ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ
ᠲᠣᠪᠴᠢᠶ᠎ᠠ᠎ᠠᠴᠠ ᠣᠢᠯᠠᠭᠠᠭᠰᠠᠨ ᠵᠢᠡᠷ᠂ ᠣᠢᠷ᠎ᠠ᠎ᠳᠤ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠦᠨ
ᠲᠣᠪᠴᠢᠶ᠎ᠠ ᠲᠠᠪᠤᠳᠤᠭᠠᠷ ᠪᠦᠯᠦᠭ᠎ᠦᠨ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠤᠰᠬᠠᠢ
ᠮᠡᠷᠭᠡᠵᠢᠯᠲᠡᠨ᠎ᠢ ᠤᠷᠢᠨ ᠲᠣᠮᠢᠯᠠᠬᠤ ᠨᠡᠷᠡᠰ᠎ᠢ ᠠᠯᠪᠠᠨ ᠶᠣᠰᠣᠭᠠᠷ ᠨᠡᠢᠲᠡᠯᠡᠪᠡ᠂ ᠪᠥᠬᠥ ᠤᠯᠤᠰ᠎ᠡᠴᠡ ᠨᠡᠶ᠋ᠢᠲᠡ 497 ᠤᠷᠤᠨ ᠨᠤᠲᠤᠭ᠎ᠤᠨ
ᠴᠢᠳᠠᠪᠤᠷᠢᠲᠠᠨ ᠰᠣᠩᠭᠣᠭᠳᠠᠨ ᠣᠷᠣᠵᠤ᠂ ᠡᠬᠦᠨ ᠳᠦ ᠥᠪᠥᠷ ᠮᠣᠩᠭᠣᠯ᠎ᠤᠨ ᠦᠨᠳᠦᠰᠦᠨ ᠱᠠᠲᠤᠨ᠎ᠤ ᠣᠶ ᠰᠢᠭᠤᠢ ᠨᠤᠲᠤᠭ
ᠪᠡᠯᠴᠢᠭᠡᠷ᠎ᠦᠨ 14 ᠴᠢᠳᠠᠪᠤᠷᠢᠲᠠᠨ ᠬᠢᠨᠠᠨ ᠰᠢᠯᠭᠠᠯᠲᠠ᠎ᠳᠤ ᠬᠢᠷᠢ ᠲᠡᠩᠴᠡᠵᠦ ᠤᠷᠢᠭ᠍ᠳᠠᠪᠠ᠃
ᠣᠢᠯᠠᠭᠠᠭᠰᠠᠨ᠎ᠢᠶᠠᠷ᠂
ᠲᠣᠰ ᠤᠳᠠᠭ᠎ᠠ ᠤᠷᠢᠭ᠍ᠳᠠᠭᠰᠠᠨ 14 ᠤᠷᠤᠨ ᠨᠤᠲᠤᠭ᠎ᠤᠨ ᠲᠤᠰᠬᠠᠢ ᠮᠡᠷᠭᠡᠵᠢᠯᠲᠡᠨ ᠪᠤᠯ ᠣᠶ ᠰᠢᠭᠤᠢ ᠨᠤᠲᠤᠭ
ᠪᠡᠯᠴᠢᠭᠡᠷ᠎ᠦᠨ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠣᠷᠳᠣ᠌ ᠬᠤᠭᠤᠴᠠᠭ᠎ᠠ᠎ᠪᠠᠷ ᠠᠵᠢᠯᠯᠠᠬᠰᠠᠨ
ᠰᠢᠯᠢᠳᠡᠭ ᠳᠦᠯᠦᠬᠡᠯᠡᠭᠴᠢ ᠪᠤᠯᠤᠨ᠎ᠠ᠂ ᠳᠡᠳᠡ ᠠᠮᠢ ᠠᠬᠤᠢ᠎ᠶᠢ ᠰᠡᠷᠭᠦᠭᠡᠬᠦ᠂ ᠰᠠᠢᠨ ᠡᠭᠦᠯᠳᠡᠷ᠎ᠢ
ᠪᠣᠢᠵᠢᠭᠤᠯᠬᠤ᠂ ᠠᠵᠤ ᠠᠬᠤᠢ᠎ᠶᠢᠨ ᠤᠢ ᠳᠠᠷᠢᠬᠤ᠂ ᠣᠶ᠎ᠶᠢᠨ ᠳᠤᠳᠤᠷᠠᠬᠢ ᠠᠵᠤ ᠠᠬᠤᠢ ᠵᠡᠷᠭᠡ ᠣᠯᠠᠨ
ᠵᠠᠩᠭᠢᠯᠠᠭ᠎ᠠ᠎ᠶᠢᠨ ᠬᠦᠷᠢᠶ᠎ᠡ ᠵᠢ ᠬᠠᠮᠤᠷᠴᠠᠢ᠃ ᠲᠡᠳᠡ ᠤᠯᠠᠨ ᠵᠢᠯ᠎ᠦᠨ ᠲᠤᠷᠰᠢ ᠬᠤᠷᠠᠮᠳᠤᠭᠤᠯᠤᠭᠰᠠᠨ ᠦᠢᠯᠡᠳᠦᠯᠭᠡ᠎ᠶᠢᠨ
ᠲᠤᠷᠰᠢᠯᠭ᠎ᠠ᠎ᠪᠠᠨ ᠬᠡᠷᠡᠭᠯᠡᠭᠡᠨ᠎ᠦ ᠮᠡᠷᠭᠡᠵᠢᠯ ᠪᠣᠯᠭᠠᠨ ᠬᠤᠪᠢᠷᠠᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ
ᠦᠷ᠎ᠡ ᠪᠦᠲᠦᠭᠡᠯ᠎ᠢᠶᠡᠨ ᠲᠠᠷᠢᠶᠠᠯᠠᠩ᠎ᠢ ᠲᠤᠰᠠᠯᠠᠵᠤ ᠠᠷᠠᠳ᠎ᠢ ᠪᠠᠶᠠᠵᠢᠭᠤᠯᠬᠤ ᠠᠵᠤ ᠦᠢᠯᠡᠰ᠎ᠦᠨ ᠦᠷ᠎ᠡ ᠠᠰᠢᠭ᠋
ᠪᠣᠯᠭᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠳᠡᠯᠭᠡᠷᠡᠭᠦᠯᠬᠦ᠂ ᠠᠵᠤ ᠦᠢᠯᠡᠰ᠎ᠢᠶᠡᠷ
ᠳᠠᠢᠴᠢᠯᠠᠬᠤ ᠵᠡᠷᠭᠡ ᠲᠠᠯ᠎ᠠ᠎ᠪᠠᠷ ᠴᠢᠬᠤᠯᠠ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠪᠠᠳᠠᠷᠠᠭᠤᠯᠵᠤ
ᠪᠠᠢᠨ᠎ᠠ᠃
《ᠤᠯᠤᠰ᠎ᠤᠨ ᠣᠶ ᠰᠢᠭᠤᠢ ᠨᠤᠲᠤᠭ
ᠪᠡᠯᠴᠢᠭᠡᠷ᠎ᠦᠨ ᠤᠷᠤᠨ ᠨᠤᠲᠤᠭ᠎ᠤᠨ ᠲᠤᠰᠬᠠᠢ ᠮᠡᠷᠭᠡᠵᠢᠯᠲᠡᠨ》᠎ᠢ ᠤᠯᠤᠰ᠎ᠤᠨ
ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠰᠢᠯᠢᠨ ᠰᠣᠩᠭᠣᠵᠤ ᠤᠷᠢᠨ ᠲᠣᠮᠢᠯᠠᠨ᠎ᠠ᠂ ᠡᠭᠦᠨ᠎ᠦ
ᠵᠣᠷᠢᠯᠭ᠎ᠠ ᠨᠢ ᠦᠨᠳᠦᠰᠦᠨ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠦᠨ ᠮᠡᠷᠭᠡᠵᠢᠯ᠎ᠦᠨ
ᠠᠵᠢᠯᠲᠠᠨ᠎ᠡᠴᠡ ᠰᠢᠯᠢᠳᠡᠭ ᠲᠥᠯᠥᠭᠡᠯᠡᠭᠴᠢ᠎ᠶᠢ ᠰᠣᠩᠭᠣᠵᠤ᠂ ᠣᠶ ᠰᠢᠭᠤᠢ ᠨᠤᠲᠤᠭ ᠪᠡᠯᠴᠢᠭᠡᠷ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠡᠯᠭᠡᠷᠡᠭᠦᠯᠦᠯᠲᠡ᠎ᠶᠢᠨ 《ᠡᠴᠦᠰ᠎ᠦᠨ ᠨᠢᠭᠡ ᠺᠢᠯᠣᠮᠧᠲᠷ》᠎ᠢ ᠰᠢᠪᠲᠤᠯᠵᠤ᠂
ᠣᠶ ᠰᠢᠭᠤᠢ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠪᠠ ᠠᠵᠤ ᠦᠢᠯᠡᠰ᠎ᠦᠨ ᠬᠥᠭᠵᠢᠯᠲᠡ᠎ᠶᠢ
ᠠᠬᠢᠭᠤᠯᠬᠤ᠎ᠳᠤ ᠰᠠᠭᠤᠷᠢ ᠲᠠᠯᠪᠢᠬᠤ᠎ᠶᠢᠨ ᠲᠥᠯᠥᠭᠡ ᠶᠤᠮ᠃
2019 ᠣᠨ᠎ᠳᠤ ᠤᠯᠤᠰ᠎ᠤᠨ ᠣᠶ
ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠣᠶ ᠰᠢᠭᠤᠢ ᠨᠤᠲᠤᠭ ᠪᠡᠯᠴᠢᠭᠡᠷ᠎ᠦᠨ ᠲᠤᠰᠬᠠᠢ ᠮᠡᠷᠭᠡᠵᠢᠯᠲᠡᠨ᠎ᠢ
ᠰᠣᠩᠭᠣᠨ ᠤᠷᠢᠬᠤ ᠠᠵᠢᠯ᠎ᠢ ᠡᠬᠢᠯᠡᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ ᠦᠨᠳᠦᠰᠦᠨ ᠱᠠᠲᠤᠨ᠎ᠤ ᠣᠶ ᠰᠢᠭᠤᠢ
ᠨᠤᠲᠤᠭ ᠪᠡᠯᠴᠢᠭᠡᠷ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠳᠡᠭᠡᠳᠦ ᠬᠡᠮᠵᠢᠶ᠎ᠡ ᠪᠡᠷ
ᠴᠢᠬᠤᠯᠠᠴᠢᠯᠠᠵᠤ᠂ ᠪᠣᠢᠵᠢᠭᠤᠯᠬᠤ᠂ ᠰᠢᠯᠢᠨ ᠰᠣᠩᠭᠣᠬᠤ ᠪᠠ ᠦᠢᠯᠡᠴᠢᠯᠡᠬᠦ ᠡᠷᠴᠢᠮ᠎ᠢᠶᠡᠨ ᠦᠷᠭᠦᠯᠵᠢᠯᠡᠨ
ᠴᠢᠩᠭᠠᠷᠠᠭᠤᠯᠤᠬᠰᠠᠨ ᠵᠢᠡᠷ᠂ ᠨᠡᠶ᠋ᠢᠲᠡ 50 ᠬᠦᠮᠦᠨ ᠣᠶ ᠰᠢᠭᠤᠢ ᠨᠤᠲᠤᠭ ᠪᠡᠯᠴᠢᠭᠡᠷ᠎ᠦᠨ ᠴᠢᠳᠠᠪᠤᠷᠢᠲᠠᠨ
ᠤᠯᠤᠰ᠎ᠤᠨ ᠲᠠᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠤᠰᠬᠠᠢ ᠮᠡᠷᠭᠡᠵᠢᠯᠲᠡᠨ᠎ᠢᠶᠡᠷ ᠤᠷᠢᠭ᠍ᠳᠠᠵᠤ᠂ ᠪᠥᠬᠥ
ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠂ ᠬᠥᠳᠡᠭᠡ ᠲᠣᠰᠬᠣᠨ᠎ᠤ
ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠢᠨ᠎ᠠ᠃
ᠳᠠᠷᠠᠭᠠᠴᠢ᠎ᠶᠢᠨ ᠠᠯᠬᠤᠮ᠎ᠳᠤ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠨᠤᠲᠤᠭ᠎ᠤᠨ
ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠸᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ᠎ᠤᠨ ᠤᠢ ᠰᠢᠭᠤᠢ
ᠨᠤᠲᠤᠭ ᠪᠡᠯᠴᠢᠭᠡᠷ᠎ᠦᠨ ᠲᠤᠰᠬᠠᠢ ᠮᠡᠷᠭᠡᠵᠢᠯᠲᠡᠨ᠎ᠦ ᠵᠢᠱ᠌ᠢᠶ᠎ᠡ ᠦᠵᠡᠭᠦᠯᠵᠦ ᠳᠠᠢᠴᠢᠯᠠᠬᠤ ᠦᠢᠯᠡᠳᠦᠯ᠎ᠢ ᠭᠦᠢᠴᠡᠳ
ᠪᠠᠳᠠᠷᠠᠭᠤᠯᠵᠤ᠂ ᠨᠢᠭᠡ ᠪᠦᠯᠦᠭ ᠤᠢ ᠰᠢᠭᠤᠢ ᠨᠤᠲᠤᠭ ᠪᠡᠯᠴᠢᠭᠡᠷ᠎ᠦᠨ ᠮᠡᠷᠭᠡᠵᠢᠯ᠎ᠦᠨ ᠭᠣᠣᠯᠯᠠᠭ᠍ᠴᠢ ᠬᠦᠴᠦᠨ᠎ᠢ
ᠬᠥᠮᠥᠵᠢᠭᠦᠯᠵᠦ᠂ ᠥᠪᠥᠷ ᠮᠣᠩᠭᠣᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠂
ᠬᠥᠳᠡᠭᠡ ᠲᠣᠰᠬᠣᠨ᠎ᠤ ᠪᠦᠬᠦ ᠲᠠᠯ᠎ᠠ᠎ᠶᠢᠨ ᠬᠥᠭᠵᠢᠬᠦᠯᠦᠨ ᠮᠠᠨᠳᠤᠭᠤᠯᠬᠤ
ᠳ᠋ᠤ ᠦᠨᠳᠦᠰᠦᠨ ᠱᠠᠲᠤᠨ᠎ᠤ ᠴᠢᠳᠠᠪᠤᠷᠢᠲᠠᠨ᠎ᠤ ᠬᠦᠴᠦᠨ᠎ᠢ ᠨᠡᠮᠡᠷᠢᠯᠡᠬᠦ ᠪᠡᠷ ᠪᠤᠢ᠃