ᠣᠢᠷ᠎ᠠ᠎ᠳᠤ ᠴᠡᠬᠡ ᠬᠢᠯᠢ ᠵᠢᠨ ᠪᠣᠭᠣᠮᠲᠠ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠡᠨᠡ ᠵᠢᠯ᠎ᠦᠨ ᠨᠢᠭᠡᠳᠦᠭᠡᠷ ᠤᠯᠠᠷᠢᠯ᠎ᠳᠤ ᠴᠡᠬᠡ ᠬᠢᠯᠢ ᠵᠢᠨ ᠪᠣᠭᠣᠮᠲᠠ᠎ᠶ᠋ᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠠᠷᠠᠯᠵᠢᠶᠠᠨ᠎ᠤ ᠦᠷᠳᠡᠭ 30 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 918 ᠲᠦᠮᠡᠨ ᠲᠣᠨ᠎ᠢ ᠳᠠᠪᠠᠵᠤ᠂ ᠬᠢᠯᠢ᠎ᠪᠡᠷ ᠦᠡᠭᠭᠡᠷᠡᠭᠰᠡᠨ ᠠᠶᠠᠨᠴᠢᠳ13.5 ᠲᠦᠮᠡ ᠭᠠᠷᠤᠶ ᠬᠥᠮᠦᠨ ᠤᠳᠠᠭ᠎ᠠ ᠵᠢ ᠲᠠᠪᠠᠵᠤ᠂ ᠲᠡᠷᠭᠡ ᠬᠦᠰᠭᠡ 12.1 ᠲᠦᠮᠡ ᠭᠠᠷᠤᠶ ᠤᠳᠠᠭ᠎ᠠ ᠳ᠋ᠤ ᠬᠦᠷᠴᠤ᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 30%᠂ 83%᠂ 72% ᠪᠠ 81% ᠪᠠᠷ ᠨᠡᠮᠡᠭᠳᠡᠵᠡᠢ᠃
ᠴᠡᠬᠡ ᠬᠢᠯᠢ ᠵᠢᠨ ᠪᠣᠭᠣᠮᠲᠠ ᠨᠢ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠪᠣᠯᠤᠨ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ᠎ᠤᠨ ᠪᠦᠳᠦᠬᠡᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠶ᠋ᠢᠨ ᠲᠣᠭᠣᠷᠢᠨ᠎ᠳᠤ ᠡᠳᠦᠷ ᠳᠤᠳᠤᠮ᠎ᠤᠨ ᠪᠣᠭᠣᠮᠲᠠ᠎ᠪᠠᠷ ᠥᠩᠭᠡᠷᠡᠬᠦ᠌ ᠪᠠᠷᠠᠭ᠎ᠠ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠪᠣᠭᠣᠮᠲᠠ᠂ ᠬᠢᠯᠢ᠎ᠶ᠋ᠢᠨ ᠪᠠᠢᠴᠠᠭᠠᠯᠲᠠ ᠵᠡᠷᠭᠡ ᠰᠠᠯᠠᠭ᠎ᠠ ᠮᠥᠴᠢᠷ᠎ᠲᠡᠶ ᠬᠠᠮᠵᠢᠯᠴᠠᠨ ᠬᠦᠴᠦᠯᠡᠵᠦ᠍᠂ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢ ᠪᠠᠢᠩᠭᠤᠵᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠢᠶᠠᠷ ᠬᠦᠨᠵᠡᠭᠡᠢᠷᠡᠵᠤ᠂ ᠬᠦᠰᠡᠯ ᠱᠠᠭᠠᠷᠳᠠᠯᠭ᠎ᠠ᠎ᠶ᠋ᠢ ᠨᠢ ᠰᠣᠨᠣᠰᠴᠤ᠌᠂ ᠪᠣᠭᠣᠮᠲᠠ᠎ᠪᠠᠷ ᠥᠩᠭᠡᠷᠡᠬᠦ᠌ ᠦᠢᠯᠡᠴᠢᠯᠡᠭᠡᠨ᠎ᠦ ᠴᠣᠩᠬᠣᠪᠴᠢ᠎ᠶ᠋ᠢ ᠲᠤᠰᠭᠠᠢᠯᠠᠨ ᠭᠠᠷᠭᠠᠵᠤ᠂ ᠠᠵᠤ ᠠᠬᠤᠢᠯᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠪᠡ;ᠲᠦᠬᠦᠭᠡᠷᠤᠮᠵᠢ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠ ᠶᠠᠪᠤᠴᠠ ᠵᠢ ᠳᠥᠭᠥᠮᠴᠢᠯᠡᠬᠦ᠌᠎ᠶ᠋ᠢ ᠴᠢᠩᠭ᠎ᠠ ᠠᠩᠬᠠᠷᠴᠤ᠌᠂ ᠲᠣᠮᠣ ᠬᠡᠯᠪᠡᠷᠢ᠎ᠶ᠋ᠢᠨ ᠲᠥᠬᠥᠭᠡᠷᠦᠮᠵᠢ᠂ ᠣᠨᠴᠠ ᠲᠥᠷᠥᠯ᠎ᠦᠨ ᠪᠠᠷᠠᠭ᠎ᠠ ᠲᠡᠭᠡᠭᠡᠪᠦᠷᠢ᠎ᠳᠦ ᠴᠢᠭ᠌ᠯᠡᠭᠦᠯᠦᠨ ᠲᠤᠰᠭᠠᠶ ᠨᠡᠪᠲᠡᠷᠡᠬᠦ᠌ ᠵᠠᠮ ᠢ᠋ ᠪᠠᠢᠭᠤᠯᠵᠤ᠂ ᠲᠣᠮᠣ ᠬᠡᠯᠪᠡᠷᠢ ᠵᠢᠨ ᠪᠠᠷᠠᠭ᠎ᠠ ᠲᠠᠸᠠᠷ᠎ᠤᠨ ᠪᠣᠭᠣᠮᠲᠠ᠎ᠪᠠᠷ ᠥᠩᠭᠡᠷᠡᠬᠦ᠌ ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠠᠢ᠃
ᠤᠯᠠᠮᠵᠢᠯᠠᠯᠲᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠬᠤ᠎ᠶ᠋ᠢᠨ ᠬᠠᠮᠲᠤ ᠴᠡᠬᠡ ᠬᠢᠯᠢ ᠵᠢᠨ ᠪᠣᠭᠣᠮᠲᠠ ᠭᠠᠳᠠᠭᠠᠳᠤ ᠠᠷᠠᠯᠵᠢᠶᠠᠨ᠎ᠤ ᠱᠢᠨ᠎ᠡ ᠨᠡᠮᠡᠭ᠌ᠳᠡᠯ᠎ᠦᠨ ᠴᠡᠭ᠎ᠢ ᠢᠳᠡᠪᠬᠢᠲᠡᠢ ᠪᠣᠢᠵᠢᠭᠤᠯᠵᠤ᠂ ᠭᠠᠳᠠᠭᠠᠳᠤ ᠭᠠᠷᠭᠠᠯᠲᠠ᠎ᠶ᠋ᠢᠨ ᠲᠦᠷᠦᠯ ᠵᠦᠢᠯ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠭᠠᠳᠠᠭᠠᠳᠤ ᠭᠠᠷᠭᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠪᠡ᠃ ᠬᠢᠯᠢ᠎ᠶ᠋ᠢᠨ ᠪᠣᠭᠣᠮᠲᠠ᠎ᠶ᠋ᠢᠨ᠎ᠬᠢᠨ ᠪᠠᠰᠠ ᠤᠶᠤᠨᠲᠤ ᠪᠣᠭᠣᠮᠲᠠ ᠬᠢᠭᠡᠳ ᠪᠣᠬᠢᠷᠲᠤᠯ ᠥᠬᠡᠶ ᠪᠠᠷᠠᠭᠠᠨ᠎ᠤ ᠭᠦᠶ᠋ᠯᠭᠡᠭᠡ ᠵᠢᠨ ᠪᠥᠲᠥᠭᠡᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ AGV ᠵᠢᠯᠣᠭᠣᠴᠢ ᠥᠬᠡᠶ ᠵᠥᠭᠡᠭᠡᠪᠦᠷᠢᠯᠡᠬᠦ᠌ ᠲᠥᠬᠥᠭᠡᠷᠦᠮᠵᠢ᠎ᠶ᠋ᠢ ᠪᠥᠬᠥ᠌ ᠲᠠᠯ᠎ᠠ᠎ᠪᠠᠷ ᠬᠡᠷᠡᠭ᠌ᠯᠡᠵᠦ᠍ ᠡᠳ᠋ ᠪᠠᠷᠠᠭ᠎ᠠ᠎ᠶ᠋ᠢ ᠠᠦ᠋ᠲ᠋ᠣ᠋᠎ᠪᠠᠷ ᠥᠨᠳᠥᠷ ᠪᠦᠲᠦᠮᠵᠢᠲᠡᠶ᠎ᠪᠡᠷ ᠳᠠᠮᠵᠢᠭᠤᠯᠤᠨ ᠲᠡᠭᠡᠭᠡᠪᠦᠷᠢᠯᠡᠬᠦ᠌᠎ᠶ᠋ᠢ ᠪᠡᠶᠡᠯᠡᠭᠦᠯᠵᠦ᠍᠂ 5G ᠤᠶᠤᠨᠲᠤ ᠬᠦᠨᠳᠦ ᠠᠴᠢᠶᠠᠨ᠎ᠤ ᠮᠠᠰᠢᠨ ᠲᠡᠷᠭᠡ ᠵᠢ ᠬᠢᠯᠢ ᠠᠯᠤᠰᠯᠠᠭ᠍ᠰᠠᠨ ᠲᠡᠭᠡᠭᠡᠪᠦᠷᠢ᠎ᠳᠦ ᠠᠰᠢᠬᠯᠠᠵᠤ᠂ ᠣᠶᠤᠨᠴᠢ᠎ᠪᠠᠷ ᠲᠣᠬᠢᠷᠠᠭᠤᠯᠬᠤ᠂ ᠠᠮᠤᠷ ᠲᠦᠪᠱᠢᠨ᠎ᠢᠶᠡᠷ ᠨᠡᠪᠲᠡᠷᠡᠬᠦ᠌᠎ᠶ᠋ᠢ ᠪᠡᠶᠡᠯᠡᠭᠦᠯᠵᠦ᠍᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢᠨ ᠪᠣᠭᠣᠮᠲᠠ᠎ᠪᠠᠷ ᠥᠩᠭᠡᠷᠡᠬᠦ᠌᠂ ᠠᠴᠢᠵᠤ ᠪᠠᠭᠤᠯᠭᠠᠬᠤ᠂ ᠳᠠᠮᠵᠢᠭᠤᠯᠤᠨ ᠲᠡᠭᠡᠭᠡᠪᠦᠷᠢᠯᠡᠬᠦ᠌ ᠪᠥᠬᠥ᠌ ᠶᠠᠪᠤᠴᠠ᠎ᠶ᠋ᠢᠨ ᠬᠡᠷᠡᠭ᠌ᠯᠡᠯᠲᠡ᠎ᠶ᠋ᠢ ᠵᠡᠷᠭᠡ᠎ᠪᠡᠷ ᠳᠡᠯᠭᠡᠷᠡᠭᠦᠯᠵᠦ᠍᠂ ᠬᠢᠯᠢ᠎ᠶ᠋ᠢᠨ ᠪᠣᠭᠣᠮᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃