— ᠴᠢᠯᠥᠭᠡᠲᠦ ᠠᠷᠠᠯᠵᠢᠶᠠᠨ ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠶ ᠠᠬᠢᠭᠤᠯᠬᠤ ᠲᠤᠬᠠᠶ ᠭᠤᠷᠪᠠᠨᠲᠠ ᠥᠭᠦᠯᠡᠬᠦ᠌ ᠨᠢ
ᠴᠢᠯᠥᠭᠡᠲᠦ ᠠᠷᠠᠯᠵᠢᠶᠠᠨ ᠤ ᠲᠤᠷᠱᠢᠯᠲᠠ᠎ᠶ᠋ᠢᠨ ᠣᠷᠣᠨ᠎ᠢ ᠰᠠᠢᠲᠤᠷ ᠪᠦᠳᠦᠬᠡᠨ ᠪᠠᠢᠭᠤᠯᠬᠤ ᠪᠣᠯ ᠥᠪᠥᠷ ᠮᠣᠩᠭᠣᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ ᠴᠢᠬᠤᠯᠠ ᠭᠠᠷᠳᠠᠴᠠ ᠪᠣᠯᠬᠤ᠎ᠪᠠᠷ ᠪᠠᠷᠠᠬᠤ ᠦᠬᠡᠢ᠂ ᠪᠠᠰᠠ ᠴᠤ᠌ ᠬᠥᠭ᠌ᠵᠢᠯᠲᠡ᠎ᠶ᠋ᠢᠨ ᠪᠣᠭᠣᠮᠢ᠎ᠶ᠋ᠢ ᠡᠪᠳᠡᠵᠦ᠍᠂ ᠨᠡᠬᠡᠬᠡᠯᠳᠡ ᠬᠢᠬᠦ᠌ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠬᠦ᠌ ᠬᠦᠴᠦᠳᠤ ᠬᠥᠳᠡᠯᠭᠡᠭᠦᠷ ᠪᠣᠯᠤᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠷᠲᠡᠬᠡᠨ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠶ᠎ᠠ ᠭᠡᠪᠡᠯ᠂ ᠭᠠᠭ᠍ᠴᠠ ᠬᠦ᠌ ᠴᠠᠭ ᠮᠦᠴᠠ ᠲᠠᠢ ᠤᠷᠤᠯᠳᠤᠬᠤ ᠪᠠᠴᠢᠮ ᠲᠤᠯᠭᠠᠮ ᠰᠡᠳᠭᠢᠯᠭᠡ᠎ᠪᠡᠷ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃
4 ᠰᠠᠷ᠎ᠠ᠎ᠶ᠋ᠢᠨ 11 ᠤ᠋ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠫᠠᠢᠰᠠ ᠰᠡᠬᠦᠬᠦ᠌ ᠶᠣᠰᠣᠯᠠᠯ᠎ᠤᠨ ᠲᠤᠬᠠᠢ᠎ᠵᠢᠨ ᠡᠳᠦᠷ᠂ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠵᠢᠯ᠎ᠤᠨ ᠤᠳᠤᠷᠢᠳᠭᠤ ᠳᠤᠭᠤᠢᠯᠠᠩ ᠠᠩᠬᠠᠳᠤᠭᠠᠷ ᠤᠳᠠᠭ᠎ᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠭᠠᠳᠠᠭᠠᠳᠤ ᠨᠡᠭᠡᠭᠡᠯᠲᠡ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠵᠤ᠂ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ ᠢ ᠶᠠᠷᠢᠯᠴᠠᠨ ᠬᠢᠨᠠᠨ ᠵᠥᠪᠯᠡᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯ ᠢ ᠰᠤᠳᠤᠯᠤᠨ ᠪᠠᠢᠷᠢᠯᠠᠭᠤᠯᠬᠤ ᠶ᠋ᠢᠨ ᠬᠠᠮᠲᠤ᠂ ᠲᠡᠷᠡ ᠶᠣᠰᠣᠭᠠᠷ᠎ᠨᠢ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠬᠤᠷᠳᠤᠨ ᠮᠣᠷᠢᠨ ᠳᠤ ᠲᠠᠱᠢᠭᠤᠷ ᠲᠠᠯᠪᠢᠵᠦ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠵᠣᠷᠢᠭ᠍ᠲᠠᠶ ᠪᠠᠷ ᠱᠢᠨ᠎ᠡ᠎ᠶ᠋ᠢ ᠡᠭᠦᠳᠴᠦ᠍ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠵᠤ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠴᠠᠶ᠃
ᠬᠡᠩᠭᠡᠷᠭᠡ ᠳᠡᠯᠡᠳᠦᠨ ᠠᠶᠠᠨ᠎ᠢᠶᠠᠨ ᠡᠬᠢᠯᠡᠭᠦᠯᠵᠦ᠂ ᠳᠠᠷᠪᠠᠭᠤᠯ ᠬᠡᠢᠰᠭᠡᠨ ᠤᠷᠤᠭ᠍ᠰᠢᠯᠠᠨ᠎ᠠ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠳᠤᠮᠳᠠ᠂ ᠪᠢᠳᠡ ᠱᠢᠨ᠎ᠡ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭ᠌ᠴᠢᠯᠡᠵᠦ᠍᠂ ᠥᠪᠥᠷ ᠮᠣᠩᠭᠣᠯ᠎ᠳᠤ ᠣᠷᠳᠣ ᠬᠤᠭᠤᠴᠠᠭ᠎ᠠ᠎ᠪᠠᠷ ᠲᠤᠯᠭᠠᠷᠠᠵᠤ ᠪᠠᠢᠭ᠍ᠰᠠᠨ《ᠨᠡᠪᠲᠡᠷᠡᠯ ᠵᠠᠮ᠎ᠤᠨ ᠠᠵᠤ ᠠᠬᠤᠶ》᠎ᠶ᠋ᠢᠨ ᠬᠦᠴᠢᠷᠳᠡᠯ᠎ᠢ ᠴᠢᠷᠮᠠᠢᠨ ᠱᠢᠶ᠋ᠳᠪᠦᠷᠢᠯᠡᠵᠦ᠍᠂ ᠥᠪᠥᠷ ᠮᠣᠩᠭᠣᠯ ᠤᠨ《ᠨᠡᠪᠲᠡᠷᠡᠯ ᠵᠠᠮ》 ᠡᠴᠡ《 ᠬᠦᠶ᠋ᠰᠦ 》 ᠪᠠ 《ᠠᠵᠤ ᠦᠶ᠋ᠯᠡᠰ᠎ᠦᠨ ᠥᠨᠳᠥᠷᠯᠢᠭ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠡᠭᠦᠨ᠎ᠦ ᠤᠯᠠᠮ᠎ᠢᠶᠠᠷ ᠪᠥᠬᠥ᠌ ᠣᠷᠣᠨ᠎ᠤ ᠥᠨᠳᠥᠷ ᠲᠦᠪᠱᠢᠨ ᠪᠥᠬᠥᠶ ᠨᠡᠭᠡᠭᠡᠯᠲᠡ᠂ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠬᠤ ᠬᠡᠷᠡᠭ᠌ᠲᠡᠶ᠃
ᠬᠥᠭ᠌ᠵᠢᠯᠲᠡ᠎ᠶ᠋ᠢᠨ ᠱᠢᠨ᠎ᠡ ᠵᠠᠮ ᠢ ᠨᠡᠭᠡᠭᠡᠬᠦ᠌᠎ᠶ᠋ᠢᠨ ᠵᠠᠩᠭᠢᠯᠠᠭ᠎ᠠ ᠨᠢ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠳᠠᠪᠠᠭᠤᠯᠢᠭ ᠲᠤ ᠰᠠᠭᠤᠷᠢᠯᠠᠵᠤ᠂ ᠲᠦᠷᠢᠮ᠎ᠦᠨ ᠱᠢᠨ᠎ᠡ ᠡᠭᠦᠳᠦᠯᠲᠡ᠎ᠪᠡᠷ ᠭᠣᠣᠯ ᠪᠣᠯᠭᠠᠵᠤ᠂ ᠲᠤᠰ ᠪᠡᠶ᠎ᠡ ᠶ᠋ᠢᠨ ᠪᠣᠳᠠᠲᠤ ᠪᠠᠢᠳᠠᠯ᠎ᠲᠠᠶ᠎ᠪᠠᠨ ᠨᠡᠢᠴᠡᠬᠰᠡᠨ ᠥᠭᠡᠷᠡᠴᠢᠯᠡᠯᠲᠡ᠎ᠶ᠋ᠢᠨ ᠱᠢᠪᠲᠤᠯᠤᠯᠲᠠ᠎ᠶ᠋ᠢᠨ ᠴᠡᠭ ᠢ ᠣᠨᠣᠪᠴᠢᠲᠠᠢ ᠤᠯᠬᠤ᠎ᠳᠤ ᠪᠠᠢᠨ᠎ᠠ᠃ ᠭᠤᠸᠠᠩᠳᠦ᠋ᠩ᠎ᠦᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠢᠨ《ᠵᠣᠷᠢᠭ᠍ᠲᠠᠢ ᠲᠤᠷᠱᠢᠵᠤ᠂ ᠵᠣᠷᠢᠭ᠍ᠲᠠᠢ ᠬᠢᠵᠦ᠍᠂ ᠪᠡᠶ᠎ᠡ᠎ᠪᠡᠨ ᠳᠠᠭᠠᠭᠠᠵᠤ ᠥᠭᠡᠷᠡᠴᠢᠯᠡᠯᠲᠡ ᠬᠢᠬᠦ᠌》 ᠵᠢ ᠪᠠᠷᠢᠮᠲᠠᠯᠠᠵᠤ᠂ ᠠᠷᠪᠠᠨ ᠵᠢᠯ ᠢ ᠨᠢᠭᠡ ᠡᠳᠦᠷ ᠮᠡᠲᠦ᠍᠎ᠪᠡᠷ ᠰᠠᠷ᠎ᠠ ᠪᠦᠷᠢ ᠱᠢᠪᠲᠤᠯᠤᠯᠲᠠ ᠭᠠᠷᠭᠠᠵᠤ᠂ ᠵᠢᠯ ᠪᠦᠷᠢ ᠦᠷ᠎ᠡ ᠪᠦᠲᠦᠮᠵᠢ ᠣᠯᠵᠠᠢ᠃ ᠭᠤᠸᠠᠩᠳᠦ᠋ᠩ ᠱᠢᠶᠠᠩᠭᠠᠩ ᠣᠣᠮᠧᠨ ᠦ ᠳᠦᠷᠢᠮ ᠦᠨ ᠵᠣᠯᠭᠠᠯᠴᠠᠭ᠎ᠠ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠳᠥᠭᠥᠮᠴᠢᠯᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠦᠷᠢᠮ᠎ᠦᠨ ᠰᠢᠨ᠎ᠡ ᠡᠭᠦᠳᠦᠯᠲᠡ᠎ᠶ᠋ᠢ ᠨᠡᠢᠲᠡ 772 ᠵᠦᠢᠯ ᠪᠦᠷᠢᠯᠳᠦᠭᠦᠯᠵᠦ᠂ 43 ᠵᠦᠢᠯ᠎ᠢ ᠨᠢ ᠪᠦᠬᠦ᠌ ᠤᠯᠤᠰ᠎ᠲᠤ ᠲᠡᠯᠬᠡᠷᠡᠬᠦᠯᠵᠤ᠂ 8 ᠵᠦᠢᠯ ᠨᠢ ᠪᠦᠬᠦ᠌ ᠤᠯᠤᠰ᠎ᠤᠨ ᠬᠠᠮᠤᠭ᠎ᠤᠨ ᠰᠠᠢ᠌ᠨ ᠦᠢᠯᠡᠳᠦᠯᠭᠡ᠎ᠳᠦ ᠰᠣᠩᠭᠣᠭ᠍ᠳᠠᠪᠠ᠃ ᠥᠪᠥᠷ ᠮᠣᠩᠭᠣᠯ᠎ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠪᠤᠴᠠ᠎ᠳᠤ᠂ ᠪᠢᠳᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠵᠠᠬ᠎ᠠ ᠳᠡᠯᠭᠡᠭᠦᠷ ᠬᠣᠶᠠᠷ ᠵᠦᠶ᠋ᠯ᠎ᠦᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠲᠡᠷᠢᠭᠦᠨ᠎ᠦ ᠭᠠᠵᠠᠷ ᠣᠷᠣᠨ᠎ᠤ ᠪᠣᠯᠪᠠᠰᠤᠷᠠᠩᠭᠤᠶ ᠠᠷᠭ᠎ᠠ ᠬᠢᠳᠡᠯ᠎ᠢᠶᠡᠷ ᠢᠳᠡᠪᠬᠢᠲᠡᠶ ᠲᠣᠯᠢ ᠪᠣᠯᠭᠠᠵᠤ᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠢ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠲᠦᠭᠵᠢᠷᠡᠯ᠎ᠢ ᠨᠡᠪᠲᠡᠷᠡᠭᠦᠯᠦᠨ ᠪᠡᠬᠢᠯᠡᠯᠲᠡ᠎ᠵᠢ ᠡᠪᠳᠡᠵᠦ᠂ ᠪᠣᠭᠣᠮᠲᠠ ᠥᠩᠭᠡᠷᠡᠬᠦ᠌ ᠶᠠᠪᠤᠴᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠷᠠᠯᠵᠢᠶ᠎ᠠ ᠪᠠᠯᠠ ᠣᠷᠣᠭᠤᠯᠤᠯᠲᠠ᠎ᠶ᠋ᠢᠨ ᠳᠥᠭᠥᠮᠴᠢᠯᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠨᠢᠭᠡ ᠪᠦᠯᠦᠭ ᠬᠠᠭᠤᠯᠪᠤᠷᠢᠯᠠᠵᠤ ᠳᠡᠯᠭᠡᠷᠡᠭᠦᠯᠵᠦ᠍ ᠪᠣᠯᠬᠤ ᠥᠪᠥᠷ ᠮᠣᠩᠭᠣᠯ᠎ᠤᠨ ᠲᠤᠷᠱᠢᠯᠭ᠎ᠠ᠎ᠶ᠋ᠢ ᠲᠦᠷᠭᠡᠨ ᠪᠦᠷᠢᠯᠳᠦᠭᠦᠯᠬᠦ᠌ ᠬᠡᠷᠡᠭ᠌ᠲᠡᠶ᠃
ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠭᠡᠭᠡᠬᠦ᠌᠎ᠳᠦ᠂ ᠡᠷᠬᠡᠪᠰᠢ ᠡᠯᠧᠮᠧᠨ᠋ᠲ᠎ᠦᠨ ᠱᠢᠯᠵᠢᠯᠲᠡ᠎ᠶ᠋ᠢᠨ 《ᠲᠦᠭ᠌ᠵᠢᠷᠡᠯ》 ᠢ᠋ ᠨᠡᠪᠲᠡᠷᠡᠭᠦᠯᠬᠦ᠌ ᠬᠡᠷᠡᠭ᠌ᠲᠡᠢ᠃ ᠨᠡᠭᠡᠭᠡᠯᠳᠡ ᠬᠢᠬᠦ᠌᠎ᠶ᠋ᠢᠨ ᠭᠣᠣᠯᠳᠠᠯᠭ᠎ᠠ ᠨᠢ ᠰᠠᠭᠠᠳ ᠦᠭᠡᠢ ᠨᠡᠪᠲᠡᠷᠡᠬᠦ᠌᠎ᠳᠦ ᠪᠤᠢ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠠᠮᠢᠵᠢᠷᠠᠯ᠎ᠤᠨ ᠬᠦᠴᠦᠨ ᠨᠢ ᠡᠯ᠎ᠡ ᠲᠦᠷᠦᠯ᠎ᠦᠨ ᠡᠯᠧᠮᠧᠨ᠋ᠲ ᠥᠨᠳᠥᠷ ᠪᠦᠲᠦᠮᠵᠢᠲᠡᠢ᠎ᠪᠡᠷ ᠲᠥᠪᠯᠡᠷᠡᠵᠦ᠍᠂ ᠴᠢᠯᠥᠭᠡᠲᠡᠢ᠎ᠪᠡᠷ ᠱᠢᠯᠵᠢᠬᠦ᠌᠎ᠳᠦ ᠪᠤᠢ᠃ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠡᠯ᠎ᠡ ᠲᠦᠷᠦᠯ᠎ᠦᠨ ᠡᠯᠧᠮᠧᠨ᠋ᠲ ᠣᠷᠣᠵᠤ ᠢᠷᠡᠬᠦ᠌᠂ ᠱᠢᠯᠵᠢᠵᠦ᠍ ᠳᠡᠢᠯᠬᠦ᠌᠂ ᠱᠢᠯᠢᠳᠡᠭ᠎ᠢ ᠲᠤᠬᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠦᠷᠢᠮ ᠤ᠋ᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠲᠡᠷᠢᠭᠦᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ; ᠪᠦᠬᠦ᠌ ᠪᠥᠮᠪᠥᠷᠴᠡᠭ᠎ᠡᠴᠡ ᠴᠢᠳᠠᠪᠤᠷᠢᠲᠠᠨ ᠡᠯᠰᠡᠬᠦ ᠳ᠋ᠤ ᠠᠩᠬᠠᠷᠤᠯ ᠵᠢᠡᠨ ᠲᠦᠪᠯᠡᠷᠡᠭᠦᠯᠵᠦ᠂ ᠳᠡᠭᠡᠳᠦ ᠲᠡᠰ᠎ᠤᠨ ᠴᠢᠳᠠᠪᠤᠷᠢᠲᠠᠨ᠂ ᠮᠡᠷᠭᠡᠵᠢᠯ ᠤᠷ᠎ᠠ ᠮᠡᠷᠭᠡᠵᠢᠯ ᠦᠨ ᠴᠢᠳᠠᠪᠤᠷᠢᠲᠠᠨ᠎ᠳᠤ ᠲᠦᠬᠦᠮ ᠦᠢᠯᠡᠴᠢᠯᠡᠭᠡ ᠬᠠᠩᠭᠠᠬᠤ ᠬᠡᠷᠡᠭ᠌ᠲᠡᠢ᠃
ᠬᠥᠭ᠌ᠵᠢᠯᠲᠡ᠎ᠶ᠋ᠢᠨ ᠱᠢᠨ᠎ᠡ ᠵᠠᠮ ᠢ ᠨᠡᠭᠡᠭᠡᠬᠦ᠌᠎ᠳᠦ᠂ ᠨᠡᠬᠡᠬᠡᠯᠳᠡ ᠬᠢᠵᠦ᠍ ᠬᠦᠳᠦᠯᠦᠨ ᠳᠠᠭᠠᠭᠤᠯᠬᠤ ᠶ᠋ᠢ ᠪᠠᠷᠢᠮᠲᠠᠯᠠᠬᠤ᠎ᠪᠠᠷ ᠪᠠᠷᠠᠬᠤ ᠦᠬᠡᠢ᠂ ᠨᠡᠩ ᠴᠤ᠌ ᠠᠵᠤ ᠦᠢᠯᠡᠰ᠎ᠦᠨ ᠲᠤᠯᠭᠠᠭᠤᠷᠢᠯᠠᠯ ᠢ ᠪᠡᠬᠢᠵᠢᠭᠦᠯᠵᠦ᠍᠂ 《ᠨᠡᠪᠳᠡᠷᠡᠯ ᠵᠠᠮ ᠤ᠋ᠨ ᠠᠵᠤ ᠠᠬᠤᠢ》 ᠡᠴᠡ 《ᠬᠦᠢᠰᠦ ᠠᠵᠤ ᠠᠬᠤᠢ 》᠂ 《ᠠᠵᠤ ᠦᠢᠯᠡᠰ᠎ᠦᠨ ᠠᠵᠤ ᠠᠬᠤᠢ》ᠬᠦᠷᠲᠡᠯᠡᠬᠢ ᠦᠨᠳᠦᠰᠦᠨ ᠴᠢᠨᠠᠷᠲᠠᠢ ᠬᠤᠪᠢᠷᠠᠯᠲᠠ᠎ᠶ᠋ᠢ ᠪᠡᠶᠡᠯᠡᠭᠦᠯᠬᠦ᠌ ᠬᠡᠷᠡᠭ᠌ᠲᠡᠢ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠪᠠᠷ ᠬᠥᠲᠥᠯᠦᠮᠵᠢ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠡᠶ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》ᠠᠵᠢᠯ ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ᠎ᠲᠠᠶ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠢ᠋ ᠲᠦᠷᠭᠡᠳᠭᠡᠨ ᠪᠠᠢᠭᠤᠯᠬᠤ ᠬᠡᠷᠡᠭ᠌ᠲᠡᠶ; ᠬᠢᠯᠢ ᠵᠢᠨ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠦᠨ᠂ ᠤᠮᠠᠷᠠᠰᠢ ᠨᠡᠭᠡᠭᠡᠯᠲᠡ ᠬᠢᠬᠦ᠌ ᠣᠯᠠᠨ ᠤᠯᠤᠰ᠎ᠤᠨ ᠨᠡᠪᠲᠡᠷᠡᠯ ᠵᠠᠮ ᠢ ᠰᠠᠭᠠᠳ ᠦᠭᠡᠶ ᠨᠡᠪᠲᠡᠷᠡᠭᠦᠯᠵᠦ᠍᠂ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ ᠠᠵᠤ ᠦᠢᠯᠡᠰ ᠪᠣᠯᠤᠨ ᠱᠢᠨ᠎ᠡ ᠪᠡᠷ ᠮᠠᠨᠳᠤᠬᠰᠠᠨ ᠠᠵᠤ ᠦᠢᠯᠡᠰ᠎ᠦᠨ ᠪᠦᠬᠦ᠌ ᠪᠥᠮᠪᠥᠷᠴᠡᠭ᠎ᠦᠨ ᠠᠵᠤ ᠦᠢᠯᠡᠰ ᠦᠨ ᠬᠡᠯᠬᠢᠶ᠎ᠡ᠎ᠳᠦ ᠭᠦᠨᠵᠡᠭᠡᠶ ᠣᠷᠣᠯᠴᠠᠬᠤ᠎ᠶ᠋ᠢ ᠳᠡᠮᠵᠢᠨ᠎ᠡ; ᠪᠦᠬᠦ᠌ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠡᠶ ᠭᠦᠨᠵᠡᠭᠡᠢ ᠵᠣᠯᠭᠠᠭᠤᠯᠵᠤ᠂ ᠡᠯ᠎ᠡ ᠮᠤᠵᠢ ᠣᠷᠣᠨ ᠬᠤᠲᠠ᠎ᠶ᠋ᠢᠨ ᠲᠡᠷᠢᠭᠦᠨ᠎ᠦ ᠠᠵᠤ ᠦᠢᠯᠡᠰ᠎ᠦᠨ ᠱᠢᠯᠵᠢᠯᠲᠡ᠎ᠶ᠋ᠢ ᠡᠮᠬᠢ ᠵᠢᠷᠤᠮ᠎ᠲᠠᠶ ᠵᠣᠯᠭᠠᠭᠤᠯᠤᠨ ᠠᠪᠴᠦ᠂ ᠣᠷᠣᠨ ᠪᠦᠰᠡ᠎ᠶ᠋ᠢᠨ ᠬᠢᠵᠠᠭᠠᠷᠯᠠᠯ ᠪᠣᠯᠤᠨ ᠵᠠᠬ᠎ᠠ ᠳᠡᠯᠭᠡᠭᠦᠷ᠎ᠦᠨ ᠬᠡᠰᠡᠭ᠌ᠯᠡᠯ᠎ᠢ ᠪᠦᠬᠦ᠌ ᠲᠠᠯ᠎ᠠ᠎ᠪᠠᠷ ᠡᠪᠳᠡᠵᠦ᠍᠂ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃
ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠭᠡᠭᠡᠬᠦ᠌᠎ᠳᠦ᠂ 《ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠥᠷᠭᠡ ᠲᠠᠯᠪᠢᠬᠤ》 ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠲᠠᠶ ᠪᠠᠢᠬᠤ ᠬᠡᠷᠡᠭ᠌ᠲᠡᠢ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠣᠯ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢᠨ ᠥᠨᠳᠥᠷᠯᠢᠭ ᠭᠠᠵᠠᠷ ᠮᠥᠨ᠂ ᠨᠡᠩ ᠴᠤ᠌ ᠠᠵᠤ ᠠᠬᠤᠢᠯᠠᠯ᠎ᠳᠤ ᠦᠢᠯᠡᠴᠢᠯᠡᠬᠦ᠌ ᠥᠨᠳᠥᠷᠯᠢᠭ ᠭᠠᠵᠠᠷ ᠮᠥᠨ᠃ ᠱᠠᠩᠬᠠᠢ᠎ᠶ᠋ᠢᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠯᠢᠨ ᠭᠠᠩ ᠱᠢᠨ᠎ᠡ ᠲᠣᠭᠣᠷᠢᠭ᠎ᠤᠨ ᠬᠢᠨ ᠲᠣᠭᠠᠴᠢᠯᠠᠭ᠍ᠰᠠᠨ ᠠᠵᠤ ᠠᠬᠤᠢᠯᠠᠯ᠎ᠤᠨ 《ᠭᠠᠳᠠᠭᠠᠳᠤ᠎ᠶ᠋ᠢᠨ ᠲᠣᠭ᠎ᠠ ᠪᠠᠷᠢᠮᠲᠠ ᠣᠷᠣᠵᠤ ᠢᠷᠡᠵᠦ᠍ ᠳᠡᠢᠯᠬᠦ᠌ ᠦᠭᠡᠢ᠂ ᠲᠣᠭ᠍ᠲᠠᠭᠠᠯ᠎ᠳᠤ ᠨᠡᠢᠴᠡᠪᠡᠴᠤ ᠭᠠᠷᠴᠤ᠌ ᠳᠡᠢᠯᠬᠦ᠌ ᠦᠭᠡᠢ》 ᠲᠦᠭᠵᠢᠷᠡᠯ ᠴᠡᠭ ᠲᠤ᠌ ᠴᠢᠭ᠌ᠯᠡᠭᠦᠯᠦᠨ᠂ ᠫᠠᠢᠰᠠ ᠡᠯᠭᠦᠨ ᠪᠣᠭᠣᠮᠲᠠ ᠱᠢᠪᠲᠤᠯᠵᠤ᠂ ᠲᠤᠰᠭᠠᠢ ᠠᠩᠭᠢ᠎ᠪᠡᠷ ᠠᠬᠢᠭᠤᠯᠵᠤ᠂ ᠲᠣᠭ᠎ᠠ ᠪᠠᠷᠢᠮᠲᠠ᠎ᠶ᠋ᠢᠨ ᠬᠢᠯᠢ ᠠᠯᠤᠰᠯᠠᠭ᠍ᠰᠠᠨ ᠣᠨᠴᠠᠭᠠᠢ ᠬᠢᠨᠠᠯᠲᠠ ᠬᠠᠮᠢᠶᠠᠷᠤᠯᠲᠠ᠎ᠶ᠋ᠢᠨ ᠣᠷᠣᠨ ᠪᠦᠰᠡ᠎ᠶ᠋ᠢ ᠪᠠᠢᠭᠤᠯᠵᠤ᠂ ᠲᠣᠭ᠎ᠠ ᠪᠠᠷᠢᠮᠲᠠ᠎ᠶ᠋ᠢᠨ ᠬᠢᠯᠢ ᠠᠯᠤᠰᠯᠠᠭ᠍ᠰᠠᠨ ᠬᠦᠢᠯᠭᠡᠭᠡᠨ᠎ᠤ ᠪᠡᠬᠢᠯᠡᠯᠲᠡ᠎ᠶ᠋ᠢ ᠡᠪᠳᠡᠪᠡ᠃ ᠥᠪᠥᠷ ᠮᠣᠩᠭᠣᠯ ᠪᠠᠰᠠ ᠡᠢᠮᠦᠷᠬᠦᠦ ᠵᠣᠷᠢᠭ᠍ᠲᠠᠶ᠎ᠪᠠᠷ ᠬᠠᠢᠨ ᠰᠦᠪᠡᠭ᠌ᠴᠢᠯᠡᠬᠦ᠌ ᠵᠣᠷᠢᠭ ᠰᠠᠨᠠᠭ᠎ᠠ᠎ᠲᠠᠶ ᠪᠠᠢᠵᠤ᠂ ᠲᠦᠷᠢᠮ᠎ᠦᠨ ᠱᠢᠨ᠎ᠡ᠎ᠶ᠋ᠢ ᠡᠭᠦᠳᠬᠦ᠌᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠠᠢᠭᠤᠯᠬᠤ᠎ᠪᠠᠷ ᠳᠠᠮᠵᠢᠵᠦ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ᠃ ᠴᠢᠬᠤᠯᠠ ᠶᠡᠬᠡ ᠲᠥᠷᠥᠯ ᠵᠦᠶ᠋ᠯ᠎ᠦᠨ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠂《ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠶ᠋ᠴᠡᠳᠭᠡᠬᠦ᠌》 ᠵᠡᠷᠭᠡ ᠥᠭᠡᠷᠡᠴᠢᠯᠡᠯᠲᠡ᠎ᠶ᠋ᠢ ᠠᠱᠢᠭ᠍ᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠢᠯᠡ ᠲᠣᠳᠣ᠎ᠶ᠋ᠢᠨ ᠬᠡᠮᠵᠢᠶ᠎ᠡ᠂ ᠲᠣᠭ᠍ᠲᠠᠪᠤᠷᠢᠲᠤ ᠴᠢᠨᠠᠷ ᠪᠠ ᠵᠢᠱ᠌ᠢᠵᠦ᠍ ᠪᠣᠯᠬᠤᠢᠴᠠ ᠴᠢᠨᠠᠷ ᠢ ᠦᠨᠡᠨ ᠬᠦ᠌ ᠳᠡᠭᠡᠭ᠌ᠰᠢᠯᠡᠭᠦᠯᠵᠦ᠍᠂ ᠠᠵᠤ ᠠᠬᠤᠢᠯᠠᠯ ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ ᠪᠠᠯᠠ ᠣᠷᠣᠭᠤᠯᠤᠯᠲᠠ ᠬᠢᠬᠦ᠌᠎ᠳᠦ ᠨᠠᠩ ᠢᠲᠡᠭᠡᠯ᠎ᠲᠡᠶ᠂ ᠬᠥᠭ᠌ᠵᠢᠯᠲᠡ᠎ᠳᠦ ᠨᠠᠩ ᠪᠠᠲᠤᠯᠠᠭ᠎ᠠ᠎ᠲᠠᠶ᠂ ᠠᠵᠢᠯᠯᠠᠭ᠎ᠠ᠎ᠨᠢ ᠨᠠᠩ ᠤᠷᠤᠭ᠍ᠰᠢᠲᠠᠶ ᠪᠣᠯᠭᠠᠬᠤ ᠭᠡᠷᠡᠭᠲᠡᠢ᠃
ᠥᠪᠥᠷ ᠮᠣᠩᠭᠣᠯ ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ ᠨᠢ ᠤᠯᠤᠰ ᠤᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠬᠤ ᠪᠥᠭᠡᠳ ᠪᠠᠰᠠ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦ ᠬᠠᠯᠠᠭᠤᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ᠃ ᠪᠢᠳᠠ ᠦᠨᠡᠨ ᠬᠦ᠌ ᠠᠳᠭᠤᠵᠤ ᠪᠣᠳᠠᠲᠠᠢ ᠬᠢᠵᠦ ᠪᠠᠢᠭᠠᠳ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠬᠦ᠌ ᠡᠨᠧᠷᠭᠢ᠎ᠶ᠋ᠢ ᠨᠡᠮᠡᠭ᠌ᠳᠡᠭᠦᠯᠵᠦ᠍᠂ ᠨᠡᠭᠡᠭᠡᠯᠳᠠ᠎ᠶ᠋ᠢᠨ ᠠᠱᠢᠭ᠎ᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠳᠠᠷᠤᠢ ᠲᠦᠷᠭᠡᠨ ᠬᠤᠪᠢᠷᠠᠭᠤᠯᠵᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠦᠢᠯᠡᠳᠦᠯᠭᠡ ᠳᠤᠮᠳᠠ ᠬᠥᠭ᠌ᠵᠢᠯᠲᠡ᠎ᠶ᠋ᠢᠨ ᠱᠢᠨ᠎ᠡ ᠵᠠᠮ᠎ᠢ ᠲᠠᠰᠤᠷᠠᠯᠳᠠ ᠦᠭᠡᠢ ᠰᠦᠪᠡᠭ᠌ᠴᠢᠯᠡᠵᠦ᠍᠂ ᠨᠡᠩ ᠭᠣᠢᠳᠠ ᠰᠠᠢᠬᠠᠨ ᠥᠪᠥᠷ ᠮᠣᠩᠭᠣᠯ ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠦᠭᠡᠢ᠃