4 ᠰᠠᠷ᠎ᠠ᠎ᠶ᠋ᠢᠨ 14 ᠤ᠋ ᠦᠳᠡ᠎ᠶ᠋ᠢᠨ ᠡᠮᠦᠨᠡᠬᠢ 10 ᠴᠠᠭ᠎ᠲᠤ᠂ G2462 ᠡᠭᠡᠯᠵᠢ ᠵᠢᠨ 《ᠹᠦ ᠰᠢᠡᠭ ᠨᠡᠷᠡᠮᠵᠢᠲᠦ 》 ᠭᠠᠯᠲᠤ ᠲᠡᠷᠭᠡ ᠬᠥᠬᠡᠬᠣᠲᠠ᠎ᠶ᠋ᠢᠨ ᠵᠡᠭᠦᠨ ᠥᠷᠲᠡᠭᠡ᠎ᠡᠴᠡ ᠠᠯᠭᠤᠷᠬᠠᠨ ᠭᠠᠷᠬᠤ᠎ᠶ᠋ᠢ ᠳᠠᠭᠠᠯᠳᠤᠨ᠂ ᠥᠪᠥᠷ ᠮᠣᠩᠭᠣᠯ᠎ᠤᠨ 《ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠯᠲᠤ ᠲᠡᠷᠭᠡ 》 ᠵᠢᠩᠬᠢᠨᠢ᠎ᠪᠡᠷ ᠠᠶᠠᠯᠠᠯ ᠵᠢᠡᠨ ᠡᠬᠢᠯᠡᠬᠦᠯᠵᠦ᠂ ᠪᠡᠭᠡᠵᠢᠩ ᠬᠦᠷᠬᠦ᠌ ᠲᠤᠰ ᠴᠤᠪᠤᠭ᠎ᠠ ᠲᠡᠷᠭᠡ ᠨᠢ 《ᠨᠡᠭᠦᠳᠡᠯ ᠬᠢᠴᠢᠶᠡᠯ᠎ᠦᠨ ᠲᠠᠩᠬᠢᠮ》 ᠪᠤᠯᠵᠤ᠂ ᠤᠯᠤᠰ᠎ᠤᠨ ᠠᠮᠤᠷ ᠲᠦᠪᠱᠢᠨ᠎ᠦ ᠮᠡᠳᠡᠯᠭᠡ᠎ᠶ᠋ᠢ ᠠᠶᠠᠨᠴᠢᠳ᠎ᠤᠨ ᠳᠡᠷᠭᠡᠳᠡ ᠬᠦᠷᠭᠡᠬᠦ᠌ ᠪᠣᠯᠤᠨ᠎ᠠ᠃
ᠭᠠᠯᠳᠤ ᠲᠡᠷᠭᠡ ᠵᠢᠨ ᠸᠠᠭᠣᠨ᠎ᠤ ᠳᠤᠳᠤᠷᠠᠬᠢ ᠪᠤᠬᠴᠤ ᠪᠤᠭᠤᠳᠠᠯ᠎ᠤᠨ ᠲᠠᠯᠪᠢᠭᠤᠷ᠂ ᠱᠢᠷᠡᠭᠡ ᠰᠠᠨᠳᠠᠯᠢ ᠵᠢᠨ ᠠᠷᠤ ᠲᠠᠯ᠎ᠠ ᠵᠡᠷᠭᠡ ᠠᠶᠠᠨᠴᠢᠳ᠎ᠤᠨ ᠬᠠᠷᠠᠭᠠᠨ᠎ᠳᠤ ᠬᠦᠷᠬᠦ ᠭᠠᠵᠠᠷ᠎ᠲᠤ ᠴᠥᠮ ᠤᠯᠤᠰ᠎ᠤᠨ ᠠᠮᠤᠷ ᠲᠦᠪᠱᠢᠨ᠎ᠦ ᠭᠣᠣᠯ ᠰᠡᠳᠦᠪᠲᠦ ᠵᠠᠷᠯᠠᠯ ᠨᠠᠭᠠᠬᠤ ᠪᠠ ᠤᠬᠠᠭᠤᠯᠭ᠎ᠠ᠎ᠶ᠋ᠢᠨ ᠬᠠᠭᠤᠳᠠᠰᠤᠲᠠᠯᠪᠢᠵᠤ᠂ 《ᠤᠯᠤᠰ ᠤᠨ ᠠᠮᠤᠷ ᠲᠦᠪᠱᠢᠨ᠎ᠳᠦ ᠬᠥᠮᠦᠨ ᠪᠦᠬᠦᠨ ᠬᠠᠷᠢᠭᠤᠴᠠᠯᠭ᠎ᠠ᠎ᠲᠠᠶ》 ᠪᠠᠢᠬᠤ ᠬᠦᠨ ᠵᠤᠵᠠᠭᠠᠨ ᠠᠭᠤᠷ ᠠᠮᠢᠰᠭᠤᠯ᠎ᠢ ᠪᠦᠷᠢᠯᠳᠦᠭᠦᠯᠪᠡ᠃ ᠤᠬᠠᠭᠤᠯᠭ᠎ᠠ᠎ᠶ᠋ᠢᠨ ᠠᠭᠤᠯᠭ᠎ᠠ ᠳ᠋ᠤ᠂ ᠤᠯᠤᠰ᠎ᠤᠨ ᠠᠮᠤᠷ ᠲᠦᠪᠱᠢᠨ᠎ᠦ ᠶᠡᠷᠦᠩᠬᠡᠶ ᠴᠣᠭ᠍ᠴᠠ᠎ᠶ᠋ᠢᠨ ᠦᠵᠡᠯᠲᠡ᠎ᠶ᠋ᠢᠨ ᠭᠦᠨᠵᠡᠭᠡᠶ ᠠᠭᠤᠯᠤᠭ᠍ᠳᠠᠬᠤᠨ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠮᠡᠳᠡᠯᠭᠡ᠂ 12339 ᠢᠯᠡᠴᠢᠯᠡᠨ ᠮᠡᠳᠡᠭᠦᠯᠬᠦ ᠤᠲᠠᠰᠤ ᠵᠢᠴᠢ ᠠᠷᠠᠳ ᠢᠷᠭᠡᠨ᠎ᠦ ᠤᠯᠤᠰ᠎ᠤᠨ ᠠᠮᠤᠷ ᠲᠦᠪᠱᠢᠨ ᠢ ᠨᠦᠯᠦᠭᠡᠯᠡᠭᠰᠡᠨ ᠦᠶ᠋ᠯᠡ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠦᠭ᠌ᠰᠡᠨ᠎ᠢ ᠱᠠᠩᠨᠠᠬᠤ ᠠᠷᠭ᠎ᠠ ᠵᠡᠷᠭᠡ ᠵᠢ ᠪᠠᠭ᠍ᠲᠠᠭᠠᠵᠠᠢ᠃ ᠡᠭᠦᠨ᠎ᠦ ᠬᠠᠮᠲᠤ᠂ ᠭᠠᠯᠳᠤ ᠲᠡᠷᠭᠡᠨ ᠤ᠋ ᠲᠣᠭᠠᠴᠢᠯᠠᠭ᠍ᠰᠠᠨ ᠥᠷᠥᠭᠡᠨ᠎ᠳᠦ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠹᠢᠯᠢᠮ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠢ᠋ ᠨᠡᠪᠳᠡᠷᠡᠬᠦᠯᠵᠦ᠂ ᠠᠮᠢᠳᠤᠯᠢᠭ ᠵᠢᠷᠤᠭ ᠳᠦᠷᠰᠦ ᠪᠠ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ᠎ᠪᠡᠷ ᠬᠠᠤᠯᠢ ᠴᠠᠭᠠᠵᠠ ᠲᠦᠷᠢᠮ ᠲᠣᠭ᠍ᠲᠠᠭᠠᠯ᠎ᠢ ᠲᠥᠬᠥᠮ ᠣᠢᠯᠠᠭᠠᠮᠵᠢᠲᠠᠶ ᠦᠭᠡ ᠬᠡᠯᠡ ᠪᠡᠷ ᠲᠡᠢᠯᠪᠤᠷᠢᠯᠠᠪᠠ᠃ 《ᠤᠯᠤᠰ ᠤᠨ ᠠᠮᠤᠷ ᠲᠦᠪᠱᠢᠨ᠎ᠳᠦ ᠬᠣᠯᠪᠣᠭ᠍ᠳᠠᠬᠤ ᠬᠦᠷᠢᠶ᠎ᠡ ᠬᠡᠪᠴᠢᠶ᠎ᠡ ᠦᠷᠭᠡᠨ ᠲᠡᠯᠭᠡᠷ ᠪᠠᠢᠵᠤ᠂ ᠪᠢᠳᠡᠨ᠎ᠦ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ᠃ ᠡᠢᠮᠦᠷᠬᠦᠤ ᠤᠬᠠᠭᠤᠯᠭ᠎ᠠ᠎ᠶ᠋ᠢᠨ ᠬᠡᠯᠪᠡᠷᠢ᠎ᠨᠢ ᠮᠠᠰᠢ ᠰᠢᠨ᠎ᠠ ᠰᠡᠪᠡᠬᠦᠨ᠂ ᠠᠶᠠᠨᠴᠢᠳ ᠵᠠᠮ ᠳᠠᠭᠠᠤ ᠶ᠋ᠢᠨ ᠦᠵᠡᠮᠵᠢ᠎ᠶ᠋ᠢ ᠰᠣᠨᠢᠷᠬᠠᠬᠤ ᠪᠠᠷ ᠪᠠᠷᠠᠬᠤ ᠥᠬᠡᠶ ᠤᠯᠤᠰ᠎ᠤᠨ ᠠᠮᠤᠷ ᠲᠦᠪᠱᠢᠨ ᠦ ᠮᠡᠳᠡᠯᠭᠡᠶ᠋ᠢᠴᠦ ᠡᠵᠡᠮᠰᠢᠴᠢᠭᠡᠨᠡ》 ᠬᠡᠵᠦ ᠠᠶᠠᠨᠴᠢᠨ ᠼᠤᠤ ᠠᠪᠤᠭᠠᠶ ᠬᠡᠯᠡᠨ᠎ᠠ᠃
ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠦᠨ ᠭᠦᠨᠵᠡᠭᠡᠢᠷᠡᠨ ᠪᠣᠳᠠᠲᠠᠢᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠠᠮᠤᠷ ᠲᠦᠪᠱᠢᠨ᠎ᠦ ᠠᠷᠠᠳ᠎ᠤᠨ ᠰᠡᠷᠭᠡᠢᠯᠡᠯᠲᠡ᠎ᠶ᠋ᠢᠨ ᠱᠤᠭᠤᠮ᠎ᠤᠨ ᠪᠥᠲᠥᠭᠡᠨ ᠪᠠᠢᠭᠤᠯᠤᠯᠲᠠ᠎ᠶ᠋ᠢᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠲᠠᠶ ᠬᠠᠮᠳᠤᠷᠠᠨ᠂ 《ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠯᠲᠤ ᠲᠡᠷᠭᠡ》 ᠶ᠋ᠢᠨ ᠠᠶᠠᠨ ᠢ᠋ ᠡᠬᠢᠯᠡᠬᠦᠯᠵᠦ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ ᠢ ᠣᠯᠠᠨ ᠨᠡᠢᠲᠡ᠎ᠶ᠋ᠢᠨ ᠡᠳᠦᠷ ᠲᠤᠲᠤᠮ᠎ᠤᠨ ᠠᠶᠠᠯᠠᠯ᠎ᠳᠤ ᠠᠭᠤᠰᠤᠯᠴᠠᠭᠤᠯᠪᠠ᠃ ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ 《ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠯᠲᠤ ᠲᠡᠷᠭᠡ》 ᠶ᠋ᠢ 1 ᠵᠢᠯ᠎ᠤᠨ ᠬᠤᠭᠤᠴᠠᠭᠠᠳᠠᠢ ᠠᠶᠠᠯᠠᠭᠤᠯᠬᠤ᠎ᠪᠠᠷ ᠲᠥᠯᠥᠪᠯᠡᠵᠦ᠍ ᠂ ᠬᠥᠬᠡᠬᠣᠲᠠ᠎ᠠᠴᠠ ᠪᠡᠭᠡᠵᠢᠩ ᠬᠥᠷᠬᠥ᠌ ᠵᠡᠷᠭᠡ ᠣᠯᠠᠨ ᠵᠤᠷᠪᠤᠰ ᠲᠦᠷᠭᠡᠨ ᠤ᠋ ᠲᠡᠮᠦᠷ ᠵᠠᠮ᠎ᠤᠨ ᠱᠤᠭᠤᠮ᠎ᠢᠶᠠᠷ ᠠᠶᠠᠯᠠᠬᠤ ᠪᠣᠯᠤᠨ᠎ᠠ᠃