ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠤᠶ᠎ᠠ
2026-04-17 10:26:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢᠦ ᠫᠸᠩ ᠹᠧᠢ 《ᠤᠯᠠᠭᠠᠨ ᠲᠤᠭ᠎ᠡᠬᠡ ᠨᠤᠤᠷᠠᠭ》 ᠰᠡᠳᠭᠦᠯ᠎ᠤᠨ 2025 ᠣᠨ᠎ᠤ 18 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠵᠢᠮ᠎ᠡ ᠶᠣᠰᠣ᠌᠎ᠶᠢ ᠵᠢᠷᠤᠮᠯᠠᠵᠤ᠂ ᠪᠣᠳᠠᠲᠠᠢ᠎ᠳᠤ ᠰᠠᠭᠤᠷᠢᠯᠠᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠠᠴᠠ᠎ᠶᠢ ᠪᠦᠷᠢᠨᠰᠢᠭᠦᠯᠬᠦ ᠨᠢ ᠨᠡᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠰᠠᠢᠨ ᠬᠦᠴᠦᠨ᠎ᠢ ᠲᠥᠪᠯᠡᠷᠡᠭᠦᠯᠵᠦ ᠬᠦᠴᠦᠨ ᠤᠯᠭᠤᠬᠤ ᠪᠣᠯᠣᠨ᠎ᠠ ᠭᠡᠵᠦ ᠵᠢᠭᠠᠵᠤ ᠭᠠᠷᠭᠠᠪᠠ᠃ ᠡᠩ ᠲᠡᠷᠢᠭᠦᠨ᠎ᠳᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠢ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠦᠷᠢᠯᠳᠦᠭᠦᠯᠬᠦ ᠪᠣᠯ ᠬᠥᠭᠵᠢᠯᠲᠡ᠎ᠶᠢᠨ ᠰᠡᠳᠦᠪ ᠪᠣᠯᠬᠤ ᠪᠥᠭᠡᠳ ᠪᠠᠰᠠ ᠴᠤ᠌ ᠥᠭᠡᠷᠡᠴᠢᠯᠡᠯᠲᠡ᠎ᠶᠢᠨ ᠰᠡᠳᠦᠪ ᠪᠣᠯᠣᠨ᠎ᠠ᠃ ᠭᠠᠭᠴᠠ ᠬᠦ᠌ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠯᠦ᠍ᠭᠡ ᠨᠡᠩ ᠵᠣᠬᠢᠴᠠᠭᠰᠠᠨ ᠦᠢᠯᠡᠳᠪᠦᠷᠢᠯᠡᠯ᠎ᠦᠨ ᠬᠠᠷᠢᠴᠠᠭ᠎ᠠ᠎ᠶᠢ ᠲᠦᠷᠭᠡᠨ ᠪᠦᠷᠢᠯᠳᠦᠭᠦᠯᠪᠡᠯ ᠰᠠᠶᠢ ᠦᠢᠯᠡᠳᠪᠦᠷᠢᠯᠡᠯ᠎ᠦᠨ ᠬᠦᠴᠦᠨ᠎ᠦ ᠳᠡᠰ ᠳᠠᠪᠰᠢᠯᠳᠠ᠎ᠶᠢ ᠲᠦᠷᠭᠡᠳᠬᠡᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠶᠢᠨ ᠤᠷᠤᠭᠰᠢᠲᠠᠢ ᠪᠡᠶᠡᠯᠡᠭᠳᠡᠬᠦ᠎ᠶᠢ ᠠᠬᠢᠭᠤᠯᠵᠤ ᠴᠢᠳᠠᠨ᠎ᠠ᠃ ᠳᠠᠷᠠᠭᠠᠯᠠᠪᠠᠯ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠎ᠢ ᠬᠥᠭᠵᠢᠭᠦᠯᠬᠦ  ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠬᠦ ᠰᠢᠨᠵᠢᠯᠡᠬᠦ ᠤᠬᠠᠭᠠᠨᠴᠢ ᠠᠷᠭ᠎ᠠ᠎ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠡᠷᠬᠡᠪᠰᠢ 《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ》 ᠬᠤᠪᠢᠰᠤᠩᠭᠤᠢ ᠠᠷᠭ᠎ᠠ᠎ᠶᠢᠨ ᠭᠣᠣᠯ ᠴᠢᠮᠦᠭᠡ᠎ᠶᠢ ᠪᠦᠬᠦ ᠲᠠᠯ᠎ᠠ᠎ᠪᠠᠷ ᠣᠨᠣᠪᠴᠢᠲᠠᠢ ᠡᠵᠡᠮᠳᠡᠵᠦ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠡᠪᠳᠡᠵᠦ ᠪᠦᠳᠦᠭᠡᠬᠦ᠎ᠶᠢ ᠨᠢᠭᠡᠳᠬᠡᠬᠦ᠎ᠶᠢ ᠪᠠᠷᠢᠮᠲᠠᠯᠠᠵᠤ᠂ ᠰᠢᠰᠲᠧᠮ᠎ᠦᠨ ᠬᠤᠷᠠᠮᠠᠯ᠎ᠢ ᠪᠠᠷᠢᠮᠲᠠᠯᠠᠵᠤ᠂ ᠡᠯ᠎ᠡ ᠭᠠᠵᠠᠷ ᠣᠷᠣᠨ ᠡᠯ᠎ᠡ ᠬᠦᠷᠢᠶᠡᠨ᠎ᠦ ᠪᠣᠳᠠᠲᠠᠢ ᠨᠥᠬᠥᠴᠡᠯ ᠪᠠ ᠬᠥᠭᠵᠢᠯᠲᠡ᠎ᠶᠢᠨ ᠬᠠᠷᠠᠯᠲᠠ᠎ᠶᠢ ᠣᠨᠣᠴᠠᠲᠠᠢ ᠵᠣᠯᠭᠠᠭᠤᠯᠵᠤ᠂ ᠥᠭᠡᠷᠡᠴᠢᠯᠡᠯᠲᠡ᠎ᠶᠢ ᠲᠠᠰᠤᠷᠠᠯᠳᠠ ᠦᠭᠡᠢ ᠨᠡᠩ ᠭᠦᠨ ᠳᠠᠪᠬᠤᠷᠭ᠎ᠠ ᠲᠡᠢᠰᠢ ᠠᠬᠢᠭᠤᠯᠵᠤ᠂ ᠨᠡᠩ ᠥᠨᠳᠥᠷ ᠲᠦᠪᠰᠢᠨ ᠲᠡᠢᠰᠢ ᠲᠡᠰ ᠲᠡᠪᠰᠢᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠴᠤᠰ ᠳᠤᠨᠢ᠂ ᠰᠢᠯᠢᠳᠡᠭ ᠪᠥᠭᠡᠳ ᠡᠮᠬᠢ ᠳᠢᠭ᠌ᠯᠢᠮ᠎ᠲᠠᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠠᠮᠢ ᠠᠬᠤᠢ᠎ᠶᠢ ᠲᠦᠷᠭᠡᠳᠬᠡᠨ ᠪᠠᠢᠭᠤᠯᠤᠨ᠎ᠠ᠃ ᠬᠣᠷᠸ᠎ᠠ ᠲᠣᠬᠢᠷᠠᠭᠤᠯᠭ᠎ᠠ ᠡᠵᠡᠮᠰᠢᠯ᠎ᠦᠨ ᠪᠠᠢᠭᠤᠯᠤᠯ ᠲᠣᠭᠲᠠᠴᠠ᠎ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠨ᠎ᠡ ᠮᠠᠶᠢᠭ᠎ᠦᠨ  ᠪᠠᠢᠭᠤᠯᠤᠯ᠎ᠢ ᠲᠡᠭᠦᠯᠳᠡᠷᠵᠢᠭᠦᠯᠦᠨ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠤᠨ ᠪᠠᠢᠭᠤᠯᠤᠯᠲᠠ᠎ᠶᠢᠨ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠬᠦ ᠬᠡᠷᠡᠭᠲᠡᠢ᠃ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ  ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ᠎ᠬᠥᠭᠵᠢᠭᠦᠯᠬᠦ ᠪᠠᠢᠭᠤᠯᠤᠯ ᠲᠣᠭᠲᠠᠴᠠ᠎ᠶᠢ ᠪᠦᠷᠢᠨᠰᠢᠭᠦᠯᠵᠦ᠂ ᠣᠯᠠᠨ ᠲᠠᠯ᠎ᠠ᠎ᠪᠠᠷ ᠬᠦᠴᠦᠯᠡᠵᠦ᠂ ᠬᠠᠮᠵᠢᠯᠴᠠᠨ ᠬᠦᠴᠦᠯᠡᠵᠦ᠂ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ᠎ᠤ ᠵᠠᠮ᠎ᠤᠨ ᠳᠦᠷᠢᠮ᠎ᠦᠨ ᠬᠠᠩᠭᠠᠯᠭ᠎ᠠ᠎ᠶᠢ ᠴᠢᠩᠭᠠᠳᠬᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠢᠨ᠎ᠡ᠎ᠶᠢ ᠡᠭᠦᠳᠬᠦ ᠬᠥᠳᠡᠯᠭᠡᠬᠦ ᠡᠨᠧᠷᠭᠢ᠎ᠶᠢ ᠬᠥᠭᠵᠢᠭᠡᠵᠦ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠭᠰᠠᠨ᠂ ᠲᠣᠰ ᠲᠣᠰ᠎ᠤᠨ ᠳᠠᠪᠠᠭᠤᠯᠢᠭ᠋᠎ᠢᠶᠠᠨ ᠪᠠᠳᠠᠷᠠᠭᠤᠯᠤᠭᠰᠠᠨ᠂ ᠵᠣᠬᠢᠴᠠᠩᠭᠤᠢ ᠪᠥᠭᠡᠳ ᠡᠮᠬᠢ ᠵᠢᠷᠤᠮ᠎ᠲᠠᠢ᠂ ᠠᠮᠢᠵᠢᠷᠠᠯ᠎ᠤᠨ ᠬᠦᠴᠦᠨ᠎ᠪᠢᠯᠬᠠᠬᠰᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠠᠮᠢ ᠠᠬᠤᠢ᠎ᠶᠢ ᠪᠠᠢᠭᠤᠯᠬᠤ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号