ᠸᠠᠩ ᠸᠧᠢ ᠵᠦᠩ ᠪᠦᠦ ᠭᠠᠩ ᠱ᠌ᠢ ᠭᠤᠸᠠᠩ ᠬᠤᠢ ᠤᠷᠤᠯᠴᠠᠵᠠᠢ
4 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ ᠠᠷᠮᠢ ᠶ᠋ᠢᠨ ᠲᠡᠰ᠎ᠤᠨ ᠤᠳᠤᠷᠢᠳᠭᠤ ᠨᠥᠬᠥᠳ ᠬᠥᠬᠡᠬᠣᠲᠠ ᠶ᠋ᠢᠨ ᠱᠢᠨ᠎ᠡ ᠬᠤᠳᠠ ᠲᠣᠭᠣᠷᠢᠭ ᠤᠨ ᠵᠢᠱᠠ ᠴᠡᠴᠡᠷᠯᠢᠭ᠎ᠲᠦ ᠬᠦᠷᠴᠦ᠍᠂ ᠣᠷᠣᠨ ᠤ ᠲᠥᠪ ᠦᠨ ᠺᠠᠳ᠋ᠷ ᠤᠯᠠᠨ ᠲᠦᠮᠡᠨ᠎ᠲᠡᠶ ᠬᠠᠮᠲᠤ ᠪᠠᠷ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃

4 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠵᠢᠱᠠ ᠴᠡᠴᠡᠷᠯᠢᠭ᠎ᠲᠦ ᠣᠷᠣᠨ᠎ᠤ ᠲᠥᠪ᠎ᠦᠨ ᠺᠠᠳ᠋ᠷ ᠤᠯᠠᠨ ᠲᠦᠮᠡᠨ᠎ᠲᠡᠶ ᠬᠠᠮᠲᠤ᠎ᠪᠠᠷ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃
ᠲᠤᠰ ᠰᠤᠨᠢᠨ᠎ᠤ ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠤᠷᠢᠬᠠᠨ ᠰᠠᠯᠬᠢ ᠡᠶᠡᠪᠡᠷᠭᠦᠦ ᠢᠯᠪᠢᠵᠦ᠍᠂ ᠲᠦᠮᠡᠨ ᠪᠣᠳᠠᠰ ᠲᠦᠯᠵᠢᠨ ᠠᠮᠢᠯᠠᠵᠤ᠂ ᠮᠣᠳᠣ ᠲᠠᠷᠢᠬᠤ ᠰᠠᠢᠬᠠᠨ ᠤᠯᠠᠷᠢᠯ ᠪᠣᠯᠤᠯ᠎ᠠ᠃ ᠸᠠᠩ ᠸᠧᠢ ᠵᠦᠩ ᠨᠠᠷ ᠮᠣᠳᠣ ᠲᠠᠷᠢᠬᠤ ᠭᠠᠵᠠᠷ᠎ᠲᠦ ᠬᠦᠷᠦᠮᠡᠭ᠌ᠴᠡ ᠲᠠᠷᠤᠢᠬᠠᠨ ᠺᠠᠳ᠋ᠷ ᠤᠯᠠᠨ ᠲᠦᠮᠡᠨ ᠲᠡᠶ ᠬᠠᠮᠲᠤ᠎ᠪᠠᠷ ᠬᠦᠷᠵᠡ ᠪᠠᠷᠢᠨ ᠨᠦᠬᠡ ᠮᠠᠯᠲᠠᠵᠤ᠂ ᠱᠢᠷᠣᠢ ᠨᠡᠮᠡᠵᠦ ᠪᠦᠰᠡᠯᠡᠭᠦᠷ ᠬᠠᠰᠢᠯᠭ᠎ᠠ ᠪᠤᠰᠭᠠᠨ᠂ ᠰᠠᠭᠤᠯᠠᠭ᠎ᠠ ᠲᠡᠭᠦᠵᠢᠯᠡᠨ ᠤᠰᠤᠯᠠᠵᠤ᠂ ᠵᠡᠷᠯᠢᠭ ᠲᠤᠭᠤᠷ᠂ ᠮᠤᠢᠯ᠂ ᠬᠠᠢᠲᠠᠩ᠂ ᠵᠡᠷᠯᠢᠭ ᠭᠤᠤᠯ᠎ᠳᠤ ᠪᠤᠷᠤ ᠵᠡᠷᠭᠡ ᠴᠢᠬᠢ ᠮᠣᠳᠣ ᠵᠢ ᠲᠠᠷᠢᠵᠤ᠂ ᠲᠤᠬᠠᠢ᠎ᠶ᠋ᠢᠨ ᠲᠠᠯᠠᠪᠠᠢ᠎ᠳᠤ ᠶᠠᠭᠠᠷᠠᠯᠲᠠᠢ ᠠᠵᠢᠯᠯᠠᠵᠠᠭᠠᠪᠠ᠃ ᠸᠠᠩ ᠸᠧᠢ ᠵᠦᠩ ᠮᠣᠳᠣ ᠲᠠᠷᠢᠬᠤ᠎ᠶ᠋ᠢᠨ ᠳᠠᠭᠠᠤ ᠬᠡᠦᠬᠡᠳ᠎ᠤᠳ᠎ᠦᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠢᠭ᠎ᠠ ᠵᠡᠷᠭᠡ ᠪᠠᠢᠳᠠᠯ᠎ᠢ ᠬᠠᠯᠠᠮᠵᠢᠯᠠᠨ ᠠᠰᠠᠭᠤᠵᠤ᠂ ᠲᠡᠳᠡᠨ᠎ᠢ ᠰᠠᠢᠲᠤᠷ ᠰᠤᠷᠤᠯᠴᠠᠵᠤ᠂ ᠪᠡᠶᠡᠮᠠᠬᠠᠪᠤᠳᠢᠶᠡᠨ ᠪᠣᠯᠪᠠᠰᠤᠷᠠᠭᠤᠯᠵᠤ᠂ ᠲᠤᠯᠭᠠᠭᠤᠷᠢ ᠬᠦᠴᠦᠨ ᠪᠤᠯᠵᠤ ᠦᠰᠦᠨ ᠪᠤᠢᠵᠢᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃
ᠮᠣᠳᠣ᠌ ᠲᠠᠷᠢᠬᠤ ᠳᠤᠮᠳᠠ᠂ ᠸᠠᠩ ᠸᠧᠢ ᠵᠦᠩ ᠤᠯᠠᠨ ᠲᠠᠢ ᠭᠦᠨᠵᠡᠭᠡᠢ ᠰᠤᠯᠢᠯᠴᠠᠵᠤ ᠂ ᠴᠢᠬᠢ ᠮᠣᠳᠣᠨ ᠤ ᠲᠦᠷᠦᠯ ᠵᠦᠢᠯ ᠂ ᠦᠰᠦᠯᠳᠡ ᠶᠢᠨ ᠤᠨᠴᠠᠯᠢᠭ ᠪᠠᠢᠳᠠᠯ ᠢ ᠨᠠᠷᠢᠨ ᠣᠢᠯᠠᠭᠠᠪᠠ ᠃ ᠲᠡᠷᠡ ᠂ ᠰᠢ᠎ᠶᠢᠨ ᠫᠢᠩ ᠤᠨ ᠠᠮᠢ ᠠᠬᠤᠢ ᠶᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠤᠮᠢᠨ ᠤᠰᠤ ᠬᠦᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ ᠢ ᠪᠠᠲᠤ ᠪᠡᠬᠢ ᠪᠣᠶ ᠪᠣᠯᠭᠠᠵᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠣᠭᠣᠭᠠᠷᠠᠭᠤᠯᠤᠯᠲᠠ ᠶᠢ ᠮᠠᠨᠳᠤᠭᠤᠯᠬᠤ᠂ ᠨᠣᠭᠣᠭᠠᠷᠠᠭᠤᠯᠤᠯᠲᠠ᠎ᠶᠢ ᠬᠠᠮᠠᠭᠠᠯᠠᠬᠤ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠥᠷᠭᠡᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠮᠣᠳᠣ᠌ ᠳᠠᠷᠢᠵᠤ ᠣᠢᠵᠢᠭᠤᠯᠬᠤ ᠳᠤ ᠢᠳᠡᠪᠬᠢᠲᠡᠢ ᠣᠷᠣᠯᠴᠠᠭᠤᠯᠵᠤ᠂ ᠶᠡᠬᠡ ᠬᠡᠪᠴᠢᠶ᠎ᠡ ᠪᠡᠷ ᠤᠯᠤᠰ᠎ᠤᠨ ᠨᠤᠲᠤᠭ ᠳᠡᠪᠢᠰᠬᠡᠷ ᠢ ᠨᠣᠭᠣᠭᠠᠷᠠᠭᠤᠯᠬᠤ ᠠᠵᠢᠯᠯᠠᠭ᠎ᠠ᠎ᠶᠢ ᠰᠢᠨᠵᠢᠯᠡᠬᠦ ᠤᠬᠠᠭᠠᠨᠴᠢ᠎ᠪᠠᠷ ᠥᠷᠨᠢᠭᠦᠯᠵᠦ᠂ 《ᠤᠮᠠᠷᠠᠲᠦ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠲᠡᠶ᠋ᠢᠯᠠᠯᠳᠤᠭᠠᠨ ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠶᠢ ᠪᠥᠬᠥ ᠲᠠᠯ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠎ᠶᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠤᠢ ᠮᠣᠳᠣᠨ᠎ᠤ ᠡᠭᠦᠯᠳᠡᠷ᠎ᠢ ᠰᠣᠩᠭᠣᠵᠤ᠂ ᠰᠡᠭᠦᠯᠴᠢ᠎ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ᠎ᠶᠢ ᠨᠠᠷᠢᠨ ᠨᠢᠮᠪᠠᠢ ᠰᠠᠢᠲᠤᠷ ᠬᠢᠵᠦ᠂ ᠤᠢ ᠮᠣᠳᠣᠨ ᠤ ᠡᠳᠡᠭᠡᠷᠡᠯᠲᠡ᠎ᠶᠢᠨ ᠨᠤᠷᠮ᠎ᠠ᠎ᠶᠢ ᠪᠠᠲᠤᠯᠠᠵᠤ᠂ ᠮᠣᠳᠣ᠌ ᠲᠠᠷᠢᠵᠤ ᠣᠢᠵᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠣᠳᠣᠬᠠᠨ᠎ᠳᠤ ᠬᠠᠪᠤᠷ᠎ᠤᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠪᠠᠢᠭ᠎ᠠ ᠪᠣᠯᠬᠣᠷ᠂ ᠡᠯ᠎ᠡ ᠲᠠᠯ᠎ᠠ᠎ᠶᠢᠨ ᠬᠠᠷᠢᠭᠤᠴᠠᠯᠭ᠎ᠠ ᠶᠢ ᠴᠢᠨᠭᠭᠠᠷᠠᠭᠤᠯᠤᠨ ᠪᠣᠳᠠᠲᠠᠢᠵᠢᠭᠤᠯᠵᠤ᠂ ᠬᠡᠮ ᠰᠣᠭᠣᠭ ᠢ ᠵᠢᠭᠰᠠᠭᠠᠨ ᠪᠠᠢᠴᠠᠭᠠᠬᠤ ᠶᠢ ᠴᠢᠨᠭᠭᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠭᠠᠯ᠎ᠢ ᠰᠡᠷᠭᠡᠢᠯᠡᠬᠦ ᠤᠨᠳᠠᠷᠠᠭᠠᠬᠤ ᠤᠬᠠᠮᠰᠠᠷ᠎ᠢᠶᠠᠨ ᠳᠡᠭᠡᠭᠰᠢᠯᠡᠭᠦᠯᠵᠦ᠂ ᠬᠢᠯᠪᠠᠷ ᠪᠤᠰᠤ᠎ᠪᠠᠷ ᠣᠯᠣᠭᠰᠠᠨ ᠠᠮᠢ ᠠᠬᠤᠢ᠎ᠶᠢᠨ ᠦᠷ᠎ᠡ ᠪᠦᠲᠦᠭᠡᠯ᠎ᠢ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠎ᠶᠢᠨ ᠵᠥᠪᠯᠡᠯᠭᠡᠨ ᠦ ᠮᠤᠵᠢ᠎ᠶᠢᠨ ᠲᠡᠰ᠎ᠤᠨ ᠤᠳᠤᠷᠢᠳᠬᠤ ᠨᠥᠬᠥᠳ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ ᠵᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠲᠠᠷᠤᠭ᠎ᠠ᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠠᠷᠮᠢ᠎ᠶᠢᠨ ᠲᠡᠰ᠎ᠤᠨ ᠤᠳᠤᠷᠢᠳᠬᠤ ᠨᠥᠬᠥᠳ ᠠᠵᠢᠯᠯᠠᠭ᠎ᠠ᠎ᠳᠤ ᠣᠷᠣᠯᠴᠠᠪᠠ᠃
ᠣᠢᠯᠠᠭᠠᠭᠰᠠᠨ᠎ᠢᠶᠠᠷ᠂ ᠡᠨᠡ ᠵᠢᠯ ᠡᠴᠡ ᠨᠠᠭᠠᠰᠢ᠂ ᠪᠥᠬᠥ ᠣᠷᠣᠨ᠎ᠳᠤ ᠨᠢᠭᠡᠨᠲᠡ 179.48 ᠲᠦᠮᠡᠨ ᠰᠠᠭᠤᠷᠢ ᠠᠯᠪᠠᠨ ᠵᠢᠷᠤᠮ ᠤᠨ ᠮᠣᠳᠣ᠌ ᠳᠠᠷᠢᠵᠦ᠂ ᠣᠷᠣᠯᠴᠠᠭᠰᠠᠨ ᠬᠥᠮᠥᠨ ᠦ ᠲᠣᠭ᠎ᠠ 43.1 ᠲᠦᠮᠡᠨ ᠬᠥᠮᠥᠨ ᠤᠳᠠᠭ᠎ᠠ᠎ᠳᠤ ᠬᠦᠷᠴᠡᠢ᠃