠭᠤᠯᠬᠤ᠂ ᠪᠣᠷᠳᠣᠭᠤᠷ ᠪᠤᠯᠭᠠᠬᠤ᠎ᠪᠠᠷ ᠭᠣᠣᠯ ᠪᠣᠯᠭᠠᠭ᠍ᠰᠠᠨ ᠶᠡᠷᠦᠩᠬᠡᠢᠯᠡᠨ ᠠᠱᠢᠭ᠍ᠯᠠᠬᠤ ᠠᠵᠢᠯ ᠥᠷᠨᠢᠭᠦᠯᠬᠦ᠌᠎ᠶ᠋ᠢ ᠳᠡᠮᠵᠢᠵᠦ᠍᠂ ᠤᠰᠤᠨ᠎ᠳᠤ ᠠᠭᠤᠰᠭᠤ ᠪᠣᠷᠳᠣᠭᠤᠷ ᠵᠡᠷᠭᠡ ᠱᠢᠨ᠎ᠡ ᠮᠠᠶᠢᠭ᠎ᠦᠨ ᠪᠣᠷᠳᠣᠭᠤᠷ᠎ᠢ ᠳᠡᠯᠭᠡᠷᠡᠭᠦᠯᠦᠨ᠎ᠡ᠃ 《 ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ᠎ᠤᠨ ᠠᠮᠢ ᠠᠬᠤᠢ᠎ᠶ᠋ᠢᠨ ᠵᠠᠰᠠᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠵᠢᠵᠢᠭ ᠰᠠᠪᠠ ᠭᠠᠵᠠᠷ᠎ᠤᠨ ᠬᠥᠷᠥᠰᠥ᠍ ᠱᠢᠷᠣᠢ᠎ᠶ᠋ᠢᠨ ᠢᠳᠡᠭ᠌ᠳᠡᠯ ᠪᠠ ᠢᠳᠡᠭ᠌ᠳᠡᠮᠡᠯ ᠭᠤᠤ᠎ᠵᠢᠨ  ᠵᠠᠰᠠᠯᠲᠠ᠎ᠶ᠋ᠢ ᠴᠢᠩᠭᠠᠳᠭᠠᠨ᠎ᠠ᠃

ᠲᠦᠷᠪᠡ᠎ᠳᠦ᠂ ᠬᠥᠳᠡᠭᠡ ᠲᠣᠰᠭᠣᠨ᠎ᠤ ᠤᠳᠤ ᠦᠶ᠎ᠡ᠎ᠶ᠋ᠢᠨ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠥᠳᠡᠭᠡ ᠲᠣᠰᠭᠣᠨ᠎ᠤ ᠵᠠᠰᠠᠯᠲᠠ ᠨᠢ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠳᠠᠬᠢ ᠲᠥᠷᠥ᠍ ᠪᠠᠷᠢᠬᠤ ᠰᠠᠭᠤᠷᠢ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮ᠎ᠦᠨ ᠠᠮᠤᠷ ᠲᠣᠭ᠍ᠲᠠᠭᠤᠨ᠎ᠲᠠᠶ ᠬᠣᠯᠪᠣᠭ᠍ᠳᠠᠨ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠭ᠍ᠰᠠᠨ ᠥᠪᠡᠷᠲᠡᠭᠡᠨ ᠵᠠᠰᠠᠬᠤ ᠬᠠᠤᠯᠢ᠎ᠪᠠᠷ ᠵᠠᠰᠠᠬᠤ ᠶᠣᠰᠣ ᠮᠣᠷᠠᠯ᠎ᠢᠶᠠᠷ ᠵᠠᠰᠠᠬᠤ᠎ᠶ᠋ᠢ ᠤᠶᠠᠯᠳᠤᠭᠤᠯᠤᠭ᠍ᠰᠠᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠱᠢᠰᠲ᠋ᠧᠮ᠎ᠢ ᠬᠦᠴᠦᠯᠡᠨ ᠪᠦᠷᠢᠨᠱᠢᠬᠦᠯᠬᠦ᠌ ᠬᠡᠷᠡᠭ᠌ᠲᠡᠶ᠃ ᠠᠮᠤᠷ ᠠᠮᠤᠭᠤᠯᠠᠩ ᠬᠠᠤᠯᠢ ᠪᠡᠷ ᠵᠠᠰᠠᠬᠤ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ《ᠹᠧᠩᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌ ᠢᠨᠵᠧᠨᠧᠷᠢᠩ ᠎ᠢ ᠰᠠᠢᠲᠤᠷ ᠬᠡᠷᠡᠭ᠌ᠵᠢᠭᠦᠯᠦᠨ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠨᠡᠢᠭᠡᠮ᠎ᠦᠨ ᠠᠮᠤᠷ ᠲᠦᠪᠱᠢᠨ᠎ᠦ ᠪᠦᠬᠦᠯᠢ ᠴᠣᠭ᠍ᠴᠠ᠎ᠶ᠋ᠢᠨ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠭᠠᠮᠱᠢᠭ᠎ᠤᠨ ᠠᠶᠤᠯ ᠲᠦᠭ᠌ᠰᠢᠭᠦᠷᠢ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠡᠯ᠎ᠡ ᠲᠥᠷᠥᠯ᠎ᠦᠨ ᠠᠮᠤᠷ ᠲᠦᠪᠱᠢᠨ᠎ᠦ ᠡᠨᠳᠡᠯ ᠭᠠᠷᠬᠤ᠎ᠶ᠋ᠢ ᠪᠦᠲᠦᠮᠵᠢᠲᠡᠶ ᠰᠡᠷᠭᠡᠢᠯᠡᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠥᠳᠡᠭᠡ ᠲᠣᠰᠭᠣᠨ᠎ᠤ ᠵᠠᠩ ᠰᠤᠷᠲᠠᠯ᠎ᠤᠨ ᠪᠣᠯᠪᠠᠰᠤᠨ᠎ᠤ ᠪᠠᠢᠭᠤᠯᠤᠯᠲᠠ᠎ᠶ᠋ᠢᠨ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠦᠨᠳᠦᠷ ᠪᠣᠭ᠍ᠲᠣᠯᠠᠬᠤ ᠪᠡᠯᠡᠭ ᠬᠦᠷᠭᠡᠬᠦ᠌᠂ ᠶᠡᠬᠡ᠎ᠪᠡᠷ ᠬᠢᠬᠦ᠌᠂ ᠣᠷᠣᠱᠢᠭᠤᠯᠭ᠎ᠠ᠎ᠶ᠋ᠢ ᠬᠦᠨᠳᠦᠳᠭᠡᠵᠦ ᠠᠰᠠᠷᠠᠬᠤ᠎ᠵᠢ ᠬᠥᠩᠭᠡᠪᠴᠢᠯᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠭᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠬᠥᠳᠡᠭᠡ ᠨᠤᠲᠤᠭ᠎ᠤᠨ ᠪᠣᠯᠪᠠᠰᠤᠨ ᠰᠤᠷᠲᠠᠯ᠂ ᠰᠠᠢ᠌ᠨ ᠰᠠᠢᠬᠠᠨ ᠭᠡᠷ᠎ᠦᠨ ᠰᠤᠷᠲᠠᠯ᠂ ᠡᠭᠡᠯ ᠪᠣᠷᠣᠭ᠍ᠵᠢᠭᠤᠨ ᠠᠷᠠᠳ᠎ᠤᠨ ᠰᠤᠷᠲᠠᠯ᠎ᠢ ᠢᠳᠡᠪᠬᠢᠲᠡᠢ ᠪᠣᠢᠵᠢᠭᠤᠯᠤᠨ᠎ᠠ᠃ ᠬᠥᠳᠡᠭᠡ ᠲᠣᠰᠭᠣᠨ᠎ᠤ ᠱᠢᠯᠢᠳᠡᠭ ᠰᠣᠶᠣᠯ᠎ᠤᠨ ᠬᠠᠩᠭᠠᠯᠭ᠎ᠠ᠎ᠶ᠋ᠢ ᠥᠷᠭᠡᠳᠭᠡᠵᠦ᠍᠂ ᠤᠯᠠᠭᠠᠨᠮᠥ᠋ᠴᠢᠷ᠎ᠦᠨ《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠎ᠢ᠋ ᠰᠠᠢᠲᠤᠷ ᠬᠡᠷᠡᠭ᠌ᠯᠡᠵᠦ᠍᠂ 《ᠬᠥᠳᠡᠭᠡ ᠲᠣᠰᠭᠣᠨ᠎ᠤ ᠦᠳᠡᠰᠢᠯᠡᠭᠡ》᠂ 《ᠲᠠᠯ᠎ᠠ ᠨᠤᠲᠤᠭ᠎ᠤᠨ ᠲᠣᠰᠭᠣᠨ᠎ᠤ ᠠᠯᠠᠭᠠᠳᠠᠬᠤ ᠪᠦᠮᠪᠦᠭᠡ᠎ᠵᠢᠨ ᠤᠷᠤᠯᠳᠤᠭᠠᠨ》 ᠵᠡᠷᠭᠡ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠰᠣᠶᠣᠯ᠎ᠤᠨ ᠬᠦᠴᠦᠨ᠎ᠢᠶᠡᠷ ᠬᠥᠳᠡᠭᠡ ᠲᠣᠰᠭᠣᠨ᠎ᠤ ᠡᠶ᠎ᠡ ᠵᠤᠬᠢᠴᠠᠨᠭᠭᠤᠢ ᠦᠵᠡᠰᠭᠦᠯᠡᠨᠭᠲᠦ ᠰᠠᠢᠬᠠᠨ᠎ᠳᠤ ᠬᠦᠴᠦᠨ ᠨᠡᠮᠡᠷᠢᠯᠡᠨ᠎ᠡ᠃

ᠵᠢᠷᠭᠤᠭ᠎ᠠ᠂ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ

《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌᠎ᠳᠦ ᠡᠷᠬᠡᠪᠰᠢ ᠥᠭᠡᠷᠡᠴᠢᠯᠡᠯᠲᠡ᠎ᠭᠡᠬᠦ ᠡᠨᠡ ᠬᠦ᠌ ᠴᠢᠬᠤᠯᠠ ᠡᠷᠳᠡᠨᠢ᠎ᠶ᠋ᠢ ᠰᠠᠢᠲᠤᠷ ᠬᠡᠷᠡᠭ᠌ᠯᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠡᠯ᠎ᠡ ᠲᠥᠷᠥᠯ᠎ᠦᠨ ᠬᠦᠴᠦᠨ ᠵᠦᠢᠯ᠎ᠢ ᠠᠮᠢᠳᠤᠯᠢᠭ ᠪᠣᠯᠭᠠᠵᠤ᠂ ᠮᠠᠯᠴᠢᠨ ᠲᠠᠷᠢᠶᠠᠴᠢᠨ᠎ᠤ ᠢᠳᠡᠪᠬᠢᠵᠢᠯ ᠪᠣᠯᠤᠨ ᠪᠦᠲᠦᠭᠡᠯᠴᠢ ᠴᠢᠨᠠᠷ᠎ᠢ ᠬᠥᠭ᠌ᠵᠢᠭᠡᠬᠦ᠌ ᠬᠡᠷᠡᠭ᠌ᠲᠡᠶ᠃ 《ᠬᠡᠷᠡᠭ᠌ᠵᠢᠭᠦᠯᠬᠦ᠌ ᠰᠠᠨᠠᠯ 》᠎ᠳ᠋ᠤ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠶ ᠲᠣᠳᠣᠷᠬᠠᠶ ᠪᠠᠢᠷᠢᠯᠠᠭᠤᠯᠤᠯᠲᠠ ᠬᠢᠪᠠ᠃

ᠨᠢᠭᠡ᠎ᠳᠦ᠂ ᠣᠳᠣ ᠦᠶ᠎ᠡ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠡᠵᠡᠩᠨᠡᠯᠲᠡ᠎ᠶ᠋ᠢᠨ ᠱᠢᠰᠲ᠋ᠧᠮ᠎ᠢ ᠲᠦᠷᠭᠡᠳᠭᠡᠨ ᠪᠦᠷᠢᠨᠱᠢᠭᠦᠯᠦᠨ᠎ᠡ᠃ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠬᠤᠭᠤᠴᠠᠭ᠎ᠠ ᠲᠤᠯᠤᠭ᠍ᠰᠠᠨ᠎ᠤ ᠲᠠᠷᠠᠭ᠎ᠠ ᠲᠠᠭᠢᠭᠠᠳ 30 ᠵᠢᠯ ᠤᠷᠲᠤᠳᠭᠠᠬᠤ ᠮᠤᠵᠢ᠎ᠵᠢᠨ ᠲᠤᠷᠰᠢᠯᠲᠠ᠎ᠵᠢᠨ ᠴᠡᠭ᠎ᠢ ᠡᠬᠢᠯᠡᠭᠦᠯᠦᠨ᠎ᠡ᠃ 《ᠶᠡᠬᠡ ᠲᠣᠭ᠍ᠲᠠᠭᠤᠨ᠂ ᠪᠠᠭ᠎ᠠ ᠲᠣᠬᠢᠷᠠᠭᠤᠯᠤᠯᠲᠠ》 ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠣᠩᠬᠢᠯᠠᠬᠤ ᠣᠯᠠᠨ ᠲᠣᠭᠠᠨ᠎ᠤ ᠲᠠᠷᠢᠶᠠᠴᠢᠨ ᠡᠷᠦᠬᠡ᠎ᠶ᠋ᠢᠨ ᠤᠤᠯ᠎ᠤᠨ ᠳᠠᠭᠠᠭᠠᠴᠢᠯᠠᠯᠲᠠ᠎ᠶ᠋ᠢᠨ ᠭᠠᠵᠠᠷ᠎ᠢ ᠲᠣᠭ᠍ᠲᠠᠭᠤᠨ ᠪᠠᠢᠯᠭᠠᠬᠤ᠂ ᠤᠷᠤᠭ᠍ᠰᠢᠲᠠᠶ᠎ᠪᠠᠷ ᠤᠷᠲᠤᠳᠭᠠᠨ ᠳᠠᠭᠠᠭᠠᠴᠢᠯᠠᠭᠤᠯᠬᠤ᠎ᠶ᠋ᠢ ᠦᠨᠡᠨ ᠬᠦ᠌ ᠪᠠᠲᠤᠯᠠᠵᠤ᠂ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠱᠢᠭ᠍ᠯᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠭᠠᠵᠠᠷ ᠱᠢᠷᠣᠢ᠎ᠵᠢᠨ ᠡᠵᠡᠨᠭᠨᠡᠯᠲᠡ᠎ᠵᠢᠨ ᠡᠷᠬᠡ᠎ᠶ᠋ᠢ ᠭᠦᠢᠯᠭᠡᠭᠡᠬᠦ ᠭᠡᠷ᠎ᠡ ᠎ᠶ᠋ᠢᠨ ᠮᠡᠳᠡᠭᠡ ᠵᠠᠩᠭᠢ᠎ᠶ᠋ᠢ ᠳᠠᠩᠰᠠᠯᠠᠭᠤᠯᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠭᠠᠵᠠᠷ ᠱᠢᠷᠣᠢ ᠎ᠵᠢᠨ ᠡᠵᠡᠨᠭᠨᠡᠯᠲᠡ᠎ᠵᠢᠨ ᠡᠷᠬᠡ᠎ᠶ᠋ᠢ ᠭᠦᠢᠯᠭᠡᠭᠡᠬᠦ ᠠᠵᠢᠯᠯᠠᠭ᠎ᠠ᠎ᠶ᠋ᠢ ᠦᠷᠭᠦᠯᠵᠢᠯᠡᠨ ᠵᠢᠷᠤᠮᠵᠢᠭᠤᠯᠤᠨ᠎ᠠ᠃ ᠬᠤᠳᠠ ᠬᠥᠳᠡᠭᠡ᠎ᠶ᠋ᠢᠨ ᠡᠯᠧᠮᠧᠨ᠋ᠲ᠎ᠦᠨ ᠬᠣᠣᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠵᠤ᠂ ᠬᠦᠳᠡᠭᠡ ᠡᠴᠡ ᠱᠢᠯᠵᠢᠭ᠌ᠰᠡᠳ᠎ᠢ ᠬᠤᠳᠠ᠎ᠶ᠋ᠢᠨ ᠠᠷᠠᠳ ᠪᠣᠯᠭᠠᠬᠤ ᠶᠠᠪᠤᠳᠠᠯ᠎ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠎ᠪᠠᠷ ᠠᠬᠢᠭᠤᠯᠤᠨ᠎ᠠ᠃ ᠬᠣᠲᠠ᠎ᠳᠤ ᠡᠷᠦᠬᠡ ᠠᠮᠠ ᠤᠷᠤᠭ᠍ᠰᠠᠨ ᠮᠠᠯᠴᠢᠨ ᠲᠠᠷᠢᠶᠠᠴᠢᠨ ᠤ᠋ ᠭᠠᠵᠠᠷ ᠱᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ᠎ᠶ᠋ᠢᠨ ᠭᠠᠵᠠᠷ ᠬᠡᠷᠡᠭ᠌ᠯᠡᠬᠦ᠌ ᠡᠷᠬᠡ᠂ ᠬᠠᠮᠲᠤ᠎ᠶ᠋ᠢᠨ ᠠᠱᠢᠭ ᠣᠷᠣᠯᠭ᠎ᠠ ᠬᠤᠪᠢᠶᠠᠷᠢᠯᠠᠬᠤ ᠡᠷᠬᠡ᠎ᠶ᠋ᠢ ᠬᠠᠤᠯᠢ ᠶᠣᠰᠣᠭᠠᠷ ᠬᠠᠮᠠᠭᠠᠯᠠᠵᠤ᠂ ᠰᠠᠢᠨ ᠳᠤᠷ᠎ᠠ᠎ᠡᠴᠡ᠎ᠪᠠᠨ ᠲᠥᠯᠥᠪᠦᠷᠢ᠎ᠲᠡᠶ᠎ᠪᠡᠷ ᠪᠤᠴᠠᠭᠠᠨ ᠭᠠᠷᠭᠠᠬᠤ ᠠᠷᠭ᠎ᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠭᠤᠤᠯᠳᠠᠯᠭ᠎ᠠ᠎ᠲᠠᠶ ᠬᠣᠷᠱᠢᠶ᠎ᠠ᠎ᠶ᠋ᠢ ᠬᠢᠨᠠᠨ ᠬᠡᠮᠵᠢᠬᠦ᠌᠎ᠶ᠋ᠢ ᠥᠷᠨᠢᠭᠦᠯᠵᠦ᠍᠂ ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶ᠋ᠢᠨ ᠺᠣᠳ᠋ ᠣᠯᠭᠣᠵᠤ ᠳᠡᠯᠭᠡᠷᠡᠭᠦᠯᠬᠦ᠌ ᠡᠷᠴᠢᠮ᠎ᠢ ᠴᠢᠩᠭᠠᠷᠠᠭᠤᠯᠤᠨ᠂ ᠮᠠᠯ ᠠᠵᠤ ᠠᠬᠤᠶ᠎ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠬᠡᠪᠴᠢᠶ᠎ᠡ ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ ᠎ᠦ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ ᠎ᠳᠠᠭᠠᠨ ᠳᠣᠭᠢᠷᠠᠭᠤᠯᠤᠨ ᠣᠲᠣ ᠦᠶ᠎ᠡ᠎ᠶ᠋ᠢᠨ ᠮᠠᠯ ᠠᠵᠤ ᠠᠬᠤᠶ (ᠲᠠᠷᠢᠶᠠᠯᠠᠩ) ᠤ᠋ᠨ ᠶᠠᠪᠤᠳᠠᠯ ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ ᠪᠠᠢᠭᠤᠯᠬᠤ᠎ᠶ᠋ᠢ ᠵᠢᠯᠣᠭᠣᠳᠤᠨ᠎ᠠ᠃

ᠬᠣᠶᠠᠷ᠎ᠲᠤ᠂ ᠮᠠᠯᠵᠢᠬᠤ ᠲᠠᠷᠢᠶᠠᠯᠠᠬᠤ ᠣᠷᠣᠨ᠎ᠤ ᠡᠯ᠎ᠡ ᠲᠥᠷᠥᠯ᠎ᠦᠨ ᠡᠬᠢ ᠪᠠᠶᠠᠯᠢᠭ᠎ᠢ ᠵᠢᠷᠤᠮᠵᠢᠯ᠎ᠲᠠᠶ ᠡᠮᠬᠢ ᠵᠢᠷᠤᠮ᠎ᠲᠠᠶ᠎ᠪᠠᠷ ᠠᠮᠢᠳᠤᠯᠢᠭ᠍ᠵᠢᠭᠤᠯᠤᠨ ᠠᠱᠢᠭ᠍ᠯᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠥᠮᠴᠢᠯᠡᠬᠦ᠌ ᠡᠷᠬᠡ᠎ᠶ᠋ᠢ ᠭᠦᠢᠯᠭᠡᠭᠡᠯᠡᠨ ᠠᠷᠠᠯᠵᠢᠶᠠᠯᠠᠬᠤ᠎ᠶ᠋ᠢ ᠵᠢᠷᠤᠮᠵᠢᠭᠤᠯᠬᠤ ᠲᠤᠷᠱᠢᠯᠲᠠ᠎ᠶ᠋ᠢ ᠥᠷᠨᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠥᠮᠴᠢᠯᠡᠬᠦ᠌ ᠡᠷᠬᠡ᠎ᠶ᠋ᠢ ᠬᠦᠢᠯᠭᠡᠭᠡᠯᠡᠨ ᠠᠷᠠᠯᠵᠢᠶᠠᠯᠠᠬᠤ ᠵᠠᠬ᠎ᠠ ᠳᠡᠯᠭᠡᠭᠦᠷ᠎ᠢ ᠬᠥᠲᠥᠯᠥᠨ ᠵᠢᠯᠣᠭᠣᠳᠴᠤ᠌ ᠪᠠᠢᠭᠠᠳ ᠦᠶ᠋ᠯᠡᠳᠦᠯ᠎ᠢ᠎ᠨᠢ ᠨᠠᠩ ᠰᠠᠢᠨ ᠪᠠᠳᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠱᠢᠷᠣᠶ᠎ᠶ᠋ᠢ ᠵᠠᠬ᠎ᠠ ᠳᠡᠯᠭᠡᠭᠦᠷ᠎ᠲᠦ ᠣᠷᠣᠭᠤᠯᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠵᠠᠬ᠎ᠠ ᠳᠡᠯᠭᠡᠭᠦᠷ᠎ᠲᠦ ᠣᠷᠣᠭᠤᠯᠬᠤ ᠭᠠᠵᠠᠷ ᠱᠢᠷᠣᠶ᠎ᠶ᠋ᠢ ᠬᠠᠮᠲᠤ᠎ᠶ᠋ᠢᠨ ᠠᠵᠤ ᠠᠬᠤᠶ ᠪᠠ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠤᠷᠢᠳ ᠵᠢᠡᠷ ᠬᠡᠷᠡᠭ᠌ᠯᠡᠬᠦ᠌᠎ᠶ᠋ᠢ ᠳᠡᠮᠵᠢᠵᠦ᠍᠂ ᠲᠠᠸᠠᠷ᠎ᠤᠨ ᠣᠷᠣᠨ ᠰᠠᠭᠤᠴᠠ ᠵᠢ ᠪᠥᠲᠥᠭᠡᠨ ᠪᠠᠢᠭᠤᠯᠬᠤ᠎ᠳᠤ ᠬᠡᠷᠡᠭ᠌ᠯᠡᠬᠦ᠌ ᠎ᠶ᠋ᠢ ᠴᠢᠩᠭ᠎ᠠ ᠴᠠᠭᠠᠵᠠᠯᠠᠨ᠎ᠠ᠃ ᠮᠠᠯᠴᠢᠨ ᠲᠠᠷᠢᠶᠠᠴᠢᠳ᠎ᠤᠨ ᠣᠷᠣᠨ ᠰᠠᠭᠤᠴᠠ᠎ᠶ᠋ᠢᠨ ᠭᠠᠵᠠᠷ ᠎ᠤᠨ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂  《ᠬᠣᠶᠠᠷ ᠎ᠢ ᠥᠯᠥ᠍ ᠵᠥᠪᠱᠢᠶᠡᠷᠡᠬᠦ᠌ 》 ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠂ ᠣᠷᠣᠨ ᠰᠠᠭᠤᠴᠠ᠎ᠶ᠋ᠢᠨ ᠭᠠᠵᠠᠷ ᠪᠠ ᠲᠠᠷᠢᠶᠠᠴᠢᠳ᠎ᠤᠨ ᠬᠡᠷ ᠪᠠᠢᠱᠢᠩ᠎ᠤᠨ ᠪᠥᠲᠥᠭᠡᠨ ᠪᠠᠢᠭᠤᠯᠤᠯᠲᠠ᠎ᠶ᠋ᠢ ᠬᠢᠨᠠᠨ ᠵᠥᠪᠱᠢᠶᠡᠷᠡᠬᠦ᠌᠎ᠶ᠋ᠢ ᠴᠢᠩᠳᠠᠯᠠᠬᠤ᠎ᠶ᠋ᠢᠨ ᠬᠠᠮᠲᠤ᠂ ᠰᠤᠯᠠ ᠪᠠᠢᠭ᠎ᠠ ᠲᠠᠷᠢᠶᠠᠴᠢᠳ᠎ᠤᠨ ᠬᠡᠷ ᠪᠠᠢᠱᠢᠩ᠎ᠢ ᠠᠮᠢᠳᠤᠯᠢᠭᠵᠢᠭᠤᠯᠤᠨ ᠠᠰᠢᠭᠯᠠᠬᠤ ᠎ᠵᠢ ᠯᠠᠪᠳᠠᠭᠤᠨ ᠪᠦᠭᠡᠳ ᠡᠮᠬᠢ ᠵᠢᠷᠤᠮ᠎ᠲᠠᠶ᠎ᠦᠷᠨᠢᠭᠦᠯᠦᠨ᠎ᠡ᠃

ᠭᠤᠷᠪᠠ᠎ᠳᠤ᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠳᠤ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠲᠣᠭ᠍ᠲᠡᠴᠡ᠎ᠶ᠋ᠢᠨ ᠱᠢᠨ᠎ᠡ᠎ᠶ᠋ᠢ ᠡᠭᠦᠳᠦᠨ᠎ᠡ᠃ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠢ᠋ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠡᠩ ᠲᠡᠷᠢᠭᠦᠨ᠎ᠳᠦ ᠪᠠᠲᠤᠯᠠᠬᠤ ᠬᠡᠪᠴᠢᠶ᠎ᠡ ᠪᠣᠯᠭᠠᠵᠤ᠂ ᠪᠤᠳᠠᠰ᠎ᠲᠦ ᠪᠡᠯᠡ ᠣᠷᠣᠭᠤᠯᠬᠤ᠎ᠵᠢ ᠬᠥᠮᠦᠨ᠎ᠳᠦ ᠪᠡᠯᠡ ᠣᠷᠣᠭᠤᠯᠬᠤ᠎ᠯᠤᠭ᠎ᠠ ᠨᠢᠭ᠍ᠲᠠ ᠤᠶᠠᠯᠳᠤᠭᠤᠯᠵᠤ᠂ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠨᠡᠩ ᠤᠯᠠᠨ ᠮᠥᠩᠭᠥᠨ ᠭᠦᠢᠯᠭᠡᠭᠡᠨ᠎ᠦ ᠪᠡᠯᠡ ᠮᠥᠩᠭᠥ᠎ᠶ᠋ᠢ ᠬᠥᠳᠡᠭᠡ ᠲᠣᠰᠭᠣᠨ᠎ᠳᠤ ᠣᠷᠣᠭᠤᠯᠬᠤ᠎ᠶ᠋ᠢ ᠬᠦᠳᠦᠯᠦᠨ ᠵᠢᠯᠣᠭᠣᠳᠴᠤ᠌᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠨᠡᠩ ᠤᠯᠠᠨ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠎ᠳᠤ ᠲᠤᠬᠢᠷᠠᠬᠤ ᠮᠥᠩᠭᠥᠨ ᠭᠦᠢᠯᠭᠡᠭᠡᠨ᠎ᠦ ᠪᠦᠲᠦᠭᠡᠭ᠌ᠳᠡᠬᠦᠨ ᠪᠠ ᠦᠢᠯᠡᠴᠢᠯᠡᠭᠡ᠎ᠶ᠋ᠢ ᠨᠡᠭᠡᠭᠡᠨ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠬᠥᠭ᠌ᠵᠢᠯᠲᠡ᠎ᠳᠦ ᠮᠥᠩᠭᠥᠨ ᠭᠦᠢᠯᠭᠡᠭᠡᠨ᠎ᠦ ᠠᠮᠢᠵᠢᠷᠠᠯ᠎ᠤᠨ ᠬᠦᠴᠦᠨ ᠨᠡᠮᠡᠷᠢᠯᠡᠬᠦ᠌᠎ᠶ᠋ᠢ ᠵᠣᠷᠢᠭ᠍ᠵᠢᠭᠤᠯᠤᠨ᠎ᠠ᠃

ᠳᠣᠯᠣᠭ᠎ᠠ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠳᠠᠬᠢ ᠨᠠᠮ᠎ᠤᠨ ᠪᠦᠬᠦ᠌ ᠲᠠᠯ᠎ᠠ ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ᠎ᠠ

ᠬᠥᠳᠡᠭᠡ ᠲᠣᠰᠭᠣᠨ᠎ᠤ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠠᠢᠨ᠎ᠠ᠃ 《ᠬᠡᠷᠡᠭ᠌ᠵᠢᠭᠦᠯᠬᠦ᠌ ᠰᠠᠨᠠᠯ》ᠨᠢ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ᠂ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠨᠠᠮ᠎ᠡᠴᠡ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠤᠳᠤᠷᠢᠳᠭᠤ ᠪᠠᠢᠭᠤᠯᠤᠯ ᠲᠣᠭ᠍ᠲᠡᠴᠡ᠎ᠶ᠋ᠢ ᠤᠯᠠᠮ ᠴᠢᠨᠠᠭ᠍ᠰᠢᠳᠠ ᠪᠦᠷᠢᠨᠱᠢᠬᠦᠯᠪᠡ᠃

ᠨᠢᠭᠡ᠎ᠳᠦ᠂ ᠲᠠᠪᠤᠨ ᠱᠠᠲᠤᠨ᠎ᠤ ᠱᠦᠵᠢ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠎ᠶ᠋ᠢ ᠠᠳᠭᠤᠬᠤ ᠬᠠᠷᠢᠭᠤᠴᠠᠯᠭ᠎ᠠ ᠎ᠶ᠋ᠢᠨ ᠲᠦᠷᠢᠮ ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢᠯᠡᠨ ᠬᠠᠷᠢᠭᠤᠴᠠᠭ᠍ᠰᠠᠨ᠂ ᠬᠣᠲᠠ ᠱᠢᠶᠠᠨ ᠱᠢᠶᠠᠩ ᠨᠠᠢᠳᠠᠪᠤᠷᠢᠵᠢᠭᠤᠯᠤᠯᠲᠠ᠎ᠶ᠋ᠢ ᠠᠳᠭᠤᠭ᠍ᠰᠠᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠭᠤ ᠪᠠᠢᠭᠤᠯᠤᠯ᠎ᠢ ᠲᠡᠭᠦᠯᠳᠡᠷᠵᠢᠭᠦᠯᠵᠦ᠍᠂ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠱᠦᠵᠢ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠲᠤᠬᠠᠶ᠎ᠶ᠋ᠢᠨ ᠭᠠᠵᠠᠷ᠎ᠲᠤᠨᠢ ᠵᠢᠯᠣᠭᠣᠳᠴᠤ᠌᠂ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠳᠭᠤᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠬᠡᠷᠡᠭ᠌ᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠬᠥᠳᠡᠭᠡ ᠲᠣᠰᠭᠣᠨ ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠡᠯ᠎ᠡ ᠵᠦᠶ᠋ᠯ᠎ᠦᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃

ᠬᠣᠶᠠᠷ᠎ᠲᠤ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠨ᠎ᠠ᠃ ᠭᠠᠴᠡᠭ᠎ᠠ ᠲᠣᠰᠭᠣᠨ᠎ᠤ 《ᠬᠣᠶᠠᠷ ᠵᠥᠪᠯᠡᠯ》 ᠤ᠋ᠨ ᠬᠤᠭᠤᠴᠠᠭ᠎ᠠ ᠰᠣᠯᠢᠬᠤ᠎ᠪᠠᠷ ᠠᠵᠠ ᠲᠣᠬᠢᠶᠠᠯ ᠪᠣᠯᠭᠠᠵᠤ᠂ ᠱᠢᠯᠢᠳᠡᠭ᠎ᠢ᠎ᠨᠢ ᠰᠣᠩᠭᠣᠵᠤ ᠬᠦᠴᠦᠷᠬᠡᠭ᠎ᠢ᠎ᠨᠢ ᠳᠣᠭᠢᠷᠠᠭᠤᠯᠵᠤ ᠳᠠᠭᠠᠭᠤᠯᠤᠭᠴᠢ ᠪᠤᠯᠭᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶ᠋ᠢ ᠴᠢᠩᠭᠠᠳᠭᠠᠨ᠂ ᠮᠠᠯᠵᠢᠬᠤ ᠲᠠᠷᠢᠶᠠᠯᠠᠬᠤ ᠣᠷᠣᠨ ᠎ᠤ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠬᠦᠴᠦᠨ᠎ᠢ ᠲᠡᠭᠦᠯᠳᠡᠷᠵᠢᠭᠦᠯᠦᠨ ᠲᠣᠭ᠍ᠲᠠᠪᠤᠷᠢᠵᠢᠭᠤᠯᠵᠤ᠂ ᠭᠠᠴᠡᠭ᠎ᠠ ᠲᠣᠰᠭᠣᠨ᠎ᠤ ᠺᠠᠳ᠋ᠷ᠎ᠤᠨ ᠦᠨᠳᠦᠰᠦᠨ ᠬᠥᠯᠥᠰᠥ᠍ ᠣᠯᠭᠣᠮᠵᠢ᠎ᠶ᠋ᠢ ᠪᠠᠲᠤᠯᠠᠨ᠂ ᠪᠡᠯᠡᠳᠭᠡᠯ ᠬᠦᠴᠦᠨ᠎ᠦ ᠨᠥᠭᠡᠴᠡ᠎ᠶ᠋ᠢ ᠰᠠᠢᠲᠤᠷ ᠬᠢᠬᠦ᠌ ᠬᠡᠷᠡᠭ᠌ᠲᠡᠶ᠃ ᠭᠠᠴᠡᠭ᠎ᠠ ᠲᠣᠰᠭᠣᠨ᠎ᠤ ᠬᠡᠷᠡᠭ ᠵᠥᠪᠯᠡᠬᠦ᠌ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠬᠥᠳᠡᠭᠡ ᠲᠣᠰᠭᠣᠨ᠎ᠤ ᠵᠠᠰᠠᠯᠲᠠ᠎ᠳᠤ ᠣᠷᠣᠯᠴᠠᠭᠤᠯᠬᠤ ᠬᠡᠷᠡᠭ᠌ᠲᠡᠶ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ ᠎ᠤ ᠺᠠᠳ᠋ᠷ᠎ᠤᠨ ᠠᠷᠢᠭᠤᠨ ᠴᠢᠬᠡᠴᠢ᠎ᠪᠡᠷ ᠲᠤᠱᠢᠶᠠᠯ᠎ᠢᠶᠠᠨ ᠭᠦᠢᠴᠡᠳᠭᠡᠬᠦ᠌᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠲᠣᠰᠭᠣᠨ᠎ᠤ ᠴᠠᠭ᠍ᠳᠠᠨ ᠪᠠᠢᠴᠠᠭᠠᠬᠤ ᠠᠵᠢᠯ᠎ᠢ ᠰᠠᠢᠲᠤᠷ ᠬᠢᠵᠦ᠍᠂ ᠦᠨᠳᠦᠰᠦᠨ ᠱᠠᠲᠤᠨ᠎ᠤ ᠺᠠᠳ᠋ᠷ᠎ᠤᠨ ᠵᠢᠷᠤᠮᠵᠢᠯ᠎ᠲᠠᠶ᠎ᠪᠠᠷ ᠡᠷᠬᠡ᠎ᠪᠡᠨ ᠬᠡᠷᠡᠭ᠌ᠯᠡᠬᠦ᠌᠎ᠶ᠋ᠢ ᠪᠠᠲᠤᠯᠠᠨ᠎ᠠ᠃

ᠭᠤᠷᠪᠠ᠎ᠳᠤ᠂ ᠮᠠᠯᠵᠢᠬᠤ ᠲᠠᠷᠢᠶᠠᠯᠠᠬᠤ ᠣᠷᠣᠨ ᠎ᠤ ᠠᠵᠢᠯ᠎ᠤᠨ ᠲᠦᠪᠰᠢᠨ᠎ᠢ ᠳᠡᠭᠡᠭ᠌ᠰᠢᠯᠡᠭᠦᠯᠦᠨ᠎ᠡ᠃ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》ᠤ᠋ ᠠᠵᠢᠯ᠎ᠤᠨ ᠬᠣᠯᠪᠣᠭ᠍ᠳᠠᠬᠤ ᠬᠡᠪᠴᠢᠶ᠎ᠡ ᠨᠢ ᠥᠷᠭᠡᠨ᠂ ᠣᠯᠠᠨ ᠲᠦᠮᠡᠨ᠎ᠡᠴᠡ ᠣᠢᠷᠠᠬᠠᠨ ᠪᠣᠯᠬᠣᠷ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠵᠦ᠍᠂ 《ᠳᠥᠷᠪᠡ ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠪᠤᠰᠤᠳᠴᠢ ᠵᠢᠮ᠎ᠡ ᠶᠣᠰᠣ ᠪᠣᠯᠤᠨ ᠮᠠᠯᠴᠢᠨ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠵᠦ᠍᠂ ᠠᠷᠠᠳ᠎ᠢ ᠵᠦᠳᠡᠭᠡᠨ ᠡᠳ᠋᠎ᠢ ᠰᠦᠢᠳᠭᠡᠬᠦ᠌ ᠳᠦᠷᠢ ᠲᠥᠷᠬᠦ᠌᠎ᠶ᠋ᠢᠨ ᠢᠨᠵᠧᠨᠧᠷᠢᠩ᠂ ᠠᠵᠢᠯ᠎ᠤᠨ ᠠᠮᠵᠢᠯᠲᠠ᠎ᠶ᠋ᠢᠨ ᠢᠨᠵᠧᠨᠧᠷᠢᠩ᠎ᠢ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠶ᠃ ᠬᠡᠯᠪᠡᠷᠢᠴᠢ ᠦᠵᠡᠯ᠎ᠢ ᠦᠷᠭᠦᠯᠵᠢᠯᠡᠨ ᠵᠠᠯᠠᠷᠠᠭᠤᠯᠤᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠨ᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠲᠠᠩᠰᠠ᠎ᠶ᠋ᠢ ᠰᠠᠢᠲᠤᠷ ᠬᠡᠷᠡᠭ᠌ᠯᠡᠨ᠂ ᠭᠠᠴᠡᠭ᠎ᠠ ᠲᠣᠰᠭᠣᠨ ( ᠨᠡᠢᠭᠡᠮ ᠲᠣᠭᠣᠷᠢᠭ) ᠤ᠋ ᠠᠵᠢᠯ᠎ᠤᠨ ᠵᠦᠶ᠋ᠯᠡᠰ᠎ᠦᠨ ᠨᠠᠷᠢᠨ ᠲᠠᠩᠰᠠ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ《ᠨᠢᠭᠡ ᠬᠦᠰᠦᠨᠦᠭ᠌ᠲᠦ᠍᠎ᠪᠡᠷ ᠨᠡᠪᠲᠡᠷᠡᠭᠦᠯᠬᠦ᠌ 》 ᠱᠢᠰᠲ᠋ᠧᠮ ᠯᠤᠭᠡ ᠲᠦᠷᠭᠡᠳᠭᠡᠨ ᠵᠣᠯᠭᠠᠭᠤᠯᠵᠤ᠂ ᠦᠨᠳᠦᠰᠦᠨ ᠱᠠᠲᠤᠨ᠎ᠤ ᠺᠠᠳ᠋ᠷ᠎ᠢ ᠨᠠᠩ ᠣᠯᠠᠨ ᠴᠠᠭ ᠪᠠ ᠣᠶᠤᠨ ᠴᠢᠳᠠᠯ᠎ᠢᠶᠠᠨ ᠭᠠᠷᠭᠠᠵᠤ ᠣᠯᠠᠨ ᠲᠦᠮᠡᠨ᠎ᠳᠦ ᠦᠶ᠋ᠯᠡᠴᠢᠯᠡᠭᠦᠯᠬᠦ᠌ ᠬᠡᠷᠡᠭ᠌ᠲᠡᠶ᠃ ᠳᠠᠷᠤᠭᠠᠰᠤ᠎ᠶ᠋ᠢ ᠬᠥᠩᠭᠡᠷᠡᠭᠦᠯᠬᠦ᠌ ᠨᠢ ᠬᠠᠷᠢᠭᠤᠴᠠᠯᠭ᠎ᠠ᠎ᠶ᠋ᠢ ᠬᠥᠩᠭᠡᠷᠡᠭᠦᠯᠬᠦ᠌ ᠶᠠᠪᠤᠳᠠᠯ ᠪᠢᠰᠢ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠪᠣᠳᠠᠲᠤ ᠠᠮᠵᠢᠯᠲᠠ᠎ᠶ᠋ᠢ ᠬᠢᠨᠠᠨ ᠱᠢᠯᠭᠠᠬᠤ᠎ᠶ᠋ᠢ ᠱᠢᠯᠢᠳᠡᠭ᠌ᠵᠢᠭᠦᠯᠵᠦ᠍᠂ ᠪᠣᠳᠠᠲᠤ ᠠᠮᠵᠢᠯᠲᠠ ᠪᠦᠲᠦᠮᠵᠢ ᠎ᠶ᠋ᠢ ᠳᠣᠪᠣᠢᠯᠭᠠᠬᠤ ᠬᠡᠷᠡᠭ᠌ᠲᠡᠶ᠃ ᠲᠥᠪ ᠎ᠦᠨ ᠨᠠᠢ᠍ᠮᠠᠨ ᠲᠣᠭ᠍ᠲᠠᠭᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠎ᠦᠨ ᠦᠷ᠎ᠡ ᠪᠦᠲᠦᠭᠡᠯ ᠎ᠢ ᠪᠡᠬᠢᠵᠢᠭᠦᠯᠦᠨ ᠥᠷᠭᠡᠳᠭᠡᠵᠦ᠍᠂ ᠱᠢᠯᠢᠳᠡᠭ ᠰᠤᠷᠲᠠᠯ᠎ᠢᠶᠠᠷ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠡᠷᠡᠭ᠌ᠲᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号