ᠦᠪᠦᠷ ᠮᠤᠩᠭᠤᠯ ᠤ᠋ᠨ ᠭᠤᠷᠪᠠᠨ ᠴᠠᠬᠳᠠᠭ᠎ᠠ ᠲᠦᠪ ᠲᠸᠯᠸᠢᠰ ᠤ᠋ᠨ ᠲᠠᠢᠰᠠᠨ ᠳ᠋ᠸ᠋ ᠭᠠᠷᠴᠦ ᠴᠤᠬ ᠵᠢᠪᠬᠤᠭ᠎ᠠ ᠪᠠᠨ ᠭᠠᠢᠬᠠᠭᠤᠯᠵᠠᠢ
2026-04-17 10:49:45
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠭᠸᠦ ᠶᠠᠨ᠂ ᠹᠠᠨ ᡁᠢ ᠭᠦᠸᠧ᠂ ᠭᠤᠤ ᠵᠢᠶᠦ᠋ᠨ ᠭᠤᠷᠪᠠᠨ ᠴᠠᠬᠳᠠᠭ᠎ᠠ ᠦᠪᠦᠷ ᠮᠤᠩᠭᠤᠯ ᠤ᠋ᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢ ᠲᠦᠯᠦᠬᠡᠯᠡᠨ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠶ᠋ᠢᠨ CCTV - 3 《ᠪᠠᠢᠯᠳᠤᠬᠤ ᠲᠤᠲᠤᠮ ᠡᠷᠡᠯᠬᠡᠭ ᠪᠠᠭᠠᠲᠤᠷᠯᠢᠭ》 ᠫᠷᠤᠭ᠌ᠷᠡᠮ ᠳ᠋ᠸ᠋ ᠭᠠᠷᠴᠤ᠌᠂ ᠪᠥᠬᠥ᠌ ᠤᠯᠤᠰ᠎ᠤᠨ ᠦᠵᠡᠭ᠌ᠴᠢᠳ᠎ᠲᠦ ᠲᠡᠯᠪᠡᠷᠡᠬᠦ ᠪᠤᠳᠠᠰ ᠎ᠢ ᠠᠷᠢᠯᠭᠠᠵᠤ ᠪᠠᠢᠭ᠎ᠠ ᠴᠠᠭ᠍ᠳᠠᠭ᠎ᠠ᠎ᠶ᠋ᠢᠨ ᠴᠤᠬ ᠵᠢᠪᠬᠤᠭ᠎ᠠ ᠵᠢ ᠭᠠᠢᠬᠠᠭᠤᠯᠵᠠᠢ᠃

ᠭᠸᠦ ᠶᠠᠨ᠂ ᠪᠤᠭᠤᠳᠤ ᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠰᠦᠷᠳᠡᠬᠦᠯᠦᠯ ᠎ᠢ ᠡᠰᠡᠷᠬᠦᠴᠡᠬᠦ ᠪᠠ ᠤᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠤᠨᠴᠠ ᠲᠦᠷᠦᠯ ᠤ᠋ᠨ ᠴᠠᠬᠳᠠᠭ᠎ᠠ ᠵᠢᠨ ᠭᠠᠪᠰᠢᠭᠠᠢ ᠶᠡᠬᠡ ᠠᠩᠬᠢ ᠵᠢᠨ ᠬᠤᠶᠠᠳᠤᠭᠠᠷ ᠲᠡᠰ ᠤ᠋ᠨ ᠴᠠᠬᠳᠠᠭᠠᠨ ᠤ᠋ ᠲᠠᠷᠤᠭ᠎ᠠ᠃ ᠴᠠᠬᠳᠠᠭ᠎ᠠ ᠵᠢᠨ ᠠᠵᠢᠯ ᠳ᠋ᠸ᠋ ᠭᠠᠷᠮᠠᠭᠠᠢᠯᠠᠬᠰᠠᠨ 11 ᠵᠢᠯ᠎ᠳᠦ᠂ ᠭᠸᠦ ᠶᠠᠨ ᠢᠮᠠᠭ᠍ᠲᠠ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠡᠮᠦᠨ᠎ᠡ᠎ᠨᠢ ᠭᠠᠪᠱᠢᠭᠠᠢᠯᠠᠵᠤ᠂ ᠠᠮᠤᠷ ᠲᠦᠪᠱᠢᠨ᠎ᠦ ᠪᠠᠢᠴᠠᠭᠠᠯᠲᠠ᠎ᠶ᠋ᠢᠨ ᠠᠮᠤᠷ᠎ᠢ ᠬᠠᠮᠠᠭᠠᠯᠠᠬᠤ᠂ ᠵᠡᠪᠰᠡᠭ᠌ᠲᠦ ᠴᠠᠭ᠍ᠳᠠᠯᠲᠠ᠂ ᠪᠠᠷᠢᠪᠴᠢᠯᠠᠨ ᠬᠦᠷᠬᠡᠬᠦ᠌ ᠵᠡᠷᠭᠡ ᠡᠯ᠎ᠡ ᠲᠥᠷᠥᠯ᠎ᠦᠨ ᠦᠶ᠋ᠯᠡᠴᠢᠯᠡᠭᠡᠨ᠎ᠦ ᠠᠵᠢᠯ᠎ᠳᠤ ᠨᠡᠢᠲᠡ 700 ᠭᠠᠷᠤᠶ ᠤᠳᠠᠭ᠎ᠠ ᠣᠷᠣᠯᠴᠠᠵᠤ᠂ ᠤᠳᠠᠭ᠎ᠠ ᠪᠦᠷᠢ ᠴᠥᠮ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ᠂ ᠥᠴᠦᠬᠡᠨ ᠴᠦ᠍ ᠴᠠᠯᠠᠭᠠᠢᠳᠠᠬᠰᠠᠨ ᠦᠬᠡᠢ᠃ ᠤᠷᠤᠯᠳᠤᠭᠠᠨ᠎ᠤ ᠲᠠᠯᠠᠪᠤᠷ᠎ᠲᠤ ᠭᠸᠦ ᠶᠠᠨ ᠡᠮᠡᠭᠳᠡᠢ ᠴᠠᠬᠳᠠᠭ᠎ᠠ ᠵᠢᠨ ᠤᠷ᠎ᠠ ᠠᠪᠢᠶᠠᠰ ᠎ᠢ ᠭᠠᠢᠬᠠᠭᠤᠯᠤᠨ᠂ 2023 ᠣᠨ᠎ᠤ ᠡᠪᠦᠯ᠎ᠦᠨ ᠤᠯᠠᠷᠢᠯ᠎ᠤᠨ ᠴᠠᠭ᠍ᠳᠠᠭᠠᠨ᠎ᠤ ᠪᠡᠶ᠎ᠡ᠎ᠶ᠋ᠢᠨ ᠲᠠᠮᠢᠷ᠎ᠤᠨ ᠮᠥᠷᠥᠢᠴᠡᠭᠡᠨ᠎ᠳᠦ᠂ ᠠᠩᠭᠢ᠎ᠶ᠋ᠢᠨ ᠨᠥᠬᠥᠳ᠎ᠲᠡᠶ᠎ᠪᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠷᠡᠯᠬᠡᠭ᠌ᠯᠡᠨ ᠲᠡᠮᠡᠴᠡᠵᠦ᠍᠂ ᠨᠢᠭᠡ ᠯᠡ ᠳᠡᠭᠡᠷ᠎ᠡ ᠪᠦᠯᠬᠦᠮ᠎ᠦᠨ ᠨᠢᠭᠡᠳᠦᠭᠡᠷ᠎ᠲᠦ ᠣᠷᠣᠵᠤ᠂ ᠬᠤᠪᠢ ᠬᠥᠮᠦᠨ ᠤ᠋ ᠨᠢᠬᠡᠳᠦᠬᠡᠷ ᠲᠡᠰ ᠲᠦ᠍ ᠲᠤᠳᠤᠷᠠᠵᠠᠢ᠃

ᠹᠠᠨ ᡁᠢ ᠭᠦᠸᠧ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠴᠠᠬᠳᠠᠭ᠎ᠠ᠃ ᠴᠠᠬᠳᠠᠭ᠎ᠠ ᠵᠢᠨ ᠠᠵᠢᠯ ᠳ᠋ᠸ᠋ ᠭᠠᠷᠮᠠᠭᠠᠢᠯᠠᠬᠰᠠᠨ 23 ᠵᠢᠯ᠎ᠦᠨ ᠲᠤᠷᠰᠢ᠂ ᠹᠠᠨ ᡁᠢ ᠬᠦᠸᠸ ᠤᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠍᠂ ᠤᠷᠢᠳ ᠬᠣᠵᠢᠳ ᠬᠤᠪᠢ ᠬᠥᠮᠦᠨ᠎ᠦ ᠬᠣᠶᠠᠳᠤᠭᠠᠷ ᠳᠡᠰ᠎ᠤᠨ ᠭᠠᠪᠢᠶ᠎ᠠ 1 ᠤᠳᠠᠭ᠎ᠠ᠂ ᠭᠤᠷᠪᠠᠳᠤᠭᠠᠷ ᠳᠡᠰ᠎ᠤᠨ ᠭᠠᠪᠢᠶ᠎ᠠ 4 ᠤᠳᠠᠭ᠎ᠠ ᠪᠠᠢᠭᠤᠯᠵᠤ᠂ 2 ᠤᠳᠠᠭ᠎ᠠ ᠬᠥᠬᠢᠭᠦᠯᠦᠨ ᠰᠠᠢᠱᠢᠶᠠᠭ᠍ᠳᠠᠵᠤ᠂ 2 ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠰᠦᠷᠳᠡᠭᠦᠯᠦᠯ᠎ᠢ ᠡᠰᠡᠷᠭᠦᠴᠡᠭ᠌ᠰᠡᠨ ᠲᠡᠷᠢᠭᠦᠨ᠎ᠦ ᠬᠤᠪᠢ ᠬᠥᠮᠦᠨ᠎ᠢᠶᠡᠷ ᠦᠨᠡᠯᠡᠭ᠌ᠳᠡᠵᠦ᠍᠂ ᠪᠠᠰᠠ 2023 ᠣᠨ᠎ᠤ 《ᠬᠠᠮᠤᠭ᠎ᠤᠨ ᠭᠤᠶᠤ ᠪᠤᠭᠤᠲᠤ ᠵᠢᠨ ᠬᠥᠮᠦᠨ》 ᠤ᠋ ᠢᠷᠠᠭᠤ ᠠᠯᠳᠠᠷ᠎ᠢ ᠬᠦᠷᠲᠡᠪᠡ᠃ 

ᠭᠤᠤ ᠵᠢᠶᠦ᠋ᠨ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠲᠥᠷᠥᠯ᠎ᠦᠨ ᠴᠠᠭ᠍ᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠴᠠᠬᠳᠠᠭ᠎ᠠ᠃ 20 ᠭᠠᠷᠤᠢ ᠵᠢᠯ ᠲᠡᠯᠪᠡᠷᠡᠬᠦ ᠪᠤᠳᠠᠰ ᠎ᠢ ᠠᠷᠢᠯᠭᠠᠬᠤ ᠡᠮᠦᠨ᠎ᠡ ᠹᠷᠣᠨᠲ ᠲᠦ᠍ ᠦᠨᠳᠦᠰᠦᠯᠡᠵᠡᠢ᠃ ᠭᠤᠤ ᠵᠢᠶᠦ᠋ᠨ ᠡᠯ᠎ᠡ ᠲᠥᠷᠥᠯ᠎ᠦᠨ ᠳᠡᠯᠪᠡᠷᠡᠯᠲᠡ᠎ᠳᠦ ᠬᠣᠯᠪᠣᠭ᠍ᠳᠠᠭ᠍ᠰᠠᠨ ᠲᠤᠬᠠᠶ᠎ᠶ᠋ᠢᠨ ᠲᠠᠯᠠᠪᠠᠶ᠎ᠶ᠋ᠢ 40 ᠤᠳᠠᠭ᠎ᠠ ᠴᠢᠨᠠᠷ ᠰᠠᠢᠲᠠᠶ ᠱᠢᠶ᠋ᠳᠪᠦᠷᠢᠯᠡᠵᠦ᠍᠂ 1699 ᠳᠡᠯᠪᠡᠷᠡᠬᠦ᠌ ᠪᠣᠳᠠᠰ᠎ᠢ ᠠᠮᠵᠢᠯᠲᠠ᠎ᠲᠠᠶ ᠱᠢᠯᠵᠢᠭᠦᠯᠵᠦ᠍᠂ ᠠᠮᠵᠢᠯᠲᠠ ᠲᠠᠶ ᠱᠢᠶ᠋ᠳᠪᠦᠷᠢᠯᠡᠵᠦ᠍᠂ ᠮᠠᠰᠢ ᠤᠯᠠᠨ ᠢᠷᠠᠭᠤ ᠠᠯᠳᠠᠷ᠎ᠢ ᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号