ᠲᠤᠰᠬᠠᠢ ᠰᠡᠳᠦᠪᠲᠦ ᠮᠡᠳᠡᠭᠡᠯᠡᠯ 11
ᠭᠤᠷᠪᠠᠨ ᠱᠠᠳᠤᠨ᠎ᠤ ᠬᠤᠯᠪᠤᠭᠠᠯᠠᠯ
ᠤᠯᠠᠮᠵᠢᠯᠠᠯᠳᠤ ᠮᠤᠨᠭᠭᠤᠯ ᠪᠦᠬᠡ ᠨᠢ ᠮᠤᠨᠭᠭᠤᠯᠴᠤᠳ ᠦ᠋ᠨ ᠳᠠᠷᠢᠬᠢ ᠴᠢᠰᠤᠨ ᠳ᠋ᠤ᠌ ᠰᠢᠩᠭᠡᠭᠰᠡᠨ ᠰᠣᠶᠣᠯ ᠤ᠋ᠨ ᠭᠧᠨ᠂ ᠨᠡᠭᠦᠳᠡᠯ ᠠᠮᠢᠳᠤᠷᠠᠯ ᠤ᠋ᠨ ᠣᠶᠤᠨ ᠤᠬᠠᠭᠠᠨ ᠤ᠋ ᠬᠤᠷᠠᠮᠳᠤᠯ᠂ ᠬᠠᠳᠠᠨ ᠵᠣᠷᠢᠭ᠋ ᠤ᠋ᠨ ᠭᠠᠷᠮᠠᠭᠠᠢ ᠢᠯᠡᠷᠡᠭᠦᠯᠦᠯ ᠪᠣᠯᠤᠨ᠎ᠠ᠃ ᠵᠡᠭᠦᠨ ᠦᠵᠦᠮᠦᠴᠢᠨ ᠬᠤᠰᠢᠭᠤ 《ᠵᠠᠩᠬᠢᠶ᠎ᠡ᠎ᠳᠦ ᠪᠦᠬᠡ ᠶ᠋ᠢᠨ ᠦᠯᠦᠭᠡᠢ》 ᠭᠡᠵᠦ ᠠᠯᠳᠠᠷᠰᠢᠭ᠍ᠰᠠᠨᠤ ᠬᠣᠪᠢ᠎ᠳᠤ ᠬᠥᠭᠵᠢᠯ᠎ᠦᠨ ᠴᠠᠭ ᠦᠶ᠎ᠡ ᠪᠦᠬᠦᠨ᠎ᠳᠦ ᠨᠢ ᠢᠮ ᠳᠠᠮᠠᠭ᠎ᠠ ᠰᠠᠢᠯᠦᠬᠡᠰᠦᠳᠡᠢ᠃

ᠡᠷᠲᠡᠨ ᠦ᠌ ᠬᠦᠴᠦ ᠦᠵᠡᠯᠴᠡᠬᠡᠨ ᠡᠴᠡ ᠤᠯᠤᠰ ᠤ᠋ᠨ ᠲᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠦᠨᠡᠲᠦ ᠡᠷᠳᠡᠨᠢ ᠬᠦᠷᠲᠡᠯ᠎ᠡ᠂ ᠰᠣᠶᠣᠯ ᠤᠯᠠᠮᠵᠢᠯᠠᠯ ᠠ᠋ᠴᠠ ᠠᠵᠤ ᠦᠢᠯᠡᠰᠵᠢᠯᠲᠡ ᠬᠦᠷᠲᠡᠯ᠎ᠡ᠂ ᠲᠤᠰ ᠬᠣᠰᠢᠭᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠪᠦᠬᠡ᠎ᠶᠢᠨ ᠰᠣᠶᠣᠯ᠎ᠢᠶᠠᠷ ᠭᠠᠷᠳᠠᠴᠠ ᠪᠣᠯᠭᠠᠵᠤ᠂ 《ᠰᠣᠶᠣᠯ᠎ᠢᠶᠠᠷ ᠰᠦᠭ ᠰᠦᠨᠡᠰᠦ ᠣᠯᠭᠣᠵᠤ᠂ ᠵᠢᠭᠤᠯᠴᠢᠯᠠᠯ᠎ᠳᠤ ᠬᠦᠴᠦᠨ ᠨᠡᠮᠡᠷᠢᠯᠡᠬᠦ》ᠠᠭᠤᠰᠤᠯᠴᠠᠨ ᠬᠥᠭᠵᠢᠬᠦ ᠵᠠᠮ᠎ᠢᠶᠠᠷ ᠵᠠᠮᠨᠠᠵᠤ᠂ ᠮᠢᠩᠭᠠᠨ ᠣᠨ᠎ᠤ ᠪᠦᠬᠡ᠎ᠶᠢᠨ ᠰᠣᠶᠣᠯ᠎ᠢ ᠰᠢᠨ᠎ᠡ ᠴᠠᠭ ᠦᠶ᠎ᠡ᠎ᠳᠦ ᠰᠢᠨ᠎ᠡ ᠠᠮᠢᠯᠠᠯ᠎ᠲᠠᠢ ᠪᠣᠯᠭᠠᠵᠤ᠂ ᠲᠠᠯ᠎ᠠ ᠨᠤᠲᠤᠭ᠎ᠤᠨ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃

ᠵᠡᠭᠦᠨ ᠦᠵᠦᠮᠦᠴᠢᠨ ᠬᠣᠰᠢᠭᠤ 1984 ᠣᠨ ᠳ᠋ᠤ᠌ ᠪᠦᠬᠡ ᠶ᠋ᠢᠨ ᠨᠡᠢᠭᠡᠮᠯᠢᠭ ᠪᠠᠢᠭᠤᠯᠵᠤ᠂ ᠤᠯᠠᠮᠵᠢᠯᠠᠯᠳᠤ ᠪᠡᠶ᠎ᠠ ᠵᠢᠨ ᠳᠠᠮᠢᠷ᠎ᠤᠨ ᠬᠥᠳᠡᠯᠭᠡᠭᠡᠨ ᠢ᠋ ᠠᠶᠠᠨ᠎ᠳᠠᠭᠠᠨ ᠤ᠋ ᠮᠥᠷᠥᠢᠴᠡᠭᠡᠨ ᠡᠴᠡ ᠵᠢᠷᠤᠮᠵᠢᠭᠤᠯᠤᠭᠰᠠᠨ ᠤᠯᠠᠮᠵᠢᠯᠠᠯ ᠲᠡᠢᠰᠢ ᠬᠥᠭᠵᠢᠭᠦᠯᠵᠦ᠂ ᠲᠠᠯ᠎ᠠ ᠨᠤᠲᠤᠭ ᠤ᠋ᠨ ᠰᠣᠶᠣᠯ ᠤ᠋ᠨ ᠦᠪᠡᠳᠡᠭᠰᠢ ᠨᠠᠢᠷ ᠪᠣᠯᠭᠠᠵᠦ᠂ ᠵᠠᠩᠬᠢᠶ᠎ᠡ᠎ᠳᠦ ᠪᠥᠬᠡ ᠶ᠋ᠢᠨ ᠨᠥᠯᠥᠭᠡᠯᠡᠬᠦ ᠬᠦᠴᠦᠨ ᠨᠢ ᠦᠷᠭᠦᠯᠵᠢᠯᠡᠨ ᠳᠡᠭᠡᠭᠰᠢᠯᠡᠪᠡ᠃ ᠵᠡᠭᠦᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠶᠡᠷᠦᠩᠬᠡᠢ ᠪᠠᠷᠢᠯᠭ᠎ᠠ ᠶ᠋ᠢᠨ ᠲᠠᠯᠠᠪᠠᠢ ᠨᠢ 1.82ᠲᠦᠮᠡᠨ ᠲᠡᠭᠰᠢ ᠳᠥᠷᠪᠡᠯᠵᠢᠨ ᠮᠧᠲᠷ ᠤ᠋ᠨ ᠪᠦᠬᠦ ᠠᠷᠠᠳ ᠤ᠋ᠨ ᠪᠡᠶ᠎ᠡ ᠴᠢᠭᠢᠷᠠᠭᠵᠢᠭᠤᠯᠬᠤ ᠲᠥᠪ ᠢ᠋ ᠪᠠᠢᠭᠤᠯᠵᠤ᠂ ᠡᠭᠦᠨ ᠳ᠋ᠦ᠍ ᠳᠡᠭᠡᠷ᠎ᠡ ᠳᠣᠣᠷ᠎ᠠ ᠬᠣᠶᠠᠷ ᠳᠠᠪᠬᠤᠷ ᠪᠦᠬᠦᠢ 4023 ᠦᠵᠡᠭᠴᠢᠳ ᠦ᠋ᠨ ᠰᠠᠭᠤᠳᠠᠯ ᠳᠠᠢ 2400 ᠲᠡᠭᠰᠢ ᠳᠥᠷᠪᠡᠯᠵᠢᠨ ᠮᠧᠲᠷ ᠤ᠋ᠨ ᠣᠯᠠᠨ ᠤᠯᠤᠰ ᠤ᠋ᠨ ᠪᠠᠷᠢᠮᠵᠢᠶᠠᠲᠤ ᠪᠥᠬᠡ ᠶ᠋ᠢᠨ ᠣᠷᠳᠣᠨ ᠲᠣᠬᠢᠷᠠᠭᠤᠯᠵᠤ᠂ ᠪᠦᠬᠦ ᠤᠯᠤᠰ ᠤ᠋ᠨ ᠦᠨᠳᠦᠰᠦᠲᠡᠨ ᠦ᠌ ᠮᠠᠶᠢᠭ᠋ ᠤ᠋ᠨ ᠪᠥᠬᠡ ᠶ᠋ᠢᠨ ᠤᠷᠤᠯᠳᠤᠭᠠᠨ ᠵᠡᠷᠭᠡ ᠤᠯᠤᠰ ᠤ᠋ᠨ ᠲᠡᠰ ᠤ᠋ᠨ ᠤᠷᠤᠯᠳᠤᠭᠠᠨ ᠢ᠋ ᠠᠮᠵᠢᠯᠲᠠ ᠲᠠᠶ ᠳᠠᠭᠠᠭᠠᠴᠢᠯᠠᠨ ᠡᠷᠬᠢᠯᠡᠪᠡ᠃ ᠡᠨᠡ ᠮᠡᠳᠦ ᠪᠡᠷ ᠵᠠᠩᠬᠢᠶ᠎ᠡ᠎ᠳᠤ ᠪᠦᠬᠡ᠎ᠳᠤ ᠪᠠᠬᠠᠳᠠᠢ ᠪᠦᠬᠡᠴᠤᠳ ᠲᠤ᠌ ᠮᠡᠷᠭᠡᠵᠢᠯ ᠦ᠋ᠨ ᠬᠡᠮᠵᠢᠶᠡᠨ᠎ᠤ ᠲᠠᠪᠴᠠᠩ ᠬᠠᠨᠭᠭᠠᠵᠦ ᠥᠭᠭᠦᠭᠰᠡᠨ ᠢ᠋ᠶ᠋ᠡᠷ ᠪᠠᠷᠠᠬᠤ ᠦᠭᠡᠢ᠂ ᠪᠥᠬᠡ ᠶ᠋ᠢᠨ ᠰᠣᠶᠣᠯ ᠢ᠋ ᠪᠦᠬᠦ ᠤᠯᠤᠰ ᠲᠤ᠌ ᠬᠠᠨᠳᠤᠭᠤᠯᠤᠭᠰᠠᠨ ᠰᠢᠯᠢᠳᠡᠭ ᠠᠴᠢᠶᠠᠯᠠᠪᠤᠷᠢ ᠵᠢ ᠪᠤᠢ ᠪᠤᠯᠭᠠᠵᠠᠢ᠃

ᠰᠣᠶᠣᠯ ᠢ᠋ᠶ᠋ᠠᠷ ᠵᠢᠭᠤᠯᠴᠢᠯᠠᠯ ᠢ᠋ ᠱᠤᠭᠤᠵᠤ᠂ᠵᠢᠭᠤᠯᠴᠢᠯᠠᠯ ᠢ᠋ᠶ᠋ᠠᠷ ᠠᠵᠤ ᠦᠶ᠋ᠯᠡᠰ ᠢ᠋ ᠬᠥᠭᠵᠢᠭᠦᠯᠦᠨ᠎ᠡ᠃ ᠣᠢᠷ᠎ᠠ ᠶ᠋ᠢᠨ ᠵᠢᠯ ᠳ᠋ᠦ᠍᠂ ᠵᠡᠭᠦᠨ ᠦᠵᠦᠮᠦᠴᠢᠨ ᠬᠣᠰᠢᠭᠤᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ 《ᠮᠢᠩᠭᠠᠨ ᠭᠠᠵᠠᠷ ᠤ᠋ᠨ ᠬᠢᠯᠢ᠂ ᠳᠥᠷᠪᠡᠨ ᠴᠠᠭ ᠤ᠋ᠨ ᠦᠵᠦᠮᠦᠴᠢᠨ》 ᠰᠣᠶᠣᠯ ᠵᠢᠭᠤᠯᠴᠢᠯᠠᠯ ᠤ᠋ᠨ ᠳᠦᠷᠦᠯ ᠲᠡᠮᠳᠡᠭ ᠢ᠋ ᠬᠦᠴᠦᠯᠡᠨ ᠡᠭᠦᠳᠴᠦ᠂ 《ᠳᠥᠷᠪᠡᠨ ᠤᠯᠠᠷᠢᠯ ᠳ᠋ᠤ᠌ ᠭᠣᠤᠯ ᠰᠡᠳᠦᠪ ᠲᠡᠶ᠂ ᠪᠥᠬᠥ ᠣᠷᠣᠨ ᠪᠦᠰᠡ ᠳ᠋ᠦ᠍ ᠠᠵᠢᠯᠯᠠᠭ᠎ᠠ ᠲᠠᠶ》 ᠰᠣᠶᠣᠯ ᠵᠢᠭᠤᠯᠴᠢᠯᠠᠯ ᠤ᠋ᠨ ᠬᠥᠭᠵᠢᠯᠲᠡ ᠶ᠋ᠢᠨ ᠪᠠᠢᠷᠢᠰᠢᠯ ᠢ᠋ ᠪᠣᠶ ᠪᠣᠯᠭᠠᠪᠠ᠃ ᠪᠥᠬᠡ ᠶ᠋ᠢᠨ ᠪᠠᠷᠢᠯᠳᠤᠭᠠᠨ᠎ᠢ ᠲᠠᠯ᠎ᠠ ᠨᠤᠲᠤᠭ ᠤ᠋ᠨ ᠵᠢᠭᠤᠯᠴᠢᠯᠠᠯ᠂ ᠬᠡᠷ ᠪᠦᠯᠢ ᠪᠡᠷ ᠵᠢᠡᠨ ᠬᠡᠭᠡᠷ᠎ᠡ ᠪᠠᠭᠤᠳᠠᠯᠯᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ᠎ᠤᠨ ᠪᠦᠳᠦᠬᠡᠭᠳᠡᠬᠦᠨ ᠢ᠋ ᠳᠡᠯᠭᠡᠨ ᠪᠣᠷᠣᠯᠠᠭᠤᠯᠬᠤ ᠵᠡᠷᠭᠡ ᠣᠲᠣ᠌ ᠦᠶ᠎ᠡ ᠶ᠋ᠢᠨ ᠡᠵᠡᠩᠨᠡᠯᠲᠡ ᠶ᠋ᠢᠨ ᠬᠡᠯᠪᠡᠷᠢ ᠪᠠᠢᠳᠠᠯ ᠳᠠᠢ ᠭᠦᠨᠵᠡᠭᠡᠶ ᠠᠭᠤᠰᠤᠯᠴᠠᠭᠤᠯᠵᠤ᠂ ᠨᠠᠭᠠᠳᠤᠮ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠥᠭᠵᠢᠭᠦᠯᠬᠦ ᠠᠵᠤ ᠦᠶ᠋ᠯᠡᠰ ᠦ᠋ᠨ ᠬᠦᠷᠢᠶᠡᠯᠡᠩ (ᠤᠯᠤᠰ ᠤ᠋ᠨ 3A ᠲᠠᠰ ᠤ᠋ᠨ ᠦᠵᠡᠮᠵᠢ ᠶ᠋ᠢᠨ ᠣᠷᠣᠨ) ᠤ᠋ᠨ ᠳᠣᠲᠣᠷ᠎ᠠ ᠪᠣᠳᠠᠰ ᠤ᠋ᠨ ᠪᠤᠰᠤ ᠰᠣᠶᠣᠯ ᠤ᠋ᠨ ᠥᠪ ᠢ᠋ ᠳᠡᠯᠭᠡᠨ ᠦᠵᠡᠭᠦᠯᠬᠦ ᠮᠣᠩᠭᠣᠯ ᠬᠡᠷ ᠪᠠᠢᠭᠤᠯᠵᠤ᠂ ᠵᠢᠭᠤᠯᠴᠢᠯᠠᠭᠰᠠᠳ ᠲᠤ᠌ ᠪᠥᠬᠡ ᠶ᠋ᠢᠨ ᠪᠠᠷᠢᠯᠳᠣᠭᠠᠨ ᠢ᠋ ᠰᠣᠨᠢᠷᠬᠠᠭᠤᠯᠬᠤ ᠶ᠋ᠢᠨ ᠳᠠᠭᠠᠤ ᠪᠥᠬᠡ ᠶ᠋ᠢᠨ ᠰᠣᠶᠣᠯ ᠤ᠋ᠨ ᠥᠪᠡᠷᠮᠢᠴᠡ ᠷᠢᠳᠢ ᠰᠢᠳᠢ ᠶ᠋ᠢ ᠮᠡᠳᠡᠷᠡᠭᠦᠯᠵᠦ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠰᠢᠨ᠎ᠡ ᠴᠠᠭ ᠦᠶ᠎ᠡ᠎ᠳᠦ ᠦᠨᠡᠨ ᠬᠦ᠌ ᠠᠮᠢᠯᠠᠭᠤᠯᠪᠠ᠃ ᠠᠷᠪᠠᠨ ᠬᠣᠶᠠᠳᠤᠭᠠᠷ ᠬᠤᠭᠤᠴᠠᠭᠠᠨ ᠤ᠋ ᠪᠥᠬᠥ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠤᠯᠠᠮᠵᠢᠯᠠᠯᠲᠤ ᠪᠡᠶ᠎ᠡ ᠶ᠋ᠢᠨ ᠲᠠᠮᠢᠷ ᠤ᠋ᠨ ᠴᠤᠭᠯᠠᠭᠠᠨ ᠤ᠋ 《ᠰᠡᠳᠬᠢᠯ ᠵᠢᠡᠨ ᠨᠢᠭᠡᠳᠬᠡᠨ ᠬᠠᠮᠳᠤ ᠪᠡᠷ ᠠᠰᠢᠭ᠋ ᠭᠥᠷᠳᠡᠬᠦ》 ᠰᠢᠷᠢᠰ ᠠᠵᠢᠯᠯᠠᠭ᠎ᠠ ᠶ᠋ᠢ ᠳᠠᠭᠠᠭᠠᠴᠢᠯᠡᠨ ᠡᠷᠭᠢᠯᠡᠬᠦ ᠡᠴᠡ ᠠᠪᠤᠭᠠᠳ ᠥᠪᠥᠷ ᠮᠣᠩᠭᠣᠯ ᠤ᠋ᠨ ᠲᠧᠯᠸᠢᠰ ᠬᠣᠷᠢᠶ᠎ᠠ ᠲᠠᠶ ᠬᠠᠮᠲᠤᠷᠠᠨ 《ᠳᠠᠯ᠎ᠠ ᠨᠤᠳᠤᠭ ᠡᠴᠡ ᠠᠨᠢᠷᠳᠤᠬᠤ ᠠᠶᠠᠯᠭᠤ》 ᠶᠡᠷᠦᠩᠬᠡᠢᠯᠡᠭᠰᠡᠨ ᠤᠷᠠᠯᠢᠭ᠋ ᠤ᠋ᠨ ᠫᠷᠤᠭ᠌ᠷᠠᠮ ᠢ᠋ ᠡᠭᠦᠳᠬᠦ ᠬᠦᠷᠲᠡᠯ᠎ᠡ᠂ ᠠᠷᠪᠠᠳᠤᠭᠠᠷ ᠬᠤᠭᠤᠴᠠᠭᠠᠨ ᠤ᠋ ᠠᠷᠠᠳ ᠤ᠋ᠨ ᠨᠠᠭᠠᠳᠤᠮ ᠤ᠋ᠨ ᠦᠪᠡᠳᠡᠭᠰᠢ ᠴᠤᠭᠯᠠᠭᠠᠨ ᠨᠢ ᠨᠠᠢ᠍ᠮᠠᠨ ᠵᠣᠪᠬᠢᠰ ᠤ᠋ᠨ ᠵᠣᠴᠢᠳ ᠢ᠋ ᠲᠠᠲᠠᠭᠰᠠᠨ ᠠ᠋ᠴᠠ ᠬᠠᠩᠵᠧᠦ ᠶ᠋ᠢᠨ ᠰᠣᠶᠣᠯ ᠵᠢᠭᠤᠯᠴᠢᠯᠠᠯ ᠤ᠋ᠨ ᠲᠠᠨᠢᠯᠴᠠᠭᠤᠯᠭ᠎ᠠ ᠶ᠋ᠢᠨ ᠬᠤᠷᠠᠯ ᠳ᠋ᠤ᠌ ᠬᠦᠷᠴᠦ ᠦᠵᠦᠮᠦᠴᠢᠨ ᠨᠤᠲᠤᠭ ᠤ᠋ᠨ ᠵᠠᠩ ᠦᠢᠯᠡ ᠶ᠋ᠢ ᠳᠡᠯᠭᠡᠨ ᠦᠵᠡᠭᠦᠯᠬᠦ ᠬᠦᠷᠲᠡᠯ᠎ᠡ᠂ ᠤᠯᠠᠨ ᠡᠰᠢᠲᠦ ᠠᠵᠢᠯᠯᠠᠭ᠎ᠠ ᠨᠢ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠢ᠋ ᠲᠠᠯ᠎ᠠ ᠨᠤᠲᠤᠭ ᠠ᠋ᠴᠠ 《ᠭᠠᠷᠭᠠᠵᠤ》᠂ ᠪᠦᠬᠦ ᠤᠯᠤᠰ ᠲᠤ᠌ ᠳᠡᠯᠭᠡᠷᠡᠭᠦᠯᠬᠦ ᠳ᠋ᠦ᠍ ᠬᠦᠴᠦᠨ ᠨᠢᠭᠡ᠎ᠶᠢ ᠨᠡᠮᠡᠷᠢᠯᠡᠵᠡᠢ᠃ ᠡᠢᠨ ᠬᠦ᠌《ᠠᠷᠪᠠᠨ ᠳᠥᠷᠪᠡᠳᠦᠭᠡᠷ ᠲᠠᠪᠤᠨ ᠵᠢᠯ》 ᠠ᠋ᠴᠠ ᠨᠠᠭᠠᠰᠢ᠂ ᠵᠢᠭᠤᠯᠴᠢᠯᠠᠭᠰᠠᠳ ᠢ᠋ ᠨᠡᠢᠲᠡ 108.7ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤ᠋ᠨ ᠣᠷᠣᠯᠭ᠎ᠠ ᠶ᠋ᠢ 6.88 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭ ᠦ᠋ᠨ ᠦᠶ᠋ᠯᠡᠳᠦᠯ ᠢ᠋ ᠦᠷᠭᠦᠯᠵᠢᠯᠡᠨ ᠪᠠᠳᠠᠷᠠᠭᠤᠯᠵᠤ᠂ ᠵᠡᠭᠦᠨ ᠦᠵᠦᠮᠦᠴᠢᠨ ᠬᠣᠰᠢᠭᠤᠨ ᠤ᠋ ᠠᠵᠤ ᠠᠬᠤᠶ ᠶ᠋ᠢᠨ ᠬᠥᠭᠵᠢᠯᠲᠡ ᠳ᠋ᠦ᠍ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠪᠥᠬᠡ᠎ᠶᠢᠨ ᠰᠣᠶᠣᠯ᠎ᠤᠨ ᠦᠵᠡᠬᠦᠯᠪᠦᠷᠢ ᠬᠢᠬᠡᠳ ᠵᠢᠭᠤᠯᠴᠢᠯᠠᠯ᠎ᠤᠨ ᠦᠵᠡᠭᠦᠯᠭᠡ᠎ᠶᠢᠨ ᠲᠠᠪᠴᠠᠩ᠎ᠢ ᠪᠠᠢᠭᠤᠯᠪᠡ᠃ ᠲᠤᠰ ᠬᠣᠰᠢᠭᠤ ᠰᠣᠶᠣᠯ ᠵᠢᠭᠤᠯᠴᠢᠯᠡᠯ᠎ᠤᠨ ᠨᠠᠢᠷ᠂ ᠨᠠᠭᠠᠳᠤᠮ᠎ᠤᠨ ᠬᠤᠷᠠᠯ ᠵᠡᠷᠭᠡ ᠲᠦᠷᠦᠯ ᠲᠡᠮᠳᠡᠭ᠎ᠦᠨ ᠠᠵᠢᠯᠯᠠᠭ᠎ᠠ᠎ᠳᠤ ᠲᠦᠰᠢᠭᠯᠡᠨ᠂ ᠪᠦᠬᠡ᠎ᠶᠢᠨ ᠪᠠᠷᠢᠯᠳᠤᠭᠠᠨ᠎ᠢ ᠭᠣᠣᠯ ᠭᠢᠯᠠᠰ ᠴᠡᠭ ᠪᠣᠯᠭᠠᠵᠤ᠂ ᠥᠨᠳᠥᠷ ᠪᠠᠷᠢᠮᠵᠢᠶᠠᠲᠤ ᠳᠡᠮᠡᠴᠡᠬᠡᠨ ᠤᠷᠤᠯᠳᠤᠭᠠᠨ᠎ᠢ ᠡᠷᠬᠢᠯᠡᠨ᠂ ᠪᠦᠬᠡ᠎ᠶᠢᠨ ᠱᠠᠩᠨᠠᠯ ᠣᠯᠭᠣᠬᠤ ᠶᠣᠰᠣᠯᠠᠯ ᠥᠷᠨᠢᠭᠦᠯᠵᠦ᠂ ᠵᠢᠭᠤᠯᠴᠢᠯᠠᠭᠰᠠᠳ᠎ᠲᠤ ᠪᠦᠬᠡ᠎ᠶᠢᠨ ᠬᠥᠳᠡᠯᠭᠡᠭᠡᠨ᠎ᠦ ᠣᠮᠣᠭ ᠪᠠᠬᠠᠳᠤᠯ᠎ᠢ ᠮᠡᠳᠡᠷᠡᠭᠦᠯᠵᠦ᠂ ᠲᠠᠯ᠎ᠠ ᠨᠤᠲᠤᠭ᠎ᠤᠨ ᠵᠠᠩ ᠦᠢᠯᠡ᠎ᠶᠢᠨ ᠰᠣᠶᠣᠯ᠎ᠢ ᠣᠢᠯᠠᠭᠠᠭᠤᠯᠪᠡ᠃ ᠤᠳᠠᠭ᠎ᠠ ᠪᠤᠯᠭᠠᠨ᠎ᠤ ᠰᠣᠶᠣᠯ ᠵᠢᠭᠤᠯᠴᠢᠯᠡᠯ᠎ᠤᠨ ᠨᠠᠢᠷ ᠨᠢ ᠡᠷᠬᠢᠨ ᠲᠣᠭᠣᠷᠢᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠶᠢ ᠳᠠᠶ᠋ᠢᠴᠢᠯᠠᠨ᠂ ᠰᠣᠶᠣᠯ᠎ᠢ ᠤᠯᠠᠮᠵᠢᠯᠠᠬᠤ ᠪᠠ ᠵᠢᠭᠤᠯᠴᠢᠯᠠᠯ᠎ᠤᠨ ᠬᠥᠭᠵᠢᠯᠲᠡ᠎ᠶᠢ ᠬᠣᠣᠰ ᠴᠢᠭᠯᠡᠯ᠎ᠢᠶᠡᠷ ᠠᠬᠢᠭᠤᠯᠤᠭᠰᠠᠭᠠᠷ ᠪᠠᠢᠭ᠎ᠠ ᠠᠵᠢ᠃
ᠵᠢᠭ᠍ᠰᠠᠭᠠᠯ᠎ᠤᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ ᠠᠭᠤᠰᠤᠯᠴᠠᠨ ᠬᠥᠭᠵᠢᠬᠦ ᠰᠠᠭᠤᠷᠢ᠎ᠶᠢ ᠪᠡᠬᠢᠵᠢᠭᠦᠯᠵᠡᠢ᠃ ᠲᠣᠰ ᠬᠣᠰᠢᠭᠤ ᠤᠯᠤᠰ᠎ᠤᠨ ᠲᠠᠰ᠎ᠤᠨ ᠤᠷᠤᠯᠳᠤᠭᠠᠨ᠎ᠢ ᠳᠠᠭᠠᠭᠠᠴᠢᠯᠠᠨ ᠡᠷᠭᠢᠯᠡᠬᠦ᠎ᠶᠢᠨ ᠬᠠᠮᠲᠤ ᠨᠡᠭᠦᠳᠡᠯ ᠰᠣᠶᠣᠯ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢᠨ ᠣᠷᠣᠨ᠎ᠳᠤ ᠲᠦᠰᠢᠭᠯᠡᠨ᠂ ᠪᠣᠳᠠᠰ᠎ᠤᠨ ᠪᠤᠰᠤ ᠰᠣᠶᠣᠯ᠎ᠤᠨ ᠥᠪ ᠢ ᠤᠯᠠᠮᠵᠢᠯᠠᠬᠤ ᠰᠠᠭᠤᠷᠢᠨ᠂ ᠵᠢᠭᠠᠨ ᠰᠤᠷᠭᠠᠬᠤ ᠳᠦᠪ ᠵᠡᠷᠭᠡ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠪᠥᠬᠡ᠎ᠶᠢᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠪᠠᠢᠩᠭᠤᠵᠢᠭᠤᠯᠤᠨ ᠥᠷᠨᠢᠭᠦᠯᠵᠦ᠂ ᠵᠠᠯᠠᠭᠤ ᠪᠠᠭ᠎ᠠ ᠤᠯᠠᠮᠵᠢᠯᠠᠭᠴᠢ᠎ᠵᠢ ᠬᠥᠮᠥᠵᠢᠭᠦᠯᠦᠨ᠂ ᠪᠥᠬᠡ᠎ᠶᠢᠨ ᠰᠣᠶᠣᠯ᠎ᠢ ᠦᠶ᠎ᠡ᠎ᠶᠢᠨ ᠦᠶ᠎ᠡ᠎ᠳᠦ ᠤᠯᠠᠮᠵᠢᠯᠠᠨ᠎ᠠ᠃ ᠡᠭᠦᠨ᠎ᠡᠴᠡ ᠭᠠᠳᠠᠨ᠎ᠠ᠂ ᠳᠤᠰ ᠬᠤᠰᠢᠭᠤ ᠪᠠᠰᠠ 《ᠭᠤᠷᠪᠠᠨ ᠬᠥᠨᠳᠡᠯᠡᠨ ᠳᠥᠷᠪᠡᠨ ᠭᠤᠯᠳᠤ》 ᠵᠠᠮ ᠬᠠᠷᠢᠯᠴᠠᠭᠠᠨ᠎ᠤ ᠲᠣᠣᠷ᠎ᠢ ᠡᠮᠬᠢᠯᠡᠨ ᠨᠡᠢᠯᠡᠭᠦᠯᠵᠦ᠂ ᠥᠪᠡᠷᠮᠢᠴᠡ ᠣᠨᠴᠠᠯᠢᠭ᠋᠎ᠲᠠᠢ ᠵᠢᠭᠤᠯᠴᠢᠯᠠᠯ᠎ᠤᠨ ᠵᠠᠮ ᠱᠤᠭᠤᠮ᠎ᠢ ᠪᠣᠶ ᠪᠣᠯᠭᠠᠵᠤ᠂ ᠪᠥᠬᠡ᠎ᠶᠢᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶᠢᠨ ᠴᠡᠭ᠎ᠢ ᠪᠥᠬᠥ ᠣᠷᠣᠨ ᠪᠦᠰᠡ᠎ᠶᠢᠨ ᠵᠢᠭᠤᠯᠴᠢᠯᠠᠯ᠎ᠤᠨ ᠪᠠᠢᠷᠢᠰᠢᠭᠤᠯᠤᠯᠲᠠ᠎ᠳᠤ ᠠᠭᠤᠰᠬᠠᠨ ᠣᠷᠣᠭᠤᠯᠵᠤ᠂ ᠵᠢᠭᠤᠯᠴᠢᠯᠠᠭ᠍ᠴᠢᠳ᠎ᠤᠨ ᠭᠦᠨᠵᠡᠭᠡᠢ ᠣᠢᠯᠠᠭᠠᠯᠲᠠ᠎ᠳᠤ ᠲᠥᠬᠥᠮ ᠦᠵᠡᠭᠦᠯᠵᠦ ᠪᠤᠢ ᠠᠵᠢ᠃

ᠰᠢᠨ᠎ᠡ᠎ᠶᠢ ᠡᠭᠦᠳᠦᠨ ᠣᠨᠳᠣᠣᠰᠢᠭᠤᠯᠬᠤ᠎ᠶᠢ ᠠᠬᠢᠭᠤᠯᠵᠤ᠂ ᠰᠣᠶᠣᠯ᠎ᠤᠨ ᠪᠦᠳᠦᠬᠡᠯᠴᠢ ᠦᠢᠯᠡᠳᠬᠦᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠪᠡ᠃ ᠲᠣᠰ ᠬᠣᠰᠢᠭᠤ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠡᠭᠦᠳᠦᠯᠲᠡ》 ᠶ᠋ᠢᠨ ᠵᠠᠭᠪᠤᠷ᠎ᠢ ᠰᠦᠪᠡᠭᠴᠢᠯᠡᠵᠦ᠂ ᠭᠠᠷ ᠤᠷᠠᠯᠢᠭ᠍ᠴᠢᠳᠢ ᠬᠥᠲᠥᠯᠥᠨ ᠵᠢᠯᠤᠭᠣᠳᠴᠤ ᠪᠠᠢᠭᠠᠳ ᠪᠥᠬᠡ᠎ᠶᠢᠨ ᠡᠯᠧᠮᠧᠨ᠋ᠲ᠎ᠢ ᠰᠣᠶᠣᠯ᠎ᠤᠨ ᠪᠦᠳᠦᠬᠡᠯᠴᠢ ᠡᠭᠦᠳᠦᠯᠲᠡ᠎ᠶᠢᠨ ᠵᠢᠷᠤᠭ ᠲᠥᠯᠥᠪᠯᠡᠭᠡ᠎ᠳᠦ ᠠᠭᠤᠰᠬᠠᠨ ᠣᠷᠣᠭᠤᠯᠵᠤ᠂ ᠵᠠᠰᠠᠯ ᠵᠢᠮᠰᠡᠭ᠂ ᠬᠥᠯᠳᠡᠭᠡᠭᠦᠷ᠎ᠦᠨ ᠨᠠᠭᠠᠯᠲᠠ ᠵᠡᠷᠭᠡ ᠣᠨᠴᠠᠯᠢᠭ᠍ᠲᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠪᠥᠬᠡ᠎ᠶᠢᠨ ᠰᠣᠶᠣᠯ ᠢ 《ᠦᠵᠡᠮᠦᠷᠢ》᠎ᠲᠠᠢ ᠪᠤᠯᠭᠠᠪᠠ᠃ ᠡᠭᠦᠨ᠎ᠦ ᠬᠠᠮᠲᠤ᠂ᠪᠡᠶᠡᠴᠢᠯᠡᠨ ᠤᠢᠯᠠᠭᠠᠬᠤ ᠬᠡᠯᠪᠡᠷᠢ ᠵᠢᠨ ᠨᠡᠭᠦᠳᠡᠯ ᠮᠠᠯᠵᠢᠯ᠎ᠤᠨ ᠰᠤᠷᠭᠠᠭᠤᠯᠢ᠎ᠶᠢᠨ ᠬᠤᠸᠠᠷᠠᠨ᠎ᠢ ᠰᠢᠨ᠎ᠡ᠎ᠪᠡᠷ ᠡᠭᠦᠳᠴᠦ᠂ ᠵᠢᠭᠤᠯᠴᠢᠯᠠᠭᠰᠠᠳ᠎ᠢ ᠪᠥᠬᠡᠪᠠᠷᠢᠯᠳᠤᠬᠤ᠂ ᠪᠥᠬᠡ᠎ᠶᠢᠨ ᠰᠣᠶᠣᠯ᠎ᠢ ᠮᠡᠳᠡᠷᠡᠨ ᠰᠤᠷᠤᠯᠴᠠᠬᠤ ᠶᠠᠪᠤᠴᠠ᠎ᠳᠤ᠂ ᠲᠠᠯ᠎ᠠ ᠨᠤᠲᠤᠭ᠎ᠤᠨ ᠨᠡᠭᠦᠳᠡᠯ ᠠᠮᠢᠳᠤᠷᠠᠯ᠎ᠤᠨ ᠥᠪᠡᠷᠮᠢᠴᠡ ᠷᠢᠳᠢ ᠰᠢᠳᠢ᠎ᠶᠢ ᠮᠡᠳᠡᠷᠡᠭᠦᠯᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠵᠠᠭᠠᠭ ᠱᠤᠭᠤᠮ᠎ᠢ ᠤᠯᠠᠮ ᠨᠢᠭᠡ ᠠᠯᠬᠤᠮ ᠥᠷᠭᠡᠳᠬᠡᠪᠡ᠃
ᠡᠳᠦᠭᠡ᠂ ᠪᠥᠬᠡ᠎ᠶᠢᠨ ᠰᠣᠶᠣᠯ ᠨᠢ ᠵᠡᠭᠦᠨ ᠦᠵᠦᠮᠦᠴᠢᠨ ᠬᠣᠰᠢᠭᠤᠨ᠎ᠤ ᠰᠣᠶᠣᠯ ᠵᠢᠭᠤᠯᠴᠢᠯᠠᠯ᠎ᠢ ᠤᠶᠠᠯᠳᠤᠭᠤᠯᠤᠭᠰᠠᠨ ᠢᠯᠡ ᠲᠣᠳᠣ᠌ ᠲᠡᠮᠳᠡᠭ ᠪᠣᠯᠤᠭᠰᠠᠨ ᠪᠠᠢᠨ᠎ᠠ᠃ ᠣᠲᠣ᠌ ᠪᠣᠯᠲᠠᠯ᠎ᠠ᠂ ᠲᠣᠰ ᠬᠣᠰᠢᠭᠤ ᠵᠢᠭᠤᠯᠴᠢᠯᠠᠭᠰᠠᠳ᠎ᠢ ᠭᠥᠯᠢᠶᠡᠨ ᠠᠪᠴᠤ ᠵᠣᠴᠢᠯᠠᠭᠰᠠᠨ ᠲᠣᠭ᠎ᠠ ᠨᠢ ᠲᠣᠭᠲᠠᠭᠤᠨ᠎ᠢᠶᠠᠷ ᠨᠡᠮᠡᠭᠳᠡᠵᠦ᠂ ᠪᠥᠬᠡ᠎ᠶᠢᠨ ᠰᠣᠶᠣᠯ ᠨᠢ ᠦᠨᠳᠦᠰᠦᠲᠡᠨ᠎ᠦ ᠰᠣᠶᠣᠯ᠎ᠤᠨ ᠬᠦᠭᠵᠢᠯᠳᠡ ᠵᠢ ᠠᠬᠢᠭᠤᠯᠤᠭᠰᠠᠨ᠎ᠢᠶᠠᠷ ᠪᠠᠷᠠᠬᠤ ᠦᠭᠡᠢ ᠨᠠᠩ ᠴᠤ᠌ ᠮᠠᠯᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠳᠠᠶ᠋ᠢᠴᠢᠯᠠᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠣᠶᠣᠯ᠎ᠤᠨ ᠠᠭᠤᠯᠬᠤᠨ ᠪᠠ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠦᠭᠵᠢᠬᠡᠵᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠰᠢᠨ᠎ᠡ ᠵᠢᠷᠤᠭ᠎ᠢ ᠵᠢᠷᠤᠭᠯᠠᠭᠰᠠᠨ ᠪᠠᠢᠨ᠎ᠠ᠃ ᠡᠢᠨ ᠬᠦ᠌᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠳᠡᠯᠬᠡᠷᠡᠬᠦᠯᠬᠦ ᠠ᠋ᠴᠠ ᠰᠣᠶᠣᠯ ᠵᠢᠭᠤᠯᠴᠢᠯᠠᠯ ᠢ᠋ ᠠᠭᠤᠰᠤᠯᠴᠠᠭᠤᠯᠬᠤ ᠠᠷᠭ᠎ᠠ ᠵᠠᠮ ᠤ᠋ᠨ ᠰᠢᠨ᠎ᠡ ᠶ᠋ᠢ ᠡᠭᠦᠳᠬᠦ ᠬᠦᠷᠲᠡᠯ᠎ᠡ᠂ᠦᠵᠦᠮᠦᠴᠢᠨᠴᠦᠳ ᠪᠥᠬᠡ᠎ᠪᠠᠨ ᠳᠡᠭᠡᠳᠦᠯᠡᠵᠦ᠂ ᠰᠣᠶᠣᠯ ᠵᠢᠭᠤᠯᠴᠢᠯᠡᠯ ᠤ᠋ᠨ ᠴᠢᠨᠠᠷ ᠰᠠᠢᠲᠠᠶ ᠬᠥᠭᠵᠢᠯᠲᠡ ᠶ᠋ᠢᠨ ᠰᠦᠷᠯᠢᠭ ᠰᠠᠢᠬᠠᠨ ᠦᠵᠡᠮᠵᠢ᠎ᠶᠢ ᠵᠢᠷᠤᠭᠯᠠᠨ᠎ᠠ᠃