4 ᠰᠠᠷ᠎ᠠ ᠵᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠬᠡᠷ ᠡᠴᠡ ᠪᠥᠬᠥ ᠣᠷᠣᠨ ᠤ᠋ ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢᠨ ᠢᠨᠵᠧᠨᠧᠷᠢᠩ ᠢ᠋ ᠬᠡᠷᠡᠭᠵᠢᠭᠦᠯᠦᠭᠰᠡᠨ ᠪᠠᠢᠳᠠᠯ ᠤ᠋ᠨ ᠲᠤᠬᠠᠶ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠬᠤᠷᠠᠯ ᠡᠴᠡ ᠤᠢᠯᠠᠭᠠᠭᠰᠠᠨ ᠵᠢᠡᠷ᠂ 2026 ᠣᠨ ᠳ᠋ᠤ᠂ ᠵᠢᠷᠮᠤᠰᠤᠯᠡᠭᠰᠡᠨ ᠠᠩᠬᠠᠨ ᠤ᠋ ᠬᠤᠭᠤᠴᠠᠭ᠎ᠠ ᠵᠢᠨ ᠢᠯᠡᠷᠡᠯᠢ ᠪᠠᠢᠴᠠᠭᠠᠬᠤ ᠡᠭᠦᠳᠡᠨ ᠡᠮᠨᠡᠯᠭᠡ ᠵᠢᠨ ᠪᠠᠢᠭᠤᠯᠤᠯᠲᠠ ᠵᠢᠨ ᠨᠣᠷᠮ᠎ᠠ ᠵᠢ 100% ᠳ᠋ᠤ ᠬᠦᠷᠭᠡᠵᠤ᠂ ᠬᠣᠰᠢᠭᠤ ᠰᠢᠶᠠᠨ ︵ᠬᠣᠲᠠ᠂ ᠲᠣᠭᠣᠷᠢᠭ︶ ᠨᠢᠭᠡᠪᠦᠷᠢ ᠳ᠋ᠤ ᠨᠠᠭᠠᠳᠤ ᠵᠠᠬ᠎ᠠ ᠳ᠋ᠠᠭᠠᠨ 1︽ᠮᠸᠩ ᠪᠦᠦ ᠥᠷᠲᠡᠭᠡ︾ ᠨᠡᠢᠭᠡᠮ ᠲᠣᠭᠣᠷᠢᠭ ᠤ᠋ᠨ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠦᠢᠯᠡᠴᠢᠯᠡᠭᠡᠨ ᠤ᠋ ᠪᠠᠢᠭᠤᠯᠤᠮᠵᠢ ᠵᠢ ᠪᠦᠳᠦᠭᠡᠨ ᠪᠠᠢᠭᠤᠯᠵᠤ᠂ 3 ᠨᠠᠰᠤᠨ ᠡᠴᠡ ᠳᠣᠷᠣᠭᠰᠢᠬᠢ ᠨᠢᠯᠬ᠎ᠠ ᠬᠡᠦᠭᠡᠳ ᠤ᠋ᠨ ᠴᠡᠴᠡᠷᠯᠢᠭ ᠲᠦ᠍ ᠣᠷᠣᠬᠤ ᠨᠣᠷᠮ᠎ᠠ ᠵᠢ ᠵᠠᠭᠤᠨ ᠤ᠋ ᠬᠠᠷᠢᠴᠠᠯ ᠵᠢᠡᠷ 1.1 ᠬᠤᠪᠢ ᠨᠡᠮᠡᠭᠳᠡᠭᠦᠯᠦᠨ᠎ᠡ᠃
ᠥᠪᠥᠷ ᠮᠣᠩᠭᠣᠯ ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠦᠷᠡᠵᠢᠯ ᠤ᠋ᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠬᠥᠮᠦᠨ ᠠᠮᠠ ᠵᠢᠨ ᠣᠷᠳᠣ ᠬᠤᠭᠤᠴᠠᠭᠠᠨ ᠤ᠋ ᠲᠡᠩᠴᠡᠭᠦᠷᠢᠲᠡᠶ ᠬᠥᠭᠵᠢᠯᠲᠡ ᠵᠢ ᠠᠬᠢᠭᠤᠯᠬᠤ᠂ ᠦᠷᠡᠵᠢᠯ ᠤ᠋ᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮ ᠢ᠋ ᠲᠡᠭᠦᠯᠳᠡᠷᠵᠢᠭᠦᠯᠵᠦ ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢ ᠠᠬᠢᠭᠤᠯᠬᠤ ᠵᠡᠷᠭᠡ ᠠᠯᠢ ᠣᠯᠠᠨ ᠴᠢᠬᠤᠯᠠ ᠪᠢᠴᠢᠭ ᠮᠠᠲ᠋ᠧᠷᠢᠶᠠᠯ ᠢ᠋ ᠤᠷᠢᠳ ᠬᠣᠵᠢᠳ ᠲᠣᠭᠲᠠᠭᠠᠨ ᠨᠡᠢᠲᠡᠯᠡᠵᠦ᠂ ᠵᠤᠷᠢᠭᠵᠢᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠬᠡᠦᠭᠡᠳ ᠪᠣᠢᠵᠢᠭᠤᠯᠬᠤ ᠨᠥᠬᠥᠪᠥᠷᠢ ᠵᠢᠨ ᠲᠦᠷᠢᠮ 47.7 ᠲᠦᠮᠡᠨ ᠬᠥᠮᠦᠨ ᠳ᠋ᠤ ᠠᠰᠢᠭ ᠬᠦᠷᠲᠡᠭᠡᠵᠤ᠂ ᠪᠠᠢᠩᠭᠤ ᠰᠠᠭᠤᠷᠢᠰᠢᠭ᠎ᠠ ᠮᠢᠩᠭᠠᠨ ᠬᠥᠮᠦᠨ ᠠᠮᠠ ᠪᠦᠷᠢ ᠳ᠋ᠤ ᠨᠠᠢᠳᠠᠨ ᠰᠠᠭᠠᠲᠠᠭᠤᠯᠵᠤ ᠬᠦᠮᠦᠵᠢᠭᠦᠯᠬᠦ ᠦᠢᠯᠡᠴᠢᠯᠡᠭᠡᠨ ᠤ᠋ ᠤᠷᠤ 4.64 ᠪᠣᠯᠵᠤ᠂ ᠵᠢᠷᠮᠤᠰᠤᠨ ᠤ᠋ ᠠᠩᠬᠠᠨ ᠤ᠋ ᠬᠤᠭᠤᠴᠠᠭ᠎ᠠ ᠵᠢᠨ ᠡᠭᠦᠳᠡᠨ ᠡᠮᠨᠡᠯᠭᠡ ᠵᠢ 256 ᠪᠦᠳᠦᠭᠡᠨ ᠪᠠᠢᠭᠤᠯᠵᠤ ᠳᠠᠭᠤᠰᠬᠠᠨ᠂ ᠲᠤᠰᠠᠯᠠᠬᠤ ᠦᠷᠡᠵᠢᠯ ᠤ᠋ᠨ ᠪᠠᠢᠭᠤᠯᠤᠮᠵᠢ ᠵᠢ 9 ᠪᠦᠳᠦᠭᠡᠨ ᠪᠠᠢᠭᠤᠯᠵᠤ᠂ ᠪᠥᠬᠥ ᠣᠷᠣᠨ ᠤ᠋ ᠪᠣᠶ ᠪᠥᠬᠥᠶ ᠬᠥᠩᠭᠡᠵᠢᠭᠦᠯᠬᠦ ᠪᠠᠢᠭᠤᠯᠤᠮᠵᠢ ᠴᠥᠮ ᠨᠢᠷᠠᠶ ᠬᠡᠦᠭᠡᠳ ᠤ᠋ᠨ ᠡᠪᠡᠳᠴᠢᠨ ᠡᠮᠭᠡᠭ ᠢ᠋ ᠰᠢᠭᠰᠢᠨ ᠪᠠᠢᠴᠠᠭᠠᠬᠤ ᠦᠢᠯᠡᠴᠢᠯᠡᠭᠡ ᠬᠠᠩᠭᠠᠵᠤ ᠳᠡᠢᠯᠬᠦ ᠪᠤᠯᠪᠠ᠃
2026 ᠣᠨ ᠳ᠋ᠤ᠂ ᠥᠪᠥᠷ ᠮᠣᠩᠭᠣᠯ ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢᠨ ᠢᠨᠵᠧᠨᠧᠷᠢᠩ ᠢ᠋ ︽ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ︾ ᠳ᠋ᠤ ᠣᠷᠣᠭᠤᠯᠤᠨ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳ᠋ᠤ ᠰᠠᠭᠤᠷᠢᠯᠠᠨ᠂ ᠣᠯᠠᠨ ᠲᠦᠮᠡᠨ ᠤ᠋ ᠬᠡᠷᠡᠭᠴᠡᠭᠡ ᠱᠠᠭᠠᠷᠳᠠᠯᠭ᠎ᠠ ᠳ᠋ᠤ ᠠᠩᠬᠠᠷᠤᠯ ᠵᠢᠠᠨ ᠬᠠᠨᠳᠤᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠰᠢᠰᠲ᠋ᠧᠮ ᠳ᠋ᠡᠬᠢ 《ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢᠨ ᠢᠨᠵᠧᠨᠧᠷᠢᠩ ᠢ᠋ ᠬᠡᠷᠡᠭᠵᠢᠭᠦᠯᠬᠦ ᠲᠥᠰᠦᠯ》 ᠢ᠋ ᠰᠤᠳᠤᠯᠤᠨ ᠳᠤᠭᠳᠠᠭᠠᠵᠤ᠂ 3 ᠰᠠᠷ᠎ᠠ ᠵᠢᠨ 20 ᠤ᠋ ᠡᠳᠦᠷ ᠵᠢᠩᠬᠢᠨᠢ ᠪᠡᠷ ᠳᠠᠷᠤᠮᠠᠯᠯᠠᠨ ᠲᠠᠷᠬᠠᠭᠠᠪᠠ᠃ ᠪᠣᠳᠠᠲᠠᠶ ᠳ᠋ᠤ᠂ ᠵᠢᠷᠮᠤᠰᠤᠯᠡᠭᠰᠡᠨ ᠠᠩᠬᠠᠨ ᠤ᠋ ᠬᠤᠭᠤᠴᠠᠭ᠎ᠠ ᠵᠢᠨ ᠬᠠᠯᠠᠮᠵᠢᠯᠠᠯ ᠢ᠋ ᠳᠡᠯᠭᠡᠷᠡᠭᠦᠯᠬᠦ᠂ ᠦᠷᠡᠵᠢᠯ ᠤ᠋ᠨ ᠨᠦᠭᠦᠷᠰᠡᠭ ᠡᠮᠨᠡᠯᠭᠡ ᠵᠢᠨ ᠬᠤᠷᠢᠶ᠎ᠠ ᠪᠤᠯᠤᠨ ᠬᠡᠦᠭᠡᠳ ᠲᠦ᠍ ᠨᠦᠭᠦᠷᠰᠡᠭ ᠡᠮᠨᠡᠯᠭᠡ ᠵᠢᠨ ᠬᠤᠷᠢᠶ᠎ᠠ ᠵᠢ ᠪᠦᠳᠦᠭᠡᠨ ᠪᠠᠢᠭᠤᠯᠬᠤ᠂ ᠵᠡᠷᠡᠮᠳᠡᠭ ᠬᠡᠦᠭᠡᠳ ᠲᠦᠷᠦᠭᠦ ᠵᠢ ᠡᠮᠨᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ᠂ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠦᠢᠯᠡᠴᠢᠯᠡᠭᠡ ᠵᠢ ᠦᠷᠭᠡᠳᠭᠡᠭᠦ᠂ ᠦᠷᠡᠵᠢᠯ ᠤ᠋ᠨ ᠨᠦᠭᠦᠷᠰᠡᠭ ᠤᠢᠯᠠᠭᠠᠭᠳᠠᠬᠤᠨ ᠢ᠋ ᠳᠠᠮᠵᠢᠭᠤᠯᠬᠤ ᠵᠡᠷᠭᠡ ᠳᠠᠪᠤᠨ ᠳᠤᠰᠬᠠᠢ ᠠᠵᠢᠯᠯᠠᠭᠠᠨ ᠢ᠋ ᠬᠡᠷᠡᠭᠵᠢᠭᠦᠯᠵᠦ᠂ ᠦᠷᠡᠵᠢᠯ ᠤ᠋ᠨ ᠳᠡᠮᠵᠢᠯᠭᠡ ᠵᠢᠨ ᠪᠥᠬᠥ ᠬᠡᠯᠬᠢᠶ᠎ᠡ ᠵᠢᠨ ᠦᠢᠯᠡᠴᠢᠯᠡᠭᠡ ᠵᠢ ᠲᠤᠭᠤᠰᠢᠯᠠᠭᠤᠯᠤᠨ᠎ᠠ᠃