ᠸᠠᠩ ᠸᠧᠶ ᠵᠥᠩ ᠮᠢᠩ ᠶᠠᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠴᠤᠸᠠᠨ ᠸᠧᠶ᠎ᠲᠡᠶ ᠠᠭᠤᠯᠵᠠᠪᠠ
2026-04-17 10:07:34
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 16 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠳᠤ ᠮᠢᠩ ᠶᠠᠩ ᠱᠢᠨ᠎ᠡ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠬᠤᠪᠢ ᠡᠵᠡᠮᠳᠡᠭᠰᠡᠨ ᠪᠦᠯᠦᠭᠯᠡᠯ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠴᠤᠸᠠᠨ ᠸᠧᠢ᠎ᠨᠡᠷ᠎ᠲᠡᠶ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠵᠠᠩ ᠴᠤᠸᠠᠨ ᠸᠧᠢ᠎ᠨᠡᠷ᠎ᠦᠨ ᠠᠢᠯᠴᠢᠯᠠᠷ᠎ᠠ ᠢᠷᠡᠭ᠌ᠰᠡᠨ᠎ᠢ ᠪᠠᠶᠠᠷᠯᠠᠨ ᠤᠭ᠍ᠲᠤᠵᠤ᠂ ᠮᠢᠩ ᠶᠠᠩ ᠪᠦᠯᠦᠭ᠌ᠯᠡᠯ᠎ᠦᠨ ᠬᠢᠨ᠎ᠦ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠬᠤᠪᠢ ᠨᠡᠮᠡᠷᠢ᠎ᠳᠦ ᠲᠠᠯᠠᠷᠬᠠᠪᠡ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠣᠳᠣᠬᠠᠨ᠎ᠳᠤ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠤᠯᠠᠮᠵᠢᠯᠠᠯᠲᠤ ᠡᠨᠧᠷᠭᠢ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠵᠠᠩᠭᠢᠯᠠᠭ᠎ᠠ᠎ᠶ᠋ᠢᠨ ᠮᠠᠲ᠋ᠧᠷᠢᠶᠠᠯ᠂ ᠲᠣᠨᠣᠭ᠍ᠯᠠᠯ ᠵᠢᠴᠢ ᠰᠡᠯᠪᠢᠭ ᠲᠣᠨᠣᠭ ᠵᠡᠷᠭᠡ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠠᠢᠨ᠎ᠠ᠃ ᠮᠢᠩ ᠶᠠᠩ ᠪᠦᠯᠦᠭ᠌ᠯᠡᠯ ᠪᠣᠯ ᠪᠥᠬᠥ᠌ ᠪᠥᠮᠪᠥᠷᠴᠡᠭ᠎ᠦᠨ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠳᠠᠭᠠᠭᠤᠯᠤᠭ᠍ᠴᠢ ᠠᠵᠤ ᠠᠬᠤᠢᠯᠠᠯ ᠪᠠ ᠰᠠᠯᠬᠢᠨ ᠬᠦᠴᠦᠨ᠎ᠦ ᠴᠠᠬᠢᠯᠭᠠᠨ᠎ᠤ ᠠᠵᠤ ᠦᠶ᠋ᠯᠡᠰ᠎ᠦᠨ 《ᠬᠡᠯᠬᠢᠶ᠎ᠡ᠎ᠶ᠋ᠢᠨ ᠡᠵᠡᠨ》 ᠠᠵᠤ ᠠᠬᠤᠢᠯᠠᠯ ᠪᠣᠯᠤᠨ᠎ᠠ᠂ ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠦᠶ᠋ᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠳᠠᠬᠢ ᠪᠠᠯᠠ ᠣᠷᠣᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢᠨ ᠡᠷᠴᠢᠮ᠎ᠢᠶᠡᠨ ᠴᠢᠨᠠᠭ᠍ᠰᠢᠳᠠ ᠴᠢᠩᠭᠠᠷᠠᠭᠤᠯᠵᠤ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠤᠬᠠᠢ ᠵᠢᠨ ᠭᠠᠵᠠᠷ᠎ᠤᠨ ᠢᠵᠢ ᠪᠥᠷᠢᠳᠦᠭᠦᠯᠬᠦ ᠨᠣᠷᠮ᠎ᠠ ᠪᠠ ᠠᠵᠤ ᠦᠶ᠋ᠯᠡᠰ᠎ᠦᠨ ᠲᠥᠪᠯᠡᠷᠡᠯ᠎ᠦᠨ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠰᠠᠯᠬᠢ ᠭᠡᠷᠡᠯ᠎ᠢ ᠤᠰᠤᠳᠦᠢ᠍ᠷᠤᠭ᠌ᠴᠢᠵᠢᠭᠤᠯᠤᠨ ᠬᠠᠳᠠᠭᠠᠯᠠᠵᠤ ᠬᠡᠷᠡᠭᠯᠡᠬᠦ᠂ ᠴᠠᠬᠢᠯᠭᠠᠨ ᠲᠥᠬᠥᠭᠡᠷᠦᠮᠵᠢ᠂ ᠱᠢᠨ᠎ᠡ ᠮᠠᠲ᠋ᠧᠷᠢᠶᠠᠯ ᠵᠡᠷᠭᠡ ᠬᠦᠷᠢᠶᠡᠨ᠎ᠳᠦ ᠨᠠᠩ ᠣᠯᠠᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠱᠢᠪᠲᠤᠯᠤᠯᠲᠠ᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ᠃ ᠪᠢᠳᠡ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠪᠡᠷ ᠵᠢᠯᠣᠭᠣᠳᠤᠮᠵᠢ ᠪᠣᠯᠭᠠᠵᠤ᠂ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠱᠢᠯᠢᠳᠡᠭ᠌ᠵᠢᠨ ᠬᠦᠴᠦᠷᠬᠡᠭ᠌ᠵᠢᠬᠦ᠌᠎ᠶ᠋ᠢ ᠳᠡᠮᠵᠢᠨ᠎ᠡ ᠭᠡᠵᠡᠢ᠃

ᠵᠠᠩ ᠴᠤᠸᠠᠨ ᠸᠧᠢ ᠥᠪᠥᠷ ᠮᠣᠩᠭᠣᠯ᠎ᠤᠨ ᠮᠢᠩ ᠶᠠᠩ ᠪᠦᠯᠦᠭ᠌ᠯᠡᠯ᠎ᠳᠦ ᠬᠦᠴᠦᠲᠡᠢ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠠᠵᠤ ᠠᠬᠤᠢᠯᠠᠯ᠎ᠤᠨ ᠬᠥᠭ᠌ᠵᠢᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠳᠠᠬᠢ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠪᠠᠢᠳᠠᠯ᠎ᠵᠢᠡᠨ ᠲᠠᠨᠢᠯᠴᠠᠭᠤᠯᠪᠠ᠃ ᠲᠡᠷᠡ᠂ ᠮᠢᠩ ᠶᠠᠩ ᠪᠦᠯᠦᠭ᠌ᠯᠡᠯ᠎ᠤᠨ ᠬᠢᠨ ᠥᠪᠥᠷ ᠮᠣᠩᠭᠣᠯ᠎ᠢ ᠢᠮᠠᠭ᠍ᠲᠠ ᠬᠥᠭ᠌ᠵᠢᠯᠲᠡ᠎ᠶ᠋ᠢᠨ ᠴᠢᠬᠤᠯᠠ ᠭᠠᠵᠠᠷ ᠪᠣᠯᠭᠠᠵᠤ᠂ ᠣᠳᠣᠬᠠᠨ᠎ᠳᠤ ᠨᠢᠭᠡᠨᠲᠡ ᠪᠤᠭᠤᠲᠤ ᠬᠤᠳᠠ᠂ ᠱᠢᠯᠢ᠎ᠶ᠋ᠢᠨ ᠭᠣᠣᠯ ᠠᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠬᠢᠩᠭᠠᠨ ᠠᠢᠮᠠᠭ ᠵᠡᠷᠭᠡ ᠭᠠᠵᠠᠷ᠎ᠲᠤ ᠤᠯᠠᠨ ᠭᠣᠣᠯᠳᠠᠯᠭ᠎ᠠ ᠲᠠᠶ ᠲᠦᠷᠦᠯ ᠵᠦᠢᠯ᠎ᠢ ᠨᠠᠢᠳᠠᠪᠤᠷᠢᠵᠢᠭᠤᠯᠵᠠᠢ᠃ ᠲᠠᠷᠠᠭᠠᠴᠢ᠎ᠶ᠋ᠢᠨ ᠠᠯᠬᠤᠮ᠎ᠳᠤ ᠠᠵᠤ ᠠᠬᠤᠢᠯᠠᠯ᠎ᠤᠨ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠮᠡᠷᠭᠡᠵᠢᠯ᠎ᠦᠨ ᠲᠠᠯ᠎ᠠ᠎ᠪᠠᠷ᠎ᠬᠢ ᠳᠠᠪᠠᠭᠤᠯᠢᠭ᠎ᠵᠢᠡᠨ ᠭᠦᠶ᠋ᠴᠡᠳ ᠪᠠᠳᠠᠷᠠᠭᠤᠯᠵᠤ᠂ ᠨᠠᠩ ᠣᠯᠠᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠂ ᠪᠤᠳᠤᠯᠲᠠ ᠵᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠲᠦᠷᠭᠡᠳᠭᠡᠵᠦ᠍᠂ ᠮᠡᠷᠭᠡᠵᠢᠯ᠎ᠦᠨ ᠳᠡᠭᠡᠳᠦ ᠲᠡᠰᠵᠢᠯᠲᠡ᠂ ᠠᠵᠤ ᠦᠶ᠋ᠯᠡᠰ᠎ᠦᠨ ᠪᠦᠯᠦᠭ᠌ᠵᠢᠯᠲᠡ ᠪᠠ ᠬᠡᠷᠡᠭ᠌ᠯᠡᠭᠡᠨ᠎ᠦ ᠲᠠᠯᠠᠪᠤᠷᠵᠢᠯᠲᠠ ᠶ᠋ᠢ ᠠᠬᠢᠭᠤᠯᠵᠤ᠂ ᠥᠪᠥᠷ ᠮᠣᠩᠭᠣᠯ᠎ᠤᠨ ᠰᠠᠯᠬᠢ ᠭᠡᠷᠡᠯ᠎ᠢ ᠤᠰᠤᠳᠦᠢ᠍ᠷᠤᠭ᠌ᠴᠢᠵᠢᠭᠤᠯᠤᠨ ᠬᠠᠳᠠᠭᠠᠯᠠᠵᠤ ᠬᠡᠷᠡᠭᠯᠡᠬᠦ ᠪᠥᠬᠥ᠌ ᠠᠵᠤ ᠦᠶ᠋ᠯᠡᠰ᠎ᠦᠨ ᠥᠷᠲᠡᠭ᠎ᠦᠨ ᠬᠡᠯᠬᠢᠶ᠎ᠡ᠎ᠶ᠋ᠢᠨ ᠲᠠᠰ ᠳᠡᠪᠱᠢᠬᠦ᠌᠂ ᠱᠢᠨ᠎ᠡ ᠡᠨᠧᠷᠭᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号