ᠤᠯᠠᠨ ᠭᠠᠵᠠᠷ ᠲᠦ᠍ ᠬᠢᠷᠠᠭᠤ ᠪᠠᠭᠤᠵᠤ ᠬᠡᠰᠡᠭ ᠭᠠᠵᠠᠷ ᠲᠦ᠍ ᠤᠨᠴᠠ ᠶᠡᠬᠡ ᠴᠠᠰᠤ ᠤᠷᠤᠨ᠎ᠠ
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠢᠷᠡᠬᠦ ᠬᠤᠶᠠᠷ ᠡᠳᠤᠷ ᠨᠡᠯᠢᠶᠡᠳ ᠴᠢᠩᠭ᠎ᠠ ᠬᠦᠢᠲᠡᠨ ᠠᠭᠠᠷ ᠤ᠋ᠨ ᠨᠦᠯᠤᠬᠡᠯᠡᠯ ᠵᠢᠡᠷ ᠦᠪᠦᠷ ᠮᠤᠡᠭᠭᠤᠯ ᠤ᠋ᠨ ᠶᠡᠬᠡᠡᠭᠭᠢ ᠭᠠᠵᠠᠷ ᠲᠤ᠌ ᠪᠤᠷᠤᠭᠠᠨ ᠴᠠᠰᠤ ᠤᠷᠤᠵᠤ᠂ ᠬᠡᠰᠡᠭ ᠭᠠᠵᠠᠷ ᠲᠦ᠍ ᠤᠨᠴᠠ ᠶᠡᠬᠡ ᠴᠠᠰᠤ ᠤᠷᠤᠨ᠎ᠠ᠂ ᠤᠯᠠᠨ ᠭᠠᠵᠠᠷ ᠲᠦ᠍ ᠬᠢᠷᠠᠭᠤ ᠪᠠᠭᠤᠵᠤ᠂ ᠵᠠᠷᠢᠮ ᠭᠠᠵᠠᠷ ᠲᠦ᠍ ᠡᠯᠡᠰᠤᠨ ᠰᠢᠭᠤᠷᠭ᠎ᠠ ᠲᠡᠭᠳᠡᠨᠠ᠃
4 ᠰᠠᠷ᠎ᠠ ᠢ᠋ᠢᠨ 18 — 20 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠳᠤᠮᠳᠠ ᠪᠡᠶ᠎ᠡ ᠢ᠋ᠢᠨ ᠡᠮᠦᠨ᠎ᠠ ᠬᠡᠰᠡᠭ ᠪᠤᠯᠤᠨ ᠵᠡᠭᠦᠨ ᠬᠣᠢᠲᠤ ᠬᠡᠰᠡᠭ᠂ ᠵᠡᠭᠦᠨ ᠪᠡᠶ᠎ᠠ ᠢ᠋ᠢᠨ ᠶᠡᠬᠡᠩᠬᠢ ᠭᠠᠵᠠᠷ ᠲᠤ᠌ ᠪᠠᠭ᠎ᠠ ᠪᠣᠷᠣᠭᠠᠨ᠂ ᠪᠠᠭ᠎ᠠ ᠴᠠᠰᠤ ᠪᠤᠶᠤ ᠪᠣᠷᠣᠭᠠᠨ ᠴᠠᠰᠤ ᠬᠣᠯᠢᠯᠳᠤᠨ ᠣᠷᠣᠨ᠎ᠠ᠃ ᠡᠭᠦᠨ ᠳ᠋ᠤ᠂ ᠱᠢᠯᠢ ᠢ᠋ᠢᠨ ᠭᠤᠤᠯ ᠠᠢᠮᠠᠭ ᠤ᠋ᠨ ᠵᠡᠭᠦᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠪᠠᠷᠠᠭᠤᠨ ᠬᠣᠢᠲᠤ ᠪᠡᠶ᠎ᠠ᠂ ᠬᠥᠯᠥᠨ ᠪᠣᠢᠷ ᠬᠣᠲᠠ ᠢ᠋ᠢᠨ ᠪᠠᠷᠠᠭᠤᠨ ᠡᠮᠦᠨ᠎ᠠ ᠪᠡᠶ᠎ᠠ᠂ ᠳᠤᠮᠳᠠ ᠪᠡᠶ᠎ᠠ ᠪᠤᠯᠤᠨ ᠬᠣᠢᠲᠤ ᠪᠡᠶ᠎ᠠ ᠳ᠋ᠤ ᠳᠤᠮᠳᠠ ᠡᠴᠡ ᠶᠡᠬᠡ ᠴᠠᠰᠤ ᠣᠷᠣᠵᠤ᠂ ᠬᠡᠰᠡᠭ ᠭᠠᠵᠠᠷ ᠲᠦ᠍ ᠤᠨᠴᠠ ᠶᠡᠬᠡ ᠴᠠᠰᠤ ᠣᠷᠣᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤ ᠵᠢᠨ ᠬᠤᠷᠠᠮᠳᠤᠯ ᠤ᠋ᠨ ᠬᠡᠮᠵᠢᠶ᠎ᠠ 10 — 18 ᠮᠢᠯᠢᠮᠸᠲᠷ ᠬᠦᠷᠤᠨ᠎ᠠ᠃
4 ᠰᠠᠷ᠎ᠠ ᠢ᠋ᠢᠨ 18 — 20 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 8 — 10 ᠭᠷᠠᠳᠦ᠋ᠰ ᠪᠠᠭᠤᠷᠠᠨ᠎ᠠ᠃ ᠡᠭᠦᠨ ᠳ᠋ᠤ᠂ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠤ᠋ᠨ ᠠᠭᠠᠷ ᠤ᠋ᠨ ᠳᠤᠯᠠᠭᠠᠨ 12 — 16 ᠭᠷᠠᠳᠦ᠋ᠰ ᠪᠠᠭᠤᠷᠠᠨ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 18 ᠭᠷᠠᠳᠦ᠋ᠰ ᠡᠴᠡ ᠳᠡᠭᠡᠭ᠌ᠰᠢ ᠪᠠᠭᠤᠷᠠᠵᠤ᠂ ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠪᠡᠶ᠎ᠠ ᠢ᠋ᠢᠨ ᠪᠠᠷᠠᠭᠤᠨ ᠬᠡᠰᠡᠭ ᠪᠤᠯᠤᠨ ᠬᠣᠢᠲᠤ ᠬᠡᠰᠡᠭ ᠲᠤ᠌ ᠬᠢᠷᠠᠭᠤ ᠪᠠᠭᠤᠨ᠎ᠠ᠃
4 ᠰᠠᠷ᠎ᠠ ᠢ᠋ᠢᠨ 18 — 20 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠲᠤ᠌ ᠪᠠᠷᠠᠭᠤᠨ ᠬᠤᠢᠨ᠎ᠠ ᠪᠤᠶᠤ ᠡᠮᠦᠨ᠎ᠠ ᠡᠴᠡ 5 — 6 ᠲᠠᠰ᠂ ᠣᠬᠣᠷ ᠬᠤᠭᠤᠴᠠᠭᠠᠨ ᠳ᠋ᠤ 7 ᠲᠠᠰ ᠤ᠋ᠨ ᠶᠡᠬᠡ ᠰᠠᠯᠬᠢ ᠰᠠᠯᠬᠢᠯᠡᠨᠠ᠃ ᠡᠭᠦᠨ ᠳ᠋ᠤ᠂ ᠪᠠᠷᠠᠭᠤᠨ ᠪᠡᠶ᠎ᠡ ᠢ᠋ᠢᠨ ᠬᠣᠢᠲᠤ ᠬᠡᠰᠡᠭ᠂ ᠳᠤᠮᠳᠠ ᠪᠡᠶ᠎ᠡ ᠢ᠋ᠢᠨ ᠬᠣᠢᠲᠤ ᠬᠡᠰᠡᠭ ᠪᠤᠯᠤᠨ ᠵᠡᠭᠦᠨ ᠬᠡᠰᠡᠭ᠂ ᠵᠡᠭᠦᠨ ᠪᠡᠶ᠎ᠡ ᠢ᠋ᠢᠨ ᠪᠠᠷᠠᠭᠤᠨ ᠬᠡᠰᠡᠭ ᠪᠤᠯᠤᠨ ᠡᠮᠦᠨ᠎ᠡ ᠬᠡᠰᠡᠭ ᠲᠤ᠌ 8 ᠲᠠᠰ ᠡᠴᠡ ᠳᠡᠭᠡᠭ᠌ᠰᠢᠬᠢ ᠶᠡᠬᠡ ᠰᠠᠯᠬᠢ ᠰᠠᠯᠬᠢᠯᠡᠨ᠂ ᠵᠠᠷᠢᠮ ᠭᠠᠵᠠᠷ ᠲᠤ᠌ 11 ᠲᠠᠰ ᠤ᠋ᠨ ᠶᠡᠬᠡ ᠰᠠᠯᠬᠢ ᠰᠠᠯᠬᠢᠯᠡᠵᠤ᠂ ᠳᠤᠮᠳᠠ ᠪᠡᠶ᠎ᠠ ᠪᠤᠯᠤᠨ ᠪᠠᠷᠠᠭᠤᠨ ᠪᠡᠶ᠎ᠡ ᠢ᠋ᠢᠨ ᠶᠡᠬᠡᠩᠬᠢ ᠭᠠᠵᠠᠷ ᠂ ᠵᠡᠭᠦᠨ ᠪᠡᠶ᠎ᠡ ᠢ᠋ᠢᠨ ᠡᠮᠦᠨ᠎ᠡ ᠬᠡᠰᠡᠭ ᠲᠤ᠌ ᠡᠯᠡᠰᠤ ᠲᠤᠭᠤᠰᠤ ᠳᠡᠭᠳᠡᠵᠤ᠂ ᠵᠠᠷᠢᠮ ᠭᠠᠵᠠᠷ ᠲᠤ᠌ ᠡᠯᠡᠰᠦᠨ ᠱᠢᠭᠤᠷᠭᠠ ᠳᠡᠭᠳᠡᠨᠠ᠃