ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠴᠠᠬᠳᠠᠭ᠎ᠠ ᠨᠠᠷ ᠭᠦᠨ ᠠᠭᠤᠯᠠᠨ᠎ᠳᠤ ᠲᠥᠭᠡᠷᠢᠭ᠌ᠰᠡᠨ 5 ᠵᠢᠭᠤᠯᠴᠢᠯᠠᠬᠴᠢ ᠵᠢ ᠠᠪᠤᠷᠠᠵᠠᠢ
2026-04-17 11:00:56
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠬᠠᠷᠢᠶ᠎ᠠ ᠣᠷᠣᠨ᠎ᠤ ᠲᠣᠮᠢᠯᠠᠭ᠍ᠰᠠᠨ ᠰᠠᠯᠪᠤᠷᠢ᠎ᠨᠢ ᠠᠮᠢ ᠠᠬᠤᠶ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠳᠤ ᠲᠦᠱᠢᠭ᠌ᠯᠡᠨ᠂ ᠲᠦᠷᠭᠡᠨ ᠴᠤᠤᠷᠢᠶᠠᠲᠤᠨ ᠳᠠᠭᠠᠵᠤ᠂ ᠥᠨᠳᠥᠷ ᠪᠦᠲᠦᠮᠵᠢᠲᠡᠶ ᠬᠠᠮᠵᠢᠯᠴᠠᠨ᠂ ᠬᠣᠶᠠᠷᠬᠠᠨ ᠴᠠᠭ᠎ᠤᠨ ᠳᠣᠲᠣᠷ᠎ᠠ ᠭᠦᠨ ᠠᠭᠤᠯᠠᠨ᠎ᠳᠤ ᠲᠥᠭᠡᠷᠢᠭ᠌ᠰᠡᠨ 5 ᠵᠢᠭᠤᠯᠴᠢᠯᠠᠭ᠍ᠰᠠᠳ᠎ᠢ ᠠᠮᠵᠢᠯᠲᠠ ᠲᠠᠶ ᠠᠪᠤᠷᠠᠵᠤ᠂ ᠣᠯᠠᠨ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃ 

ᠲᠣᠰ ᠡᠳᠦᠷ᠎ᠦᠨ 17 ᠴᠠᠭ᠎ᠤᠨ ᠦᠶ᠎ᠡ᠎ᠪᠡᠷ᠂ ᠬᠣᠲᠣᠩ ᠠᠷᠠᠳ᠎ᠤᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠶᠦᠮ ᠤ᠋ᠨ ᠪᠠᠢᠰᠢᠩ ᠳ᠋ᠡᠬᠢ ᠲᠣᠮᠢᠯᠠᠭ᠍ᠰᠠᠨ ᠰᠠᠯᠪᠤᠷᠢ ᠣᠯᠠᠨ ᠲᠦᠮᠡᠨ᠎ᠦ ᠲᠤᠰᠠᠯᠠᠮᠵᠢ ᠭᠤᠶᠤᠴᠢᠯᠠᠬᠰᠠᠨ ᠤᠳᠠᠰᠤ ᠵᠢ ᠲᠣᠰᠴᠤ᠌᠂ 3 ᠬᠦᠮᠦᠨ 2 ᠬᠡᠦᠬᠡᠳ ᠵᠢᠡᠨ ᠲᠠᠭᠠᠭᠤᠯᠤᠨ ᠤᠰᠤᠲᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠎ᠲᠦ ᠠᠭᠤᠯᠠ ᠠᠪᠠᠷᠢᠬᠤ ᠵᠠᠮ᠎ᠳᠠᠭᠠᠨ ᠬᠢᠴᠢᠶᠡᠮᠵᠢ ᠦᠬᠡᠢ ᠪᠡᠷ ᠲᠥᠭᠡᠷᠢᠵᠦ᠍ ᠂ ᠪᠠᠴᠢᠮ ᠠᠪᠤᠷᠠᠬᠤ ᠵᠢ ᠬᠦᠰᠡᠵᠦ ᠪᠠᠢᠨ᠎ᠠ ᠬᠡᠵᠡᠢ᠃ 

ᠬᠡᠷᠡᠭ᠎ᠦᠨ ᠮᠡᠳᠡᠭᠦᠯᠦᠯᠲᠡ᠎ᠶ᠋ᠢ ᠳᠤᠰᠤᠭ᠍ᠰᠠᠨ᠎ᠤ ᠳᠠᠷᠠᠭ᠎ᠠ᠂ ᠲᠣᠮᠢᠯᠠᠭ᠍ᠰᠠᠨ ᠰᠠᠯᠪᠤᠷᠢ ᠪᠠᠷᠢᠨ ᠠᠮᠢ ᠠᠬᠤᠶ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠳᠤ ᠲᠦᠱᠢᠭ᠌ᠯᠡᠨ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ ᠲᠥᠰᠦᠯ᠎ᠢ ᠲᠡᠷᠡ ᠳᠠᠷᠤᠶ᠎ᠳᠤᠨᠢ ᠡᠬᠢᠯᠡᠭᠦᠯᠵᠦ᠍᠂ ᠤᠯᠠᠨ ᠪᠠᠢᠭᠤᠯᠭ᠎ᠠ ᠨᠢᠬᠡᠴᠢ ᠲᠠᠢ ᠬᠠᠮᠵᠢᠯᠴᠠᠨ᠂ ᠠᠭᠠᠷ ᠪᠠ ᠭᠠᠵᠠᠷ ᠲᠡᠭᠡᠷᠡᠬᠢ ᠬᠠᠮᠵᠢᠯᠴᠠᠭ᠍ᠰᠠᠨ ᠪᠣᠰᠣᠭ᠎ᠠ ᠴᠣᠭ᠍ᠴᠠᠲᠤ ᠠᠪᠤᠷᠠᠨ ᠲᠤᠰᠠᠯᠠᠬᠤ ᠱᠢᠰᠲ᠋ᠧᠮ᠎ᠢ ᠪᠠᠢᠭᠤᠯᠪᠠ᠃ ᠠᠪᠤᠷᠠᠨ ᠲᠤᠰᠠᠯᠠᠬᠤ ᠲᠤᠬᠠᠶ᠎ᠶ᠋ᠢᠨ ᠲᠠᠯᠠᠪᠠᠶ᠎ᠳᠤ ᠠᠪᠤᠷᠠᠨ ᠲᠤᠰᠠᠯᠠᠬᠤ ᠠᠵᠢᠯᠲᠠᠳ 《ᠭᠠᠵᠠᠷ ᠳᠡᠭᠡᠷ᠎ᠡ ᠶᠠᠪᠠᠭᠠᠨ᠎ᠢᠶᠠᠷ ᠵᠢᠭ᠍ᠰᠠᠭᠠᠨ ᠪᠠᠢᠴᠠᠭᠠᠬᠤ + ᠠᠭᠠᠷ ᠳᠡᠭᠡᠷ᠎ᠡ ᠵᠢᠯᠣᠭᠣᠴᠢ ᠥᠬᠡᠶ ᠨᠢᠰᠭᠡᠯ᠎ᠢᠶᠡᠷ ᠴᠠᠭ᠍ᠳᠠᠨ ᠪᠠᠢᠴᠠᠭᠠᠬᠤ》 ᠪᠣᠰᠣᠭ᠎ᠠ ᠴᠣᠭ᠍ᠴᠠᠲᠤ ᠡᠷᠢᠵᠦ᠍ ᠠᠪᠤᠷᠬᠠᠸ᠋ ᠵᠠᠭ᠍ᠪᠤᠷ᠎ᠢ ᠬᠡᠷᠡᠭ᠌ᠯᠡᠨ᠂ ᠡᠷᠢᠵᠦ᠍ ᠠᠪᠤᠷᠬᠠᠸ᠋ ᠬᠦᠷᠢᠶ᠎ᠡ ᠬᠡᠪᠴᠢᠶ᠎ᠡ᠎ᠶ᠋ᠢ ᠣᠨᠣᠪᠴᠢᠲᠠᠶ ᠵᠠᠭᠠᠭ᠍ᠯᠠᠨ ᠲᠣᠭ᠍ᠲᠠᠭᠠᠵᠤ᠂ ᠡᠷᠢᠬᠦ᠌ ᠠᠵᠢᠯ᠎ᠢ ᠥᠨᠳᠥᠷ ᠪᠦᠲᠦᠮᠵᠢᠲᠡᠶ᠎ᠪᠡᠷ ᠥᠷᠨᠢᠭᠦᠯᠪᠡ᠃ 

ᠠᠮᠢ ᠠᠬᠤᠶ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠪᠠᠢᠭᠤᠯᠤᠯᠲᠠ᠎ᠶ᠋ᠢᠨ ᠴᠤᠬᠴᠠᠯᠠᠬᠰᠠᠨ ᠪᠠᠲᠤ ᠪᠠᠬᠢ ᠬᠠᠮᠳᠤᠷᠠᠨ ᠬᠥᠳᠡᠯᠦᠯᠴᠡᠬᠦ᠌ ᠰᠠᠭᠤᠷᠢ ᠪᠠ ᠨᠠᠷᠢᠯᠢᠭ ᠣᠨᠣᠪᠴᠢᠲᠠᠶ ᠭᠠᠵᠠᠷ᠎ᠤᠨ ᠪᠠᠢᠴᠠ᠎ᠶ᠋ᠢᠨ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠳ᠋ᠸ᠋ ᠲᠦᠰᠢᠭᠯᠡᠵᠦ᠂ ᠲᠣᠰ ᠡᠳᠦᠷ᠎ᠦᠨ 19 ᠴᠠᠭ᠎ᠤᠨ ᠦᠶ᠎ᠡ᠎ᠪᠡᠷ᠂ ᠠᠪᠤᠷᠠᠨ ᠲᠤᠰᠠᠯᠠᠬᠤ ᠬᠥᠮᠦᠰ ᠬᠣᠶᠠᠷ ᠴᠠᠭ ᠱᠢᠬᠠᠮ᠎ᠤᠨ ᠴᠠᠭ᠎ᠢ ᠬᠡᠷᠡᠭ᠌ᠰᠡᠭᠡᠳ᠂ ᠪᠤᠳᠤᠯᠢᠶᠠᠨᠲᠠᠶ ᠠᠭᠤᠯᠠᠨ ᠱᠢᠭᠤᠶ᠎ᠶ᠋ᠢᠨ ᠳᠤᠮᠳᠠ ᠡᠴᠨ ᠲᠥᠭᠡᠷᠢᠭ᠌ᠰᠡᠨ 5 ᠵᠢᠭᠤᠯᠴᠢᠯᠠᠭ᠍ᠴᠢ᠎ᠶ᠋ᠢ ᠡᠷᠢᠨ ᠣᠯᠵᠦ᠂ ᠠᠪᠤᠷᠠᠨ ᠲᠤᠰᠠᠯᠠᠬᠤ ᠬᠥᠮᠦᠰ ᠲᠡᠳᠡᠨ᠎ᠢ ᠠᠮᠤᠷ ᠲᠦᠪᠱᠢᠨ ᠵᠢᠡᠷ ᠠᠭᠤᠯᠠᠨ᠎ᠡᠴᠨ ᠪᠠᠭᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号