ᠡᠨᠡ ᠵᠢᠯ᠎ᠦᠨ 3 ᠰᠠᠷ᠎ᠠ᠎ᠶᠢᠨ 6 ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠳᠥᠷᠪᠡᠳᠦᠭᠡᠷ ᠬᠤᠷᠠᠯ᠎ᠳᠤ ᠣᠷᠣᠯᠴᠠᠭᠰᠠᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠂ 《9 . 3》᠎ᠤ ᠡᠷᠳᠡᠮ ᠰᠢᠨᠵᠢᠯᠡᠭᠡᠨ᠎ᠦ ᠨᠠᠢᠭᠡᠮᠯᠢᠭ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶᠢᠨ ᠡᠲᠡᠭᠡᠳ᠎ᠦᠨ ᠭᠡᠰᠢᠭᠦᠳ᠎ᠢ ᠡᠷᠭᠢᠨ ᠦᠵᠡᠬᠦ ᠳ᠋ᠡᠭᠡᠨ᠄ 《ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠪᠣᠯ ᠨᠢᠭᠡᠨ ᠰᠢᠰᠲᠧᠮ᠎ᠳᠦ ᠢᠨᠵᠧᠨᠧᠷᠢᠩ ᠮᠥᠨ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠯᠠᠨ ᠡᠰᠢᠵᠢᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶᠢᠨ ᠬᠡᠷᠡᠭᠴᠡᠭᠡ᠎ᠶᠢᠨ ᠡᠮᠦᠨ᠎ᠡ᠂ ᠡᠷᠬᠡᠪᠰᠢ ᠭᠣᠣᠯᠳᠠᠯᠭ᠎ᠠ᠎ᠪᠡᠨ ᠲᠣᠪᠤᠢᠯᠭᠠᠨ᠂ ᠠᠰᠢᠭ ᠭᠦᠷᠲᠡᠬᠦ ᠬᠡᠪᠴᠢᠶ᠎ᠡ ᠪᠡᠷ ᠥᠷᠭᠡᠨ᠂ ᠪᠦᠬᠦ ᠲᠠᠯ᠎ᠠ ᠪᠡᠷ ᠨᠦᠯᠦᠭᠡᠯᠡᠬᠦ ᠠᠵᠢᠯ᠎ᠢ ᠴᠢᠩᠭ᠎ᠠ ᠠᠳᠬᠤᠵᠤ᠂ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠰᠢᠰᠲᠧᠮ᠎ᠢ ᠪᠦᠷᠢᠨᠰᠢᠭᠦᠯᠬᠦ ᠂ ᠴᠢᠨᠠᠷ ᠰᠠᠢᠲᠠᠢ ᠥᠨᠳᠥᠷ ᠪᠦᠲᠦᠮᠵᠢᠲᠡᠢ ᠡᠮ ᠡᠮᠨᠡᠯᠭᠡ᠎ᠶᠢᠨ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ᠂ ᠡᠷᠡᠭᠦᠯ ᠪᠦᠭᠡᠳ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭ᠋᠎ᠢ ᠰᠠᠨᠠᠭᠠᠴᠢᠯᠠᠬᠤ ᠵᠡᠷᠭᠡ ᠲᠠᠯ᠎ᠠ᠎ᠪᠠᠷ ᠬᠦᠴᠦᠨ ᠪᠠ ᠡᠬᠢ ᠪᠠᠶᠠᠯᠢᠭ᠋᠎ᠢ ᠲᠥᠪᠯᠡᠷᠡᠭᠦᠯᠦᠨ᠂ ᠪᠦᠲᠦᠮᠵᠢᠲᠡᠢ ᠠᠷᠭ᠎ᠠ ᠬᠡᠮᠵᠢᠶ᠎ᠡ ᠪᠡᠷ ᠠᠬᠢᠭᠤᠯᠵᠤ᠂ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ》 ᠭᠡᠵᠦ ᠴᠢᠬᠤᠯᠠᠴᠢᠯᠠᠪᠠ᠃ 《ᠠᠷᠪᠠᠨ ᠲᠠᠪᠤᠳᠤᠭᠠᠷ ᠲᠠᠪᠤᠨ ᠵᠢᠯ 》ᠦ᠋ᠨ ᠲᠥᠯᠦᠪᠵᠢᠭᠦᠯᠭᠡ᠎ᠶᠢᠨ ᠬᠦᠳᠦᠯᠪᠦᠷᠢ᠎ᠳᠤ᠄ 《ᠡᠷᠡᠭᠦᠯ ᠮᠡᠨᠳᠤ᠎ᠶᠢ ᠤᠷᠢᠳ᠎ᠢᠶᠠᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠡᠷᠡᠭᠦᠯ ᠮᠡᠨᠳᠤ᠎ᠶᠢ ᠠᠬᠢᠭᠤᠯᠬᠤ ᠲᠦᠷᠦ᠎ᠶᠢᠨ ᠪᠣᠳᠣᠯᠭ᠎ᠠ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠦᠨ᠂ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠡᠪᠡᠳᠴᠢᠨ ᠵᠠᠰᠠᠬᠤ᠎ᠪᠠᠷ ᠭᠣᠣᠯ ᠪᠣᠯᠭᠠᠵᠤ ᠪᠠᠢᠭᠰᠠᠨ᠎ᠢ ᠡᠷᠡᠭᠦᠯ ᠮᠡᠨᠳᠤ᠎ᠪᠡᠷ ᠭᠣᠣᠯ ᠪᠣᠯᠭᠠᠬᠤ ᠲᠡᠢᠰᠢ ᠬᠤᠪᠢᠷᠠᠭᠤᠯᠬᠤ᠎ᠶᠢ ᠠᠬᠢᠭᠤᠯᠵᠤ᠂ ᠠᠷᠠᠳ ᠤᠯᠠᠨ᠎ᠳᠤ ᠲᠥᠪ ᠭᠣᠣᠯᠴᠢ ᠪᠥᠭᠡᠳ ᠰᠢᠰᠲᠧᠮ᠎ᠲᠠᠢ ᠦᠷᠭᠦᠯᠵᠢᠯᠡᠭᠰᠡᠨ ᠡᠷᠡᠭᠦᠯ ᠮᠡᠨᠳᠤ᠎ᠶᠢᠨ ᠦᠢᠯᠡᠴᠢᠯᠡᠭᠡ ᠬᠠᠩᠭᠠᠵᠤ᠂ ᠠᠷᠠᠳ ᠲᠦᠮᠡᠨ᠎ᠦ ᠡᠷᠡᠭᠦᠯ ᠮᠡᠨᠳᠤ᠎ᠶᠢᠨ ᠲᠦᠪᠰᠢᠨ᠎ᠢ ᠳᠡᠭᠡᠭᠰᠢᠯᠡᠭᠦᠯᠦᠨ᠎ᠡ》 ᠭᠡᠵᠦ ᠲᠤᠳᠤᠷᠬᠠᠢ ᠱᠠᠭᠠᠷᠳᠠᠪᠠ᠃ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠣᠯᠠᠨ ᠡᠰᠢᠵᠢᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠡᠷᠡᠭᠴᠡᠭᠡ᠎ᠶᠢ ᠬᠠᠩᠭᠠᠵᠤ᠂ ᠠᠷᠠᠳ ᠲᠦᠮᠡᠨ᠎ᠦ ᠡᠷᠡᠭᠦᠯ ᠮᠡᠨᠳᠦ᠎ᠶᠢᠨ ᠲᠦᠪᠰᠢᠨ᠎ᠢ ᠳᠡᠭᠡᠭᠰᠢᠯᠡᠭᠦᠯᠬᠦ᠎ᠳᠦ᠂ ᠶᠡᠷᠦᠩᠬᠡᠢ ᠱᠦᠵᠢ ᠰᠢ ᠵᠢᠨ ᠫᠢᠩ᠎ᠦᠨ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠥᠨᠳᠥᠷ ᠪᠦᠲᠦᠮᠵᠢᠲᠡᠶ ᠡᠮᠴᠢᠯᠡᠭᠡᠨ᠎ᠦ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃
ᠮᠠᠨ᠎ᠤ ᠤᠯᠤᠰ᠎ᠤᠨ ᠬᠥᠮᠥᠨ ᠠᠮᠠ᠎ᠶᠢᠨ ᠬᠡᠪᠴᠢᠶ᠎ᠡ ᠯᠤᠲᠤ ᠶᠡᠬᠡ ᠪᠠᠢᠭ᠎ᠠ ᠪᠠ ᠬᠤᠳᠠ ᠬᠥᠳᠡᠭᠡ᠎ᠶᠢᠨ ᠵᠥᠷᠢᠶ᠎ᠡ ᠨᠡᠯᠢᠶᠡᠳ ᠶᠡᠬᠡ ᠪᠠᠢᠭ᠎ᠠ ᠪᠠᠢᠳᠠᠯ ᠵᠡᠷᠭᠡ ᠪᠡᠷ ᠣᠷᠣᠰᠢᠵᠤ ᠪᠠᠢᠭ᠎ᠠ ᠤᠯᠤᠰ᠎ᠤᠨ ᠦᠨᠳᠦᠰᠦᠨ ᠪᠠᠢᠳᠠᠯ ᠨᠢ ᠡᠮ ᠡᠮᠨᠡᠯᠭᠡ᠎ᠶᠢᠨ ᠦᠢᠯᠡᠴᠢᠯᠡᠭᠡᠡᠷᠬᠡᠪᠰᠢ ᠦᠨᠳᠦᠰᠦᠨ ᠱᠠᠲᠤᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ᠎ᠶᠢ ᠱᠠᠭᠠᠷᠳᠠᠵᠤ ᠪᠠᠢᠨ᠎ᠠ; ᠨᠠᠰᠤᠵᠢᠯ ᠲᠦᠷᠭᠡᠰᠬᠦ ᠪᠠ ᠤᠳᠠᠭᠠᠨ ᠴᠢᠨᠠᠷᠲᠠᠢ ᠡᠪᠡᠳᠴᠢᠨ᠎ᠦ ᠳᠠᠷᠤᠭᠠᠰᠤ ᠬᠦᠨᠳᠦᠷᠡᠵᠦ ᠪᠠᠢᠭ᠎ᠠ ᠪᠠᠢᠳᠠᠯ ᠨᠢ ᠡᠮᠴᠢᠯᠡᠭᠡᠨ᠎ᠦ ᠦᠢᠯᠡᠴᠢᠯᠡᠭᠡᠨ᠎ᠦ ᠵᠠᠭᠪᠤᠷ᠎ᠢ᠋ 《ᠡᠪᠡᠳᠴᠢᠨ ᠵᠠᠰᠠᠬᠤ》᠎ᠡᠴᠠ 《ᠪᠥᠬᠥ ᠠᠮᠢ ᠨᠠᠰᠤᠨ᠎ᠤ ᠦᠶᠡᠯᠡᠯ᠎ᠦᠨ ᠬᠠᠮᠢᠶᠠᠷᠤᠯᠲᠠ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠱᠠᠭᠠᠷᠳᠠᠵᠤ ᠪᠠᠢᠨ᠎ᠠ; ᠠᠷᠠᠳ ᠣᠯᠠᠨ᠎ᠤ ᠡᠷᠡᠭᠦᠯ ᠮᠡᠨᠳᠦ᠎ᠶᠢᠨ ᠬᠡᠷᠡᠭᠴᠡᠭᠡ 《ᠪᠠᠢᠬᠤ ᠡᠰᠡᠬᠦ》᠎ᠡᠴᠠ 《ᠰᠠᠢᠨ ᠡᠰᠡᠬᠦ》 ᠳᠠᠢᠰᠢ ᠲᠠᠰ ᠳᠠᠪᠰᠢᠵᠤ᠂ ᠡᠷᠬᠡ ᠲᠡᠭᠰᠢ᠂ ᠦᠷᠭᠦᠯᠵᠢᠯᠡᠭᠰᠡᠨ᠂ ᠳᠥᠭᠥᠮ ᠳᠥᠲᠡ ᠦᠢᠯᠡᠴᠢᠯᠡᠭᠡ᠎ᠳᠦ ᠨᠠᠩ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠢᠨ᠎ᠠ᠃ ᠡᠳᠡᠭᠡᠷ ᠪᠣᠳᠠᠲᠤ ᠪᠠᠢᠳᠠᠯ ᠪᠣᠯᠣᠨ ᠥᠷᠢᠰᠦᠯᠳᠦᠭᠡᠨ ᠨᠢ ᠴᠥᠮ ᠴᠢᠨᠠᠷ ᠰᠠᠢᠲᠠᠢ ᠥᠨᠳᠥᠷ ᠪᠦᠲᠦᠮᠵᠢᠲᠡᠢ ᠡᠮ ᠡᠮᠨᠡᠯᠭᠡ᠎ᠶᠢᠨ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ᠎ᠶᠢ ᠱᠠᠭᠠᠷᠳᠠᠵᠤ ᠪᠠᠢᠨ᠎ᠠ᠃ 《ᠴᠢᠨᠠᠷ ᠰᠠᠢᠳᠠᠢ》 ᠡᠮ ᠡᠮᠨᠡᠯᠭᠡ ᠵᠢᠨ ᠦᠢᠯᠡᠴᠢᠯᠡᠭᠡ ᠨᠢ ᠡᠷᠬᠡᠪᠰᠢ ᠠᠷᠠᠳ ᠲᠦᠮᠡᠨ᠎ᠦ ᠡᠷᠡᠭᠦᠯ ᠮᠡᠨᠳᠦ᠎ᠪᠡᠷ ᠭᠣᠣᠯ ᠪᠣᠯᠭᠠᠭᠰᠠᠨ ᠥᠷᠲᠡᠭ᠎ᠦᠨ ᠬᠠᠨᠳᠤᠰᠢ᠎ᠳᠤ ᠦᠨᠳᠦᠰᠦᠯᠡᠵᠦ᠂ ᠡᠮᠴᠢᠯᠡᠭᠡᠨ᠎ᠦ ᠣᠨᠣᠰᠢᠯᠠᠨ ᠡᠮᠨᠡᠬᠦ ᠮᠡᠷᠭᠡᠵᠢᠯ᠎ᠦᠨ ᠨᠠᠷᠢᠨ ᠤᠨᠤᠪᠴᠢᠲᠠᠢ ᠪᠠᠢᠬᠤ᠎ᠶᠢ ᠬᠥᠭᠡᠭᠡᠴᠡᠯᠳᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠡᠮᠴᠢᠯᠡᠭᠡᠨ᠎ᠦ ᠦᠢᠯᠡᠴᠢᠯᠡᠭᠡ᠎ᠶᠢᠨ ᠦᠷᠭᠦᠯᠵᠢᠯᠡᠬᠦ ᠴᠢᠨᠠᠷ᠂ ᠬᠥᠮᠥᠨ ᠨᠡᠢᠭᠡᠮ᠎ᠤᠨ ᠬᠠᠯᠠᠮᠵᠢᠯᠠᠯ᠎ᠤᠨ ᠬᠡᠮᠵᠢᠶ᠎ᠡ ᠵᠢᠴᠢ ᠲᠥᠪ ᠭᠤᠤᠯᠴᠢ ᠪᠠᠢᠬᠤ ᠬᠡᠷᠡᠭᠳᠡᠢ; 《ᠥᠨᠳᠥᠷ ᠪᠦᠲᠦᠮᠵᠢᠲᠡᠶ》ᠪᠤᠯᠬᠤ᠎ᠳᠦ᠂ ᠰᠢᠰᠲᠧᠮ᠎ᠦᠨ ᠠᠵᠢᠯᠯᠠᠭ᠎ᠠ᠎ᠨᠢ ᠰᠢᠯᠢᠳᠡᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠮᠴᠢᠯᠡᠭᠡ᠂ ᠡᠮ ᠡᠮᠨᠡᠯᠭᠡ᠎ᠶᠢᠨ ᠳᠠᠭᠠᠳᠬᠠᠯ ᠪᠠ ᠡᠮ ᠡᠮᠨᠡᠯᠭᠡ᠎ᠶᠢᠨ ᠭᠦᠨᠵᠡᠭᠡᠢ ᠠᠭᠤᠰᠤᠯᠴᠠᠯ ᠪᠠ ᠬᠠᠮᠵᠢᠯᠴᠠᠭᠰᠠᠨ ᠬᠥᠭᠵᠢᠯᠳᠡ᠎ᠪᠡᠷ ᠳᠠᠮᠵᠢᠭᠤᠯᠤᠨ᠂ ᠬᠢᠵᠠᠭᠠᠷ᠎ᠲᠠᠢ ᠡᠬᠢ ᠪᠠᠶᠠᠯᠢᠭ᠋᠎ᠤᠨ ᠬᠠᠮᠤᠭ᠎ᠤᠨ ᠶᠡᠬᠡ ᠭᠠᠷᠭᠠᠯᠲᠠ᠎ᠶᠢ ᠬᠥᠭᠡᠭᠡᠴᠡᠯᠳᠦᠵᠦ᠂ ᠰᠢᠰᠲᠧᠮ᠎ᠢ ᠮᠧᠬᠠᠨᠢᠭ᠋ᠨᠠᠢᠯᠡᠯᠳᠦᠯ ᠡᠴᠠ ᠣᠷᠭᠠᠨᠢᠭ᠋ ᠨᠢᠭᠡᠳᠦᠯ ᠪᠣᠯᠭᠠᠬᠤ ᠬᠡᠷᠡᠭᠳᠡᠢ᠃ ᠡᠨᠡ ᠬᠣᠶᠠᠷ ᠱᠠᠭᠠᠷᠳᠠᠯᠭ᠎ᠠ ᠨᠢ ᠠᠷᠠᠳ ᠤᠯᠠᠨ᠎ᠳᠤ ᠡᠪᠡᠳᠴᠢᠨ᠎ᠢᠶᠡᠨ ᠦᠵᠡᠭᠦᠯᠵᠦ ᠳᠡᠶ᠋ᠢᠯᠬᠦ᠂ ᠡᠪᠡᠳᠴᠢᠨ᠎ᠢᠶᠡᠨ ᠰᠠᠢᠲᠤᠷ ᠦᠵᠡᠭᠦᠯᠵᠦ ᠳᠡᠶ᠋ᠢᠯᠬᠦ᠂ ᠡᠪᠡᠳᠴᠢᠨ ᠦᠵᠡᠭᠦᠯᠬᠦ᠎ᠳᠦ ᠨᠡᠩ ᠲᠦᠬᠦᠮ᠂ ᠡᠪᠡᠳᠴᠢᠨ ᠦᠵᠡᠭᠦᠯᠬᠦ᠎ᠳᠦ ᠵᠣᠭᠣᠰ ᠠᠷᠪᠢᠯᠠᠬᠤ ᠨᠦᠭᠦᠴᠡᠯ ᠪᠤᠯᠤᠯᠴᠠᠭ᠎ᠠ ᠬᠠᠩᠭᠠᠬᠤ᠎ᠶᠢ ᠵᠢᠭᠠᠵᠤ ᠪᠠᠢᠭ᠎ᠠ ᠪᠦᠭᠡᠳ ᠤᠯᠠᠨ ᠨᠡᠶ᠋ᠢᠲᠡ᠎ᠶᠢᠨ ᠦᠢᠯᠡᠳᠬᠦᠨ᠎ᠦ ᠬᠠᠩᠭᠠᠯᠭ᠎ᠠ᠎ᠶᠢᠨ ᠪᠣᠯᠣᠮᠵᠢᠲᠤ ᠴᠢᠨᠠᠷ᠂ ᠶᠠᠰᠤ ᠴᠢᠨᠠᠷ᠂ ᠳᠥᠭᠥᠮ ᠳᠥᠲᠡ ᠴᠢᠨᠠᠷ ᠪᠣᠯᠣᠨ ᠡᠭᠦᠷᠭᠡᠯᠡᠵᠦ ᠪᠣᠯᠬᠤᠢᠴᠠ ᠴᠢᠨᠠᠷᠲᠠᠢ ᠵᠣᠬᠢᠴᠠᠵᠤ ᠪᠠᠢᠬᠤ ᠶᠤᠮ᠃
ᠦᠨᠳᠦᠰᠦᠨ ᠱᠠᠲᠤᠨ᠎ᠤ ᠡᠮ ᠡᠮᠨᠡᠯᠭᠡ᠎ᠶᠢᠨ ᠦᠢᠯᠡᠴᠢᠯᠡᠭᠡᠨ᠎ᠦ ᠰᠢᠰᠲᠧᠮ᠎ᠦᠨ ᠰᠠᠭᠤᠷᠢ᠎ᠶᠢ ᠪᠡᠬᠢᠵᠢᠭᠦᠯᠦᠨ᠎ᠡ᠃ 2025 ᠣᠨ᠎ᠳᠤ᠂ ᠮᠠᠨ᠎ᠤ ᠤᠯᠤᠰ᠎ᠤᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠣᠨᠣᠰᠢᠯᠠᠨ ᠡᠮᠨᠡᠭᠰᠡᠨ ᠬᠥᠮᠥᠨ ᠤᠳᠠᠭ᠎ᠠ ᠨᠢ ᠪᠥᠬᠥ ᠵᠢᠯ᠎ᠦᠨ ᠪᠥᠬᠥ ᠤᠯᠤᠰ᠎ᠤᠨ ᠣᠨᠣᠰᠢᠯᠠᠨ ᠡᠮᠨᠡᠭᠰᠡᠨ ᠬᠥᠮᠥᠨ ᠤᠳᠠᠭ᠎ᠠ᠎ᠶᠢᠨ 52.6%᠎ᠶᠢ ᠡᠵᠡᠯᠡᠵᠦ᠂ 90%᠎ᠶᠢ ᠳᠠᠪᠠᠭᠰᠠᠨ ᠰᠠᠭᠤᠭᠠᠯᠢ ᠠᠷᠠᠳ 15 ᠮᠢᠨᠦ᠋ᠲ᠎ᠦᠨ ᠳᠣᠲᠣᠷ᠎ᠠ ᠬᠠᠮᠤᠭ᠎ᠤᠨ ᠣᠢᠷ᠎ᠠ ᠡᠮ ᠡᠮᠨᠡᠯᠭᠡ᠎ᠶᠢᠨ ᠦᠢᠯᠡᠴᠢᠯᠡᠭᠡᠨ᠎ᠦ ᠴᠡᠭ᠎ᠲᠦ ᠬᠦᠷᠴᠦ ᠳᠡᠢᠯᠦᠭᠰᠡᠨ ᠪᠠᠢᠨ᠎ᠠ᠃ ᠡᠨᠡ ᠬᠦ᠌ ᠲᠣᠭ᠎ᠠ ᠪᠠᠷᠢᠮᠲᠠ ᠨᠢ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ᠎ᠦᠨ ᠯᠠᠪᠳᠠᠭᠤᠨ ᠪᠠᠲᠤᠲᠠᠢ ᠠᠬᠢᠯᠲᠠ᠎ᠶᠢ ᠭᠡᠷᠡᠴᠢᠯᠡᠵᠦ ᠪᠠᠢᠬᠤ ᠪᠥᠭᠡᠳ ᠪᠠᠰᠠ ᠦᠷᠭᠦᠯᠵᠢᠯᠡᠨ ᠬᠦᠴᠦᠯᠡᠬᠦ ᠴᠢᠭᠯᠡᠯ᠎ᠢ ᠵᠢᠭᠠᠭᠰᠠᠨ ᠪᠠᠢᠨ᠎ᠠ᠃ 2026 ᠣᠨ᠎ᠤ ᠪᠥᠬᠥ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠬᠤᠷᠠᠯ᠎ᠠᠴᠠ 《ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠪᠡᠬᠢᠵᠢᠭᠦᠯᠬᠦ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠬᠣᠶᠠᠳᠤᠭᠠᠷ ᠳᠡᠰ᠎ᠤᠨ ᠡᠮᠨᠡᠯᠭᠡ᠎ᠶᠢᠨ ᠬᠣᠷᠢᠶᠠᠨ᠎ᠤ ᠠᠵᠢᠯᠯᠠᠭ᠎ᠠ᠎ᠨᠢ ᠲᠣᠭᠲᠠᠪᠤᠷᠢᠵᠢᠭᠤᠯᠬᠤ᠎ᠶᠢᠨ ᠬᠠᠮᠲᠤ ᠡᠷᠡᠭᠦᠯᠵᠢᠯ ᠰᠤᠪᠢᠯᠠᠯᠲᠠ᠎ᠶᠢᠨ ᠴᠢᠳᠠᠮᠵᠢ᠎ᠶᠢ ᠥᠷᠭᠡᠳᠬᠡᠵᠦ᠂ ᠭᠤᠷᠪᠠᠳᠤᠭᠠᠷ ᠳᠡᠰ᠎ᠤᠨ ᠡᠮᠨᠡᠯᠭᠡ᠎ᠶᠢᠨ ᠬᠣᠷᠢᠶᠠᠨ᠎ᠤ ᠬᠡᠪᠴᠢᠶ᠎ᠡ᠂ ᠬᠥᠭᠵᠢᠯᠲᠡ᠎ᠶᠢᠨ ᠬᠤᠷᠳᠤᠴᠠ᠎ᠶᠢ ᠲᠣᠬᠢᠷᠠᠭᠤᠯᠤᠨ ᠡᠵᠡᠮᠳᠡᠨ᠎ᠠ》 ᠭᠡᠵᠦ ᠲᠣᠳᠣᠷᠬᠠᠢ ᠳᠤᠷᠠᠳᠴᠠᠢ᠃ ᠡᠨᠡ ᠨᠢ ᠬᠠᠲᠠᠭᠤ ᠲᠤᠨᠤᠭ᠎ᠤᠨ ᠪᠡᠯᠡ ᠣᠷᠣᠭᠤᠯᠤᠯᠲᠠ᠎ᠶᠢ ᠵᠢᠭᠠᠵᠤ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠰᠢᠰᠲ᠋ᠸᠮ᠎ᠢ ᠲᠡᠭᠦᠯᠳᠡᠷᠵᠢᠭᠦᠯᠬᠦ᠂ ᠠᠵᠢᠯᠲᠠᠨ᠎ᠤ ᠴᠢᠳᠠᠪᠤᠷᠢ᠎ᠶᠢ ᠳᠡᠭᠡᠭᠰᠢᠯᠡᠭᠦᠯᠬᠦ᠂ ᠬᠠᠪᠰᠤᠷᠤᠨ ᠲᠡᠳᠬᠦᠬᠦ ᠬᠠᠮᠵᠢᠯᠴᠠᠭ᠎ᠠ ᠵᠡᠷᠭᠡ ᠳᠣᠲᠣᠭᠠᠳᠤ ᠱᠠᠭᠠᠷᠳᠠᠯᠭ᠎ᠠ᠎ᠶᠢ ᠬᠠᠮᠤᠷᠴᠤ ᠪᠠᠢᠨ᠎ᠠ᠃ ᠡᠢᠮᠤ ᠡᠴᠡ ᠳᠤᠲᠠᠭᠤᠳᠠᠯ᠎ᠢᠶᠠᠨ ᠨᠥᠬᠥᠪᠦᠷᠢᠯᠡᠬᠦ᠂ ᠥᠭᠡᠷᠡᠴᠢᠯᠡᠯᠲᠡ᠎ᠶᠢ ᠠᠬᠢᠭᠤᠯᠬᠤ᠂ ᠴᠢᠳᠠᠪᠤᠷᠢᠲᠠᠨ᠎ᠢ ᠴᠤᠭᠯᠠᠷᠠᠭᠤᠯᠬᠤ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠪᠡᠷ ᠳᠠᠮᠵᠢᠭᠤᠯᠵᠤ᠂ ᠡᠮ ᠡᠮᠨᠡᠯᠭᠡ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠪᠡᠬᠢᠵᠢᠭᠦᠯᠬᠦ ᠢᠨᠵᠧᠨᠧᠷᠢᠩ᠎ᠢ ᠨᠡᠩ ᠥᠨᠳᠥᠷᠴᠡ᠂ ᠨᠡᠩ ᠭᠦᠨᠴᠡ ᠪᠠ ᠬᠠᠢᠷ᠎ᠠ ᠬᠠᠯᠠᠮᠵᠢ᠎ᠲᠠᠢ ᠪᠣᠯᠭᠠᠬᠤ ᠬᠡᠷᠡᠭᠲᠡᠢ᠃ ᠰᠠᠭᠤᠷᠢ᠎ᠶᠢ ᠪᠡᠬᠢᠵᠢᠭᠦᠯᠦᠭᠰᠡᠨ ᠦᠷ᠎ᠡ ᠪᠦᠲᠦᠮᠵᠢ ᠨᠢ ᠡᠴᠦᠰ᠎ᠲᠡᠬᠡᠨ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠳᠡᠭᠡᠷ᠎ᠡ ᠢᠯᠡᠷᠡᠬᠦ ᠪᠣᠯᠣᠨ᠎ᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ 2026 ᠣᠨ᠎ᠳᠤ ᠠᠷᠠᠳ᠎ᠲᠤ ᠦᠢᠯᠡᠴᠢᠯᠡᠬᠦ ᠠᠷᠪᠠᠨ ᠪᠣᠳᠠᠲᠤ ᠶᠠᠪᠤᠳᠠᠯ᠎ᠢ ᠲᠣᠭᠲᠠᠭᠠᠵᠤ᠂ ᠡᠭᠦᠨ᠎ᠳᠦ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ ᠪᠣᠯᠣᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠡᠴᠡ ᠬᠡᠦᠬᠡᠳ᠎ᠦᠨ ᠰᠠᠯᠠᠭᠠᠨ᠎ᠤ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ᠂ ᠪᠠᠢᠩᠭᠤ ᠰᠠᠭᠤᠭ᠎ᠠ ᠬᠥᠮᠥᠨ ᠠᠮᠠ 6 ᠲᠦᠮᠡ᠎ᠶᠢ ᠳᠠᠪᠠᠭᠰᠠᠨ ᠰᠢᠶᠠᠨ ᠴᠥᠮ ᠴᠢᠰᠤ ᠨᠡᠪᠴᠢᠭᠦᠯᠦᠨ ᠢᠯᠭᠠᠷᠠᠭᠤᠯᠬᠤ ᠦᠢᠯᠡᠴᠢᠯᠡᠭᠡᠨ᠎ᠦ ᠴᠢᠳᠠᠪᠤᠷᠢ᠎ᠲᠠᠢ ᠪᠣᠯᠬᠤ᠂ ᠰᠡᠳᠬᠢᠴᠡ᠎ᠶᠢᠨ ᠡᠭᠦᠳᠡᠨ ᠡᠮᠨᠡᠯᠭᠡ᠎ᠶᠢᠨ ᠦᠢᠯᠡᠴᠢᠯᠡᠭᠡ ᠬᠠᠩᠭᠠᠬᠤ ᠰᠢᠶᠠᠨ᠎ᠢ110 ᠨᠡᠮᠡᠭᠳᠡᠬᠦᠯᠬᠦ ᠵᠡᠷᠭᠡ ᠪᠠᠭᠲᠠᠨ᠎ᠠ᠃
ᠡᠮ ᠡᠮᠴᠢᠯᠡᠭᠡ᠂ ᠡᠮ ᠡᠮᠨᠡᠯᠭᠡ ᠵᠢᠨ ᠳᠠᠭᠠᠳᠬᠠᠯ᠂ ᠡᠮ ᠡᠮᠨᠡᠯᠭᠡ᠎ᠶᠢ ᠬᠠᠮᠵᠢᠯᠴᠠᠨ ᠬᠥᠭᠵᠢᠬᠦᠯᠬᠦ ᠪᠠ ᠵᠠᠰᠠᠬᠤ᠎ᠶᠢ ᠠᠬᠢᠭᠤᠯᠤᠨ᠎ᠠ᠃ ᠡᠨᠡ ᠵᠢᠯ᠎ᠦᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳ᠋ᠤ᠌ ᠡᠮ ᠡᠮᠴᠢᠯᠡᠭᠡ᠂ ᠡᠮ ᠡᠮᠨᠡᠯᠭᠡ᠎ᠶᠢᠨ ᠳᠠᠭᠠᠳᠬᠠᠯ᠂ ᠡᠮ ᠡᠮᠨᠡᠯᠭᠡ᠎ᠶᠢ ᠬᠠᠮᠵᠢᠯᠴᠠᠨ ᠬᠥᠭᠵᠢᠭᠦᠯᠬᠦ ᠪᠠ ᠵᠠᠰᠠᠬᠤ ᠲᠣᠭᠲᠠᠴᠠ᠎ᠶᠢ ᠪᠦᠷᠢᠨᠰᠢᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷ᠎ᠢᠶᠠᠷ ᠤᠳᠤᠷᠢᠳᠤᠮᠵᠢ ᠪᠣᠯᠭᠠᠭᠰᠠᠨ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶᠠᠨ᠎ᠤ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠯᠪᠠᠨ᠎ᠠᠴᠠ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠎ᠶᠢᠨ ᠥᠭᠡᠷᠡᠴᠢᠯᠡᠯᠲᠡ ᠨᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ ᠳᠣᠣᠷ᠎ᠠ᠂ ᠨᠡᠶ᠋ᠢᠲᠡ᠎ᠶᠢᠨ ᠠᠰᠠᠷᠠᠮᠵᠢ᠎ᠶᠢᠨ ᠰᠠᠭᠤᠷᠢ ᠥᠩᠭᠡ᠎ᠶᠢ ᠪᠠᠲᠤ ᠰᠠᠬᠢᠵᠤ᠂ ᠠᠷᠠᠳ ᠣᠯᠠᠨ᠎ᠤ ᠡᠷᠡᠭᠦᠯ ᠮᠡᠨᠳᠦ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠎ᠪᠠᠷ ᠵᠤᠬᠰᠤᠴᠠ ᠪᠠ ᠦᠷ᠎ᠡ ᠳ᠋ᠦᠩ ᠪᠣᠯᠭᠠᠵᠤ᠂ ᠠᠰᠢᠭ᠋ ᠬᠥᠭᠡᠭᠡᠴᠡᠯᠳᠦᠬᠦ᠎ᠪᠡᠷ ᠤᠳᠤᠷᠢᠳᠤᠮᠵᠢ ᠪᠣᠯᠭᠠᠬᠤ ᠦᠭᠡᠢ ᠪᠠᠢᠵᠤ᠂ ᠡᠳ᠋᠎ᠦᠨ ᠵᠠᠰᠠᠭ᠎ᠤᠨ ᠪᠠᠲᠤᠯᠠᠭ᠎ᠠ᠂ ᠦᠨ᠎ᠡ ᠬᠠᠩᠰᠢ᠎ᠶᠢᠨ ᠲᠣᠬᠢᠷᠠᠭᠤᠯᠭ᠎ᠠ ᠡᠵᠡᠮᠰᠢᠯ᠂ ᠡᠮ ᠡᠮᠨᠡᠯᠭᠡ᠎ᠵᠢᠨ ᠳᠠᠭᠠᠳᠬᠠᠯ᠎ᠤᠨ ᠲᠣᠭᠠᠴᠠᠭ᠎ᠠ᠂ ᠠᠵᠢᠯᠲᠠᠨ᠎ᠤ ᠶᠠᠪᠤᠳᠠᠯ᠂ ᠴᠠᠯᠢᠩ᠂ ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠳᠦᠷᠢᠮ᠎ᠦᠨ ᠲᠣᠬᠢᠷᠠᠭᠤᠯᠤᠯᠲᠠ᠎ᠪᠠᠷ ᠳᠡᠮᠵᠢᠨ᠂ ᠪᠥᠬᠥ ᠠᠷᠠᠳ ᠲᠦᠮᠡᠨ᠎ᠳᠦ ᠠᠮᠤᠷ ᠲᠦᠪᠰᠢᠨ᠂ ᠪᠦᠲᠦᠮᠵᠢᠲᠡᠶ᠂ ᠳᠥᠭᠥᠮ ᠳᠥᠲᠡ᠂ ᠦᠨᠳᠦᠰᠦᠨ ᠡᠮ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶᠢ ᠬᠠᠩᠭᠠᠬᠤ ᠬᠡᠷᠡᠭᠲᠡᠢ᠃ ᠡᠮ ᠡᠮᠨᠡᠯᠭᠡ᠎ᠶᠢᠨ ᠳᠠᠭᠠᠳᠬᠠᠯ᠎ᠤᠨ ᠲᠣᠭᠠᠴᠠᠭ᠎ᠠ ᠬᠢᠬᠦ ᠠᠷᠭ᠎ᠠ ᠮᠠᠶᠢᠭ᠋᠎ᠤᠨ ᠥᠭᠡᠷᠡᠴᠢᠯᠡᠯᠲᠡ ᠨᠢ 《ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠬᠤᠳᠠᠯᠳᠤᠨ ᠠᠪᠬᠤ》 ᠦᠢᠯᠡᠳᠦᠯ᠎ᠢ ᠪᠠᠳᠠᠷᠠᠭᠤᠯᠬᠤ ᠴᠢᠬᠤᠯᠠᠲᠠᠢ᠃ ᠲᠣᠭᠠᠴᠠᠭ᠎ᠠ ᠬᠢᠬᠦ ᠪᠠᠭᠠᠵᠢ᠎ᠪᠠᠷ ᠳᠠᠮᠵᠢᠭᠤᠯᠤᠨ ᠡᠮᠴᠢᠯᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠰᠠᠨᠠᠭᠠᠴᠢᠯᠠᠭᠠᠲᠤ ᠪᠤᠰᠤ ᠪᠡᠷ ᠵᠠᠷᠤᠳᠠᠯ᠎ᠢ ᠡᠵᠡᠮᠳᠡᠵᠤ ᠪᠠᠢᠬᠰᠠᠨ᠎ᠠᠴᠠ ᠥᠪᠡᠷ᠎ᠦᠨ ᠥᠷᠲᠡᠭ᠎ᠦᠨ ᠪᠦᠲᠦᠴᠡ᠎ᠶᠢ ᠰᠠᠨᠠᠭᠠᠴᠢᠯᠠᠭ᠎ᠠ᠎ᠠᠴᠠ᠎ᠪᠠᠨ ᠰᠢᠯᠢᠳᠡᠭᠵᠢᠭᠦᠯᠬᠦ ᠲᠡᠢᠰᠢ ᠬᠤᠪᠢᠷᠠᠭᠤᠯᠬᠤ ᠬᠡᠷᠡᠭᠲᠡᠢ; 《ᠥᠷᠲᠡᠭᠲᠦ ᠡᠮᠴᠢᠯᠡᠭᠡ》᠎ᠶᠢᠨ ᠤᠢᠯᠠᠭᠠᠭᠳᠠᠬᠤᠨ᠎ᠢ ᠣᠷᠣᠭᠤᠯᠵᠤ᠂ ᠲᠣᠭᠠᠴᠠᠭ᠎ᠠ᠎ᠶᠢ ᠡᠷᠡᠭᠦᠯ ᠮᠡᠨᠳᠦᠯᠦ᠍ᠭᠡ ᠬᠣᠯᠪᠣᠭᠳᠠᠭᠤᠯᠵᠤ᠂ ᠨᠠᠩ ᠵᠦᠢ ᠵᠣᠬᠢᠰᠲᠠᠢ ᠵᠠᠷᠤᠳᠠᠯ᠎ᠢᠶᠠᠷ ᠨᠠᠩ ᠴᠢᠨᠠᠷ ᠰᠠᠢᠲᠠᠢ ᠦᠢᠯᠡᠴᠢᠯᠡᠭᠡ ᠬᠠᠩᠭᠠᠬᠤ ᠬᠡᠷᠡᠭᠲᠡᠢ; ᠡᠮᠴᠢᠯᠡᠭᠡ᠎ᠶᠢᠨ ᠦᠢᠯᠡᠴᠢᠯᠡᠭᠡᠨ᠎ᠦ ᠦᠨ᠎ᠡ ᠬᠠᠩᠰᠢ᠎ᠶᠢᠨ ᠥᠭᠡᠷᠡᠴᠢᠯᠡᠯᠲᠡ ᠨᠢ ᠡᠮᠨᠡᠯᠭᠡ᠎ᠶᠢᠨ ᠠᠵᠢᠯᠲᠠᠨ᠎ᠤ ᠮᠡᠷᠭᠡᠵᠢᠯ ᠬᠥᠳᠡᠯᠮᠦᠷᠢ ᠦᠢᠯᠡᠴᠢᠯᠡᠭᠡᠨ᠎ᠦ ᠦᠨ᠎ᠡ ᠥᠷᠲᠡᠭ᠎ᠢ ᠵᠦᠢ ᠵᠣᠬᠢᠰᠲᠠᠢ ᠢᠯᠡᠷᠡᠭᠦᠯᠵᠦ᠂ ᠦᠨ᠎ᠡ ᠬᠠᠩᠰᠢ᠎ᠶᠢ ᠲᠣᠬᠢᠷᠠᠭᠤᠯᠬᠤ ᠪᠠ ᠲᠣᠭᠠᠴᠠᠭ᠎ᠠ ᠬᠢᠬᠦ ᠪᠠᠷᠢᠮᠵᠢᠶ᠎ᠠ᠎ᠶᠢᠨ ᠬᠠᠮᠲᠤᠷᠠᠨ ᠬᠤᠷᠰᠢᠯᠴᠠᠬᠤ ᠲᠣᠭᠲᠠᠴᠠ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ᠃ ᠡᠮ᠎ᠦᠨ ᠵᠦᠢᠯᠡᠰ ᠪᠣᠯ ᠡᠮᠴᠢᠯᠡᠭᠡᠨ᠎ᠦ ᠬᠡᠷᠡᠭᠴᠡᠭᠡ ᠪᠠ ᠡᠮ ᠡᠮᠨᠡᠯᠭᠡ᠎ᠶᠢᠨ ᠳᠠᠭᠠᠳᠬᠠᠯ᠎ᠤᠨ ᠲᠣᠭᠠᠴᠠᠭ᠎ᠠ᠎ᠶᠢ ᠬᠣᠯᠪᠣᠭᠰᠠᠨ ᠠᠴᠢᠶᠠᠯᠠᠭ᠍ᠴᠢ ᠮᠥᠨ᠃ ᠡᠮ ᠦᠢᠯᠡᠳᠬᠦ ᠠᠵᠤ ᠠᠬᠤᠢᠯᠠᠯ ᠨᠢ ᠤᠤᠭᠠᠯ ᠡᠭᠦᠳᠦᠯᠲᠡ ᠵᠢᠨ ᠬᠥᠳᠡᠯᠭᠡᠬᠦ ᠬᠦᠴᠦᠨ᠎ᠢᠶᠡᠨ ᠴᠢᠩᠭᠠᠳᠬᠠᠵᠤ᠂ ᠦᠨᠡᠨ ᠬᠦ᠌ ᠰᠢᠪᠲᠤᠯᠤᠯᠲᠠ᠎ᠶᠢᠨ ᠴᠢᠨᠠᠷᠲᠠᠢ᠂ ᠬᠤᠪᠢᠰᠬᠠᠯᠴᠢ ᠴᠢᠨᠠᠷᠲᠠᠢ ᠰᠢᠨ᠎ᠡ ᠡᠮ᠎ᠢ ᠰᠤᠳᠤᠯᠤᠨ ᠨᠡᠭᠡᠭᠡᠬᠦ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠳ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠠᠵᠢᠯ ᠵᠢᠡᠨ ᠰᠢᠯᠢᠳᠡᠭᠵᠢᠭᠦᠯᠵᠦ᠂ ᠡᠪᠡᠳᠴᠢᠲᠡᠨ᠎ᠦ ᠬᠡᠷᠡᠭᠴᠡᠭᠡ ᠱᠠᠭᠠᠷᠳᠠᠯᠭ᠎ᠠ ᠪᠠ ᠡᠮᠴᠢᠯᠡᠭᠡᠨ᠎ᠦ ᠦᠨ᠎ᠡ ᠥᠷᠲᠡᠭ᠎ᠢᠶᠡᠷ ᠤᠳᠤᠷᠢᠳᠤᠮᠵᠢ ᠪᠣᠯᠭᠠᠨ᠂ ᠠᠵᠤ ᠦᠢᠯᠡᠰ ᠬᠢᠭᠡᠳ ᠡᠷᠡᠭᠦᠯ ᠮᠡᠨᠳᠦ᠎ᠶᠢᠨ ᠬᠡᠷᠡᠭᠴᠡᠭᠡ ᠱᠠᠭᠠᠷᠳᠠᠯᠭ᠎ᠠ᠎ᠶᠢ ᠭᠦᠢᠴᠡᠳ ᠵᠣᠯᠭᠠᠭᠤᠯᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ; ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠳᠡᠬᠢ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠡᠮᠴᠢᠯᠡᠭᠡᠨ᠎ᠦ ᠠᠮᠤᠷ ᠲᠦᠪᠰᠢᠨ ᠪᠠ ᠡᠮ ᠡᠮᠨᠡᠯᠭᠡ ᠵᠢᠨ ᠳᠠᠭᠠᠳᠬᠠᠯ᠎ᠤᠨ ᠲᠣᠭᠠᠴᠠᠭ᠎ᠠ᠎ᠶᠢ ᠪᠠᠲᠤᠯᠠᠬᠤ ᠬᠡᠷᠡᠭᠲᠠᠢ; ᠡᠮ᠎ᠦᠨ ᠵᠦᠢᠯᠡᠰ᠎ᠦᠨ ᠪᠠᠷᠢᠮᠵᠢᠶ᠎ᠠ᠎ᠶᠢ ᠳᠡᠭᠡᠭᠰᠢᠯᠡᠭᠦᠯᠬᠦ ᠠᠵᠢᠯᠯᠠᠭᠠᠨ᠎ᠤ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠵᠦ᠂ ᠳᠠᠭᠤᠷᠢᠶᠠᠮᠠᠯ ᠡᠮ᠎ᠦᠨ ᠶᠠᠰᠤ ᠴᠢᠨᠠᠷ ᠪᠠ ᠡᠮᠴᠢᠯᠡᠭᠡᠨ᠎ᠦ ᠦᠢᠯᠡᠳᠦᠯ ᠨᠢᠭᠡᠳᠦᠯᠳᠠᠢ ᠪᠠᠢᠬᠤ ᠴᠢᠨᠠᠷ᠎ᠢ ᠦᠨᠡᠯᠡᠬᠦ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠳᠡᠢ᠃
ᠪᠦᠬᠦ ᠬᠥᠮᠥᠨ᠂ ᠪᠦᠬᠦ ᠠᠮᠢ ᠨᠠᠰᠤᠨ᠎ᠤ ᠦᠶᠡᠯᠡᠯ᠎ᠢ ᠬᠠᠷᠠᠭᠠᠯᠵᠠᠬᠰᠠᠨ ᠡᠷᠡᠭᠦᠯ ᠮᠡᠨᠳᠦ᠎ᠶᠢᠨ ᠡᠷᠬᠡ ᠠᠰᠢᠭ᠋᠎ᠤᠨ ᠳᠦᠷᠢᠮ ᠤᠨ ᠴᠢᠨᠠᠷᠲᠠᠢ ᠱᠢᠰᠲᠸᠮ ᠢ ᠪᠠᠢᠭᠤᠯᠤᠨ᠎ᠠ᠃ ᠣᠳᠣᠬᠠᠨ᠎ᠳᠤ᠂ ᠡᠷᠡᠭᠦᠯ ᠮᠡᠨᠳᠦ᠎ᠶᠢᠨ ᠦᠢᠯᠡᠴᠢᠯᠡᠭᠡ ᠨᠢ ᠲᠠᠩ ᠭᠠᠭᠴᠠ ᠡᠮ ᠡᠮᠴᠢᠯᠡᠭᠡᠨ᠎ᠦ ᠶᠠᠪᠤᠳᠠᠯ ᠪᠢᠰᠢ ᠪᠣᠯᠵᠤ᠂ ᠬᠠᠷᠢᠨ ᠨᠡᠢᠭᠡᠮ᠎ᠦᠨ ᠳᠡᠮᠵᠢᠯᠭᠡ᠎ᠶᠢᠨ ᠰᠢᠰᠲᠧᠮ᠎ᠳᠦ ᠰᠢᠭᠢᠳᠦᠭᠰᠡᠨ ᠳᠦᠷᠢᠮ᠎ᠦᠨ ᠴᠢᠨᠠᠷᠲᠠᠢ ᠪᠠᠲᠤᠯᠠᠭ᠎ᠠ ᠪᠣᠯᠣᠭᠰᠠᠨ ᠪᠠᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠮᠠᠨ᠎ᠤ ᠤᠯᠤᠰ ᠣᠨᠴᠠᠭᠠᠢ ᠬᠦᠴᠢᠷᠳᠡᠯᠲᠡᠢ ᠨᠠᠰᠤᠲᠠᠢᠴᠤᠳ᠎ᠤᠨ ᠭᠡᠷ ᠪᠦᠯᠢ᠎ᠳᠡᠭᠡᠨ ᠨᠠᠰᠤᠵᠢᠯ᠎ᠤᠨ ᠠᠰᠠᠷᠠᠮᠵᠢᠬᠢᠬᠦ ᠥᠭᠡᠷᠡᠴᠢᠯᠡᠯᠲᠡ᠎ᠶᠢ 224 ᠲᠦᠮᠡᠨ ᠡᠷᠦᠭᠡ ᠪᠡᠶᠡᠯᠡᠭᠦᠯᠪᠡ᠃ 2026 ᠣᠨ᠎ᠳᠤ᠂ ᠮᠠᠨ᠎ᠤ ᠤᠯᠤᠰ ᠡᠷᠡᠭᠦᠯᠵᠢᠯ ᠰᠤᠪᠢᠯᠠᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ ᠢᠨᠵᠧᠨᠧᠷᠢᠩ᠎ᠢ ᠬᠡᠷᠡᠭᠵᠢᠭᠦᠯᠬᠦ᠎ᠪᠡᠷ ᠪᠠᠢᠷᠢᠯᠠᠭᠤᠯᠵᠤ᠂ ᠡᠮ ᠡᠮᠴᠢᠯᠡᠭᠡ ᠰᠤᠪᠢᠯᠠᠯᠳᠠ ᠤᠶᠠᠯᠳᠤᠬᠰᠠᠨ ᠦᠢᠯᠡᠴᠢᠯᠡᠭᠡ᠎ᠶᠢ ᠬᠥᠭᠵᠢᠭᠦᠯᠵᠦ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠢ ᠬᠡᠷᠡᠭᠵᠢᠭᠦᠯᠪᠡ᠃ ᠡᠷᠡᠭᠦᠯ ᠴᠢᠭᠢᠷᠠᠭ ᠦᠳᠡᠯᠬᠦ ᠵᠢᠨ ᠭᠣᠣᠯᠳᠠᠯᠭ᠎ᠠ ᠨᠢ ᠴᠢᠳᠠᠮᠵᠢ᠎ᠶᠢ ᠪᠠᠳᠠᠷᠠᠭᠤᠯᠬᠤ᠎ᠶᠢ ᠪᠠᠲᠤᠯᠠᠬᠤ᠎ᠳᠤ ᠤᠷᠤᠰᠢᠵᠤ᠂ ᠲᠠᠩ ᠭᠠᠭᠴᠠ ᠠᠮᠢ ᠨᠠᠰᠤ᠎ᠶᠢ ᠤᠷᠲᠤᠳᠬᠠᠬᠤ ᠶᠠᠪᠤᠳᠠᠯ ᠪᠢᠰᠢ ᠶᠤᠮ᠃ ᠲᠡᠢᠮᠤ ᠡᠴᠡ ᠡᠷᠡᠭᠦᠯᠵᠢᠭᠦᠯᠬᠦ ᠰᠤᠪᠢᠯᠠᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ ᠢᠨᠵᠧᠨᠧᠷᠢᠩ ᠵᠡᠷᠭᠡ ᠨᠢ 《ᠣᠷᠣᠰᠢᠨ ᠠᠮᠢᠳᠤᠷᠠᠬᠤ ᠬᠡᠯᠪᠡᠷᠢ᠎ᠶᠢᠨ ᠨᠠᠰᠤᠵᠢᠯ᠎ᠤᠨ ᠠᠰᠠᠷᠠᠮᠵᠢ》 ᠵᠢ 《ᠴᠢᠳᠠᠮᠵᠢ᠎ᠶᠢᠨ ᠬᠠᠮᠠᠭᠠᠯᠠᠯᠲᠠ᠎ᠶᠢᠨ ᠬᠡᠯᠪᠡᠷᠢ᠎ᠶᠢᠨ ᠨᠠᠰᠤᠵᠢᠯ᠎ᠤᠨ ᠠᠰᠠᠷᠠᠮᠵᠢ》 ᠳᠠᠢᠰᠢ ᠲᠡᠰ ᠳᠡᠪᠱᠢᠭᠦᠯᠬᠦ᠎ᠶᠢ ᠬᠠᠷᠠᠭᠤᠯᠵᠤ ᠪᠣᠶ᠃ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ ᠬᠢᠭᠡᠳ ᠭᠡᠷ᠎ᠲᠡᠬᠡᠨ ᠰᠠᠭᠤᠵᠤ ᠨᠠᠰᠤᠵᠢᠯ᠎ᠤᠨ ᠠᠰᠠᠷᠠᠮᠵᠢ ᠬᠢᠬᠦ᠂ ᠣᠶᠤᠨᠴᠢ ᠨᠠᠰᠤᠵᠢᠯ᠎ᠤᠨ ᠠᠰᠠᠷᠠᠮᠵᠢᠬᠢᠬᠦ ᠶ᠋ᠢ ᠭᠦᠨᠵᠡᠭᠡᠢ ᠠᠭᠤᠰᠤᠯᠴᠠᠭᠤᠯᠬᠤ ᠨᠢ ᠤᠯᠤᠰ᠎ᠤᠨ ᠪᠠᠢᠳᠠᠯ᠎ᠤᠨ ᠣᠨᠴᠠᠯᠢᠭ᠋᠎ᠲᠤ ᠲᠣᠬᠢᠷᠠᠭᠰᠠᠨ ᠡᠷᠡᠭᠦᠯᠵᠢᠯ᠂ ᠨᠠᠰᠤᠵᠢᠯ᠂ ᠬᠠᠷᠠᠭᠠᠯᠵᠠᠨ ᠠᠰᠠᠷᠠᠬᠤ ᠵᠡᠷᠭᠡ ᠨᠡᠢᠭᠡᠮ᠎ᠦᠨ ᠳᠡᠮᠵᠢᠯᠭᠡ᠎ᠶᠢᠨ ᠰᠢᠰᠲᠧᠮ᠎ᠢ ᠪᠠᠶ᠋ᠢᠭᠤᠯᠬᠤ᠎ᠳᠤ ᠠᠰᠢᠭ᠍ᠲᠠᠢ ᠨᠥᠬᠥᠪᠦᠷᠢ ᠪᠣᠯᠵᠤ᠂ ᠨᠠᠰᠤᠲᠠᠢᠴᠤᠳ᠎ᠢ ᠲᠠᠰᠤᠯ ᠣᠷᠴᠢᠨ ᠲᠣᠭᠣᠷᠢᠨ᠎ᠳᠤ᠎ᠨᠢ ᠥᠲᠡᠯᠦᠭᠡ ᠨᠠᠰᠤ᠎ᠪᠠᠨ ᠦᠩᠭᠡᠷᠡᠭᠦᠯᠬᠦ ᠵᠢ ᠪᠡᠶᠡᠯᠡᠭᠦᠯᠵᠦ ᠴᠢᠳᠠᠨ᠎ᠠ᠃ ᠡᠢᠮᠦᠷᠬᠦᠦ ᠬᠡᠪ ᠵᠠᠭᠪᠤᠷ ᠨᠢ ᠨᠠᠰᠤᠲᠠᠢᠴᠤᠳ᠎ᠤᠨ ᠭᠤᠤᠯ ᠴᠣᠭᠴᠠ᠎ᠶᠢᠨ ᠴᠢᠨᠠᠷ ᠪᠠ ᠨᠡᠷ᠎ᠡ ᠬᠦᠨᠳᠦ᠎ᠶᠢ ᠬᠦᠨᠳᠦᠳᠬᠡᠭᠰᠡᠨ ᠮᠥᠷᠲᠡᠭᠡᠨ ᠪᠠᠰᠠ ᠠᠶᠤᠯ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠳᠦᠷᠢᠮᠵᠢᠭᠰᠡᠨ ᠲᠣᠭᠲᠠᠴᠠ᠎ᠪᠠᠷ ᠳᠠᠮᠵᠢᠭᠤᠯᠤᠨ ᠭᠡᠷ ᠪᠦᠯᠢ᠎ᠶᠢᠨ ᠠᠰᠠᠷᠠᠨ ᠬᠠᠷᠠᠭᠠᠯᠵᠠᠬᠤ ᠳᠠᠷᠤᠭᠠᠰᠤ᠎ᠶᠢ ᠬᠥᠩᠭᠡᠯᠡᠭᠰᠡᠨ ᠪᠠᠢᠨ᠎ᠠ᠃
ᠣᠳᠣᠬᠠᠨ᠎ᠳᠤ᠂ ᠪᠥᠬᠥ ᠤᠯᠤᠰ᠎ᠤᠨ ᠬᠡᠪᠴᠢᠶᠡᠨ᠎ᠳᠦ ᠦᠷᠡᠵᠢᠯ᠎ᠦᠨ ᠨᠡᠮᠡᠭᠦᠷᠢ᠎ᠶᠢ ᠰᠢᠭᠤᠳ ᠬᠤᠪᠢ ᠬᠥᠮᠥᠨ᠎ᠳᠦ ᠣᠯᠭᠣᠬᠤ᠎ᠶᠢ ᠪᠡᠶᠡᠯᠡᠭᠦᠯᠵᠦ᠂ ᠡᠯ᠎ᠡ ᠭᠠᠵᠠᠷ᠎ᠤᠨ ᠬᠢᠨ ᠦᠷᠡᠵᠢᠯ᠎ᠦᠨ ᠳᠠᠭᠠᠳᠬᠠᠯ᠎ᠤᠨ ᠠᠷᠠᠳ᠎ᠲᠤ ᠲᠥᠬᠥᠮ ᠦᠵᠡᠭᠦᠯᠵᠦ ᠠᠰᠢᠭ᠋ ᠬᠦᠷᠲᠡᠭᠡᠬᠦ ᠣᠯᠠᠨ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠵᠠᠯᠭᠠᠭ᠎ᠠ᠎ᠪᠠᠷ ᠨᠡᠢᠲᠡᠯᠡᠵᠦ᠂ ᠡᠮᠡᠭᠲᠡᠢᠴᠦᠳ᠎ᠦᠨ ᠦᠷᠡᠵᠢᠯ᠎ᠦᠨ ᠪᠠᠲᠤᠯᠠᠭ᠎ᠠ᠎ᠶᠢᠨ ᠲᠦᠪᠰᠢᠨ᠎ᠢ ᠶᠡᠬᠡᠪᠡᠷ ᠳᠡᠭᠡᠭᠰᠢᠯᠡᠭᠦᠯᠪᠡ᠃ ᠮᠠᠨ᠎ᠤ ᠤᠯᠤᠰ 2026 ᠣᠨ᠎ᠳᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ᠎ᠶᠢᠨ ᠪᠠᠭᠲᠠᠭᠠᠮᠵᠢ᠎ᠶᠢ ᠲᠦᠷᠭᠡᠳᠬᠡᠨ ᠥᠷᠭᠡᠳᠬᠡᠵᠦ᠂ ᠪᠥᠬᠥ ᠤᠯᠤᠰ᠎ᠲᠤ ᠲᠦᠭᠡᠮᠡᠯ ᠬᠠᠷᠠᠭᠠᠯᠵᠠᠯᠲᠤ ᠨᠠᠢᠳᠠᠨ ᠠᠰᠠᠷᠠᠭᠤᠯᠬᠤ ᠣᠷᠣ᠌᠎ᠶᠢ 15 ᠲᠦᠮᠡ ᠰᠢᠨ᠎ᠡ᠎ᠪᠡᠷ ᠨᠡᠮᠡᠭᠳᠡᠭᠦᠯᠦᠨ᠎ᠡ; ᠨᠢᠭᠡ ᠲᠦᠮᠡᠨ ᠡᠮᠴᠢᠯᠡᠭᠡᠨ᠎ᠦ ᠪᠠᠢᠭᠤᠯᠤᠮᠵᠢ ᠡᠷᠲᠡ ᠵᠢᠷᠮᠦᠰᠦᠯᠡᠭᠰᠡᠨᠢ ᠬᠠᠯᠠᠮᠵᠢᠯᠠᠬᠤ ᠡᠭᠦᠳᠡᠨ ᠡᠮᠨᠡᠯᠭᠡ᠎ᠶᠢᠨ ᠦᠢᠯᠡᠴᠢᠯᠡᠭᠡ ᠬᠠᠩᠭᠠᠵᠤ᠂ ᠵᠢᠷᠮᠦᠰᠦᠯᠡᠭᠰᠡᠨ ᠡᠬᠢᠨ᠎ᠦ ᠬᠤᠭᠤᠴᠠᠭᠠᠨ᠎ᠤ ᠡᠮᠡᠭᠲᠡᠢᠴᠦᠳ᠎ᠲᠦ ᠨᠢᠭᠡ ᠥᠷᠲᠡᠭᠡᠴᠢᠯᠡᠭᠰᠡᠨ ᠮᠠᠶᠢᠭ᠎ᠤᠨ ᠲᠥᠬᠥᠮ ᠦᠢᠯᠡᠴᠢᠯᠡᠭᠡ ᠬᠠᠩᠭᠠᠬᠤ ᠪᠣᠯᠣᠨ᠎ᠠ; ᠪᠦᠬᠦᠯᠢ 13 ᠨᠠᠰᠤ ᠬᠦᠷᠦᠭᠰᠡᠨ ᠥᠬᠢᠳ᠎ᠲᠦ ᠤᠯᠤᠰ᠎ᠤᠨ ᠡᠭᠡᠯᠢᠯᠡᠭᠡ᠎ᠶᠢᠨ ᠲᠥᠯᠦᠪᠵᠢᠭᠦᠯᠭᠡ᠎ᠵᠢᠨ HPV ᠸᠠᠺᠼᠢᠨ ᠳᠠᠷᠢᠬᠤ ᠦᠢᠯᠡᠴᠢᠯᠡᠭᠡ᠎ᠶᠢ 2026 ᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲᠧᠮ᠎ᠦᠨ ᠠᠷᠠᠳ ᠲᠤ᠌ ᠦᠢᠯᠡᠴᠢᠯᠡᠬᠦ ᠠᠷᠪᠠᠨ ᠪᠣᠳᠠᠲᠤ ᠶᠠᠪᠤᠳᠠᠯ᠎ᠳᠤ ᠣᠷᠣᠭᠤᠯᠪᠠ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠ ᠡᠬᠡ ᠨᠢᠯᠬᠠᠰ᠎ᠤᠨ ᠡᠷᠡᠭᠦᠯ ᠮᠡᠨᠳᠦ᠎ᠶᠢ ᠬᠠᠮᠠᠭᠠᠯᠠᠬᠤ ᠭᠤᠤᠯᠳᠠᠯᠭ᠎ᠠ ᠵᠢ ᠤᠷᠤᠭ᠍ᠰᠢ ᠰᠢᠯᠵᠢᠭᠦᠯᠦᠭᠰᠡᠨ ᠨᠢ ᠡᠷᠡᠭᠦᠯ ᠮᠡᠨᠳᠦ᠎ᠶᠢ ᠬᠠᠮᠢᠶᠠᠷᠬᠤ ᠠᠵᠢᠯ᠎ᠤᠨ ᠭᠤᠬᠴᠤᠭ᠎ᠠ ᠶᠠᠭ ᠠᠮᠢ ᠨᠠᠰᠤᠨ᠎ᠤ ᠡᠬᠢᠨ᠎ᠦ ᠦᠶ᠎ᠡ ᠳᠠᠢᠰᠢ ᠦᠷᠭᠦᠯᠵᠢᠯᠡᠵᠦ ᠪᠠᠢᠬᠤ᠎ᠶᠢ ᠬᠠᠷᠠᠭᠤᠯᠵᠤ ᠪᠠᠢᠨ᠎ᠠ᠃
ᠬᠢᠲᠠᠳ ᠡᠮ ᠡᠮᠨᠡᠯᠭᠡ ᠵᠢᠨ ᠭᠦᠨᠵᠡᠭᠡᠢ ᠤᠷᠤᠯᠴᠠᠯᠭ᠎ᠠ ᠨᠢ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠡᠷᠡᠭᠦᠯ ᠮᠡᠨᠳᠦ᠎ᠶᠢᠨ ᠬᠠᠮᠢᠶᠠᠷᠤᠯᠲᠠ᠎ᠳᠤ 《ᠡᠪᠡᠳᠴᠢᠯᠡᠬᠦ᠎ᠡᠴᠡ ᠡᠮᠦᠨ᠎ᠡ ᠵᠠᠰᠠᠬᠤ》ᠪᠤᠯᠤᠮᠵᠢ ᠤᠯᠭᠤᠭᠰᠠᠨ ᠪᠠᠢᠨ᠎ᠠ᠃ 2026 ᠣᠨ᠎ᠳᠤ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠎ᠠᠴᠠ《ᠡᠸᠦ᠋ᠷᠦᠫᠡ ᠡᠮᠴᠢ ᠬᠢᠲᠠᠳ ᠡᠮᠨᠡᠯᠭᠡ ᠵᠢ ᠰᠤᠷᠤᠯᠴᠠᠬᠤ》 ᠭᠣᠣᠯᠯᠠᠭ᠍ᠴᠢ ᠴᠢᠳᠠᠪᠤᠷᠢᠲᠠᠨ᠎ᠤ ᠪᠣᠯᠪᠠᠰᠤᠷᠠᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ 3200 ᠡᠸᠦ᠋ᠷᠦᠫᠡ ᠡᠮᠴᠢ᠎ᠶᠢ ᠰᠢᠯᠢᠨ ᠰᠣᠩᠭᠣᠵᠤ ᠬᠢᠲᠠᠳ ᠡᠮᠨᠡᠯᠭᠡ᠎ᠶᠢᠨ ᠪᠣᠯᠪᠠᠰᠤᠷᠠᠯ ᠬᠦᠷᠲᠡᠭᠡᠵᠦ᠂ ᠬᠢᠲᠠᠳ ᠡᠸᠦ᠋ᠷᠦᠫᠡ ᠡᠮᠨᠡᠯᠭᠡ᠎ᠶᠢ ᠤᠶᠠᠯᠳᠤᠭᠤᠯᠵᠤ ᠣᠨᠣᠰᠢᠯᠠᠨ ᠡᠮᠨᠡᠬᠦ ᠠᠷᠭ᠎ᠠ᠎ᠶᠢ ᠴᠢᠳᠠᠮᠠᠭᠠᠢ ᠡᠵᠡᠮᠰᠢᠭᠰᠡᠨ ᠨᠢᠭᠡ ᠪᠦᠯᠦᠭ ᠭᠣᠣᠯᠯᠠᠭ᠍ᠴᠢ ᠴᠢᠳᠠᠪᠤᠷᠢᠲᠠᠨ᠎ᠢ ᠬᠥᠮᠥᠵᠢᠭᠦᠯᠦᠭᠰᠡᠨ ᠪᠠᠢᠨ᠎ᠠ᠃ ᠡᠨᠡ ᠲᠥᠷᠥᠯ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠪᠡᠷ ᠳᠡᠮᠵᠢᠨ᠂ ᠬᠢᠲᠠᠳ ᠡᠸᠦ᠋ᠷᠦᠫᠡ ᠡᠮᠨᠡᠯᠭᠡ᠎ᠶᠢᠨ ᠬᠣᠶᠠᠷ ᠵᠦᠢᠯ᠎ᠦᠨ ᠠᠨᠠᠭᠠᠬᠤ ᠤᠬᠠᠭᠠᠨ᠎ᠤ ᠰᠢᠰᠲᠧᠮ ᠨᠢ ᠶᠠᠭ ᠮᠡᠷᠭᠡᠵᠢᠯ ᠳᠠᠪᠬᠤᠴᠠᠵᠤ ᠪᠠᠢᠭᠰᠠᠨ᠎ᠠᠴᠠ᠎ᠪᠠᠨ ᠲᠠᠨᠢᠨ ᠮᠡᠳᠡᠬᠦᠢ᠎ᠶᠢᠨ ᠠᠭᠤᠰᠤᠯᠴᠠᠯ ᠳᠠᠢᠰᠢ ᠬᠥᠭᠵᠢᠵᠦ ᠪᠤᠢ᠃ ᠬᠢᠲᠠᠳ ᠡᠮ ᠡᠮᠨᠡᠯᠭᠡ᠎ᠶᠢᠨ ᠦᠢᠯᠡᠴᠢᠯᠡᠭᠡᠨ᠎ᠦ ᠰᠢᠰᠲᠧᠮ᠎ᠦᠨ ᠬᠠᠮᠤᠷᠬᠤ ᠬᠡᠪᠴᠢᠶ᠎ᠡ᠎ᠶᠢ ᠥᠷᠭᠡᠳᠬᠡᠬᠦ ᠨᠢ ᠦᠢᠯᠡᠴᠢᠯᠡᠭᠡᠨ᠎ᠦ ᠷᠠᠳᠢᠦᠰᠢ ᠤᠷᠲᠤᠳᠬᠠᠬᠤ᠎ᠪᠠᠷ ᠪᠠᠷᠠᠬᠤ ᠦᠭᠡᠢ᠂ ᠨᠡᠩ ᠴᠤ᠌ ᠨᠢᠭᠡ ᠵᠦᠢᠯ᠎ᠦᠨ ᠡᠷᠡᠭᠦᠯ ᠮᠡᠨᠳᠦ᠎ᠶᠢᠨ ᠭᠦᠨ ᠤᠬᠠᠭᠠᠨ᠎ᠤ ᠲᠦᠭᠡᠮᠡᠯᠵᠢᠯᠲᠡ ᠮᠥᠨ᠂ ᠲᠡᠷᠡ ᠨᠢ ᠪᠡᠶ᠎ᠡ ᠰᠤᠪᠢᠯᠠᠬᠤ ᠣᠢᠯᠠᠭᠠᠭᠳᠠᠬᠤᠨ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠨ ᠣᠷᠣᠭᠤᠯᠵᠤ᠂ ᠪᠣᠳᠠᠭᠠᠯᠢ ᠪᠡᠶ᠎ᠡ᠎ᠶᠢ ᠰᠠᠨᠠᠭᠠᠴᠢᠯᠠᠭ᠎ᠠ ᠦᠭᠡᠢ ᠪᠡᠷ ᠡᠪᠡᠳᠴᠢᠨ ᠡᠮᠭᠡᠭ ᠤᠯᠵᠤ ᠪᠠᠢᠭᠰᠠᠨ᠎ᠠᠴᠠ ᠨᠢ ᠰᠠᠨᠠᠭᠠᠴᠢᠯᠠᠭ᠎ᠠ᠎ᠲᠠᠢ ᠪᠡᠷ ᠡᠷᠡᠭᠦᠯ ᠮᠡᠨᠳᠦ᠎ᠪᠠᠨ ᠬᠠᠮᠢᠶᠠᠷᠬᠤ ᠪᠣᠯᠭᠠᠨ ᠬᠤᠪᠢᠷᠠᠭᠤᠯᠬᠤ ᠪᠤᠯᠤᠨ᠎ᠠ᠃
(ᠵᠣᠬᠢᠶᠠᠭ᠍ᠴᠢ ᠵᠢᠨ ᠬᠠᠶᠢᠭ᠄ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠡᠷᠡᠭᠦᠯ ᠬᠠᠮᠠᠭᠠᠯᠠᠯ᠎ᠤᠨ ᠬᠥᠭᠵᠢᠯᠲᠡ᠎ᠶᠢᠨ ᠰᠤᠳᠤᠯᠭᠠᠨ᠎ᠤ ᠲᠥᠪ)
— 《ᠠᠷᠠᠳ᠎ᠤᠨ ᠡᠳᠦᠷ᠎ᠦᠨ ᠰᠣᠨᠢᠨ》 ᠡᠴᠡ