ᠬᠡᠦᠷᠱᠢᠭᠦᠯᠬᠦ᠌ ᠦᠢᠯᠡᠳᠪᠦᠷᠢ᠎ᠶ᠋ᠢᠨ 《ᠪᠤᠬᠢᠷᠳᠤᠯ ᠦᠭᠡᠢ ᠬᠤᠪᠢᠷᠠᠯᠲᠠ》
2026-04-17 10:13:43
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

4 ᠰᠠᠷ᠎ᠠ᠎ᠶ᠋ᠢᠨ 9 ᠤ᠋ ᠡᠳᠦᠷ᠂ ᠰᠤᠷᠪᠤᠯᠵᠢᠯᠠᠭ᠍ᠴᠢ ᠨᠢᠭᠡ ᠵᠢᠯ᠎ᠦᠨᠭᠭᠡᠷᠡᠭᠡᠳ ᠦᠬᠠᠶ᠎ᠶ᠋ᠢᠨ ᠬᠠᠢᠷᠤᠪ᠎ᠤᠨ ᠲᠣᠬᠣᠶ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠣᠭᠣᠷᠢᠭ᠎ᠲᠤ ᠪᠠᠢᠭ᠎ᠠ ᠥᠪᠥᠷ ᠮᠣᠩᠭᠣᠯ᠎ᠤᠨ ᠬᠠᠲᠤᠨ ᠭᠤᠤᠯ᠎ᠤᠨ ᠠᠵᠤ ᠦᠶ᠋ᠯᠡᠳᠪᠦᠷᠢ ᠠᠷᠠᠯᠵᠢᠶᠠᠨ᠎ᠤ ᠪᠦᠯᠦᠭ᠌ᠯᠡᠯ᠎ᠦᠨ ᠴᠢᠶᠠᠨ ᠯᠢ ᠱᠠᠨ ᠨᠡᠭᠦᠷᠡᠰᠦ ᠬᠡᠸ᠋ᠷᠱᠢᠭᠦᠯᠬᠦ᠌ ᠬᠢᠵᠠᠭᠠᠷᠲᠤ ᠺᠣᠮᠫᠠᠨᠢ᠎ᠳᠦ ᠳᠠᠬᠢᠨᠲᠠ ᠬᠦᠷᠬᠦ᠎ᠳᠤ᠂ ᠦᠶ᠋ᠯᠡᠳᠪᠦᠷᠢ᠎ᠶ᠋ᠢᠨ ᠲᠣᠭᠣᠷᠢᠭ᠎ᠤᠨ ᠣᠷᠴᠢᠨ ᠲᠣᠭᠣᠷᠢᠨ᠎ᠤ ᠰᠠᠢᠵᠢᠷᠠᠯᠲᠠ ᠪᠠ ᠦᠶ᠋ᠯᠡᠳᠪᠦᠷᠢᠯᠡᠯ᠎ᠦᠨ ᠶᠠᠪᠤᠴᠠ᠎ᠶ᠋ᠢᠨ ᠬᠤᠪᠢᠷᠠᠯᠲᠠ ᠨᠢ ᠰᠤᠷᠪᠤᠯᠵᠢᠯᠠᠭ᠍ᠴᠢ᠎ᠶ᠋ᠢᠨ ᠡᠨᠡ ᠬᠦ᠌ ᠬᠡᠸ᠋ᠷᠱᠢᠭᠦᠯᠬᠦ᠌ ᠦᠶ᠋ᠯᠡᠳᠪᠦᠷᠢ᠎ᠶ᠋ᠢᠨ ᠲᠤᠬᠠᠶ ᠤᠤᠯ᠎ᠤᠨ ᠰᠠᠭᠤᠭ᠍ᠳᠠᠯ᠎ᠢ ᠲᠤᠢᠯᠪᠤᠷᠢᠲᠠᠶ ᠡᠪᠳᠡᠪᠡ᠃

ᠦᠢᠯᠡᠳᠪᠦᠷᠢ᠎ᠶ᠋ᠢᠨ ᠲᠣᠭᠣᠷᠢᠭ᠎ᠤᠨ ᠵᠠᠮ ᠴᠡᠪᠡᠷ ᠴᠡᠮᠴᠡᠭᠡᠷ᠂ ᠪᠣᠳᠠᠰ ᠣᠪᠣᠭᠠᠯᠠᠬᠤ ᠲᠠᠯᠠᠪᠠᠢ᠎ᠵᠢ ᠪᠦᠬᠦᠨ᠎ᠢ ᠪᠢᠲᠡᠭᠦᠮᠵᠢᠯᠡᠨ ᠬᠠᠮᠢᠶᠠᠷᠴᠤ᠌᠂ ᠠᠭᠠᠷ ᠳᠣᠲᠣᠷ᠎ᠠ ᠬᠠᠮᠠᠷ ᠭᠠᠳᠠᠮ᠎ᠠ ᠦᠨᠦᠷ ᠦᠭᠡᠢ ᠪᠣᠯᠪᠠ ᠁ ᠡᠢᠮᠦᠷᠬᠦᠦ ᠬᠤᠪᠢᠷᠠᠯᠲᠠ ᠨᠢ ᠠᠵᠤ ᠠᠬᠤᠢᠯᠠᠯ᠎ᠤᠨ 2025 ᠣᠨ᠎ᠠᠴᠠ ᠨᠠᠭᠠᠱᠢᠬᠢ ᠶᠡᠬᠡ᠎ᠪᠡᠷ ᠠᠬᠢᠭᠤᠯᠤᠭ᠍ᠰᠠᠨ ᠬᠡᠳᠦ ᠪᠠᠭ᠎ᠠ ᠭᠠᠳᠠᠭᠰᠢᠯᠠᠭᠤᠯᠬᠤ ᠪᠤᠯᠭᠠᠬᠤ ᠥᠭᠡᠷᠡᠴᠢᠯᠡᠯᠲᠡ᠎ᠡᠴᠡ ᠢᠷᠡᠯᠲᠡ᠎ᠲᠡᠶ ᠶᠤᠮ᠃

ᠬᠡᠲᠦ ᠪᠠᠭ᠎ᠠ  ᠭᠠᠳᠠᠭᠰᠢᠯᠠᠭᠤᠯᠬᠤ ᠪᠤᠯᠭᠠᠬᠤ᠎ᠥᠭᠡᠷᠡᠴᠢᠯᠡᠯᠲᠡ ᠨᠢ ᠶᠠᠭᠤ᠎ᠶ᠋ᠢ ᠥᠭᠡᠷᠡᠴᠢᠯᠡᠬᠦ᠌ ᠪᠤᠢ᠂ ᠶᠠᠭᠠᠬᠢᠵᠤ ᠥᠭᠡᠷᠡᠴᠢᠯᠡᠬᠦ᠌ ᠪᠤᠢ ? ᠰᠤᠷᠪᠤᠯᠵᠢᠯᠠᠭ᠎ᠠ᠎ᠶ᠋ᠢᠨ ᠡᠬᠢᠨ᠎ᠦ ᠬᠤᠭᠤᠴᠠᠭᠠᠨ᠎ᠳᠤ᠂ ᠰᠤᠷᠪᠤᠯᠵᠢᠯᠠᠭ᠍ᠴᠢ ᠡᠨᠡ ᠬᠦ᠌ ᠰᠡᠵᠢᠭ᠌ᠲᠡᠶ ᠠᠰᠠᠭᠤᠯᠲᠠ᠎ᠵᠢ ᠡᠪᠦᠷᠯᠡᠵᠦ᠂ ᠺᠣᠮᠫᠠᠨᠢ᠎ᠶ᠋ᠢᠨ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠬᠡᠯᠲᠡᠰ᠎ᠦᠨ ᠳᠠᠷᠤᠭ᠎ᠠ ᠵᠠᠩ ᠵᠢᠶᠦ᠋ᠨ᠎ᠢ ᠳᠠᠭᠠᠵᠤ᠂ ᠦᠶ᠋ᠯᠡᠳᠪᠦᠷᠢ᠎ᠶ᠋ᠢᠨ ᠲᠣᠭᠣᠷᠢᠭ᠎ᠤᠨ ᠪᠡᠯᠭᠡ ᠲᠡᠮᠳᠡᠭ᠎ᠦᠨ ᠴᠢᠨᠠᠷᠲᠠᠶ ᠪᠦᠬᠦᠨ᠎ᠢ ᠪᠢᠲᠡᠭᠦᠮᠵᠢᠯᠡᠭ᠌ᠰᠡᠨ ᠨᠠᠷᠢᠯᠢᠭ ᠨᠡᠭᠦᠷᠡᠰᠦᠨ᠎ᠦ ᠫᠸᠩ᠎ᠤᠨ ᠡᠮᠦᠨ᠎ᠡ ᠢᠷᠡᠪᠡ᠃ ᠡᠭᠦᠨ᠎ᠢᠶᠡᠷ ᠡᠬᠢᠯᠡᠯᠲᠡ᠎ᠶ᠋ᠢᠨ ᠴᠡᠭ ᠪᠣᠯᠭᠠᠵᠤ᠂ ᠵᠠᠩ ᠵᠢᠶᠦ᠋ᠨ ᠨᠢᠭᠡ ᠨᠠᠷᠢᠯᠢᠭ ᠨᠡᠭᠦᠷᠡᠰᠦ᠎ᠵᠢ ᠲᠡᠷᠭᠡᠨ ᠡᠴᠡ ᠪᠠᠭᠤᠯᠭᠠᠵᠤ ᠦᠢᠯᠡᠳᠪᠦᠷᠢ᠎ᠳᠤ ᠣᠷᠣᠭᠤᠯᠬᠤ᠎ᠡᠴᠡ ᠠᠪᠤᠭᠠᠳ᠂ ᠨᠡᠭᠦᠷᠡᠰᠦ ᠬᠡᠸ᠋ᠷᠱᠢᠭᠦᠯᠬᠦ᠌ ᠡᠴᠡ᠎ᠬᠡᠦᠷᠡᠰᠦ ᠭᠠᠷᠭᠠᠬᠤ ᠬᠦᠷᠲᠡᠯᠡᠬᠢ ᠦᠢᠯᠡᠳᠪᠦᠷᠢᠯᠡᠯ᠎ᠦᠨ ᠪᠦᠬᠦ᠌ ᠶᠠᠪᠤᠴᠠ᠎ᠶ᠋ᠢ ᠨᠠᠷᠢᠨ ᠲᠠᠨᠢᠯᠴᠠᠭᠤᠯᠪᠠ᠃

《ᠲᠦᠭᠦᠬᠡᠢ ᠮᠠᠲ᠋ᠧᠷᠢᠶᠠᠯ᠎ᠢ ᠦᠢᠯᠡᠳᠪᠦᠷᠢ᠎ᠳᠦ ᠣᠷᠣᠭᠤᠯᠬᠤ᠎ᠡᠴᠡ ᠠᠪᠤᠭᠠᠳ ᠬᠡᠦᠷᠡᠰᠦ ᠵᠢᠴᠢ ᠬᠡᠦᠳᠠᠰᠦ᠂ ᠪᠦᠳᠦᠭᠦᠯᠢᠭ ᠪᠸᠨ᠋ᠽᠸᠨ ᠵᠡᠷᠭᠡ ᠳᠡᠳ᠋ ᠦᠢᠯᠡᠳᠬᠦᠨ᠎ᠢ ᠦᠢᠯᠡᠳᠪᠦᠷᠢ᠎ᠡᠴᠡ ᠭᠠᠷᠭᠠᠬᠤ ᠬᠦᠷᠲᠡᠯ᠎ᠡ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠭᠠᠷᠳᠠᠯᠭ᠎ᠠ ᠨᠢᠭᠡᠨᠲᠡ ᠭᠣᠭ᠍ᠴᠣᠭ᠎ᠠ ᠨᠢᠭᠡᠪᠦᠷᠢ᠎ᠳᠦ ᠨᠡᠪᠴᠢᠨ ᠣᠷᠣᠪᠠ》 ᠭᠡᠵᠦ ᠵᠠᠩ ᠵᠢᠶᠦ᠋ᠨ ᠬᠡᠯᠡᠬᠦ᠎ᠳᠤ᠂ ᠠᠵᠤ ᠠᠬᠤᠢᠯᠠᠯ᠎ᠤᠨ ᠬᠡᠲᠦ ᠪᠠᠭ᠎ᠠ ᠭᠠᠳᠠᠭᠰᠢᠯᠠᠭᠤᠯᠬᠤ ᠪᠤᠯᠭᠠᠬᠤ᠎ᠥᠭᠡᠷᠡᠴᠢᠯᠡᠯᠲᠡ᠎ᠶ᠋ᠢᠨ ᠬᠠᠷᠠᠯᠲᠠ ᠰᠤᠷᠪᠤᠯᠵᠢᠯᠠᠭ᠍ᠴᠢ᠎ᠶ᠋ᠢᠨ ᠲᠠᠷᠢᠬᠢᠨ᠎ᠳᠤ ᠴᠤ᠌ ᠲᠣᠳᠣᠷᠬᠠᠶ ᠪᠣᠯᠪᠠ — ᠪᠥᠬᠥ᠌ ᠶᠠᠪᠤᠴᠠ᠎ᠶ᠋ᠢ ᠪᠠᠷᠢᠮᠵᠢᠶ᠎ᠠ᠎ᠳᠤ ᠬᠦᠷᠭᠡᠵᠦ᠍᠂ ᠪᠥᠬᠥ᠌ ᠭᠣᠭ᠍ᠴᠣᠭ᠎ᠠ᠎ᠳᠤ ᠪᠣᠬᠢᠷᠲᠤᠯ᠎ᠢ ᠬᠢᠵᠠᠭᠠᠷᠯᠠᠨ᠎ᠠ᠃

ᠡᠨᠡ ᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ ᠨᠢ ᠠᠵᠤ ᠠᠬᠤᠢᠯᠠᠯ᠎ᠳᠤ ᠠᠪᠴᠤ᠌ ᠬᠡᠯᠡᠪᠡᠯ ᠨᠢᠭᠡ ᠤᠳᠠᠭᠠᠨ᠎ᠤ ᠱᠢᠰᠲ᠋ᠧᠮᠲᠦ ᠴᠢᠨᠠᠷᠲᠠᠶ ᠪᠣᠬᠢᠷᠲᠤᠯ ᠥᠬᠡᠶ ᠳᠠᠬᠢᠨ ᠴᠣᠭ᠍ᠴᠠᠯᠠᠯᠲᠠ ᠪᠣᠯᠤᠨ᠎ᠠ᠃

ᠵᠠᠩ ᠵᠢᠶᠦ᠋ᠨ᠂ ᠬᠡᠲᠦ ᠪᠠᠭ᠎ᠠ ᠭᠠᠳᠠᠭᠰᠢᠯᠠᠭᠤᠯᠬᠤ ᠪᠤᠯᠭᠠᠬᠤ᠎ᠥᠭᠡᠷᠡᠴᠢᠯᠡᠯᠲᠡ᠎ᠨᠢ ᠨᠡᠭᠦᠷᠡᠰᠦ ᠪᠡᠯᠡᠳᠭᠡᠬᠦ᠂ ᠨᠡᠭᠦᠷᠡᠰᠦ ᠰᠠᠪᠠᠯᠠᠬᠤ᠂ ᠬᠡᠦᠷᠡᠰᠦ ᠤᠪᠤᠭᠠᠯᠠᠬᠤ᠂ ᠨᠡᠭᠦᠷᠡᠰᠦ ᠬᠡᠸ᠋ᠷᠱᠢᠭᠦᠯᠬᠦ᠌᠂ ᠨᠡᠭᠦᠷᠡᠰᠦᠨ ᠬᠡᠶ᠎ᠶ᠋ᠢ ᠴᠡᠪᠡᠷᠱᠢᠭᠦᠯᠬᠦ᠌᠂ ᠬᠠᠶᠠᠭ᠍ᠳᠠᠮᠠᠯ ᠤᠰᠤ᠎ᠶ᠋ᠢ ᠱᠢᠶ᠋ᠳᠪᠦᠷᠢᠯᠡᠬᠦ᠌᠂ ᠵᠣᠬᠢᠶᠠᠨ ᠪᠠᠢᠭᠤᠯᠤᠯᠲᠠ᠎ᠲᠠᠶ᠎ᠪᠠᠷ ᠭᠠᠳᠠᠭ᠍ᠰᠢᠯᠠᠭᠤᠯᠬᠤ᠂ ᠵᠣᠬᠢᠶᠠᠨ ᠪᠠᠢᠭᠤᠯᠤᠯᠲᠠ ᠥᠬᠡᠶ᠎ᠪᠡᠷ ᠭᠠᠳᠠᠭ᠍ᠰᠢᠯᠠᠭᠤᠯᠬᠤ ᠵᠡᠷᠭᠡ 16 ᠵᠦᠶ᠋ᠯ᠎ᠦᠨ ᠭᠤᠤᠯ ᠦᠶ᠋ᠯᠡᠳᠪᠦᠷᠢᠯᠡᠯ᠎ᠦᠨ ᠭᠣᠭ᠍ᠴᠣᠭ᠎ᠠ᠎ᠶ᠋ᠢ ᠬᠠᠮᠤᠷᠴᠤ᠌᠂ 90 ᠵᠦᠶ᠋ᠯ᠎ᠦᠨ ᠪᠣᠳᠠᠲᠠᠶ ᠥᠭᠡᠷᠡᠴᠢᠯᠡᠯᠲᠡ᠎ᠶ᠋ᠢᠨ ᠠᠭᠤᠯᠭ᠎ᠠ ᠪᠣᠯᠭᠠᠨ ᠨᠠᠷᠢᠯᠢᠬ᠍ᠵᠢᠭᠤᠯᠪᠠ᠃ ᠡᠳᠡᠭᠡᠷ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠳᠤ ᠠᠨᠭᠬᠠᠷᠤᠯ᠎ᠵᠢᠡᠨ ᠲᠦᠪᠯᠡᠷᠡᠭᠦᠯᠦᠨ᠂ ᠠᠵᠤ ᠠᠬᠤᠢᠯᠠᠯ ᠨᠢ ᠨᠡᠢᠲᠡ 4.6 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠤᠲᠤᠭ᠎ᠠ ᠤᠨᠢᠶᠠᠷ᠎ᠢ ᠬᠦᠬᠦᠷ ᠦᠭᠡᠢᠳᠡᠭᠦᠯᠦᠨ ᠱᠡᠤ ᠦᠭᠡᠢᠳᠡᠭᠦᠯᠬᠦ᠌᠂ ᠬᠠᠭᠤᠷᠠᠢ᠎ᠪᠠᠷ ᠤᠨᠲᠠᠷᠠᠭᠠᠬᠤ᠂ ᠭᠠᠵᠠᠷ ᠳᠡᠭᠡᠷᠡᠬᠢ ᠲᠣᠭᠣᠰᠣ ᠠᠷᠢᠯᠭᠠᠬᠤ ᠥᠷᠲᠡᠭᠡ᠂ ᠣᠶᠤᠨᠴᠢ᠎ᠪᠠᠷ ᠬᠡᠦᠷᠡᠰᠦ ᠬᠠᠳᠠᠭᠠᠯᠠᠬᠤ ᠬᠥᠮᠥᠷᠭᠡ᠂ ᠨᠡᠭᠦᠷᠡᠰᠦᠨ ᠫᠧᠩ ᠵᠢᠴᠢ ᠪᠦᠰᠡᠲᠦ ᠱᠢᠯᠵᠢᠭᠦᠯᠦᠨ ᠠᠴᠢᠶᠠᠯᠠᠬᠤ ᠴᠡᠭ ᠢ᠋ ᠪᠦᠬᠦᠨ᠎ᠢ ᠪᠢᠲᠡᠭᠦᠮᠵᠢᠯᠡᠬᠦ᠌᠂ ᠣᠶᠤᠨᠴᠢ᠎ᠪᠠᠷ ᠣᠷᠴᠢᠨ ᠲᠣᠭᠣᠷᠢᠨ ᠢ᠋ ᠬᠠᠮᠠᠭᠠᠯᠠᠵᠤ ᠬᠠᠮᠢᠶᠠᠷᠤᠨ ᠡᠵᠡᠮᠳᠡᠬᠦ᠌ ᠲᠠᠪᠴᠠᠩ ᠵᠡᠷᠭᠡ ᠨᠢᠭᠡ ᠪᠦᠯᠦᠭ ᠭᠣᠣᠯᠳᠠᠯᠭ᠎ᠠ᠎ᠲᠠᠶ ᠵᠠᠰᠠᠯᠲᠠ᠎ᠶ᠋ᠢᠨ ᠢᠨᠵᠧᠨᠧᠷᠢᠩ᠎ᠢ ᠵᠠᠯᠭᠠᠭ᠎ᠠ᠎ᠪᠠᠷ ᠨᠠᠢᠳᠠᠪᠤᠷᠢᠵᠢᠭᠤᠯᠪᠠ᠃ ᠥᠭᠡᠷᠡᠴᠢᠯᠡᠯᠲᠡ ᠨᠢᠭᠡᠪᠦᠷᠢ ᠨᠢ ᠴᠥᠮ ᠥᠩᠭᠡᠷᠡᠭ᠌ᠰᠡᠨ᠎ᠦ ᠨᠢᠭᠡᠨ ᠪᠣᠬᠢᠷᠲᠤᠯ᠎ᠤᠨ ᠣᠷᠬᠢᠭ᠍ᠳᠠᠯ ᠴᠡᠭ᠎ᠲᠡᠶ ᠨᠠᠷᠢᠯᠢᠭ ᠣᠨᠣᠪᠴᠢᠲᠠᠶ᠎ᠬᠠᠷᠠᠭᠠᠯᠵᠠᠵᠦ ᠪᠠᠢᠳᠠᠭ ᠭᠡᠵᠦ ᠲᠠᠨᠢᠯᠴᠠᠭᠤᠯᠪᠠ᠃

《ᠮᠠᠨ᠎ᠤ ᠤᠶᠤᠨᠴᠢᠯᠠᠭ᠍ᠰᠠᠨ ᠬᠡᠦᠷᠡᠰᠦ ᠬᠠᠳᠠᠭᠠᠯᠠᠬᠤ ᠬᠥᠮᠥᠷᠭᠡ᠎ᠪᠡᠷ ᠠᠪᠴᠤ᠌ ᠬᠡᠯᠡᠪᠡᠯ᠂ ᠥᠩᠭᠡᠷᠡᠭ᠌ᠰᠡᠨ᠎ᠦ ᠬᠡᠦᠷᠡᠰᠦ᠎ᠶ᠋ᠢ ᠵᠠᠳᠠᠭᠠᠢ ᠣᠪᠣᠭᠠᠯᠠᠵᠤ ᠪᠠᠢᠭ᠍ᠰᠠᠨ ᠪᠠᠢᠳᠠᠯ᠎ᠢ ᠲᠤᠢᠯᠪᠤᠷᠢᠲᠠᠢ ᠬᠤᠪᠢᠷᠠᠭᠤᠯᠪᠠ》᠃ ᠵᠠᠩ ᠵᠢᠶᠦ᠋ᠨ᠎ᠦ ᠵᠢᠭᠠᠭ᠍ᠰᠠᠨ ᠴᠢᠭ᠌ᠯᠡᠯ᠎ᠳᠤ ᠳᠥᠷᠪᠡᠨ ᠲᠣᠮᠣ ᠲᠣᠭᠣᠷᠢᠭ ᠬᠡᠯᠪᠡᠷᠢᠲᠡᠶ ᠪᠠᠷᠢᠯᠭ᠎ᠠ ᠨᠢᠳᠦᠨ ᠡᠮᠦᠨ᠎ᠡ ᠰᠦᠨᠳᠡᠷᠯᠡᠨ᠎ᠡ᠃ ᠡᠨᠡ ᠨᠢ ᠬᠡᠦᠷᠡᠰᠦ᠎ᠶ᠋ᠢᠨ ᠪᠦᠲᠦᠭᠡᠭ᠌ᠳᠡᠬᠦᠨ᠎ᠢ ᠪᠦᠬᠦᠨ᠎ᠢ ᠪᠢᠲᠡᠭᠦᠮᠵᠢᠯᠡᠨ ᠬᠠᠳᠠᠭᠠᠯᠠᠬᠤ᠎ᠶ᠋ᠢ ᠪᠡᠶᠡᠯᠡᠭᠦᠯᠦᠭ᠌ᠰᠡᠨ᠎ᠢᠶᠡᠷ ᠪᠠᠷᠠᠬᠤ ᠥᠬᠡᠶ᠂  ᠬᠡᠦᠷᠡᠰᠦ᠎ᠶ᠋ᠢ ᠦᠶ᠋ᠯᠡᠳᠪᠦᠷᠢᠯᠡᠵᠦ᠍ ᠭᠠᠷᠭᠠᠭᠰᠠᠨ᠎ᠡᠴᠡ ᠱᠢᠯᠵᠢᠭᠦᠯᠦᠨ ᠲᠡᠭᠡᠭᠡᠪᠦᠷᠢᠯᠡᠬᠦ᠌ 《ᠪᠥᠬᠥ᠌ ᠶᠠᠪᠤᠴᠠ᠎ᠳᠤ ᠪᠢᠲᠡᠭᠦᠮᠵᠢᠯᠡᠨ ᠠᠵᠢᠯᠯᠠᠬᠤ》 ᠪᠠ 《ᠭᠠᠵᠠᠷ ᠪᠠᠭᠤᠯᠭᠠᠬᠤ ᠦᠭᠡᠢ ᠪᠡᠷ ᠭᠠᠳᠠᠭ᠍ᠰᠢ ᠲᠡᠭᠡᠭᠡᠪᠦᠷᠢᠯᠡᠬᠦ᠌》 ᠶ᠋ᠢ ᠪᠡᠶᠡᠯᠡᠭᠦᠯᠵᠦ᠍᠂ ᠲᠣᠭᠣᠰᠣ ᠳᠡᠭ᠌ᠳᠡᠬᠦ᠌᠎ᠶ᠋ᠢ ᠪᠦᠲᠦᠮᠵᠢᠲᠡᠶ ᠪᠠᠭᠠᠰᠭᠠᠪᠠ᠃

ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠳᠡᠭ᠌ᠳᠡᠮᠡᠯ ᠲᠣᠭᠣᠰᠣ ᠳ᠋ᠤ 《ᠲᠡᠮᠦᠷ ᠬᠡᠷᠡᠮ ᠪᠤᠯᠤᠳ ᠬᠠᠨ᠎ᠠ》 ᠲᠠᠢ ᠪᠤᠯᠪᠠ᠂ ᠲᠡᠭᠡᠪᠡᠯ ᠦᠵᠡᠭ᠌ᠳᠡᠬᠦ᠌ ᠦᠭᠡᠢ ᠬᠡᠢ ᠪᠡᠶᠡᠲᠦ ᠪᠣᠬᠢᠷᠲᠤᠯ ᠪᠣᠳᠠᠰ᠎ᠢ ᠬᠡᠷᠬᠢᠨ ᠵᠠᠰᠠᠬᠤ ᠪᠤᠢ?

VOCs (ᠳᠡᠭ᠌ᠳᠡᠮᠡᠬᠡᠶ ᠴᠢᠨᠠᠷᠲᠠᠶ ᠣᠷᠭᠠᠨᠢᠭ ᠨᠢᠭᠡᠳᠪᠦᠷᠢ) ᠳ᠋ᠤ ᠴᠢᠭ᠌ᠯᠡᠭᠦᠯᠦᠨ᠂ ᠠᠵᠤ ᠠᠬᠤᠢᠯᠠᠯ ᠡᠴᠡ ᠦᠬᠠᠶ ᠬᠣᠲᠠ᠎ᠶ᠋ᠢᠨ ᠠᠩᠬᠠᠳᠠᠭ᠍ᠴᠢ ᠢᠯᠴᠢ ᠬᠠᠳᠠᠭᠠᠯᠠᠬᠤ ᠡᠷᠭᠢᠯᠳᠦᠭᠡ ᠮᠠᠶᠢᠭ᠎ᠤᠨ (RTO) ᠱᠢᠲᠠᠭᠠᠬᠤ ᠵᠤᠤᠬ᠎ᠠ᠎ᠶ᠋ᠢ ᠪᠠᠢᠭᠤᠯᠵᠤ᠂ ᠭᠦᠨ ᠢᠰᠦᠯᠳᠦᠭᠦᠯᠦᠨ ᠱᠢᠲᠠᠭᠠᠬᠤ ᠮᠡᠷᠭᠡᠵᠢᠯ᠎ᠢᠶᠡᠷ VOCs᠎ᠢ᠋ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠪᠠ ᠤᠰᠤᠨ ᠠᠭᠤᠷ ᠪᠣᠯᠭᠠᠨ ᠵᠠᠳᠠᠯᠪᠠ᠂ ᠡᠨᠡ ᠨᠢ ᠪᠠᠰᠠ ᠣᠷᠣᠨ ᠪᠦᠰᠡ᠎ᠶ᠋ᠢᠨ VOCs ᠎ᠤ᠋ᠨ ᠵᠠᠰᠠᠯᠲᠠ᠎ᠳᠤ ᠲᠣᠯᠢ ᠪᠣᠯᠭᠠᠵᠤ ᠪᠣᠯᠬᠤ 《ᠠᠵᠤ ᠠᠬᠤᠢᠯᠠᠯ᠎ᠤᠨ ᠲᠥᠰᠦᠯ》 ᠢ᠋ ᠬᠠᠩᠭᠠᠵᠠᠢ᠃

ᠦᠶ᠋ᠯᠡᠳᠪᠦᠷᠢ᠎ᠶ᠋ᠢᠨ ᠲᠣᠭᠣᠷᠢᠭ ᠲᠡᠬᠢ ᠡᠢᠮᠦ᠍ ᠣᠯᠠᠨ ᠣᠷᠴᠢᠨ ᠲᠣᠭᠣᠷᠢᠨ ᠢ᠋ ᠬᠠᠮᠠᠭᠠᠯᠠᠬᠤ ᠲᠥᠬᠥᠭᠡᠷᠦᠮᠵᠢ᠎ᠨᠢ ᠴᠦᠮ ᠣᠶᠤᠨᠴᠢ ᠣᠷᠴᠢᠨ ᠲᠣᠭᠣᠷᠢᠨ ᠢ᠋ ᠬᠠᠮᠠᠭᠠᠯᠠᠬᠤ ᠬᠠᠮᠢᠶᠠᠷᠤᠯᠲᠠ᠎ᠶ᠋ᠢᠨ ᠲᠠᠪᠴᠠᠩ ᠵᠢᠡᠷ ᠲᠠᠮᠵᠢᠨ ᠠᠵᠢᠯᠯᠠᠳᠠᠭ᠃

ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠮᠡᠷᠭᠡᠵᠢᠯ᠎ᠦᠨ ᠬᠠᠮᠢᠶᠠᠷᠤᠨ ᠡᠵᠡᠮᠳᠡᠬᠦ᠌ ᠲᠥᠪ᠎ᠲᠦ᠂ ᠪᠦᠬᠦᠢᠯᠡ ᠬᠡᠷᠡᠮ᠎ᠢ ᠡᠵᠡᠯᠡᠵᠦ᠍ ᠪᠠᠢᠭ᠎ᠠ ᠡᠯᠧᠺᠲ᠋ᠷᠣᠨ ᠲᠤᠮᠤ ᠳᠡᠯᠭᠡᠴᠡ ᠬᠥᠮᠦᠰ᠎ᠦᠨ ᠬᠠᠷᠠᠭᠠᠨ᠎ᠳᠤ ᠣᠷᠣᠵᠤ᠂ ᠳᠡᠯᠭᠡᠴᠡ᠎ᠶ᠋ᠢᠨ ᠳᠤᠮᠳᠠᠬᠢ ᠣᠶᠤᠨᠴᠢ ᠣᠷᠴᠢᠨ ᠲᠣᠭᠣᠷᠢᠨ ᠢ᠋ ᠬᠠᠮᠠᠭᠠᠯᠠᠬᠤ ᠬᠠᠮᠢᠶᠠᠷᠤᠯᠲᠠ᠎ᠶ᠋ᠢᠨ ᠲᠠᠪᠴᠠᠩ ᠳᠡᠭᠡᠷ᠎ᠡ᠂ ᠲᠤᠭ᠎ᠠ ᠲᠤᠮᠰᠢ ᠦᠭᠡᠢ ᠤᠯᠠᠨ ᠨᠣᠭᠣᠭᠠᠨ ᠵᠢᠵᠢᠭ ᠴᠡᠭ ᠦᠢᠯᠡᠳᠪᠦᠷᠢ᠎ᠶ᠋ᠢᠨ ᠲᠣᠭᠣᠷᠢᠭ᠎ᠤᠨ 3D ᠭᠠᠵᠠᠷ᠎ᠤᠨ ᠵᠢᠷᠤᠭ ᠳᠡᠭᠡᠷ᠎ᠡ ᠢᠯᠡᠷᠡᠯ᠎ᠡ᠃

《ᠨᠣᠭᠣᠭᠠᠨ ᠴᠡᠭ ᠨᠢᠭᠡ ᠪᠦᠷᠢ ᠨᠢ ᠴᠥᠮ ᠠᠭᠠᠷ᠎ᠤᠨ ᠪᠢᠴᠢᠯ ᠬᠡᠯᠪᠡᠷᠢ᠎ᠶ᠋ᠢᠨ ᠥᠷᠲᠡᠭᠡ ᠪᠠᠢᠵᠤ᠂ ᠠᠭᠠᠷ᠎ᠤᠨ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠴᠤᠭ᠍ᠯᠠᠭᠤᠯᠵᠤ ᠴᠢᠳᠠᠨ᠎ᠠ》᠃ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠳ᠋ᠢᠩ ᠲᠢᠶᠧ ᠭᠠᠩ ᠲᠠᠨᠢᠯᠴᠠᠭᠤᠯᠬᠤ᠎ᠳᠠᠭᠠᠨ᠂ ᠣᠶᠤᠨᠴᠢ ᠣᠷᠴᠢᠨ ᠲᠣᠭᠣᠷᠢᠨ ᠢ᠋ ᠬᠠᠮᠠᠭᠠᠯᠠᠬᠤ ᠬᠠᠮᠢᠶᠠᠷᠤᠯᠲᠠ᠎ᠶ᠋ᠢᠨ ᠲᠠᠪᠴᠠᠩ᠎ᠳᠤ 《ᠵᠣᠬᠢᠶᠠᠨ ᠪᠠᠢᠭᠤᠯᠤᠯᠲᠠ᠎ᠲᠠᠶ᠎ᠪᠠᠷ ᠭᠠᠳᠠᠭ᠍ᠰᠢᠯᠠᠭᠤᠯᠬᠤ᠂ ᠵᠣᠬᠢᠶᠠᠨ ᠪᠠᠢᠭᠤᠯᠤᠯᠲᠠ ᠥᠬᠡᠶ᠎ᠪᠡᠷ ᠭᠠᠳᠠᠭ᠍ᠰᠢᠯᠠᠭᠤᠯᠬᠤ᠂ ᠠᠷᠢᠭᠤᠨ ᠴᠡᠪᠡᠷ᠎ᠢᠶᠡᠷ ᠲᠡᠭᠡᠭᠡᠪᠦᠷᠢᠯᠡᠬᠦ᠌᠂ ᠵᠠᠰᠠᠯᠲᠠ᠎ᠶ᠋ᠢᠨ ᠲᠦᠭᠦᠭᠡᠷᠦᠮᠵᠢ᠎ᠶ᠋ᠢᠨ ᠠᠵᠢᠯᠯᠠᠭᠠᠨ》 ᠵᠡᠷᠭᠡ ᠳᠥᠷᠪᠡᠨ ᠶᠡᠬᠡ ᠬᠢᠨᠠᠨ ᠬᠡᠮᠵᠢᠯᠲᠡ᠎ᠶ᠋ᠢᠨ ᠬᠡᠰᠡᠭ ᠪᠠᠢᠵᠤ᠂ ᠴᠠᠭ ᠲᠤᠬᠠᠶ᠎ᠳᠤᠨᠢ ᠬᠢᠨᠠᠨ ᠡᠵᠡᠮᠳᠡᠵᠦ᠍ ᠴᠢᠳᠠᠬᠤ᠎ᠪᠠᠷ ᠪᠠᠷᠠᠬᠤ ᠥᠬᠡᠶ᠂ ᠪᠠᠰᠠ ᠲᠣᠭ᠎ᠠ ᠪᠠᠷᠢᠮᠲᠠ᠎ᠶ᠋ᠢᠨ ᠵᠠᠳᠠᠯᠤᠯᠲᠠ᠎ᠪᠠᠷ ᠳᠡᠮᠵᠢᠨ ᠴᠡᠭ᠎ᠬᠠᠷᠠᠭᠠᠯᠵᠠᠭᠤᠯᠤᠨ ᠣᠨᠣᠪᠴᠢᠲᠠᠶ᠎ᠪᠠᠷ ᠵᠠᠰᠠᠬᠤ ᠵᠢ ᠬᠡᠷᠡᠭᠵᠢᠭᠦᠯᠵᠦ᠂ ᠪᠣᠬᠢᠷᠲᠤᠯ᠎ᠢ ᠵᠠᠰᠠᠬᠤ ᠠᠵᠢᠯ᠎ᠢ ᠨᠠᠩ ᠥᠨᠳᠥᠷ ᠪᠦᠲᠦᠮᠵᠢᠲᠡᠶ᠂ ᠨᠠᠩ ᠱᠢᠨᠵᠢᠯᠡᠬᠦ᠌ ᠤᠬᠠᠭᠠᠨᠴᠢ ᠪᠣᠯᠭᠠᠵᠠᠶ ᠭᠡᠵᠡᠢ᠃

ᠳ᠋ᠢᠩ ᠲᠢᠶᠧ ᠭᠠᠩ ᠰᠤᠷᠪᠤᠯᠵᠢᠯᠠᠭ᠍ᠴᠢ᠎ᠳᠤ᠂ ᠣᠳᠣᠬᠠᠨ᠎ᠳᠤ᠂ ᠠᠵᠤ ᠠᠬᠤᠢᠯᠠᠯ᠎ᠤᠨ ᠬᠡᠲᠦ ᠪᠠᠭ᠎ᠠ ᠭᠠᠳᠠᠭᠰᠢᠯᠠᠭᠤᠯᠬᠤ ᠪᠤᠯᠭᠠᠬᠤ ᠥᠭᠡᠷᠡᠴᠢᠯᠡᠯᠲᠡ᠎ᠶ᠋ᠢᠨ ᠢᠨᠵᠧᠨᠧᠷᠢᠩ᠎ᠢ ᠨᠢᠭᠡᠨᠲᠡ ᠪᠦᠬᠦᠨ᠎ᠢ ᠪᠡᠶᠡᠯᠡᠭᠦᠯᠵᠦ᠍᠂ ᠵᠢᠱ᠌ᠢᠯᠲᠡ᠎ᠪᠡᠷ ᠮᠥᠬᠥᠯᠢᠭ᠌ᠲᠦ ᠪᠣᠳᠠᠰ᠎ᠤᠨ ᠵᠢᠯ᠎ᠦᠨ ᠭᠠᠳᠠᠭ᠍ᠰᠢᠯᠠᠭᠤᠯᠤᠯᠲᠠ᠎ᠶ᠋ᠢ 80 ᠲᠣᠨ ᠪᠠᠭᠠᠰᠭᠠᠵᠤ᠂ ᠬᠦᠬᠦᠷ᠎ᠦᠨ ᠳᠠᠪᠬᠤᠷ ᠢᠰᠦᠯ᠎ᠦᠨ ᠵᠢᠯ᠎ᠦᠨ ᠭᠠᠳᠠᠭ᠍ᠰᠢᠯᠠᠭᠤᠯᠤᠯᠲᠠ᠎ᠶ᠋ᠢ 100 ᠲᠣᠨ ᠪᠠᠭᠠᠰᠭᠠᠵᠤ᠂ ᠠᠽᠣᠲ᠎ᠤᠨ ᠢᠰᠦᠮᠡᠭ᠎ᠦᠨ ᠵᠢᠯ᠎ᠦᠨ ᠭᠠᠳᠠᠭ᠍ᠰᠢᠯᠠᠭᠤᠯᠤᠯᠲᠠ᠎ᠶ᠋ᠢ 150 ᠲᠣᠨ ᠪᠠᠭᠠᠰᠭᠠᠵᠤ᠂ ᠪᠣᠬᠢᠷᠲᠤᠯ᠎ᠤᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠭ᠍ᠰᠠᠨ᠎ᠢᠶᠠᠷ ᠪᠠᠷᠠᠬᠤ ᠥᠬᠡᠶ᠂ ᠲᠦᠭᠦᠬᠡᠶ ᠮᠠᠲ᠋ᠧᠷᠢᠶᠠᠯ᠎ᠤᠨ ᠬᠣᠷᠣᠭ᠍ᠳᠠᠯ᠎ᠢ ᠴᠤ᠌ ᠪᠠᠭᠠᠰᠭᠠᠵᠤ᠂ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠣᠯᠤᠨ᠎ᠠ᠂ ᠨᠠᠩ ᠴᠢᠬᠤᠯᠠ᠎ᠨᠢ ᠦᠬᠠᠶ ᠬᠣᠲᠠ᠎ᠶ᠋ᠢᠨ ᠬᠡᠦᠷᠱᠢᠭᠦᠯᠬᠦ᠌ ᠠᠵᠤ ᠦᠶ᠋ᠯᠡᠰ᠎ᠦᠨ ᠪᠣᠬᠢᠷᠲᠤᠯ ᠥᠬᠡᠶ ᠬᠡᠯᠪᠡᠷᠢ᠎ᠪᠡᠨ ᠬᠤᠪᠢᠷᠠᠭᠤᠯᠬᠤ᠎ᠳᠤ ᠠᠱᠢᠭ᠍ᠲᠠᠶ ᠯᠠᠪᠯᠠᠯᠲᠠ ᠬᠠᠩᠭᠠᠭ᠍ᠰᠠᠨ ᠪᠠᠢᠨ᠎ᠠ ᠭᠡᠵᠦ ᠬᠡᠯᠡᠪᠡ᠃

ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ

ᠠᠵᠤ ᠦᠶ᠋ᠯᠡᠳᠪᠦᠷᠢ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ᠂ ᠦᠬᠠᠶ ᠬᠣᠲᠠ ᠣᠢᠷ᠎ᠠ᠎ᠶ᠋ᠢᠨ ᠵᠢᠯ᠎ᠳᠦ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠵᠠᠰᠠᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠵᠤ᠂ ᠦᠵᠡᠰᠭᠦᠯᠡᠩᠲᠦ ᠰᠠᠢᠬᠠᠨ ᠦᠬᠠᠶ᠎ᠶ᠋ᠢ ᠪᠥᠲᠥᠭᠡᠨ ᠪᠠᠢᠭᠤᠯᠬᠤ᠎ᠶ᠋ᠢ ᠠᠵᠢᠯ᠎ᠤᠨ᠎ᠢᠶᠠᠨ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠣᠯᠭᠠᠪᠠ᠃

ᠴᠢᠶᠠᠨ ᠯᠢ ᠱᠠᠨ ᠨᠡᠭᠦᠷᠡᠰᠦ ᠬᠡᠦᠷᠱᠢᠭᠦᠯᠬᠦ᠌ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ ᠮᠡᠲᠦ᠍᠎ᠶ᠋ᠢᠨ ᠤᠯᠠᠮᠵᠢᠯᠠᠯᠲᠤ ᠬᠡᠦᠷᠱᠢᠭᠦᠯᠬᠦ᠌ ᠠᠵᠤ ᠠᠬᠤᠢᠯᠠᠯ ᠴᠤ᠌ ᠤᠷᠢᠶᠠᠯᠠᠭ᠎ᠠ᠎ᠶ᠋ᠢ ᠢᠳᠡᠪᠬᠢᠲᠡᠢ ᠴᠤᠤᠷᠢᠶᠠᠲᠤᠨ ᠳᠠᠭᠠᠵᠤ᠂ 《ᠪᠣᠬᠢᠷᠲᠤᠯ》 ᠭᠡᠬᠦ᠌ ᠱᠣᠱᠢᠭ᠎ᠠ᠎ᠡᠴᠡ ᠴᠢᠷᠮᠠᠢᠨ ᠮᠤᠯᠳᠤᠷᠠᠵᠦ᠂ ᠬᠡᠲᠦ ᠪᠠᠭ᠎ᠠ ᠭᠠᠳᠠᠭᠰᠢᠯᠠᠭᠤᠯᠬᠤ ᠪᠤᠯᠭᠠᠬᠤ ᠥᠭᠡᠷᠡᠴᠢᠯᠡᠯᠲᠡ᠎ᠶ᠋ᠢ ᠠᠬᠢᠭᠤᠯᠵᠤ᠂ ᠣᠶᠤᠨᠴᠢᠯᠠᠭ᠍ᠰᠠᠨ᠂ ᠪᠣᠬᠢᠷᠲᠤᠯ ᠦᠭᠡᠢᠵᠢᠬᠦᠯᠦᠭᠰᠡᠨ᠂ ᠠᠭᠤᠰᠤᠯᠴᠠᠭ᠍ᠰᠠᠨ ᠴᠢᠭ᠌ᠯᠡᠯ᠎ᠢ ᠣᠨᠢᠯᠠᠵᠤ᠂ ᠠᠵᠤ ᠦᠢᠯᠡᠰ᠎ᠦᠨ ᠪᠤᠬᠢᠷᠳᠤᠯ ᠦᠭᠡᠢ᠂ ᠱᠢᠨ᠎ᠡ ᠲᠡᠢᠰᠢ ᠬᠥᠭ᠌ᠵᠢᠬᠦ᠌᠎ᠶ᠋ᠢ ᠠᠬᠢᠭᠤᠯᠵᠤ ᠪᠠᠢᠨ᠎ᠠ᠃

ᠰᠤᠷᠪᠤᠯᠵᠢᠯᠠᠭ᠍ᠴᠢ  ᠴᠢᠶᠠᠨ ᠯᠢ ᠱᠠᠨ ᠨᠡᠭᠦᠷᠡᠰᠦ ᠬᠡᠦᠷᠱᠢᠭᠦᠯᠬᠦ᠌ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ ᠳ᠋ᠡᠬᠢ ᠨᠢᠭᠡ ᠡᠳᠦᠷ᠎ᠦᠨ ᠰᠤᠷᠪᠤᠯᠵᠢᠯᠠᠭ᠎ᠠ᠎ᠳᠠᠭᠠᠨ᠂ ᠡᠨᠡ ᠬᠦ᠌ ᠬᠠᠭᠤᠴᠢᠨ ᠠᠵᠤ ᠠᠬᠤᠢᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠠᠯ᠎ᠠ᠎ᠪᠠᠷ ᠬᠢ ᠡᠷᠡᠰ ᠪᠠᠲᠤ ᠵᠣᠷᠢᠭ ᠪᠣᠯᠤᠨ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠶ᠋ᠢ ᠤᠯᠵᠤ ᠬᠠᠷᠠᠬᠰᠠᠨ᠎ᠢᠶᠡᠷ ᠪᠠᠷᠠᠬᠤ ᠦᠭᠡᠢ᠂ ᠨᠡᠩ ᠴᠤ᠌ ᠡᠨᠡ ᠬᠦ᠌ ᠠᠵᠤ ᠠᠬᠤᠢᠯᠠᠯ᠎ᠤᠨ ᠪᠣᠬᠢᠷᠲᠤᠯ ᠦᠭᠡᠢ ᠦᠢᠯᠡᠳᠦᠯᠭᠡ ᠪᠡᠷ ᠳᠠᠮᠵᠢᠭᠤᠯᠤᠨ᠂ ᠦᠬᠠᠢ ᠬᠤᠲᠠ᠎ᠶ᠋ᠢᠨ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠠᠶᠠᠨ᠎ᠳᠡᠬᠢ ᠴᠥᠬᠥᠷᠡᠰᠢ ᠦᠭᠡᠢ ᠴᠢᠷᠮᠠᠢᠯᠭ᠎ᠠ ᠨᠢ᠂ ᠠᠭᠠᠷ ᠨᠢ ᠴᠡᠯᠮᠡᠭᠰᠢᠭᠰᠡᠨ᠂ ᠠᠭᠤᠷ ᠠᠮᠢᠰᠬᠤᠯ ᠨᠢ ᠰᠤᠷᠭᠤᠭᠵᠢᠬᠰᠠᠨ ᠪᠣᠳᠠᠲᠤ ᠦᠷ᠎ᠡ ᠪᠦᠲᠦᠮᠵᠢ ᠪᠤᠯᠵᠤ ᠬᠤᠪᠢᠷᠠᠵᠤ ᠪᠠᠢᠭ᠎ᠠ᠎ᠶᠢ ᠭᠦᠨᠵᠡᠭᠡᠢ ᠤᠢᠯᠠᠭᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号