4 ᠰᠠᠷ᠎ᠠ ᠶ᠋ᠢᠨ 16 ᠤ᠋ ᠡᠳᠦᠷ᠂ ᠦᠪᠦᠷ ᠮᠤᠩᠭᠤᠯ ᠤ᠋ᠨ ᠦᠪᠡᠷᠲᠡᠭᠡᠨ ᠵᠠᠰᠬᠠᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠲᠡᠭᠡᠨ ᠤ᠋ ᠠᠯᠪᠠᠨ ᠬᠡᠷ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠬᠦᠬᠡᠬᠤᠲᠠ ᠪᠤᠭᠤᠮᠲᠠ ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠮᠠᠨ ᠤ᠋ ᠤᠷᠤᠨ ᠤ᠋ ᠲᠦᠷᠦᠬᠦᠤ ᠤᠯᠠᠷᠢᠯ ᠤ᠋ᠨ ᠡᠳ᠋ ᠪᠠᠷᠠᠭᠠᠨ ᠤ᠋ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠠᠢᠳᠠᠯ ᠢ᠋ ᠲᠠᠨᠢᠯᠴᠠᠭᠤᠯᠪᠠ᠃ ᠲᠦᠷᠦᠬᠦᠤ ᠤᠯᠠᠷᠢᠯ ᠳ᠋ᠤ ᠮᠠᠨ ᠤ᠋ ᠣᠷᠣᠨ ᠤ᠋ ᠡᠳ᠋ ᠪᠠᠷᠠᠭᠠᠨ ᠤ᠋ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 642.1 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 33.7% ᠪᠠᠷ ᠨᠡᠮᠡᠭ᠌ᠳᠡᠨ᠂ ᠪᠥᠬᠥ᠌ ᠤᠯᠤᠰ ᠤ᠋ᠨ ᠳᠤᠮᠳᠠᠴᠢ ᠨᠡᠮᠡᠭ᠌ᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠵᠢᠡᠷ 18.7 ᠬᠤᠪᠢ ᠲᠠᠪᠠᠵᠠᠢ᠃ ᠡᠭᠦᠨ ᠳ᠋ᠤ᠂ ᠭᠠᠳᠠᠭᠠᠳᠤ ᠭᠠᠷᠭᠠᠯᠲᠠ ᠵᠢᠨ ᠬᠡᠮᠵᠢᠶ᠎ᠠ 235.2 ᠳ᠋ᠦᠩᠱᠢᠭᠤᠷ ᠲᠥᠭᠥᠷᠢᠭ ᠲᠦ᠍ ᠬᠦᠷᠴᠦ᠍᠂ 25.3% ᠪᠠᠷ ᠨᠡᠮᠡᠭ᠌ᠳᠡᠨ᠂ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠠ 406.9 ᠳ᠋ᠦᠩᠱᠢᠭᠤᠷ ᠲᠥᠭᠥᠷᠢᠭ ᠲᠦ᠍ ᠬᠦᠷᠴᠦ᠍᠂ 39% ᠪᠠᠷ ᠨᠡᠮᠡᠭ᠌ᠳᠡᠪᠡ᠃
ᠲᠦᠷᠦᠬᠦᠤ ᠤᠯᠠᠷᠢᠯ ᠳ᠋ᠤ᠂ ᠮᠠᠨ ᠤ᠋ ᠣᠷᠣᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠᠶ᠋ᠢᠨ ᠨᠡᠮᠡᠭ᠌ᠳᠡᠯ ᠤ᠋ᠨ ᠬᠤᠷᠳᠤᠴᠠ ᠨᠢᠳᠤᠨᠤᠨ ᠤ᠋ ᠳᠥᠷᠪᠡᠳᠦᠭᠡᠷ ᠤᠯᠠᠷᠢᠯ ᠤ᠋ᠨ ᠬᠢ ᠡᠴᠡ ᠵᠠᠭᠤᠨ ᠤ᠋ ᠬᠠᠷᠢᠴᠠᠯ ᠵᠢᠡᠷ 12 ᠬᠤᠪᠢ ᠳᠡᠭᠡᠭ᠌ᠰᠢᠯᠡᠨ ᠪᠦᠬᠦ᠌ ᠤᠯᠤᠰ ᠤ᠋ᠨ ᠲᠠᠪᠤᠳᠤᠭᠠᠷ ᠲᠦ᠍ ᠣᠷᠣᠵᠤ᠂ ᠪᠦᠬᠦ ᠣᠷᠣᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠪᠣᠳᠠᠲᠤ ᠦᠷ᠎ᠠ ᠪᠦᠳᠤᠮᠵᠢᠳᠤ ᠠᠵᠤ ᠠᠬᠤᠢᠯᠠᠯ 2736 ᠪᠤᠯᠵᠤ 25.5% ᠪᠠᠷ ᠨᠡᠮᠡᠭ᠌ᠳᠡᠨ᠂ ᠪᠥᠬᠥ᠌ ᠳᠡᠯᠡᠬᠡᠶ ᠶ᠋ᠢᠨ 162 ᠤᠯᠤᠰ ᠪᠠ ᠭᠠᠵᠠᠷ ᠣᠷᠣᠨ ᠲᠠᠶ ᠠᠷᠠᠯᠵᠢᠶᠠᠨ ᠤ᠋ ᠶᠠᠪᠤᠯᠴᠠᠭ᠎ᠠ ᠦᠷᠨᠢᠬᠦᠯᠵᠠᠢ; ᠪᠠᠶᠠᠨᠨᠠᠭᠤᠷ ᠬᠣᠲᠠ ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 195.1 ᠳ᠋ᠦᠩᠱᠢᠭᠤᠷ ᠲᠥᠭᠥᠷᠢᠭ ᠲᠦ᠍ ᠬᠦᠷᠴᠦ᠍᠂ 81.3% ᠪᠠᠷ ᠨᠡᠮᠡᠭ᠌ᠳᠡᠨ ᠪᠦᠬᠦ ᠤᠷᠤᠨ ᠳ᠋ᠤ ᠲᠦᠷᠦᠬᠦᠯᠡᠪᠡ᠃ ᠲᠦᠷᠦᠬᠦᠤ ᠤᠯᠠᠷᠢᠯ ᠳ᠋ᠤ ᠮᠠᠨ ᠤ᠋ ᠣᠷᠣᠨ ᠤ᠋ ᠲᠡᠮᠦᠷᠯᠢᠭ ᠡᠷᠤᠳᠡᠰᠤ᠂ ᠨᠡᠭᠦᠷᠡᠰᠦ ᠵᠡᠷᠭᠡ ᠠᠭᠤᠷᠬᠠᠶᠶ᠋ᠢᠨ ᠦᠶ᠋ᠯᠡᠳᠬᠦᠨ ᠤ᠋ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠠ 338.6 ᠳ᠋ᠦᠩᠱᠢᠭᠤᠷ ᠲᠥᠭᠥᠷᠢᠭ ᠲᠦ᠍ ᠬᠦᠷᠴᠦ᠍ 51.4% ᠪᠠᠷ ᠨᠡᠮᠡᠭ᠌ᠳᠡᠨ᠂ ᠪᠦᠬᠦ ᠤᠷᠤᠨ ᠤ᠋ ᠭᠠᠳᠠᠭᠠᠳᠤ ᠤᠷᠤᠭᠤᠯᠤᠯᠳᠠ ᠵᠢᠨ ᠶᠡᠷᠦᠩᠬᠡᠶ ᠬᠡᠮᠵᠢᠶᠡᠨ ᠤ᠋ 83.2% ᠢ᠋ ᠡᠵᠡᠯᠡᠵᠦ᠍᠂ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠨᠡᠮᠡᠭ᠌ᠳᠡᠯ ᠢ᠋ ᠵᠠᠭᠤᠨ ᠤ᠋ ᠬᠠᠷᠢᠴᠠᠯ ᠵᠢᠡᠷ 23.9 ᠬᠤᠪᠢ ᠳᠠᠢᠴᠢᠯᠠᠪᠠ᠃
ᠶᠡᠷᠦᠩᠬᠡᠶ ᠳ᠋ᠤᠨᠢ ᠠᠪᠴᠤ᠌ ᠦᠵᠡᠪᠡᠯ᠂ ᠲᠦᠷᠦᠬᠦᠤ ᠤᠯᠠᠷᠢᠯ ᠳ᠋ᠤ ᠮᠠᠨ ᠤ᠋ ᠣᠷᠣᠨ ᠤ᠋ ᠭᠠᠳᠠᠭᠠᠳᠤ ᠠᠷᠠᠯᠵᠢᠶ᠎ᠠ ᠦᠷᠬᠦᠯᠵᠢᠯᠡᠨ ᠴᠢᠨᠠᠷ ᠰᠠᠢᠲᠠᠶ ᠬᠥᠭ᠌ᠵᠢᠯᠲᠡ ᠶ᠋ᠢᠨ ᠲᠦᠷᠬᠡᠨ ᠪᠠᠢᠳᠠᠯ ᠢ᠋ ᠪᠠᠳᠤᠯᠠᠵᠤ᠂ ᠭᠠᠳᠠᠭᠠᠳᠤ ᠠᠷᠠᠯᠵᠢᠶᠡᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠬᠡᠮᠵᠢᠶ᠎ᠠ ᠶᠡᠬᠡ ᠲᠦᠷᠭᠡᠨ ᠨᠡᠮᠡᠭ᠌ᠳᠡᠪᠡ᠃ ᠤᠢᠯᠠᠭᠠᠭᠰᠠᠨ ᠵᠢᠡᠷ᠂ ᠬᠦᠬᠡᠬᠤᠳᠠ ᠪᠤᠭᠤᠮᠳᠠ ᠲᠤᠮᠳᠠᠳᠤ ᠤᠯᠤᠰ(ᠦᠪᠦᠷ ᠮᠤᠩᠭᠤᠯ) ᠤ᠋ᠨ ᠴᠢᠯᠦᠭᠡᠳᠤ ᠠᠷᠠᠯᠵᠢᠶᠠᠨ ᠤ᠋ ᠲᠤᠷᠰᠢᠯᠳᠠ ᠵᠢᠨ ᠤᠷᠤᠨ ᠪᠠᠢᠭᠤᠯᠤᠭᠳᠠᠭᠰᠠᠨ ᠠᠵᠠ ᠲᠤᠬᠢᠶᠠᠯ ᠢ᠋ ᠠᠳᠬᠤᠨ᠂ ᠤᠶᠤᠨᠲᠤ ᠪᠣᠭᠣᠮᠲᠠ ᠶ᠋ᠢᠨ ᠪᠥᠲᠥᠭᠡᠨ ᠪᠠᠢᠭᠤᠯᠤᠯᠲᠠ ᠪᠠ《ᠤᠶᠤᠨᠲᠤ ᠪᠣᠭᠣᠮᠲᠠᠶ᠋ᠢᠨ ᠬᠦᠴᠦᠷᠬᠡᠭ ᠤᠯᠤᠰ》ᠤ᠋ᠨ ᠠᠵᠢᠯᠯᠠᠭᠠᠶ᠋ᠢ ᠲᠦᠷᠭᠡᠳᠭᠡᠨ ᠠᠬᠢᠭᠤᠯᠵᠤ᠂ ᠴᠢᠯᠥᠭᠡᠲᠦ ᠠᠷᠠᠯᠵᠢᠶᠠᠨ ᠤ᠋ ᠲᠤᠷᠱᠢᠯᠲᠠ ᠶ᠋ᠢᠨ ᠣᠷᠣᠨ ᠢ᠋ ᠲᠡᠰ ᠲᠡᠪᠰᠢᠬᠦᠯᠬᠦ ᠪᠠᠢᠯᠳᠤᠬᠤ ᠪᠣᠳᠣᠯᠭᠠᠶ᠋ᠢ ᠭᠦᠨᠵᠡᠭᠡᠶ ᠬᠡᠷᠡᠭ᠌ᠵᠢᠭᠦᠯᠵᠦ᠍᠂ ᠥᠨᠳᠥᠷ ᠲᠦᠪᠱᠢᠨ ᠪᠥᠬᠥᠶ ᠨᠡᠭᠡᠭᠡᠯᠲᠡ ᠶ᠋ᠢ ᠠᠬᠢᠭᠤᠯᠬᠤ᠂ ᠪᠣᠭᠣᠮᠲᠠ ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠂ ᠭᠠᠳᠠᠭᠠᠳᠤ ᠠᠷᠠᠯᠵᠢᠶᠠᠨ ᠤ᠋ ᠶᠠᠰᠤ ᠴᠢᠨᠠᠷ ᠢ᠋ ᠲᠣᠭ᠍ᠲᠠᠪᠤᠷᠢᠵᠢᠭᠤᠯᠤᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠡᠷᠭᠡ ᠭᠤᠤᠯᠳᠠᠯᠭ᠎ᠠ ᠲᠠᠶ ᠠᠵᠢᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠᠶ᠋ᠢᠨ ᠣᠷᠣᠨ ᠢ᠋ ᠦᠨᠳᠤᠷ ᠪᠠᠷᠢᠮᠵᠢᠶ᠎ᠠ ᠪᠡᠷ ᠴᠢᠨᠠᠷ ᠰᠠᠢᠳᠠᠢ ᠪᠦᠳᠦᠬᠡᠨ ᠪᠠᠢᠭᠤᠯᠬᠤ ᠳ᠋ᠤ ᠨᠢᠬᠡ ᠮᠦᠷᠤ ᠵᠢᠨ ᠬᠦᠴᠦᠨ ᠵᠢᠡᠨ ᠡᠷᠬᠦᠬᠦ ᠪᠡᠷ ᠮᠡᠷᠡᠢᠨ ᠴᠢᠷᠮᠠᠢᠵᠤ ᠪᠠᠢᠨ᠎ᠠ᠃