ᠤᠭ ᠰᠠᠨᠠᠭ᠎ᠠ᠎ᠪᠠᠨ ᠪᠠᠲᠦ ᠰᠠᠬᠢᠵᠦ ᠬᠠᠷᠢᠭᠤᠴᠠᠯᠭ᠎ᠠ᠎ᠡᠭᠦᠷᠭᠡᠯᠡᠨ ᠡᠷᠡᠮᠡᠬᠡᠢᠯᠡᠨ ᠤᠷᠤᠭᠰᠢᠯᠠᠨ᠎ᠠ
2026-04-17 11:24:35
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶᠢᠨ ᠵᠥᠪᠯᠡᠯ᠎ᠦᠨ ᠨᠠᠮ᠎ᠤᠨ ᠡᠭᠦᠷ ᠨᠠᠮ᠎ᠤᠨ ᠬᠡᠰᠢᠬᠦᠨ ᠺᠠᠳ᠋ᠷᠴᠤᠳ ᠵᠢᠡᠨ ᠵᠤᠬᠢᠶᠠᠨ ᠪᠠᠢᠭᠤᠯᠵᠦ᠂ 《ᠤᠭ ᠰᠠᠨᠠᠭ᠎ᠠ᠎ᠪᠠᠨ ᠪᠠᠲᠦ ᠰᠠᠬᠢᠵᠦ ᠬᠠᠷᠢᠭᠤᠴᠠᠯᠭ᠎ᠠ᠎ᠡᠭᠦᠷᠭᠡᠯᠡᠨ ᠡᠷᠡᠮᠡᠬᠡᠢᠯᠡᠨ ᠤᠷᠤᠭᠰᠢᠯᠠᠬᠤ》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠥᠷᠨᠢᠭᠦᠯᠪᠡ᠃

ᠠᠵᠢᠯᠯᠠᠭ᠎ᠠ᠎ᠳᠤ᠂ ᠪᠦᠬᠦ ᠨᠠᠮ᠎ᠤᠨ ᠭᠡᠰᠢᠭᠦᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠬᠥᠮᠦᠵᠢᠯ ᠦᠢᠯᠡᠳᠦᠯᠭᠡ᠎ᠶᠢᠨ ᠣᠷᠳᠣᠨ᠎ᠳᠤ ᠬᠦᠷᠴᠦ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠳᠠᠬᠢᠨᠲᠠ ᠤᠩᠰᠢᠵᠦ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠨᠠᠭᠰᠢᠳᠠ ᠴᠢᠩᠭᠠᠳᠬᠠᠪᠠ; ᠥᠪᠥᠷ ᠮᠣᠩᠭᠣᠯ᠎ᠤᠨ ᠡᠾᠸ ᠵᠢᠶᠦ᠋ᠨ ᠸᠧᠢ ᠶᠧ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠂ ᠬᠠᠷᠢᠯᠴᠠᠵᠦ ᠪᠠᠢᠭ᠎ᠠ ᠬᠡᠰᠢᠬᠦᠳ ᠲᠠᠢ ᠪᠠᠨ ᠶᠠᠷᠢᠯᠴᠠᠵᠦ᠂ ᠠᠵᠤ ᠠᠬᠤᠢᠯᠠᠯ᠎ᠤᠨ ᠡᠵᠡᠩᠨᠡᠯᠲᠡ ᠬᠥᠭᠵᠢᠯᠲᠡ᠎ᠶᠢᠨ ᠪᠠᠢᠳᠠᠯ᠎ᠢ ᠭᠦᠨᠵᠡᠭᠡᠢ ᠣᠢᠯᠠᠭᠠᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠰᠣᠨᠣᠰᠪᠠ;ᠥᠪᠡᠷᠲᠡᠭᠡᠨ ᠵᠠᠰᠠᠬᠤ ᠣᠷᠣᠨ᠎ᠤ ᠠᠷᠠᠳᠴᠢᠯᠠᠭᠰᠠᠨ ᠨᠠᠮ ᠪᠦᠯᠦᠭ᠎ᠦᠨ ᠦᠵᠡᠰᠬᠦᠯᠡᠩ᠎ᠦᠨ ᠣᠷᠳᠣᠨ᠎ᠢ ᠲᠣᠭᠣᠷᠢᠨ ᠦᠵᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠬᠥᠭᠵᠢᠯᠲᠡ᠎ᠶᠢᠨ ᠶᠠᠪᠤᠴᠠ ᠵᠢᠴᠢ ᠲᠡᠦᠬᠡ᠎ᠶᠢᠨ ᠬᠤᠪᠢ ᠨᠡᠮᠡᠷᠢ᠎ᠶᠢᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠪᠡ᠃ ᠲᠤᠰ ᠤᠳᠠᠭ᠎ᠠ᠎ᠶᠢᠨ ᠠᠵᠢᠯᠯᠠᠭ᠎ᠠ ᠨᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠵᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠬᠥᠮᠦᠵᠢᠯ᠎ᠲᠠᠢ ᠤᠶᠠᠯᠳᠤᠭᠤᠯᠵᠤ᠂ ᠪᠣᠳᠠᠲᠠᠢ᠎ᠶᠢ ᠡᠷᠬᠢᠮᠯᠡᠨ ᠬᠡᠯᠪᠡᠷᠢ ᠨᠢ ᠠᠮᠢᠳᠤᠯᠢᠭ᠋ ᠪᠣᠯᠵᠠᠢ᠃ 

ᠤᠯᠠᠨ᠎ᠢᠶᠠᠷ᠎ᠢᠶᠠᠨ᠂ ᠨᠠᠮ᠎ᠳᠤ ᠣᠷᠣᠬᠤ ᠲᠠᠩᠭᠠᠷᠢᠭ᠋᠎ᠤᠨ ᠦᠭᠡᠰ᠎ᠢ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠰᠠᠨᠠᠯ ᠳᠤᠷᠠᠳᠤᠯᠭ᠎ᠠ᠎ᠶᠢᠨ ᠠᠵᠢᠯ᠎ᠤᠨ ᠴᠢᠨᠠᠷ ᠴᠢᠨᠰᠠᠭ᠎ᠠ᠎ᠵᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠨᠡᠩ ᠤᠯᠠᠨ ᠰᠠᠨᠠᠯ ᠳᠤᠷᠠᠳᠤᠯᠭ᠎ᠠ᠎ᠶᠢᠨ ᠬᠦᠴᠦᠨ ᠴᠢᠳᠠᠯ᠎ᠢ ᠨᠡᠮᠡᠷᠢᠯᠡᠨ᠎ᠡ ᠭᠡᠵᠦ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号