4 ᠰᠠᠷ᠎ᠠ᠎ᠶᠢᠨ 14 ᠦ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠠᠨᠾᠦ᠋ᠢ
ᠮᠤᠵᠢ᠎ᠶᠢᠨ ᠬᠤᠸᠠᠩᠱᠠᠨ ᠬᠣᠲᠠ᠎ᠳᠤ ᠶᠠᠪᠤᠭᠳᠠᠭᠰᠠᠨ 2026 ᠣᠨ᠎ᠤ ᠪᠥᠬᠥ ᠤᠯᠤᠰ᠎ᠤᠨ ᠠᠯᠬᠤᠭ᠎ᠠ ᠤᠷᠤᠯᠳᠤᠭᠠᠨ᠎ᠤ
ᠲᠣᠮᠣ᠌ ᠱᠠᠩᠨᠠᠯᠲᠤ ᠤᠷᠤᠯᠳᠤᠭᠠᠨ ᠵᠢᠴᠢ ᠪᠥᠬᠥ ᠤᠯᠤᠰ᠎ᠤᠨ ᠠᠯᠬᠤᠭ᠎ᠠ ᠤᠷᠤᠯᠳᠤᠭᠠᠨ᠎ᠤ ᠲᠠᠩ ᠲᠦᠷᠦᠯ᠎ᠦᠨ ᠤᠷᠤᠯᠳᠤᠭᠠᠨ (2 ᠳ᠋ᠤᠭᠠᠷ ᠥᠷᠲᠡᠭᠡ)᠎ᠳᠤ᠂ ᠥᠪᠥᠷ ᠮᠣᠩᠭᠣᠯ᠎ᠤᠨ ᠲᠠᠮᠢᠷᠴᠢᠳ 5 ᠠᠯᠲᠠᠨ ᠮᠧᠳᠠᠯ ᠪᠠ 3 ᠮᠥᠩᠭᠥᠨ
ᠮᠧᠳᠠᠯ ᠬᠦᠷᠳᠡᠵᠡᠢ᠃

ᠲᠣᠰ ᠤᠳᠠᠭᠠᠨ᠎ᠤ ᠤᠷᠤᠯᠳᠤᠭᠠᠨ ᠪᠣᠯ
ᠠᠷᠪᠠᠨ ᠵᠢᠷᠭᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠦᠨᠳᠦ ᠬᠥᠩᠭᠡᠨ
ᠪᠡᠶ᠎ᠡ ᠵᠢᠨ ᠲᠠᠮᠢᠷ᠎ᠤᠨ ᠲᠥᠷᠥᠯ ᠵᠦᠢᠯ᠎ᠦᠨ ᠬᠤᠪᠢ ᠬᠤᠷᠠᠮᠳᠤᠭᠤᠯᠬᠤ ᠤᠷᠤᠯᠳᠤᠭᠠᠨ ᠪᠣᠯᠣᠨ᠎ᠠ᠂
ᠤᠷᠤᠯᠳᠤᠭᠠᠨ᠎ᠤ ᠬᠡᠪ ᠪᠠᠷᠢᠮᠵᠢᠶ᠎ᠠ ᠥᠨᠳᠥᠷ ᠪᠠᠢᠵᠦ᠂ ᠤᠯᠤᠰ᠎ᠤᠨ ᠳᠣᠲᠣᠭᠠᠳᠤ᠎ᠶᠢᠨ ᠠᠯᠬᠤᠭ᠎ᠠ
ᠤᠷᠤᠯᠳᠤᠭᠠᠨ᠎ᠤ ᠲᠠᠮᠢᠷᠴᠢᠳ᠎ᠤᠨ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠳᠦ ᠤᠷᠤᠯᠴᠠᠬᠤ
ᠬᠢᠷᠢ ᠬᠡᠮ ᠤᠯᠬᠤ ᠵᠢᠨ ᠳᠦᠯᠦᠬᠡ ᠰᠢᠪᠲᠤᠯᠤᠯᠲᠠ ᠬᠢᠬᠦ ᠵᠠᠩᠭᠢᠯᠠᠭ᠎ᠠ᠎ᠶᠢᠨ ᠤᠷᠤᠯᠳᠤᠭᠠᠨ ᠪᠣᠯᠣᠨ᠎ᠠ᠃ ᠳᠤᠰ
ᠤᠳᠠᠭ᠎ᠠ 14 ᠤᠷᠤᠯᠳᠤᠭᠠᠨ᠎ᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠡᠷ ᠲᠣᠬᠢᠷᠠᠭᠤᠯᠵᠤ᠂
ᠨᠠᠰᠤᠨ᠎ᠳᠤ ᠬᠦᠷᠦᠭᠰᠡᠨ ᠡᠷᠡᠭᠲᠡᠢ᠂ ᠡᠮᠡᠭᠲᠡᠢ᠎ᠶᠢᠨ ᠬᠠᠭᠠᠰ ᠵᠠᠶ᠋ᠢᠲᠤ ᠮᠠᠷᠠᠽᠤᠨᠤ ᠠᠯᠬᠤᠭ᠎ᠠ ᠤᠷᠤᠯᠳᠤᠭᠠᠨ᠂
U20 ᠳᠤᠭᠤᠢᠯᠠᠩ᠎ᠤᠨ ᠡᠷᠡᠭᠲᠡᠢ᠂ ᠡᠮᠡᠭᠲᠡᠢ᠎ᠶᠢᠨ
10 ᠺᠢᠯᠣᠮᠧᠲᠷ᠂ U18 ᠳᠤᠭᠤᠢᠯᠠᠩ᠎ᠤᠨ ᠡᠷᠡᠭᠲᠡᠢ᠂ ᠡᠮᠡᠭᠲᠡᠢ᠎ᠶᠢᠨ
10 ᠺᠢᠯᠣᠮᠧᠲᠷ᠂ 5 ᠺᠢᠯᠣᠮᠧᠲᠷ᠂ U16 ᠳᠤᠭᠤᠢᠯᠠᠩ᠎ᠤᠨ ᠡᠷᠡᠭᠲᠡᠢ᠂ ᠡᠮᠡᠭᠲᠡᠢ᠎ᠶᠢᠨ 5 ᠺᠢᠯᠣᠮᠧᠲᠷ᠂ 3 ᠺᠢᠯᠣᠮᠧᠲᠷ᠎ᠤᠨ
ᠤᠷᠤᠯᠳᠤᠭᠠᠨ᠎ᠢ ᠬᠠᠮᠤᠷᠴᠤ᠂ ᠪᠥᠬᠥ ᠤᠯᠤᠰ᠎ᠤᠨ 21 ᠮᠤᠵᠢ ᠬᠣᠲᠠ᠎ᠶᠢᠨ 247 ᠬᠥᠮᠥᠨ ᠤᠷᠤᠯᠳᠤᠭᠠᠨ᠎ᠳᠤ ᠣᠷᠣᠯᠴᠠᠬᠤ᠎ᠪᠠᠷ
ᠨᠡᠷ᠎ᠡ ᠮᠡᠳᠡᠭᠦᠯᠪᠡ᠃

ᠥᠪᠥᠷ ᠮᠣᠩᠭᠣᠯ 18 ᠲᠠᠮᠢᠷᠴᠢᠨ (13 ᠡᠷᠡᠭᠲᠡᠢ 5 ᠡᠮᠡᠭᠲᠡᠢ) ᠲᠣᠮᠢᠯᠠᠵᠤ ᠤᠷᠤᠯᠳᠤᠭᠠᠨ᠎ᠳᠤ ᠣᠷᠣᠯᠴᠠᠭᠤᠯᠪᠠ᠃ ᠢᠦᠢ ᠴᠢᠤᠸᠠᠨ ᠬᠤᠤ ᠡᠷᠡᠭᠲᠡᠢ᠎ᠶᠢᠨ
ᠳᠠᠩ ᠲᠦᠷᠦᠯ᠎ᠤᠨ ᠤᠷᠤᠯᠳᠤᠭᠠᠨ᠎ᠤ U16 ᠳᠤᠭᠤᠢᠯᠠᠩ᠎ᠤᠨ 5 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ ᠪᠠ
3 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ᠎ᠢ ᠣᠯᠵᠤ᠂ ᠯᠢ ᠰᠢᠨ ᠲᠦᠩ ᠡᠮᠡᠭᠲᠡᠢ᠎ᠶᠢᠨ ᠳᠠᠩ
ᠲᠦᠷᠦᠯ᠎ᠤᠨ ᠤᠷᠤᠯᠳᠤᠭᠠᠨ᠎ᠤ U16 ᠳᠤᠭᠤᠢᠯᠠᠩ᠎ᠤᠨ 5 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ ᠪᠠ
3 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ᠎ᠢ ᠣᠯᠵᠤ᠂ ᠨᠢᠦ ᠸᠠᠩ᠂ ᠯᠢᠦ ᠰᠢᠨ ᠲᠤᠰ ᠲᠤᠰ ᠡᠷᠡᠭᠲᠡᠢ᠎ᠶᠢᠨ
ᠲᠣᠮᠣ᠌ ᠱᠠᠩᠨᠠᠯᠲᠤ ᠤᠷᠤᠯᠳᠤᠭᠠᠨ᠎ᠤ U20 ᠳᠤᠭᠤᠢᠯᠠᠩ᠎ᠤᠨ 10 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ᠂ ᠮᠥᠩᠭᠥᠨ
ᠮᠧᠳᠠᠯ᠎ᠢ ᠣᠯᠵᠤ᠂ ᠷᠧᠨ ᠯᠦᠩ ᠡᠷᠡᠭᠲᠡᠢ᠎ᠶᠢᠨ ᠳᠠᠩ ᠲᠦᠷᠦᠯ᠎ᠤᠨ ᠤᠷᠤᠯᠳᠤᠭᠠᠨ᠎ᠤ U18 ᠳᠤᠭᠤᠢᠯᠠᠩ᠎ᠤᠨ 10 ᠺᠢᠯᠣᠮᠧᠲᠷ᠎ᠤᠨ
ᠠᠯᠬᠤᠭ᠎ᠠ ᠤᠷᠤᠯᠳᠤᠭᠠᠨ᠎ᠤ ᠮᠥᠩᠭᠥᠨ ᠮᠧᠳᠠᠯ᠎ᠢ ᠣᠯᠵᠤ᠂ ᠱᠢ ᠰᠢᠨ ᠢ ᠡᠮᠡᠭᠲᠡᠢ᠎ᠶᠢᠨ ᠳᠠᠩ ᠲᠦᠷᠦᠯ᠎ᠤᠨ
ᠤᠷᠤᠯᠳᠤᠭᠠᠨ᠎ᠤ U20 ᠳᠤᠭᠤᠢᠯᠠᠩ᠎ᠤᠨ 10 ᠺᠢᠯᠣᠮᠧᠲᠷ᠎ᠤᠨ
ᠠᠯᠬᠤᠭ᠎ᠠ ᠤᠷᠤᠯᠳᠤᠭᠠᠨ᠎ᠤ ᠮᠥᠩᠭᠥᠨ ᠮᠧᠳᠠᠯ᠎ᠢ ᠣᠯᠵᠠᠢ᠃
