ᠦᠪᠦᠷ ᠮᠤᠨᠭᠭᠤᠯ ᠭᠤᠷᠪᠠᠨ ᠵᠢᠯ ᠤ᠋ᠨ ᠬᠦᠭᠵᠢᠯᠲᠡ ᠶ᠋ᠢᠨ ᠲᠦᠯᠦᠪᠯᠡᠭᠡ ᠵᠢ ᠭᠡᠷᠡᠭᠵᠢᠬᠦᠯᠵᠤ ᠪᠠᠭ᠎ᠠ ᠵᠢᠵᠢᠭ ᠡᠵᠡᠨᠭᠨᠡᠯᠲᠡ ᠶ᠋ᠢᠨ ᠭᠤᠤᠯ ᠴᠤᠬᠴᠠ ᠶ᠋ᠢᠨ ᠬᠦᠭᠵᠢᠯᠲᠡ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠪᠠ
2026-04-17 09:54:01
ᠵᠣᠬᠢᠶᠠᠭ᠍ᠴᠢ᠄
​ᠤᠷᠠᠨ᠎ᠠ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠠᠭ᠎ᠠ ᠵᠢᠵᠢᠭ ᠠᠵᠤ ᠠᠬᠤᠢᠯᠠᠯ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠭᠤᠷᠪᠠᠨ ᠵᠢᠯ ᠤ᠋ᠨ ᠬᠦᠭᠵᠢᠯᠲᠡ ᠶ᠋ᠢᠨ ᠲᠥᠯᠥᠪᠯᠡᠭᠡ ( 2023 — 2025 ᠣᠨ) 》 ᠵᠢ ᠬᠡᠷᠡᠭ᠌ᠵᠢᠭᠦᠯᠦᠭ᠌ᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠠᠵᠤ ᠠᠬᠤᠢᠯᠠᠯ ᠳ᠋ᠤ ᠲᠤᠰᠠᠯᠠᠬᠤ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠶ ᠠᠬᠢᠭᠤᠯᠵᠤ᠂ ᠪᠠᠭ᠎ᠠ ᠵᠢᠵᠢᠭ ᠠᠵᠤ ᠠᠬᠤᠢᠯᠠᠯ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠥᠭ᠌ᠵᠢᠯᠲᠡ ᠶ᠋ᠢᠨ ᠶᠠᠰᠤ ᠴᠢᠨᠠᠷ  ᠢ᠋  ᠳᠡᠭᠡᠭ᠌ᠰᠢᠯᠡᠭᠦᠯᠬᠦ᠌ ᠳ᠋ᠤ ᠬᠦᠴᠦᠨ ᠨᠡᠮᠡᠷᠢᠯᠡᠪᠡ᠃

《ᠥᠪᠡᠷ ᠤ᠋ᠨ ᠥᠷᠲᠡᠭ ᠢ᠋ ᠪᠠᠭᠤᠷᠠᠭᠤᠯᠬᠤ》 ᠲᠣᠭᠣᠷᠢᠨ ᠳ᠋ᠤ᠂ ᠰᠢᠯᠭᠠᠨ ᠪᠠᠢᠴᠠᠭᠠᠵᠤ ᠬᠢᠨᠠᠨ ᠬᠡᠮᠵᠢᠬᠦ  ᠵᠠᠷᠤᠳᠠᠯ ᠢ᠋  ᠬᠠᠰᠤᠵᠤ ᠬᠡᠯᠲᠦᠷᠢᠭᠦᠯᠬᠦ᠌᠂ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠰᠦᠶ᠋ᠳᠭᠡᠯ ᠬᠤᠷᠢᠶᠠᠬᠤ ᠵᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠌ ᠂ ᠪᠠᠭ᠎ᠠ ᠵᠢᠵᠢᠭ ᠠᠵᠤ ᠠᠬᠤᠢᠯᠠᠯ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠲᠣᠭ᠍ᠲᠠᠭᠤᠨ ᠢ᠋ᠶ᠋ᠡᠷ ᠨᠡᠮᠡᠭ᠌ᠳᠡᠬᠦ᠌ ᠳ᠋ᠤ ᠬᠦᠴᠦᠲᠡᠶ ᠪᠠᠲᠤᠯᠠᠭ᠎ᠠ ᠬᠠᠩᠭᠠᠪᠠ᠃ 《ᠪᠠᠯᠠ ᠬᠤᠷᠠᠮᠳᠤᠭᠤᠯᠬᠤ ᠵᠢ ᠳᠡᠮᠵᠢᠬᠦ᠌》 ᠳ᠋ᠤ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠮᠥᠩᠭᠥᠨ ᠭᠦᠶ᠋ᠯᠭᠡᠭᠡᠨ ᠤ᠋ ᠱᠢᠨ᠎ᠡ ᠵᠢ ᠡᠭᠦᠳᠬᠦ᠌ ᠵᠢ ᠦᠷᠭᠦᠯᠵᠢᠯᠡᠨ ᠠᠬᠢᠭᠤᠯᠬᠤ ᠂ ᠢᠲᠡᠭᠡᠮᠵᠢ ᠪᠡᠷ ᠴᠢᠳᠠᠪᠤᠷᠢ ᠤᠯᠭᠤᠵᠤ ᠪᠡᠯᠡ ᠬᠤᠷᠠᠮᠳᠤᠭᠤᠯᠬᠤ ᠳ᠋ᠤ ᠬᠦᠴᠦᠨ ᠨᠡᠮᠡᠷᠢᠯᠡᠬᠦ᠌᠂ 《ᠦᠪᠦᠷ ᠮᠤᠨᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢᠲᠦ ᠵᠢᠭᠡᠯᠡᠯᠭᠡ》 ᠶ᠋ᠢᠨ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠵᠡᠷᠭᠡ ᠣᠯᠠᠨ ᠵᠦᠶ᠋ᠯ ᠤ᠋ᠨ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠠᠭ᠎ᠠ ᠵᠢᠵᠢᠭ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠬᠥᠭ᠌ᠵᠢᠨ ᠪᠤᠵᠠᠭᠠᠢᠷᠠᠬᠤ ᠵᠢ ᠳᠠᠮᠵᠢᠪᠡ᠃ 《ᠥᠨᠳᠥᠷ ᠪᠦᠲᠦᠮᠵᠢᠲᠡᠶ ᠪᠡᠷ ᠨᠢᠭᠡ ᠶᠠᠪᠤᠳᠠᠯ ᠢ᠋ ᠭᠦᠶ᠋ᠴᠡᠳᠭᠡᠬᠦ᠌》 ᠥᠭᠡᠷᠡᠴᠢᠯᠡᠯᠲᠡ ᠵᠢ ᠭᠦᠨᠵᠡᠭᠡᠶ ᠬᠡᠷᠡᠭ᠌ᠵᠢᠭᠦᠯᠬᠦ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠶᠠᠪᠤᠴᠠ ᠵᠢ ᠱᠢᠯᠢᠳᠡᠭ᠌ᠵᠢᠭᠦᠯᠬᠦ᠂ ᠠᠵᠤ ᠠᠬᠤᠢᠯᠠᠯ ᠤ᠋ᠨ ᠢᠲᠡᠭᠡᠮᠵᠢ ᠪᠠᠨ ᠰᠡᠷᠭᠦᠭᠡᠬᠦ᠌ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠂ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠵᠢ ᠱᠢᠭᠤᠳ ᠬᠦᠷᠭᠡᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠵᠢ ᠭᠦᠨᠵᠡᠭᠡᠶ  ᠬᠡᠷᠡᠭ᠌ᠵᠢᠭᠦᠯᠵᠦ᠍᠂ ᠪᠠᠭ᠎ᠠ ᠵᠢᠵᠢᠭ ᠠᠵᠤ ᠠᠬᠤᠢᠯᠠᠯ᠂ ᠬᠤᠪᠢ ᠶ᠋ᠢᠨ ᠠᠵᠤ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠤ ᠰᠠᠢᠨ ᠰᠠᠢᠬᠠᠨ ᠵᠠᠬ᠎ᠠ ᠳᠡᠯᠭᠡᠭᠦᠷ ᠤ᠋ᠨ ᠣᠷᠴᠢᠨ ᠨᠦᠬᠦᠴᠡᠯ ᠢ᠋ ᠪᠤᠢ ᠪᠣᠯᠭᠠᠵᠤ ᠦᠭᠪᠡ᠃ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠢ ᠬᠡᠯᠪᠡᠷᠢ ᠬᠤᠪᠢᠶᠠᠨ ᠲᠥᠷᠥᠯ ᠬᠤᠪᠢᠶᠠᠨ ᠤᠨᠤᠴᠠᠲᠠᠢ ᠪᠠᠷ ᠬᠠᠪᠰᠤᠷᠤᠨ ᠲᠡᠳᠬᠦᠬᠦ᠌᠂ 《ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠵᠢ ᠠᠵᠤ ᠠᠬᠤᠢᠯᠠᠯ ᠪᠤᠯᠭᠠᠨ ᠬᠤᠪᠢᠷᠠᠭᠤᠯᠬᠤ》 ᠵᠢ ᠠᠬᠢᠭᠤᠯᠬᠤ᠂ 《ᠮᠢᠩᠭᠠᠨ ᠠᠵᠤ ᠠᠬᠤᠢᠯᠠᠯ ᠲᠦᠮᠡᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠠᠵᠢᠯᠯᠠᠭ᠎ᠠ》᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠬᠢᠬᠦ ᠵᠡᠷᠭᠡ ᠠᠷᠭ᠎ᠠ ᠬᠡᠮᠵᠢᠶ᠎ᠡ ᠠᠪᠴᠤ᠌᠂ ᠪᠠᠭ᠎ᠠ ᠵᠢᠵᠢᠭ ᠠᠵᠤ ᠠᠬᠤᠢᠯᠠᠯ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋  ᠡᠷᠦᠬᠡ ᠶ᠋ᠢᠨ ᠬᠥᠭ᠌ᠵᠢᠯᠲᠡ ᠶ᠋ᠢᠨ ᠶᠠᠰᠤ ᠴᠢᠨᠠᠷ ᠢ᠋ᠶ᠋ᠡᠨ ᠳᠡᠭᠡᠭ᠌ᠰᠢᠯᠡᠭᠦᠯᠬᠦ᠌ ᠳ᠋ᠤ ᠬᠦᠴᠦᠲᠡᠶ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠬᠠᠩᠭᠠᠪᠠ᠃

ᠭᠤᠷᠪᠠᠨ ᠵᠢᠯ ᠳ᠋ᠤ ᠱᠢᠨ᠎ᠡ ᠪᠡᠷ ᠪᠠᠢᠭᠤᠯᠤᠭ᠍ᠰᠠᠨ ᠪᠠᠭ᠎ᠠ ᠵᠢᠵᠢᠭ ᠠᠵᠤ ᠠᠬᠤᠢᠯᠠᠯ 27.34 ᠲᠦᠮᠡᠨ ᠡᠷᠦᠬᠡ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ 102.16 ᠲᠦᠮᠡᠨ ᠡᠷᠦᠬᠡ ᠪᠠᠢᠵᠤ᠂ 2025 ᠣᠨ ᠤ᠋ ᠰᠡᠭᠦᠯᠴᠢ ᠪᠣᠯᠲᠠᠯ᠎ᠠ᠂ ᠪᠥᠬᠥ᠌ ᠣᠷᠣᠨ ᠤ᠋ ᠡᠵᠡᠩᠨᠡᠯᠲᠡ ᠶ᠋ᠢᠨ ᠭᠤᠤᠯ ᠴᠣᠭ᠍ᠴᠠ ᠬᠥᠭ᠌ᠵᠢᠭᠡᠳ 305.27 ᠲᠦᠮᠡᠨ ᠡᠷᠦᠬᠡ ᠪᠤᠯᠵᠤ᠂ ᠡᠭᠦᠨ ᠳ᠋ᠤ ᠪᠠᠭ᠎ᠠ ᠵᠢᠵᠢᠭ ᠠᠵᠤ ᠠᠬᠤᠢᠯᠠᠯ ᠤ᠋ᠨ ᠶᠡᠷᠦᠩᠬᠡᠶ ᠬᠡᠮᠵᠢᠶ᠎ᠡ 71 ᠲᠦᠮᠡᠨ ᠡᠷᠦᠬᠡ ᠵᠢ ᠳᠠᠪᠠᠵᠤ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠶᠡᠷᠦᠩᠬᠡᠶ ᠬᠡᠮᠵᠢᠶ᠎ᠡ 222.18 ᠲᠦᠮᠡᠨ ᠡᠷᠦᠬᠡ ᠬᠦᠷᠴᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠨᠭᠨᠡᠯᠲᠡ ᠶ᠋ᠢᠨ ᠬᠡᠯᠪᠡᠷᠢ᠂ ᠰᠢᠨ᠎ᠡ ᠵᠠᠬᠪᠤᠷ ᠤ᠋ᠨ ᠬᠦᠷᠢᠶᠡᠨ ᠤ᠋ ᠠᠵᠤ ᠠᠬᠤᠢᠯᠠᠯ ᠰᠢᠨ᠎ᠡ ᠪᠡᠷ 14.18 ᠲᠦᠮᠡᠨ ᠡᠷᠦᠬᠡ ᠨᠡᠮᠡᠭᠳᠡᠵᠦ᠂ ᠪᠠᠭ᠎ᠠ ᠵᠢᠵᠢᠭ ᠠᠵᠤ ᠠᠬᠤᠢᠯᠠᠯ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠬᠤᠤᠰ ᠢ᠋ᠶ᠋ᠡᠷ ᠳᠡᠭᠡᠭ᠌ᠰᠢᠯᠡᠭ᠌ᠰᠡᠨ ᠪᠠᠢᠷᠢᠱᠢᠯ ᠦᠨᠳᠦᠰᠦᠨ ᠳ᠋ᠡᠭᠡᠨ ᠪᠦᠷᠢᠯᠳᠦᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号