ᠨᠠᠢᠷ ᠴᠤᠬᠯᠠᠭᠠᠨ᠎ᠢ ᠠᠰᠢᠬᠯᠠᠨ ᠬᠤᠤᠷᠳᠤ ᠡᠳ᠋᠎ᠢ ᠴᠠᠭᠠᠵᠠᠯᠠᠬᠤ ᠰᠡᠷᠬᠡᠢᠯᠡᠯᠳᠡ ᠵᠢᠨ ᠱᠤᠭᠤᠮ᠎ᠢ ᠬᠠᠮᠳᠤ ᠪᠡᠷ ᠴᠤᠬᠴᠠᠯᠠᠨ᠎ᠠ
2026-04-17 10:56:59
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠬᠠᠲᠤᠨ ᠭᠤᠤᠯ᠎ᠤᠨ ᠭᠤᠤᠯ ᠭᠡᠰᠭᠦ ᠤᠯᠠᠷᠢᠯ ᠬᠦᠷᠴᠦ᠍ ᠢᠷᠡᠬᠦ᠌᠎ᠶ᠋ᠢ ᠳᠠᠭᠠᠯᠳᠤᠨ᠂ ᠲᠣᠭ᠍ᠲᠠᠬᠤ ᠱᠢᠶᠠᠨ᠎ᠤ ᠬᠠᠲᠤᠨ ᠭᠤᠤᠯ ᠬᠡᠰᠬᠦ ᠦᠶ᠎ᠡ ᠵᠢᠨ ᠵᠢᠭᠠᠰᠤ ᠲᠡᠵᠢᠭᠡᠬᠦ᠌ ᠨᠠᠢᠷ ᠲᠣᠭ᠍ᠲᠠᠭ᠍ᠰᠠᠨ ᠴᠠᠭ᠎ᠲᠠᠭᠠᠨ ᠡᠬᠢᠯᠡᠵᠦ᠍᠂ ᠪᠣᠳᠠᠰ᠎ᠤᠨ ᠪᠤᠰᠤ ᠰᠣᠶᠣᠯ᠎ᠤᠨ ᠥᠪ ᠤ᠋ᠨ ᠴᠢᠨᠠᠭ᠍ᠰᠠᠨ ᠵᠢᠭᠠᠰᠤ᠂ ᠠᠷᠠᠳ᠎ᠤᠨ ᠵᠠᠩ ᠦᠶ᠋ᠯᠡ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ᠂ ᠲᠦᠮᠡᠨ ᠬᠥᠮᠦᠨ ᠠᠮᠲᠠᠯᠠᠬᠤ ᠵᠡᠷᠭᠡ ᠠᠵᠢᠯᠯᠠᠭ᠎ᠠ᠎ᠨᠢ ᠡᠷᠬᠢᠨ ᠲᠣᠭᠣᠷᠢᠨ ᠵᠢᠴᠢ ᠭᠠᠳᠠᠷ ᠣᠷᠣᠨ᠎ᠤ ᠵᠢᠭᠤᠯᠴᠢᠯᠠᠬᠰᠠᠳ᠎ᠤᠨ ᠬᠦᠷᠢᠶᠡᠯᠡᠯ᠎ᠢ ᠤᠯᠪᠠ᠃ ᠰᠣᠶᠣᠯ ᠵᠢᠭᠤᠯᠴᠢᠯᠠᠯ ᠪᠠᠶᠠᠷ ᠳᠤᠷᠠᠰᠭᠠᠯ᠎ᠤᠨ ᠡᠳᠦᠷ᠎ᠦᠨ ᠬᠥᠮᠦᠨ ᠬᠠᠷ᠎ᠠ ᠲᠥᠪᠯᠡᠷᠡᠭ᠌ᠰᠡᠨ᠂ ᠤᠯᠠᠮᠵᠢᠯᠠᠬᠤ ᠬᠡᠪᠴᠢᠶ᠎ᠡ ᠥᠷᠭᠡᠨ ᠪᠠᠢᠬᠤ ᠠᠱᠢᠭ᠍ᠲᠠᠶ ᠲᠣᠬᠢᠶᠠᠯ᠎ᠢ ᠴᠢᠩᠭ᠎ᠠ ᠠᠳᠭᠤᠬᠤ᠎ᠶ᠋ᠢᠨ ᠲᠤᠯᠠᠳᠠ᠂ ᠲᠣᠭ᠍ᠲᠠᠬᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠨᠢ ᠵᠢᠭᠠᠰᠤᠨ ᠨᠠᠢᠷ ᠤ᠋ᠨ ᠭᠤᠤᠯ ᠲᠠᠯᠠᠪᠠᠢ ᠪᠤᠯᠬᠤ ᠬᠤᠤ ᠵᠢᠶᠠ ᠶᠣᠣ ᠰᠣᠶᠣᠯ᠎ᠤᠨ ᠠᠭᠤᠳᠠᠮ ᠲᠠᠯᠠᠪᠠᠶ᠂ ᠾᠧ ᠺᠧᠤ ᠵᠢᠭᠤᠯᠴᠢᠯᠠᠯ᠎ᠤᠨ ᠠᠮᠠᠷᠠᠯᠲᠠ᠎ᠶ᠋ᠢᠨ ᠣᠷᠣᠨ ᠵᠢᠴᠢ ᠵᠠᠮ ᠳᠠᠭᠠᠤ᠎ᠶ᠋ᠢᠨ ᠭᠤᠤᠯᠳᠠᠯᠭ᠎ᠠ᠎ᠲᠠᠶ ᠣᠷᠣᠨ᠎ᠳᠤ ᠬᠤᠤᠷᠲᠤ ᠡᠳ᠋᠎ᠢ ᠴᠠᠭᠠᠵᠠᠯᠠᠬᠤ ᠤᠬᠠᠭᠤᠯᠭ᠎ᠠ ᠥᠷᠨᠢᠭᠦᠯᠵᠦ᠍᠂ ᠬᠤᠤᠷᠲᠤ ᠡᠳ᠋᠎ᠢ ᠴᠠᠭᠠᠵᠠᠯᠠᠬᠤ ᠬᠥᠮᠦᠵᠢᠯ᠎ᠢ ᠰᠣᠶᠣᠯ ᠵᠢᠭᠤᠯᠴᠢᠯᠠᠯ᠎ᠤᠨ ᠦᠪᠡᠳᠡᠭ᠌ᠰᠢ ᠳᠠᠢᠯᠠᠯᠭ᠎ᠠ᠎ᠳᠤ ᠠᠭᠤᠰᠭᠠᠨ ᠣᠷᠣᠭᠤᠯᠵᠠᠢ᠃ 

ᠤᠬᠠᠭᠤᠯᠭ᠎ᠠ᠎ᠶ᠋ᠢᠨ ᠠᠬᠤᠢ ᠲᠠᠯᠠᠪᠠᠶ᠎ᠳᠤ᠂ ᠬᠤᠤᠷᠲᠤ ᠡᠳ᠋᠎ᠢ ᠴᠠᠭᠠᠵᠠᠯᠠᠬᠤ ᠴᠠᠭ᠍ᠳᠠᠭ᠎ᠠ ᠬᠢᠭᠡᠳ ᠰᠠᠢᠨ ᠳᠤᠷᠠᠴᠤᠳ ᠤᠯᠠᠮᠵᠢᠯᠠᠯᠲᠤ ᠬᠤᠤᠷᠲᠤ ᠡᠳ᠋᠂ ᠱᠢᠨ᠎ᠡ ᠬᠡᠯᠪᠡᠷᠢ᠎ᠶ᠋ᠢᠨ ᠬᠤᠤᠷᠲᠤ ᠡᠳ᠋᠂ ᠨᠡᠢᠯᠡᠮᠡᠯ ᠬᠤᠤᠷᠲᠤ ᠡᠳ᠋ ᠵᠢᠴᠢ ᠬᠤᠤᠷᠲᠤ ᠡᠳ᠋᠎ᠦᠨ ᠤᠭ ᠳᠠᠷᠢᠮᠠᠯ᠎ᠢ ᠲᠠᠷᠢᠬᠤ ᠵᠢ ᠴᠠᠭᠠᠵᠠᠯᠠᠬᠤ ᠵᠡᠷᠭᠡ ᠭᠤᠤᠯ ᠠᠭᠤᠯᠭ᠎ᠠ᠎ᠶ᠋ᠢᠨ ᠲᠣᠭᠣᠷᠢᠨ᠎ᠳᠤ᠂ ᠲᠥᠬᠥᠮ ᠣᠢᠯᠠᠭᠠᠮᠵᠢᠲᠠᠶ ᠬᠡᠯᠡ ᠬᠡᠯᠡᠯᠬᠡ ᠪᠡᠷ ᠬᠤᠤᠷᠲᠤ ᠡᠳ᠋᠎ᠦᠨ ᠬᠠᠭᠤᠷᠮᠠᠭ᠍ᠯᠠᠭ᠍ᠰᠠᠨ ᠬᠡᠯᠪᠡᠷᠢ ᠪᠠᠢᠳᠠᠯ᠂ ᠱᠢᠨᠤᠯ᠎ᠤᠨ ᠬᠤᠤᠷ ᠬᠥᠨᠥᠭᠡᠯ ᠵᠢᠴᠢ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠦᠷ᠎ᠡ ᠳ᠋ᠦᠩ᠎ᠢ ᠲᠠᠢᠯᠪᠤᠷᠢᠯᠠᠵᠤ᠂ ᠲᠣᠰ ᠭᠠᠵᠠᠷ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ ᠬᠡᠷᠡᠭ᠎ᠢᠶᠡᠷ ᠬᠠᠤᠯᠢ᠎ᠶ᠋ᠢ ᠲᠠᠢᠯᠪᠤᠷᠢᠯᠠᠵᠤ᠂ ᠬᠤᠤᠷᠲᠤ ᠡᠳ᠋᠎ᠢ ᠠᠷᠢᠯᠭᠠᠬᠤ᠂ ᠢᠯᠡᠴᠢᠯᠡᠨ ᠮᠡᠳᠡᠭᠦᠯᠵᠦ᠍ ᠱᠠᠩᠨᠠᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠲᠦᠭᠡᠮᠡᠯᠵᠢᠭᠦᠯᠪᠠ᠃ ᠠᠵᠢᠯᠯᠠᠭ᠎ᠠ᠎ᠨᠢ 《ᠨᠢᠭᠡ ᠵᠢ ᠨᠢᠭᠡ᠎ᠳᠦ ᠬᠠᠷᠠᠭᠠᠯᠵᠠᠭᠤᠯᠤᠨ ᠲᠠᠢᠯᠪᠤᠷᠢᠯᠠᠬᠤ᠂ ᠲᠤᠬᠠᠶ᠎ᠶ᠋ᠢᠨ ᠲᠠᠯᠠᠪᠤᠷ᠎ᠲᠤ ᠠᠰᠠᠭᠤᠯᠲᠠ ᠬᠠᠷᠢᠭᠤᠯᠲᠠ ᠥᠭ᠌ᠬᠦ》 ᠵᠡᠷᠭᠡ ᠬᠡᠯᠪᠡᠷᠢ᠎ᠪᠡᠷ ᠲᠠᠮᠵᠢᠨ᠂ ᠬᠤᠤᠷᠲᠤ ᠡᠳ᠋᠎ᠢ ᠴᠠᠭᠠᠵᠠᠯᠠᠬᠤ ᠮᠡᠳᠡᠯᠭᠡ᠎ᠶ᠋ᠢ ᠬᠦᠮᠦᠰ ᠤ᠋ᠨ ᠴᠡᠬᠡᠵᠢᠨ ᠳ᠋ᠸ᠋ ᠬᠠᠳᠠᠩᠰᠢᠭᠤᠯᠵᠠᠢ᠃ 

ᠲᠣᠰ ᠤᠳᠠᠭ᠎ᠠ ᠵᠢᠨ ᠠᠵᠢᠯᠯᠠᠭ᠎ᠠ᠎ᠶ᠋ᠢᠨ ᠠᠬᠤᠢ ᠲᠠᠯᠠᠪᠠᠢ ᠳ᠋ᠸ᠋᠂ ᠤᠬᠠᠭᠤᠯᠭ᠎ᠠ᠎ᠶ᠋ᠢᠨ ᠭᠠᠷ ᠳᠡᠪᠲᠡᠷ ᠵᠢᠴᠢ ᠡᠯ᠎ᠡ ᠲᠥᠷᠥᠯ᠎ᠦᠨ ᠤᠬᠠᠭᠤᠯᠭ᠎ᠠ᠎ᠶ᠋ᠢᠨ ᠡᠳ᠋ ᠪᠤᠳᠠᠰ᠎ᠢ 8000 ᠭᠠᠷᠤᠶ ᠬᠤᠪᠢ ᠲᠠᠷᠬᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号