ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠮ ᠵᠠᠰᠠᠭ ᠣᠯᠠᠨ ᠲᠦᠮᠡᠨ᠎ᠦ ᠪᠠᠢᠭᠤᠯᠭ᠎ᠠ (ᠠᠯᠪᠠᠳᠠᠨ᠎ᠤ
ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ)᠎ᠶᠢᠨ
2026 ᠣᠨ᠎ᠤ ᠠᠯᠪᠠᠲᠠᠨ ᠡᠯᠰᠡᠬᠦ ᠰᠢᠯᠭᠠᠯᠲᠠ᠎ᠶᠢᠨ ᠪᠢᠴᠢᠭ᠎ᠦᠨ ᠰᠢᠯᠭᠠᠯᠲᠠ ᠵᠢᠨ ᠬᠢᠷᠢ ᠪᠦᠲᠦᠮᠵᠢ ᠵᠢ 4
ᠰᠠᠷ᠎ᠠ ᠵᠢᠨ 15᠎ᠤ ᠡᠳᠦᠷ᠎ᠡᠴᠡ ᠡᠬᠢᠯᠡᠨ ᠨᠡᠷ᠎ᠡ ᠮᠡᠳᠡᠭᠦᠯᠬᠦ ᠰᠦᠯᠵᠢᠶᠡᠨ᠎ᠳᠦ ᠭᠠᠷᠴᠤ ᠯᠠᠪᠯᠠᠵᠤ ᠪᠣᠯᠬᠤ
ᠪᠤᠯᠪᠠ᠃
ᠠᠢᠮᠠᠭ ᠬᠣᠲᠠ ᠵᠢᠴᠢ ᠲᠡᠭᠦᠨ᠎ᠡᠴᠡ
ᠳᠡᠭᠡᠭᠰᠢᠬᠢ ᠪᠠᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ
ᠨᠢᠭᠡᠴᠢ)᠎ᠶᠢᠨ ᠠᠵᠢᠯ᠎ᠤᠨ ᠪᠠᠢᠷᠢ᠎ᠶᠢᠨ ᠪᠢᠴᠢᠭ᠎ᠦᠨ ᠰᠢᠯᠭᠠᠯᠲᠠ᠎ᠳᠦ
ᠬᠢᠷᠢ ᠲᠡᠩᠴᠡᠬᠦ ᠱᠤᠭᠤᠮ᠎ᠢ
47 ᠬᠤᠪᠢ᠎ᠪᠠᠷ ᠲᠣᠭᠲᠠᠭᠠᠪᠠ; ᠬᠣᠰᠢᠭᠤ
ᠰᠢᠶᠠᠨ ᠵᠢᠴᠢ ᠲᠡᠭᠦᠨ᠎ᠡᠴᠡ ᠳᠣᠷᠣᠭ᠍ᠰᠢᠬᠢ ᠪᠠᠢᠭᠤᠯᠭ᠎ᠠ (ᠠᠯᠪᠠᠳᠠᠨ᠎ᠤ ᠬᠠᠤᠯᠢ ᠪᠡᠷ ᠯᠠᠪᠯᠠᠯᠳᠠ ᠪᠤᠯᠭᠠᠨ ᠬᠠᠮᠢᠶᠠᠷᠬᠤ ᠨᠢᠭᠡᠴᠢ)᠎ᠶᠢᠨ ᠠᠵᠢᠯ᠎ᠤᠨ ᠪᠠᠢᠷᠢ᠎ᠶᠢᠨ ᠪᠢᠴᠢᠭ᠎ᠦᠨ ᠰᠢᠯᠭᠠᠯᠲᠠ᠎ᠳᠦ ᠬᠢᠷᠢ ᠲᠡᠩᠴᠡᠬᠦ
ᠱᠤᠭᠤᠮ᠎ᠢ 45 ᠬᠤᠪᠢ᠎ᠪᠠᠷ ᠲᠣᠭᠲᠠᠭᠠᠪᠠ; 《ᠬᠠᠳᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ᠎ᠤ ᠠᠵᠢᠯ ᠦᠢᠯᠡᠰ᠎ᠦᠨ ᠣᠷᠣᠨ ᠲᠣᠭᠠᠨ᠎ᠤ
ᠠᠵᠢᠯᠲᠠᠨ》᠎ᠤ ᠠᠵᠢᠯ᠎ᠤᠨ ᠪᠠᠢᠷᠢ᠎ᠶᠢᠨ ᠪᠢᠴᠢᠭ᠎ᠦᠨ ᠰᠢᠯᠭᠠᠯᠲᠠ᠎ᠶᠢᠨ
ᠬᠢᠷᠢ ᠲᠡᠩᠴᠡᠬᠦ ᠬᠤᠪᠢ᠎ᠶᠢᠨ ᠱᠤᠭᠤᠮ᠎ᠢ 40 ᠬᠤᠪᠢ᠎ᠪᠠᠷ ᠵᠠᠭᠠᠭᠯᠠᠨ ᠲᠣᠭᠲᠠᠭᠠᠪᠠ; 《ᠰᠢᠯᠢᠳᠡᠭ ᠭᠠᠴᠠᠭ᠎ᠠ ᠲᠣᠰᠬᠣᠨ (ᠨᠡᠢᠭᠡᠮ ᠲᠣᠭᠣᠷᠢᠭ᠋)᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ》᠎ᠶᠢᠨ ᠠᠵᠢᠯ᠎ᠤᠨ ᠪᠠᠢᠷᠢ᠎ᠶᠢᠨ ᠪᠢᠴᠢᠭ᠎ᠦᠨ ᠰᠢᠯᠭᠠᠯᠲᠠ᠎ᠳᠤ ᠬᠢᠷᠢ ᠲᠡᠩᠴᠡᠬᠦ
ᠱᠤᠭᠤᠮ᠎ᠢ 45 ᠬᠤᠪᠢ᠎ᠪᠠᠷ ᠲᠣᠭᠲᠠᠭᠠᠪᠠ᠃
ᠬᠢᠷᠢ ᠬᠡᠮ᠎ᠢ ᠳᠠᠬᠢᠨ ᠬᠢᠨᠠᠬᠤ᠂
ᠪᠡᠶ᠎ᠡ ᠮᠠᠬᠠᠪᠤᠳ᠎ᠤᠨ ᠰᠢᠯᠭᠠᠯᠳᠠ ᠪᠠ ᠨᠢᠭᠤᠷᠲᠠᠨ ᠰᠢᠯᠭᠠᠬᠤ ᠠᠵᠢᠯ᠎ᠤᠨ ᠲᠣᠬᠢᠷᠠᠭᠤᠯᠤᠯᠲᠠ᠎ᠶᠢ ᠠᠰ ᠲᠤᠨᠢ ᠵᠠᠷᠯᠠᠨ
ᠨᠡᠢᠲᠡᠯᠡᠨ᠎ᠡ᠂ ᠰᠢᠯᠭᠠᠭᠤᠯᠤᠭᠰᠠᠳ ᠠᠩᠬᠠᠷᠤᠯ᠎ᠳᠠᠭᠠᠨ ᠠᠪᠤᠭᠠᠷᠠᠢ᠃
ᠲᠤᠰ ᠬᠣᠯᠪᠣᠭ᠋ᠠᠰᠤ ᠵᠢ ᠳᠤᠪᠴᠢᠳᠠᠵᠤ ᠨᠠᠷᠢᠨ
ᠠᠭᠤᠯᠭ᠎ᠠ ᠵᠢ ᠦᠵᠡᠭᠡᠷᠠᠢ!
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠳᠠᠨ᠎ᠤ ᠶᠠᠪᠤᠳᠠᠯ᠎ᠤᠨ ᠰᠢᠯᠭᠠᠯᠳᠠ ᠵᠢᠨ ᠬᠦᠷᠢᠶᠡᠯᠡᠡᠭ