ᠶᠡᠬᠡ ᠳᠤᠮᠳᠠᠳᠤ ᠪᠠᠭ᠎ᠠ ᠰᠤᠷᠭᠠᠭᠤᠯᠢ ᠬᠠᠮᠵᠢᠯᠴᠠᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠢ ᠠᠬᠢᠭᠤᠯᠬᠤ ᠵᠢᠨ ᠦᠨ᠎ᠡ ᠥᠷᠲᠡᠭ ᠵᠢᠴᠢ ᠪᠡᠶᠡᠯᠡᠭᠦᠯᠬᠦ ᠠᠷᠭ᠎ᠠ ᠵᠠᠮ
2026-04-17 10:40:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠠ ᠵᠢᠶᠠ ᠨᠢ 《ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠡᠷᠳᠡᠮ ᠰᠢᠨᠵᠢᠯᠡᠭᠡᠨ》᠎ᠰᠡᠳᠬᠦᠯ᠎ᠤ᠋ᠨ 2025 ᠣᠨ᠎ᠤ 5 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲᠧᠮ᠎ᠦᠨ ᠴᠢᠬᠤᠯᠠ ᠲᠤᠯᠭᠠᠭᠤᠷᠢ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠨᠢ ᠰᠢᠨ᠎ᠡ᠎ᠶᠢ ᠡᠭᠦᠳᠬᠦ ᠴᠢᠳᠠᠪᠤᠷᠢᠲᠠᠨ᠎ᠳᠤ ᠬᠥᠷᠥᠰᠥ ᠰᠢᠷᠣᠢ ᠬᠠᠩᠭᠠᠭᠰᠠᠨ᠎ᠢᠶᠠᠷ ᠪᠠᠷᠠᠬᠤ ᠦᠭᠡᠢ᠂ ᠤᠯᠤᠰ᠎ᠤᠨ ᠢᠷᠡᠭᠡᠳᠦᠢ᠎ᠶᠢᠨ ᠳᠡᠯᠡᠬᠡᠢ᠎ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠥᠷᠢᠰᠦᠯᠳᠦᠭᠡᠨ᠎ᠳᠡᠬᠢ ᠪᠠᠢᠷᠢ ᠰᠠᠭᠤᠷᠢ᠎ᠶᠢ ᠴᠤ᠌ ᠭᠦᠨᠵᠡᠭᠡᠢ ᠨᠥᠯᠥᠭᠡᠯᠡᠵᠦ ᠪᠠᠢᠭ᠎ᠠ ᠶᠤᠮ ᠭᠡᠵᠦ ᠵᠢᠭᠠᠵᠤ ᠭᠠᠷᠭᠠᠪᠠ᠃ ᠣᠢᠷ᠎ᠠ᠎ᠶᠢᠨ ᠵᠢᠯ᠎ᠳᠦ᠂ ᠮᠠᠨ᠎ᠤ ᠤᠯᠤᠰ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠯ᠎ᠠ᠎ᠪᠠᠷ ᠢᠯᠡᠳᠲᠡ ᠠᠬᠢᠴᠠ᠎ᠲᠠᠢ ᠪᠣᠯᠤᠭᠰᠠᠨ ᠪᠣᠯᠪᠠᠴᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠱᠠᠲᠤᠨ᠎ᠤ ᠰᠢᠨᠵᠢᠯᠡᠬᠦ ᠤᠬᠠᠭᠠᠨ᠎ᠤ ᠴᠢᠳᠠᠪᠤᠷᠢᠲᠠᠨ ᠬᠥᠮᠥᠵᠢᠭᠦᠯᠬᠦ ᠬᠡᠪ ᠵᠠᠭᠪᠤᠷ᠎ᠢ ᠮᠥᠨ ᠬᠦ᠌ ᠲᠡᠭᠦᠯᠳᠡᠷᠵᠢᠭᠦᠯᠬᠦ ᠴᠢᠬᠤᠯᠠᠲᠠᠢ ᠪᠠᠢᠨ᠎ᠠ᠃ 2025 ᠣᠨ᠎ᠳᠤ ᠨᠡᠢᠲᠡᠯᠡᠭᠰᠡᠨ 《ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢᠨ ᠬᠥᠲᠥᠯᠪᠦᠷᠢ (2024 — 2035 ᠣᠨ)》᠎ᠳ᠋ᠤ᠌᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠦᠨ ᠣᠨᠴᠠᠯᠢᠭ᠍ᠲᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠰᠦᠪᠡᠭᠴᠢᠯᠡᠨ ᠪᠠᠢᠭᠤᠯᠵᠤ᠂ 《ᠬᠥᠷᠥᠰᠥ ᠰᠢᠷᠣᠢ᠎ᠶᠢ ᠰᠢᠮᠡᠵᠢᠭᠦᠯᠬᠦ ᠲᠥᠯᠥᠪᠯᠡᠭᠡ》 ᠵᠡᠷᠭᠡ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ᠎ᠲᠤ ᠬᠠᠨᠳᠤᠭᠤᠯᠤᠬᠰᠠᠨ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠎ᠢ ᠲᠦᠭᠡᠮᠡᠯᠵᠢᠭᠦᠯᠵᠦ᠂ ᠲᠡᠳᠡᠨ᠎ᠤ ᠰᠢᠨ᠎ᠡ᠎ᠶᠢ ᠡᠭᠦᠳᠬᠦ ᠳᠠᠯᠳᠠ ᠬᠦᠴᠦᠨ᠎ᠢ ᠨᠡᠭᠡᠭᠡᠨ ᠬᠥᠭᠵᠢᠭᠦᠯᠬᠦ᠎ᠶᠢ ᠬᠦᠴᠦᠯᠡᠨ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠣᠳᠣᠬᠠᠨ᠎ᠳᠤ᠂ ᠳᠡᠯᠡᠬᠡᠢ ᠵᠢᠨ ᠬᠡᠪᠴᠢᠶᠡᠨ᠎ᠳᠦ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠬᠢᠭᠡᠳ ᠰᠠᠭᠤᠷᠢ ᠰᠤᠷᠭᠠᠨ ᠬᠥᠮᠦᠵᠢᠯ᠎ᠢ ᠵᠣᠯᠭᠠᠯᠳᠤᠭᠤᠯᠬᠤ ᠲᠣᠭᠲᠠᠴᠠ ᠲᠠᠰᠤᠷᠠᠯᠲᠠ ᠦᠭᠡᠢ ᠬᠥᠮᠥᠰ᠎ᠦᠨ ᠠᠩᠬᠠᠷᠤᠯ᠎ᠢ ᠲᠠᠲᠠᠵᠤ᠂ ᠨᠡᠪᠲᠡᠷᠡᠭᠦᠯᠬᠦ ᠬᠡᠯᠪᠡᠷᠢ᠎ᠶᠢᠨ ᠴᠢᠳᠠᠪᠤᠷᠢᠲᠠᠨ ᠬᠥᠮᠥᠵᠢᠭᠦᠯᠬᠦ ᠰᠢᠰᠲᠧᠮ᠎ᠢ ᠪᠠᠶ᠋ᠢᠭᠤᠯᠬᠤ ᠨᠢ ᠨᠢᠭᠡᠨᠲᠡ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠴᠢᠬᠤᠯᠠ ᠰᠡᠳᠦᠪ ᠪᠣᠯᠤᠭᠰᠠᠨ ᠪᠠᠢᠨ᠎ᠠ᠃ ᠶᠡᠬᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠬᠠᠮᠵᠢᠯᠴᠠᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠢ ᠠᠬᠢᠭᠤᠯᠬᠤ ᠨᠢ ᠰᠢᠨᠵᠢᠯᠡᠬᠦ ᠤᠬᠠᠭᠠᠨ᠎ᠤ ᠵᠣᠷᠢᠭ᠋ ᠰᠠᠨᠠᠭᠠᠨ᠎ᠤ ᠠᠩᠬᠠᠨ᠎ᠤ ᠰᠡᠬᠡᠭᠡᠷᠡᠭᠦᠯᠦᠯ ᠤᠯᠭᠤᠬᠤ ᠪᠠ ᠬᠠᠢᠨ ᠰᠦᠪᠡᠭᠴᠢᠯᠡᠬᠦ ᠴᠢᠳᠠᠪᠤᠷᠢ᠎ᠶᠢᠨ ᠰᠢᠰᠲᠧᠮ᠎ᠲᠠᠢ ᠬᠥᠮᠥᠵᠢᠯ᠎ᠳᠦ ᠠᠰᠢᠭ᠍ᠲᠠᠢ᠎ᠶᠤᠮ᠂ ᠪᠠᠰᠠ᠎ᠴᠦ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠬᠠᠷᠢᠭᠤᠴᠠᠯᠭ᠎ᠠ᠎ᠶᠢᠨ ᠦᠷᠭᠦᠯᠵᠢᠯᠡᠯ ᠵᠢᠴᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠳᠠᠬᠢᠨ ᠴᠣᠭᠴᠠᠯᠠᠯᠲᠠ᠎ᠪᠤᠯᠬᠤ ᠶᠤᠮ᠃ ᠣᠯᠠᠨ ᠤᠯᠤᠰ᠎ᠤᠨ ᠲᠤᠷᠰᠢᠯᠭ᠎ᠠ᠎ᠠᠴᠠ ᠦᠵᠡᠪᠡᠯ᠂ ᠳᠦᠷᠢᠮ᠎ᠦᠨ ᠪᠠᠲᠤᠯᠠᠭ᠎ᠠ᠂ ᠡᠬᠢ ᠪᠠᠶᠠᠯᠢᠭ᠋᠎ᠤᠨ ᠬᠣᠯᠪᠣᠯᠳᠤᠯ ᠪᠠ ᠰᠤᠷᠤᠯᠭ᠎ᠠ᠎ᠶᠢᠨ ᠱᠠᠲᠤ ᠠᠯᠤᠰᠯᠠᠭᠰᠠᠨ ᠬᠠᠮᠵᠢᠯᠴᠠᠭ᠎ᠠ᠎ᠪᠠᠷ ᠳᠠᠮᠵᠢᠭᠤᠯᠤᠨ᠂ ᠡᠯ᠎ᠡ ᠤᠯᠤᠰ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠦᠨ ᠰᠢᠰᠲᠧᠮ᠎ᠢ ᠦᠷᠭᠦᠯᠵᠢᠯᠡᠨ ᠰᠢᠯᠢᠳᠡᠭᠵᠢᠭᠦᠯᠬᠦ᠎ᠶᠢ ᠨᠡᠢᠳᠡᠮ ᠠᠬᠢᠭᠤᠯᠵᠤ᠂ ᠬᠢᠴᠢᠶᠡᠯ᠎ᠢ ᠬᠠᠮᠲᠤ᠎ᠪᠠᠷ ᠪᠠᠶ᠋ᠢᠭᠤᠯᠬᠤ᠂ ᠳᠡᠯᠭᠡᠨ ᠦᠵᠡᠭᠦᠯᠬᠦ ᠠᠵᠢᠯᠯᠠᠭ᠎ᠠ᠂ ᠪᠠᠭ᠍ᠰᠢ᠎ᠶᠢᠨ ᠬᠥᠭᠵᠢᠯᠲᠡ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠠᠮᠵᠢᠯᠴᠠᠭ᠎ᠠ ᠪᠠ ᠪᠠᠭ᠍ᠰᠢ᠎ᠪᠠᠷ ᠬᠥᠲᠥᠯᠥᠨ ᠳᠠᠭᠠᠭᠤᠯᠬᠤ ᠵᠡᠷᠭᠡ ᠣᠯᠠᠨ ᠡᠰᠢᠲᠦ ᠦᠢᠯᠡᠳᠦᠯᠭᠡ᠎ᠶᠢᠨ ᠵᠠᠭᠪᠤᠷ᠎ᠢ ᠪᠦᠷᠢᠯᠳᠦᠭᠦᠯᠵᠦ᠂ ᠰᠤᠷᠤᠭ᠍ᠴᠢᠳ᠎ᠤᠨ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ ᠪᠠ ᠬᠠᠢᠨ ᠰᠦᠪᠡᠭᠴᠢᠯᠡᠬᠦ ᠴᠢᠳᠠᠪᠤᠷᠢ᠎ᠶᠢ ᠰᠢᠰᠲᠧᠮ᠎ᠲᠠᠢ᠎ᠪᠡᠷ ᠳᠡᠭᠡᠭᠰᠢᠯᠡᠭᠦᠯᠵᠡᠢ᠃ ᠮᠠᠨ᠎ᠤ ᠤᠯᠤᠰ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠬᠥᠮᠥᠨ ᠬᠥᠮᠥᠵᠢᠭᠦᠯᠬᠦ ᠬᠠᠮᠵᠢᠯᠴᠠᠬᠰᠠᠨ ᠲᠣᠭᠲᠠᠴᠠ᠎ᠶᠢ ᠬᠦᠴᠦᠯᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠦᠨ ᠰᠢᠰᠲᠧᠮ᠎ᠢ ᠪᠦᠷᠢᠨᠰᠢᠭᠦᠯᠦᠨ᠂ ᠦᠢᠯᠡᠳᠦᠯᠭᠡ᠎ᠶᠢᠨ ᠲᠠᠪᠴᠠᠩ᠎ᠤᠨ ᠲᠤᠯᠭᠠᠭᠤᠷᠢᠯᠠᠯ᠎ᠢ ᠥᠷᠭᠡᠳᠬᠡᠵᠦ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠳᠤᠮᠳᠠᠬᠢ ᠬᠥᠲᠥᠯᠥᠨ ᠳᠠᠭᠠᠭᠤᠯᠬᠤ ᠬᠢᠭᠡᠳ ᠰᠢᠰᠲᠧᠮ᠎ᠢ ᠪᠦᠷᠢᠯᠳᠦᠭᠦᠯᠬᠦ ᠦᠢᠯᠡᠳᠦᠯ᠎ᠵᠢᠡᠨ ᠪᠠᠳᠠᠷᠠᠭᠤᠯᠬᠤ᠎ᠶᠢ ᠠᠬᠢᠭᠤᠯᠵᠤ᠂ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠤ ᠦᠰᠦᠨ ᠪᠣᠢᠵᠢᠬᠤ ᠰᠠᠢᠨ ᠰᠠᠢᠬᠠᠨ ᠠᠮᠢ ᠠᠬᠤᠢ᠎ᠶᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ᠃ 

《ᠱᠢᠨᠬᠤᠸᠠ ᠵᠤᠬᠢᠶᠠᠯ ᠎ᠤᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号