4 ᠰᠠᠷ᠎ᠠ᠎ᠶᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠂ ᠥᠪᠥᠷ ᠮᠣᠩᠭᠣᠯ᠎ᠤᠨ ᠠᠷᠠᠳ᠎ᠤᠨ ᠠᠭᠠᠷ᠎ᠤᠨ ᠠᠶᠠᠯᠠᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠳᠦ ᠬᠦᠷᠴᠦ᠂ ᠪᠥᠬᠥ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠵᠠᠮ ᠬᠠᠷᠢᠯᠴᠠᠭᠠᠨ᠎ᠤ ᠬᠦᠷᠢᠶᠡᠨ᠎ᠳᠡᠬᠢ ᠴᠢᠬᠤᠯᠠ ᠶᠡᠬᠡ ᠲᠥᠷᠥᠯ ᠵᠦᠢᠯ ᠦᠨ ᠪᠦᠲᠦᠭᠡᠨ ᠪᠠᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ᠎ᠢ ᠪᠠᠢᠴᠠᠭᠠᠨ ᠰᠤᠳᠤᠯᠪᠠ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠳᠦ᠂ ᠪᠤᠤ ᠭᠠᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠵᠠᠮ ᠬᠠᠷᠢᠯᠴᠠᠭᠠᠨ᠎ᠤ ᠬᠦᠷᠢᠶᠡᠨ᠎ᠳᠡᠬᠢ ᠴᠢᠬᠤᠯᠠ ᠶᠡᠬᠡ ᠲᠦᠷᠦᠯ ᠵᠦᠢᠯ᠎ᠦᠨ ᠠᠬᠢᠴᠠ᠎ᠶᠢᠨ ᠪᠠᠢᠳᠠᠯ ᠢ ᠨᠠᠷᠢᠯᠢᠭ ᠰᠤᠨᠤᠰᠪᠠ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠭᠡᠬᠦ ᠡᠨᠡ ᠬᠦ᠌ ᠰᠠᠭᠤᠷᠢᠯᠠᠬᠤ ᠴᠢᠨᠠᠷᠲᠠᠢ ᠠᠵᠢᠯ ᠢ ᠦᠨᠡᠨ ᠬᠦ᠌ ᠰᠠᠢᠲᠤᠷ ᠠᠳᠬᠤᠵᠤ᠂ ᠪᠥᠬᠥ ᠣᠷᠣᠨ᠎ᠤ ᠭᠣᠣᠯ ᠪᠣᠯᠬᠤ ᠲᠡᠮᠦᠷ ᠵᠠᠮ ᠤᠨ ᠭᠣᠣᠯ ᠱᠤᠭᠤᠮ᠎ᠤᠨ ᠲᠦᠷᠭᠡᠨ᠎ᠤ ᠲᠡᠮᠦᠷ ᠵᠠᠮ᠎ᠢ ᠨᠡᠪᠲᠡᠷᠡᠭᠦᠯᠬᠦ᠂ ᠲᠦᠷᠭᠡᠨ᠎ᠤ ᠵᠠᠰᠠᠮᠠᠯ ᠵᠠᠮ ᠤᠨ ᠪᠠᠭᠲᠠᠭᠠᠮᠵᠢ᠎ᠶᠢ ᠥᠷᠭᠡᠳᠬᠡᠬᠦ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠭᠠᠷ᠎ᠤᠨ ᠠᠶᠠᠯᠠᠯ᠎ᠤᠨ ᠵᠠᠩᠭᠢᠯᠠᠭ᠎ᠠ᠎ᠶᠢᠨ ᠪᠦᠲᠦᠭᠡᠨ ᠪᠠᠢᠭᠤᠯᠤᠯᠲᠠ ᠵᠡᠷᠭᠡ ᠠᠵᠢᠯ ᠢ ᠰᠢᠰᠲᠧᠮ᠎ᠲᠠᠢ ᠰᠠᠢᠲᠤᠷ ᠤᠬᠠᠭᠠᠯᠠᠨ ᠲᠦᠯᠦᠪᠯᠡᠵᠤ᠂ ᠤᠯᠤᠰ᠎ᠡᠴᠡ ᠨᠢᠭᠡᠨᠲᠡ ᠵᠥᠪᠰᠢᠶᠡᠷᠡᠭᠰᠡᠨ ᠴᠢᠬᠤᠯᠠ ᠶᠡᠬᠡ ᠲᠥᠷᠥᠯ ᠵᠦᠢᠯ᠎ᠢ ᠲᠦᠷᠭᠡᠳᠬᠡᠨ ᠬᠡᠷᠡᠭᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠠᠮᠢᠶᠠᠷᠤᠯᠲᠠ᠎ᠶᠢᠨ ᠲᠣᠭᠠᠴᠢᠯᠠᠯᠲᠠ᠂ ᠣᠶᠤᠨᠴᠢᠯᠠᠯᠲᠠ ᠵᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ ᠭᠡᠵᠤ ᠴᠢᠬᠤᠯᠠᠴᠢᠯᠠᠪᠠ᠃
ᠥᠪᠥᠷ ᠮᠣᠩᠭᠣᠯ ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠲᠣᠬᠢᠷᠠᠭᠤᠯᠭ᠎ᠠ᠎ᠶᠢᠨ ᠲᠥᠪ᠎ᠲᠦ᠂ ᠪᠤᠤ ᠭᠠᠩ ᠪᠦᠬᠦ ᠣᠷᠣᠨ ᠤ ᠲᠦᠷᠭᠡᠨ᠎ᠦ ᠵᠠᠰᠠᠮᠠᠯ ᠵᠠᠮ᠎ᠤᠨ ᠲᠣᠣᠷ᠎ᠤᠨ ᠪᠦᠲᠦᠭᠡᠨ ᠪᠠᠢᠭᠤᠯᠤᠯᠲᠠ ᠡᠵᠡᠩᠨᠡᠯᠲᠡ ᠶᠢᠨ ᠪᠠᠢᠳᠠᠯ ᠢ ᠲᠣᠬᠢᠷᠠᠭᠤᠯᠵᠤ᠂ ᠠᠵᠤ ᠠᠬᠤᠢᠯᠠᠯ᠎ᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠣᠣᠯ ᠠᠵᠢᠯ ᠤᠨ ᠳᠠᠪᠠᠭᠤᠯᠢᠭ᠋᠎ᠢᠶᠠᠨ ᠪᠡᠬᠢᠵᠢᠭᠦᠯᠵᠦ᠂ ᠬᠠᠮᠢᠶᠠᠷᠤᠯᠲᠠ᠎ᠶᠢᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢᠶᠡᠨ ᠥᠷᠭᠡᠳᠬᠡᠵᠦ᠂ ᠨᠡᠩ ᠶᠡᠬᠡ ᠥᠷᠢᠰᠦᠯᠳᠦᠬᠦ ᠬᠦᠴᠦᠨ᠎ᠪᠦᠬᠦᠢ ᠦᠪᠡᠷᠳᠡᠬᠡᠨ ᠵᠠᠰᠠᠬᠤ ᠣᠷᠣᠨ᠎ᠤ ᠬᠠᠷᠢᠶ᠎ᠠ ᠤᠯᠤᠰ ᠤᠨ ᠥᠮᠴᠢᠯᠡᠯ᠎ᠦᠨ ᠠᠵᠤ ᠠᠬᠤᠢᠯᠠᠯ᠎ᠢ ᠴᠤᠭᠴᠠᠯᠠᠬᠤ ᠬᠡᠷᠡᠭᠳᠡᠢ ᠭᠡᠵᠤ ᠵᠤᠷᠢᠭᠵᠢᠭᠤᠯᠪᠠ᠃
ᠳᠠᠷᠠᠭ᠎ᠠ ᠨᠢ᠂ ᠪᠤᠤ ᠭᠠᠩ ᠥᠪᠥᠷ ᠮᠣᠩᠭᠣᠯ᠎ᠤᠨ ᠠᠷᠠᠳ᠎ᠤᠨ ᠠᠭᠠᠷ᠎ᠤᠨ ᠠᠶᠠᠯᠠᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ᠎ᠦᠨ ᠲᠣᠬᠢᠷᠠᠭᠤᠯᠭ᠎ᠠ᠎ᠶᠢᠨ ᠲᠥᠪ᠎ᠲᠦ ᠬᠦᠷᠴᠦ᠂ ᠰᠢᠨ᠎ᠡ ᠠᠭᠠᠷ᠎ᠤᠨ ᠠᠶᠠᠯᠠᠯ᠎ᠤᠨ ᠤᠯᠠᠷᠢᠯ᠎ᠤᠨ ᠠᠭᠠᠷ ᠤᠨ ᠠᠶᠠᠯᠠᠯ᠎ᠤᠨ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠤᠭᠰᠠᠨ ᠪᠠᠢᠳᠠᠯ ᠢ ᠰᠣᠨᠣᠰᠴᠤ᠂ ᠬᠦᠢᠰᠤ ᠪᠤᠯᠬᠤ ᠨᠢᠰᠬᠡᠯ᠎ᠦᠨ ᠪᠠᠭᠤᠳᠠᠯ ᠪᠣᠯᠣᠨ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠵᠦᠵᠢᠶᠠᠩ ᠮᠥᠷᠡᠨ᠎ᠦ ᠭᠤᠷᠪᠠᠯᠵᠢᠨ ᠬᠣᠢᠭ᠋᠂ ᠴᠧᠩᠳᠦ᠋ ᠴᠦᠩᠴᠢᠩ ᠵᠡᠷᠭᠡ ᠭᠣᠣᠯᠳᠠᠯᠭ᠎ᠠ᠎ᠲᠠᠢ ᠭᠠᠵᠠᠷ ᠣᠷᠣᠨ᠎ᠳᠦ ᠰᠢᠭᠤᠳ ᠨᠢᠰᠬᠦ ᠠᠭᠠᠷ ᠤᠨ ᠠᠶᠠᠯᠠᠯ᠎ᠤᠨ ᠱᠤᠭᠤᠮ ᠢ ᠴᠢᠨᠠᠭᠰᠢᠳᠠ ᠨᠡᠮᠡᠭᠳᠡᠭᠦᠯᠵᠦ᠂ 《ᠭᠣᠣᠯ ᠱᠤᠭᠤᠮ ᠰᠠᠯᠪᠤᠷᠢ ᠱᠤᠭᠤᠮ ᠬᠣᠯᠪᠤᠭᠠᠯᠠᠨ ᠬᠥᠳᠡᠯᠦᠯᠴᠡᠬᠦ》 ᠶ᠋ᠢ ᠭᠦᠨᠵᠡᠭᠡᠢᠷᠡᠭᠦᠯᠵᠦ ᠂ 《ᠬᠥᠬᠡᠬᠣᠲᠠ᠎ᠪᠠᠷ ᠳᠠᠮᠵᠢᠨ ᠨᠢᠰᠬᠦ》 ᠠᠭᠠᠷ ᠤᠨ ᠠᠶᠠᠯᠠᠯ ᠤᠨ ᠱᠤᠭᠤᠮ ᠢ ᠨᠢᠭᠲᠠᠷᠠᠭᠤᠯᠵᠤ᠂ ᠣᠷᠣᠨ ᠨᠤᠲᠤᠭ ᠪᠣᠯᠣᠨ ᠨᠢᠰᠬᠡᠯ᠎ᠦᠨ ᠪᠠᠭᠤᠳᠠᠯ᠎ᠳᠤ ᠰᠠᠭᠤᠭ᠎ᠠ ᠠᠭᠠᠷ᠎ᠤᠨ ᠠᠶᠠᠯᠠᠯ᠎ᠤᠨ ᠺᠣᠮᠫᠠᠨᠢ᠎ᠶᠢᠨ ᠬᠠᠮᠲᠤᠷᠠᠯᠴᠠᠭ᠎ᠠ᠎ᠶᠢ ᠬᠦᠨᠵᠡᠭᠡᠢᠷᠡᠭᠦᠯᠬᠦ ᠬᠡᠷᠡᠭᠳᠡᠢ ᠭᠡᠵᠤ ᠱᠠᠭᠠᠷᠳᠠᠪᠠ᠃
ᠪᠤᠤ ᠭᠠᠩ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠦ ᠬᠢᠨ ᠠᠶᠤᠯᠭᠦᠢ ᠦᠢᠯᠡᠳᠪᠦᠷᠢᠯᠡᠯ᠎ᠦᠨ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠮᠤᠷ ᠲᠦᠪᠰᠢᠨ᠎ᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠠᠮᠤᠷ ᠲᠦᠪᠰᠢᠨ ᠦ ᠭᠡᠮ ᠰᠣᠭᠣᠭ ᠢ ᠯᠠᠪᠳᠠᠭᠤᠨ ᠪᠠᠲᠤᠲᠠᠢ ᠪᠠᠢᠴᠠᠭᠠᠨ ᠵᠠᠰᠠᠵᠤ᠂ ᠡᠨᠳᠡᠯ ᠤᠯᠠᠨ ᠭᠠᠷᠳᠠᠭ ᠵᠠᠮ ᠤᠨ ᠬᠡᠰᠡᠭ᠎ᠲᠦ ᠠᠩᠬᠠᠷᠤᠯ᠎ᠢᠶᠠᠨ ᠲᠥᠪᠯᠡᠷᠡᠭᠦᠯᠦᠨ ᠬᠠᠲᠠᠭᠤ ᠲᠤᠨᠤᠭ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠥᠪᠦᠷᠢᠯᠡᠵᠦ᠂ ᠰᠠᠢᠨ ᠰᠠᠢᠬᠠᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃