ᠸᠠᠩ ᠸᠧᠢ ᠵᠦᠩ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠢ ᠲᠤᠪᠴᠢᠶ᠎ᠠ᠎ᠶᠢᠨ ᠨᠠᠮ᠎ᠤᠨ ᠬᠤᠷᠢᠶ᠎ᠠ᠎ᠶ᠋ᠢᠨ ᠱᠦᠵᠢ ᠵᠢᠶᠠ ᠴᠦᠨ ᠴᠢᠦᠢ᠎ᠲᠡᠶ ᠠᠭᠤᠯᠵᠠᠪᠠ
2026-04-17 10:00:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 16 ᠎ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ ᠬᠥᠬᠡᠬᠣᠲᠠ᠎ᠳᠤ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠬᠤᠷᠢᠶ᠎ᠠ᠎ᠶᠢᠨ ᠱᠦᠵᠢ ᠵᠢᠶᠠ ᠴᠦᠨ ᠴᠢᠦᠶ᠎ᠲᠡᠶ ᠠᠭᠤᠯᠵᠠᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠵᠢᠶᠠ ᠴᠦᠨ ᠴᠢᠦᠶ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠶ ᠲᠣᠪᠴᠢᠶ᠎ᠠ᠎ᠶ᠋ᠢᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠠᠵᠢᠯ᠎ᠢ ᠳᠡᠮᠵᠢᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠨᠧᠷᠭᠢ᠎ᠶ᠋ᠢᠨ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠂ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠨ ᠵᠠᠰᠠᠬᠤ ᠪᠠ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢᠨ ᠪᠠᠢᠭᠤᠯᠤᠯᠲᠠ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠪᠠᠢᠨ᠎ᠠ᠃ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠢ ᠲᠤᠪᠴᠢᠶ᠎ᠠ ᠪᠣᠯ ᠤᠯᠤᠰ᠎ᠤᠨ ᠳᠣᠲᠣᠭᠠᠳᠤ᠎ᠶ᠋ᠢᠨ ᠮᠡᠷᠭᠡᠵᠢᠯ᠎ᠢᠶᠡᠷ ᠣᠷᠣᠢᠯᠠᠭ᠍ᠰᠠᠨ ᠶᠡᠷᠦᠩᠬᠡᠢᠯᠡᠭ᠌ᠰᠡᠨ ᠴᠢᠨᠠᠷᠲᠠᠢ ᠭᠠᠵᠠᠷ ᠱᠢᠨᠵᠢᠯᠡᠭᠡᠨ᠎ᠦ ᠬᠠᠢᠨ ᠪᠠᠢᠴᠠᠭᠠᠯᠲᠠ ᠪᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠵᠤ ᠠᠬᠤᠢᠯᠠᠯ᠎ᠤᠨ ᠪᠦᠯᠦᠭ᠌ᠯᠡᠯ ᠪᠣᠯᠤᠨ᠎ᠠ᠂ ᠮᠥᠨ ᠴᠦ᠍ ᠠᠭᠤᠷᠬᠠᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ 《ᠤᠯᠤᠰ᠎ᠤᠨ ᠠᠩᠬᠢ》 ᠪᠠᠢᠵᠤ᠂ ᠥᠪᠥᠷ ᠮᠣᠩᠭᠣᠯ᠎ᠯᠤᠭ᠎ᠠ᠎ᠶ᠋ᠢᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠶᠤᠮ᠃ ᠬᠣᠶᠠᠷ ᠲᠠᠯ᠎ᠠ᠎ᠪᠠᠷ᠎ᠢᠶᠠᠨ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠭᠤᠷᠬᠠᠢ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ᠂ ᠴᠡᠪᠡᠷ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠠᠮᠢ ᠠᠬᠤᠢ᠎ᠶ᠋ᠢ ᠰᠡᠷᠭᠦᠭᠡᠨ ᠵᠠᠰᠠᠬᠤ᠂ ᠠᠭᠤᠷᠬᠠᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠵᠡᠷᠭᠡ ᠬᠦᠷᠢᠶᠡᠨ᠎ᠳᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠎ᠶ᠋ᠢ ᠬᠦᠰᠡᠵᠦ᠍ ᠪᠠᠢᠨ᠎ᠠ᠃ ᠥᠪᠥᠷ ᠮᠣᠩᠭᠣᠯ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠷᠮᠠᠢᠨ ᠪᠣᠶ ᠪᠣᠯᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠰᠠᠢᠨ ᠰᠠᠢᠬᠠᠨ ᠠᠮᠢ ᠠᠬᠤᠶ᠎ᠶ᠋ᠢ ᠪᠣᠶ ᠪᠤᠯᠭᠠᠵᠤ ᠦᠭᠬᠦᠨ᠎ᠡ ᠭᠡᠪᠡ᠃

ᠵᠢᠶᠠ ᠴᠦᠨ ᠴᠢᠦᠶ ᠥᠪᠥᠷ ᠮᠣᠩᠭᠣᠯ ᠡᠴᠡ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠶ ᠲᠣᠪᠴᠢᠶ᠎ᠠ᠎ᠶ᠋ᠢ ᠳᠡᠮᠵᠢᠭ᠌ᠰᠡᠨ᠎ᠳᠦ ᠲᠠᠯᠠᠷᠬᠠᠪᠠ᠃ ᠲᠡᠷᠡ᠂ ᠥᠪᠥᠷ ᠮᠣᠩᠭᠣᠯ ᠨᠢ ᠱᠢᠨ᠎ᠡ ᠨᠢᠭᠡᠨ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ᠂ ᠠᠭᠤᠷᠬᠠᠶ᠎ᠶ᠋ᠢᠨ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠠᠮᠠᠭᠠᠯᠠᠯᠲᠠ᠂ ᠠᠭᠤᠷᠬᠠᠶ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠢ ᠲᠤᠪᠴᠢᠶ᠎ᠠ ᠪᠠ ᠥᠪᠥᠷ ᠮᠣᠩᠭᠣᠯ ᠥᠷᠭᠡᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠪᠡ᠃ 《ᠠᠷᠪᠠᠨ ᠲᠠᠪᠤᠳᠤᠭᠠᠷ ᠲᠠᠪᠤᠨ ᠵᠢᠯ》 ᠳ᠋ᠤ ᠬᠠᠨᠳᠤᠭᠤᠯᠤᠨ᠂ ᠳᠤᠮᠳᠠᠳᠤ ᠤᠯᠤᠰ᠎ᠤᠨ ᠨᠡᠭᠦᠷᠡᠰᠦᠨ᠎ᠦ ᠭᠠᠵᠠᠷ ᠱᠢᠨᠵᠢᠯᠡᠭᠡᠨ᠎ᠦ ᠶᠡᠷᠦᠩᠬᠡᠶ ᠲᠣᠪᠴᠢᠶ᠎ᠠ ᠲᠥᠪ᠎ᠦᠨ ᠠᠵᠤ ᠠᠬᠤᠢᠯᠠᠯ᠎ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ᠌ ᠭᠦᠶ᠋ᠴᠡᠳᠭᠡᠵᠦ᠍᠂ ᠲᠥᠪ ᠪᠠ ᠣᠷᠣᠨ ᠨᠤᠲᠤᠭ᠎ᠤᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠶᠤᠨᠴᠢᠯᠠᠭ᠍ᠰᠠᠨ ᠬᠠᠢᠨ ᠱᠢᠨᠵᠢᠯᠡᠬᠦ᠌ ᠮᠡᠷᠭᠡᠵᠢᠯ᠎ᠦᠨ ᠳᠠᠪᠠᠭᠤᠯᠢᠭ᠎ᠲᠤ ᠲᠦᠱᠢᠭ᠌ᠯᠡᠨ᠂ ᠥᠪᠥᠷ ᠮᠣᠩᠭᠣᠯ᠎ᠤᠨ ᠱᠢᠨ᠎ᠡ ᠨᠢᠭᠡᠨ ᠡᠭᠡᠯᠵᠢ᠎ᠶ᠋ᠢᠨ ᠠᠭᠤᠷᠬᠠᠶ ᠡᠷᠢᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠵᠦ᠍᠂ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠢᠳᠡᠪᠬᠢᠲᠡᠶ ᠥᠷᠨᠢᠭᠦᠯᠵᠦ᠍᠂ ᠠᠭᠤᠷᠬᠠᠶ᠎ᠶ᠋ᠢᠨ ᠠᠶᠤᠯᠬᠦᠢ ᠦᠶ᠋ᠯᠡᠳᠪᠦᠷᠢᠯᠡᠯ᠎ᠦᠨ ᠪᠠᠲᠤᠯᠠᠭ᠎ᠠ᠂ ᠭᠠᠵᠠᠷ᠎ᠤᠨ ᠢᠯᠴᠢ᠎ᠶ᠋ᠢᠨ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠭᠠᠵᠠᠷ᠎ᠤᠨ ᠭᠠᠮᠱᠢᠭ᠎ᠢ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ᠎ᠶ᠋ᠢᠨ ᠪᠠᠢᠭᠤᠯᠤᠯᠲᠠ᠂ ᠬᠣᠲᠠ᠎ᠶ᠋ᠢᠨ ᠭᠠᠵᠠᠷ ᠳᠤᠤᠷᠠᠬᠢ ᠣᠷᠣᠨ ᠵᠠᠶ᠎ᠶ᠋ᠢ ᠲᠥᠯᠥᠪᠵᠢᠭᠦᠯᠦᠨ ᠠᠱᠢᠭ᠍ᠯᠠᠬᠤ ᠵᠡᠷᠭᠡ ᠬᠦᠷᠢᠶᠡᠨ᠎ᠦ ᠠᠵᠢᠯ᠎ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号