ᠢᠨᠭᠭᠡᠨ ᠰᠦ᠎ᠳᠦ ᠬᠠᠭᠤᠷᠮᠠᠭ ᠡᠳ᠋ ᠬᠣᠯᠢᠬᠤ᠎ᠶᠢ ᠤᠨᠤᠪᠴᠢᠳᠠᠢ ᠰᠢᠯᠭᠠᠨ ᠬᠡᠮᠵᠢᠵᠦ ᠳᠡᠢᠯᠬᠦ ᠪᠤᠯᠤᠯ᠎ᠠ
2026-04-17 16:38:42
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠫᠷᠤᠹᠧᠰᠰᠤᠷ ᠯᠢᠦ ᠵᠢᠶᠠᠩ ᠫᠢᠩ᠎ᠤᠨ ᠰᠤᠳᠤᠯᠭᠠᠨ᠎ᠤ ᠪᠦᠯᠬᠦᠮ᠎ᠤᠨ ᠬᠢᠨ ᠲᠦᠷᠦᠭᠦᠭᠡᠨ ᠢᠨᠭᠭᠡᠨ ᠰᠦ᠎ᠳᠦ ᠬᠠᠭᠤᠷᠮᠠᠭ ᠡᠳ᠋ ᠬᠣᠯᠢᠬᠤ᠎ᠶᠢ ᠰᠢᠯᠭᠠᠨ ᠪᠠᠢᠴᠠᠭᠠᠬᠤ ᠲᠠᠯ᠎ᠠ᠎ᠪᠠᠷ ᠴᠢᠬᠤᠯᠠ ᠦᠷ᠎ᠡ ᠪᠦᠲᠦᠭᠡᠯ ᠣᠯᠵᠤ᠂ ᠬᠣᠯᠪᠣᠭᠳᠠᠯ ᠪᠦᠬᠦᠢ ᠥᠭᠦᠯᠡᠯ ᠨᠢ ᠣᠯᠠᠨ ᠤᠯᠤᠰ᠎ᠤᠨ ᠢᠳᠡᠭᠡᠨ᠎ᠦ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠡᠷᠬᠡ ᠰᠦᠷᠲᠦ ᠰᠡᠳᠬᠦᠯ ᠪᠣᠯᠬᠤ 《ᠢᠳᠡᠭᠡᠨ᠎ᠦ ᠬᠢᠮᠢ》 ᠳ᠋ᠦ ᠨᠡᠢᠲᠡᠯᠡᠭᠳᠡᠪᠡ᠃

ᠲᠣᠰ ᠰᠤᠳᠤᠯᠭᠠᠨ ᠨᠢ ᠠᠩᠬ᠎ᠠ ᠤᠳᠠᠭ᠎ᠠ ᠵᠣᠬᠢᠶᠠᠮᠠᠯ ᠣᠶᠤᠨ ᠴᠢᠳᠠᠪᠤᠷᠢ᠎ᠶᠢᠨ ᠵᠠᠭᠪᠤᠷ ᠪᠣᠯᠣᠨ ᠣᠢᠷ᠎ᠠ ᠤᠯᠠᠭᠠᠨ᠎ᠤ ᠬᠡᠷᠡᠯ ᠵᠢᠭ᠍ᠰᠠᠯ᠎ᠤᠨ ᠮᠡᠷᠭᠡᠵᠢᠯ᠎ᠢ ᠤᠶᠠᠯᠳᠤᠭᠤᠯᠵᠤ᠂ ᠤᠯᠠᠮᠵᠢᠯᠠᠯᠲᠤ ᠰᠢᠯᠭᠠᠨ ᠪᠠᠢᠴᠠᠭᠠᠬᠤ ᠠᠷᠭ᠎ᠠ᠎ᠶᠢᠨ ᠶᠠᠪᠤᠴᠠ ᠨᠢ ᠪᠤᠳᠤᠯᠢᠶᠠᠨᠳᠠᠢ᠂ ᠴᠠᠭ ᠨᠢ ᠣᠷᠳᠣ᠌᠂ ᠥᠯᠢᠭᠡᠷ ᠡᠳ᠋᠎ᠢ ᠠᠮᠠᠷᠬᠠᠨ ᠡᠪᠳᠡᠳᠡᠭ᠂ ᠬᠠᠭᠤᠷᠮᠠᠭ ᠶᠠᠭᠤᠮ᠎ᠠ ᠵᠢ ᠴᠦᠬᠡᠨ ᠬᠣᠯᠢᠬᠤ ᠵᠢ ᠢᠯᠭᠠᠨ ᠲᠠᠨᠢᠬᠤ᠎ᠳᠤ ᠪᠡᠷᠬᠡᠲᠡᠢ ᠵᠡᠷᠭᠡ ᠬᠦᠴᠢᠷ ᠠᠰᠠᠭᠤᠳᠠᠯ᠎ᠢ ᠠᠮᠵᠢᠯᠲᠠᠲᠠᠢ ᠰᠢᠢᠳᠪᠦᠷᠢᠯᠡᠵᠦ᠂ ᠴᠠᠭᠠᠨ ᠢᠳᠡᠭᠡᠨ᠎ᠦ ᠶᠠᠰᠤ ᠴᠢᠨᠠᠷ᠎ᠤᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠳᠤ ᠥᠨᠳᠥᠷ ᠪᠦᠲᠦᠮᠵᠢᠲᠡᠶ᠂ ᠨᠠᠷᠢᠯᠢᠭ᠋ ᠣᠨᠣᠪᠴᠢᠲᠠᠶ ᠪᠠᠷᠢᠮᠵᠢᠶᠠᠵᠢᠭᠤᠯᠬᠤ ᠲᠥᠰᠥᠯ ᠬᠠᠩᠭᠠᠪᠠ᠃

ᠰᠤᠳᠤᠯᠭᠠᠨ᠎ᠤ ᠪᠦᠯᠬᠦᠮ ᠨᠢ ᠺᠣᠮᠫᠢᠦ᠋ᠲᠧᠷ᠎ᠦᠨ ᠬᠠᠷᠠᠭᠠᠨ ᠰᠡᠷᠡᠯ ᠪᠠ ᠬᠡᠷᠡᠯ ᠵᠢᠭ᠍ᠰᠠᠯ᠎ᠤᠨ ᠵᠠᠳᠠᠯᠤᠯᠲᠠ᠎ᠶᠢᠨ ᠮᠡᠷᠭᠡᠵᠢᠯ᠎ᠲᠠᠢ ᠤᠶᠠᠯᠳᠤᠭᠤᠯᠤᠨ᠂ ᠲᠣᠭ᠎ᠠ ᠪᠠᠷᠢᠮᠲᠠ᠎ᠶᠢ ᠰᠢᠢᠳᠪᠦᠷᠢᠯᠡᠬᠦ᠂ ᠦᠨᠡᠨ ᠬᠤᠳᠠᠯ᠎ᠢ ᠮᠠᠭᠠᠳᠯᠠᠬᠤ᠂ ᠪᠠᠢᠴᠠᠭᠠᠯᠲᠠ ᠵᠢᠨ ᠦᠷ᠎ᠡ ᠳ᠋ᠦᠩ᠎ᠢ ᠤᠩᠰᠢᠨ ᠲᠠᠢᠯᠪᠤᠷᠢᠯᠠᠬᠤ ᠪᠦᠷᠢᠨ ᠪᠦᠲᠦᠨ ᠮᠡᠷᠭᠡᠵᠢᠯ᠎ᠦᠨ ᠲᠥᠰᠥᠯ᠎ᠢ ᠬᠠᠨᠭᠭᠠᠵᠠᠢ᠃ ᠡᠭᠦᠨ᠎ᠳᠦ᠂ ᠲᠡᠳᠡᠨ᠎ᠦ ᠰᠤᠳᠤᠯᠤᠨ ᠨᠡᠭᠡᠭᠡᠭᠰᠡᠨ CCGS᠎ᠤᠨ ᠬᠣᠯᠢᠮᠠᠭ ᠵᠠᠭᠪᠤᠷ ᠨᠢ ᠬᠠᠭᠤᠷᠮᠠᠭ ᠶᠠᠭᠤᠮ᠎ᠠ ᠬᠣᠯᠢᠬᠤ ᠮᠠᠭᠠᠳᠯᠠᠯ᠎ᠤᠨ ᠣᠨᠣᠪᠴᠢ᠎ᠶᠢᠨ ᠬᠡᠮᠵᠢᠶ᠎ᠡ᠎ᠶᠢ 95.21% ᠪᠠᠢᠭᠰᠠᠨ᠎ᠠᠴᠠ 98.60% ᠪᠣᠯᠲᠠᠯ᠎ᠠ ᠳᠡᠭᠡᠭᠰᠢᠯᠡᠭᠦᠯᠵᠦ᠂ ᠪᠣᠶ ᠪᠣᠯᠤᠭᠰᠠᠨ ᠰᠢᠯᠭᠠᠨ ᠪᠠᠢᠴᠠᠭᠠᠯᠲᠠ᠎ᠶᠢᠨ ᠲᠣᠭ᠎ᠠ ᠪᠠᠷᠢᠮᠲᠠ ᠨᠢ ᠤᠯᠠᠮᠵᠢᠯᠠᠯᠲᠤ ᠠᠷᠭ᠎ᠠ᠎ᠠᠴᠠ ᠨᠠᠩ ᠦᠨᠡᠨ ᠪᠣᠳᠠᠲᠠᠢ᠂ ᠨᠠᠩ ᠣᠯᠠᠨ ᠶᠠᠩᠵᠤ᠎ᠶᠢᠨ ᠪᠠᠢᠵᠤ᠂ ᠢᠯᠠᠩᠭᠤᠶ᠎ᠠ ᠠᠭᠤᠯᠤᠭᠳᠠᠴᠠ ᠪᠡᠷ ᠮᠠᠰᠢ ᠳᠣᠣᠷ᠎ᠠ ᠬᠠᠭᠤᠷᠮᠠᠭ ᠶᠠᠭᠤᠮ᠎ᠠ ᠬᠣᠯᠢᠭ᠍ᠰᠠᠨ ᠪᠦᠷᠢᠯᠳᠦᠭᠦᠨ᠎ᠢ ᠣᠨᠣᠴᠠᠲᠠᠢ᠎ᠪᠠᠷ ᠪᠠᠢᠴᠠᠭᠠᠨ ᠭᠠᠷᠭᠠᠵᠤ ᠴᠢᠳᠠᠨ᠎ᠠ᠃ ᠡᠭᠦᠨ᠎ᠦ ᠬᠠᠮᠲᠤ᠂ ᠰᠤᠳᠤᠯᠭᠠᠨ᠎ᠤ ᠪᠦᠯᠬᠦᠮ᠎ᠤᠨ ᠬᠢᠨ SHAP᠎ᠶᠢᠨ ᠵᠠᠳᠠᠯᠬᠤ ᠠᠷᠭ᠎ᠠ ᠪᠡᠷ ᠳᠡᠮᠵᠢᠨ᠂ ᠤᠰᠤ᠂ ᠤᠭᠤᠷᠠᠭ᠂ ᠥᠭᠡᠬᠦ᠎ᠲᠠᠢ ᠬᠣᠯᠪᠣᠭᠳᠠᠬᠤ ᠵᠠᠩᠭᠢᠯᠠᠭ᠎ᠠ᠎ᠶᠢᠨ ᠰᠢᠯᠭᠠᠨ ᠪᠠᠢᠴᠠᠭᠠᠯᠲᠠ᠎ᠶᠢᠨ ᠦᠷ᠎ᠡ ᠳ᠋ᠦᠩ᠎ᠢ 《ᠦᠵᠡᠵᠦ ᠲᠥᠬᠥᠭᠡᠷᠡᠬᠦ᠂ ᠲᠣᠳᠣᠷᠬᠠᠢ ᠢᠯᠡᠳᠭᠡᠵᠦ ᠴᠢᠳᠠᠬᠤ》 ᠪᠤᠯᠤᠭᠰᠠᠨᠡᠴᠡ᠂ ᠬᠥᠮᠥᠰ᠎ᠲᠦ ᠨᠡᠨᠭ ᠢᠳᠡᠭᠡᠭᠦᠯᠬᠦ ᠬᠦᠴᠦᠨ ᠲᠠᠢ ᠪᠤᠯᠵᠠᠢ᠃ ᠬᠠᠭᠤᠷᠮᠠᠭ ᠶᠠᠭᠤᠮ᠎ᠠ ᠬᠣᠯᠢᠬᠤ ᠪᠣᠳᠠᠲᠠᠢ ᠠᠭᠤᠯᠤᠭᠳᠠᠴᠠ᠎ᠶᠢ ᠰᠢᠯᠭᠠᠨ ᠪᠠᠢᠴᠠᠭᠠᠬᠤ ᠲᠠᠯ᠎ᠠ᠎ᠪᠠᠷ᠂ ᠰᠤᠳᠤᠯᠭᠠᠨ᠎ᠤ ᠪᠦᠯᠬᠦᠮ᠎ᠦᠨ ᠵᠢᠷᠤᠵᠤ ᠲᠥᠯᠥᠪᠯᠡᠭᠰᠡᠨ MCR-ALS-RF ᠵᠠᠭᠪᠤᠷ ᠨᠢ ᠬᠠᠮᠤᠭ᠎ᠤᠨ ᠪᠠᠭ᠎ᠠ᠎ᠳᠠᠭᠠᠨ 0.025 ᠎ᠠᠴᠠ 0.060 ᠭᠷᠡᠮ/100 ᠭᠷᠡᠮ ᠬᠠᠭᠤᠷᠮᠠᠭ ᠶᠠᠭᠤᠮ᠎ᠠ ᠬᠣᠯᠢᠭ᠍ᠰᠠᠨ ᠬᠡᠮᠵᠢᠶ᠎ᠡ᠎ᠶᠢ ᠰᠢᠯᠭᠠᠨ ᠭᠠᠷᠭᠠᠵᠤ ᠴᠢᠳᠠᠨ᠎ᠠ᠂ ᠡᠨᠡ ᠨᠢ ᠢᠳᠡᠭᠡᠨ᠎ᠦ ᠬᠠᠭᠤᠷᠮᠠᠭ ᠶᠠᠭᠤᠮ᠎ᠠ ᠬᠣᠯᠢᠭ᠍ᠰᠠᠨ᠎ᠢ ᠰᠢᠯᠭᠠᠨ ᠪᠠᠢᠴᠠᠭᠠᠬᠤ ᠬᠢᠨᠠᠯᠲᠠ ᠬᠠᠮᠢᠶᠠᠷᠤᠯᠲᠠ᠎ᠶᠢᠨ ᠪᠠᠷᠢᠮᠵᠢᠶ᠎ᠠ᠎ᠳᠤ ᠪᠦᠷᠢᠮᠦᠰᠦᠨ ᠨᠡᠢᠴᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号