4 ᠰᠠᠷ᠎ᠠ᠎ᠶᠢᠨ 15 ᠤ ᠡᠳᠦᠷ᠂ ᠯᠢᠶᠣᠤᠨᠢᠩ
ᠥᠪᠥᠷ ᠮᠣᠩᠭᠣᠯ᠎ᠤᠨ ᠲᠡᠮᠦᠷ ᠵᠠᠮ ᠪᠠ ᠲᠡᠯᠡᠶ ᠬᠣᠯᠪᠤᠭᠠᠯᠠᠭᠰᠠᠨ ᠲᠡᠭᠡᠭᠡᠪᠦᠷᠢ ᠵᠢᠨ ᠤᠯᠠᠭᠠᠨᠬᠠᠳᠠ᠎ᠶᠢᠨ
ᠣᠯᠠᠨ ᠤᠯᠤᠰ᠎ᠤᠨ ᠳᠤᠳᠤᠭᠠᠳᠦ ᠬᠠᠭᠤᠷᠠᠢ᠎ᠶᠢᠨ ᠭᠠᠷᠠᠮ ᠵᠢᠴᠢ ᠯᠢᠶᠣᠤ ᠭᠠᠩ ᠪᠦᠯᠦᠭᠯᠡᠯ᠎ᠦᠨ
ᠤᠯᠠᠭᠠᠨᠬᠠᠳᠠ᠎ᠶᠢᠨ ᠬᠡᠷᠡᠭᠯᠡᠭᠴᠢᠳ᠎ᠲᠦ ᠦᠢᠯᠡᠴᠢᠯᠡᠬᠦ ᠲᠥᠪ ᠫᠠᠢᠰᠠ ᠡᠯᠬᠦᠪᠡ᠃ ᠡᠨᠡ ᠪᠣᠯ ᠤᠯᠠᠭᠠᠨᠬᠠᠳᠠ ᠬᠣᠲᠠ᠎ᠶᠢᠨ
ᠭᠠᠳᠠᠭ᠍ᠰᠢ ᠨᠡᠭᠡᠭᠡᠯᠲᠡ ᠬᠢᠬᠦ ᠰᠢᠨ᠎ᠡ ᠥᠨᠳᠥᠷᠯᠢᠭ᠎ᠢ ᠪᠠᠢᠭᠤᠯᠵᠤ᠂ ᠵᠡᠭᠦᠨ ᠬᠣᠢᠲᠤ᠎ᠶᠢᠨ ᠲᠡᠯᠡᠶ ᠪᠠ
ᠬᠠᠭᠤᠷᠠᠢ᠎ᠶᠢᠨ ᠨᠡᠪᠲᠡᠷᠡᠯ ᠵᠠᠮ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠠᠭᠤᠰᠤᠯᠴᠠᠭᠰᠠᠨ ᠪᠡᠯᠭᠡ ᠲᠡᠮᠳᠡᠭ᠎ᠦᠨ
ᠴᠢᠨᠠᠷᠲᠠᠢ ᠦᠷ᠎ᠡ ᠪᠦᠲᠦᠭᠡᠯ ᠪᠣᠯᠣᠨ᠎ᠠ᠂ ᠡᠨᠡ ᠨᠢ ᠤᠯᠠᠭᠠᠨᠬᠠᠳᠠ᠎ᠶᠢᠨ ᠠᠵᠤ ᠠᠬᠤᠢᠯᠠᠯ ᠡᠨᠡ ᠡᠳᠦᠷ᠎ᠡᠴᠡ ᠡᠬᠢᠯᠡᠨ 《ᠡᠭᠦᠳᠡᠨᠳ᠋ᠡᠭᠡᠨ ᠭᠠᠷᠠᠮ》 ᠲᠠᠢ ᠪᠣᠯᠵᠤ᠂ ᠥᠪᠥᠷ ᠮᠣᠩᠭᠣᠯ᠎ᠤᠨ
ᠵᠡᠭᠦᠨ ᠬᠡᠰᠡᠭ᠎ᠦᠨ ᠭᠠᠵᠠᠷ ᠣᠷᠣᠨ᠎ᠤ ᠲᠡᠯᠡᠶ᠎ᠳᠦ ᠭᠠᠷᠬᠤ ᠪᠠᠷᠠᠭᠠᠨ᠎ᠤ ᠭᠦᠢᠯᠭᠡᠭᠡᠨ᠎ᠦ ᠵᠠᠮ᠎ᠤᠨ ᠪᠠᠭᠲᠠᠭᠠᠮᠵᠢ᠎ᠶᠢ
ᠥᠷᠭᠡᠳᠬᠡᠬᠦ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠪᠡᠶᠡᠯᠡᠭᠦᠯᠦᠭᠰᠡᠨ᠎ᠢ ᠬᠠᠷᠠᠭᠤᠯᠵᠤ ᠪᠠᠢᠨ᠎ᠠ᠃
ᠶᠣᠰᠣᠯᠠᠯ᠎ᠤᠨ ᠠᠬᠤᠢ ᠲᠠᠯᠠᠪᠠᠶ᠎ᠳᠤ᠂
ᠯᠢᠶᠣᠤᠨᠢᠩ ᠭᠠᠷᠠᠮ᠎ᠤᠨ ᠪᠦᠯᠦᠭᠯᠡᠯ᠂ ᠳᠤᠮᠳᠠᠳᠤ ᠤᠯᠤᠰ᠎ᠤᠨ ᠲᠡᠮᠦᠷ ᠵᠠᠮ᠎ᠤᠨ ᠮᠦᠭᠳᠡᠨᠦ ᠲᠣᠪᠴᠢᠶ᠎ᠠ᠂ ᠤᠯᠠᠭᠠᠨᠬᠠᠳᠠ
ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠭᠤᠷᠪᠠᠨ ᠲᠠᠯ᠎ᠠ᠎ᠪᠠᠷ᠎ᠢᠶᠠᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ
ᠰᠠᠨᠠᠮᠵᠢ᠎ᠶᠢᠨ ᠪᠢᠴᠢᠭ᠎ᠲᠦ ᠭᠠᠷᠤᠨ ᠥᠰᠥᠭ ᠵᠢᠷᠤᠪᠠ᠃ ᠭᠤᠷᠪᠠᠨ ᠲᠠᠯ᠎ᠠ᠎ᠪᠠᠷ᠎ᠢᠶᠠᠨ ᠲᠥᠪᠯᠡᠷᠡᠭᠦᠯᠵᠦ ᠲᠠᠷᠬᠠᠭᠠᠵᠤ
ᠲᠡᠭᠡᠭᠡᠪᠦᠷᠢᠯᠡᠬᠦ ᠰᠢᠰᠲᠧᠮ᠎ᠢ ᠲᠡᠭᠦᠯᠳᠡᠷᠵᠢᠭᠦᠯᠬᠦ ᠪᠡᠷ ᠳᠠᠮᠵᠢᠭᠤᠯᠤᠨ᠂ ᠲᠡᠮᠦᠷ ᠵᠠᠮ ᠪᠠ ᠲᠡᠯᠡᠶ ᠲᠠᠩᠭᠢᠰ᠎ᠤᠨ
ᠬᠣᠯᠪᠤᠭᠠᠯᠠᠨ ᠲᠡᠭᠡᠭᠡᠪᠦᠷᠢᠯᠡᠬᠦ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠶᠡᠷᠦᠩᠬᠡᠢᠯᠡᠭᠰᠡᠨ ᠦᠢᠯᠡᠴᠢᠯᠡᠭᠡᠨ᠎ᠦ
ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠠᠷᠠᠭᠠᠨ᠎ᠤ ᠭᠦᠢᠯᠭᠡᠭᠡ ᠪᠠ ᠠᠵᠤ ᠦᠢᠯᠡᠰ᠎ᠦᠨ ᠬᠣᠯᠪᠤᠭᠠᠯᠠᠨ ᠬᠥᠳᠡᠯᠦᠯᠴᠡᠬᠦ᠎ᠶᠢ
ᠠᠬᠢᠭᠤᠯᠵᠤ᠂ 《ᠳᠣᠲᠣᠭᠠᠳᠤ ᠬᠠᠭᠤᠷᠠᠢ᠎ᠶᠢᠨ ᠭᠠᠷᠠᠮ — ᠲᠡᠮᠦᠷ ᠵᠠᠮ᠎ᠤᠨ ᠲᠣᠣᠷ — ᠭᠠᠷᠠᠮ᠎ᠤᠨ ᠪᠦᠯᠦᠭᠵᠢᠯ》᠎ᠤᠨ ᠨᠢᠭᠡ ᠴᠣᠭᠴᠠᠵᠢᠭ᠍ᠰᠠᠨ ᠶᠡᠷᠦᠩᠬᠡᠢᠯᠡᠭᠰᠡᠨ
ᠪᠠᠷᠠᠭᠠᠨ᠎ᠤ ᠭᠦᠢᠯᠭᠡᠭᠡᠨ᠎ᠦ ᠰᠢᠰᠲᠧᠮ᠎ᠢ ᠬᠠᠮᠲᠤ᠎ᠪᠠᠷ ᠪᠠᠢᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ
ᠭᠠᠵᠠᠷ ᠣᠷᠣᠨ᠎ᠤ ᠨᠡᠭᠡᠭᠡᠯᠲᠡᠲᠦ ᠪᠠᠷᠠᠭᠠᠨ᠎ᠤ ᠭᠦᠢᠯᠭᠡᠭᠡ᠎ᠶᠢᠨ ᠬᠦᠢᠰᠦ᠎ᠶᠢ ᠪᠠᠢᠭᠤᠯᠤᠨ᠎ᠠ᠃
ᠤᠯᠠᠭᠠᠨᠬᠠᠳᠠ ᠬᠣᠲᠠ ᠥᠪᠥᠷ ᠮᠣᠩᠭᠣᠯ᠎ᠤᠨ
ᠵᠡᠭᠦᠨ ᠬᠡᠰᠡᠭ᠎ᠦᠨ ᠴᠢᠬᠤᠯᠠ ᠬᠡᠰᠡᠭ᠎ᠲᠤ ᠪᠠᠢᠷᠢᠯᠠᠵᠤ᠂ ᠮᠠᠨ᠎ᠤ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠤᠮᠠᠷᠠᠰᠢ ᠨᠡᠭᠡᠭᠡᠯᠲᠡ ᠬᠢᠬᠦ᠂
ᠣᠷᠣᠰ ᠮᠣᠩᠭᠣᠯ᠎ᠳᠤ ᠨᠡᠪᠲᠡᠷᠡᠬᠦ ᠴᠢᠬᠤᠯᠠ ᠵᠠᠩᠭᠢᠯᠠᠭ᠎ᠠ᠎ᠶᠢᠨ ᠬᠣᠲᠠ ᠪᠣᠯᠬᠤ ᠪᠥᠭᠡᠳ ᠪᠠᠰᠠ ᠥᠪᠥᠷ ᠮᠣᠩᠭᠣᠯ᠎ᠤᠨ
ᠣᠷᠣᠨ ᠪᠦᠰᠡ᠎ᠶᠢᠨ ᠴᠢᠨᠠᠷᠲᠠᠢ ᠲᠥᠪ ᠬᠣᠲᠠ ᠪᠠ ᠤᠯᠤᠰ᠎ᠤᠨ ᠲᠠᠰ᠎ᠤᠨ ᠠᠵᠤ ᠦᠢᠯᠡᠰ᠎ᠦᠨ ᠰᠢᠯᠵᠢᠯᠲᠡ᠎ᠶᠢ ᠭᠥᠯᠢᠶᠡᠨ
ᠠᠪᠬᠤ ᠵᠢᠱ᠌ᠢᠶ᠎ᠡ ᠦᠵᠡᠭᠦᠯᠬᠦ ᠣᠷᠣᠨ ᠪᠣᠯᠣᠨ᠎ᠠ᠃ ᠣᠢᠷ᠎ᠠ᠎ᠶᠢᠨ ᠵᠢᠯ᠎ᠦᠨ ᠲᠤᠷᠰᠢ᠂ ᠤᠯᠠᠭᠠᠨᠬᠠᠳᠠ ᠬᠣᠲᠠ 《ᠤᠮᠠᠷᠠᠰᠢ ᠨᠡᠭᠡᠭᠡᠯᠲᠡ ᠬᠢᠵᠦ᠂ ᠲᠡᠯᠡᠶ
ᠲᠠᠩᠭᠢᠰ ᠵᠦᠭ ᠬᠦᠴᠦᠷᠬᠡᠭᠵᠢᠬᠦ》᠎ᠶᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ ᠬᠣᠲᠠ᠎ᠶᠢᠨ
ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠲᠣᠭ᠎ᠠ ᠵᠠᠯᠭᠠᠭ᠎ᠠ᠎ᠪᠠᠷ
3 《ᠵᠠᠭᠤᠨ ᠳ᠋ᠦᠩᠰᠢᠭᠤᠷ ᠲᠥᠭᠥᠷᠢᠭ》᠎ᠤᠨ ᠶᠡᠬᠡ ᠪᠣᠭᠣᠮᠲᠠ᠎ᠶᠢ ᠰᠢᠪᠲᠤᠯᠵᠤ᠂
341.5 ᠳ᠋ᠦᠩᠰᠢᠭᠤᠷ ᠲᠥᠭᠥᠷᠢᠭ᠎ᠲᠦ ᠬᠦᠷᠴᠡᠢ᠂ ᠡᠭᠦᠨ᠎ᠳᠦ 2025 ᠣᠨ᠎ᠳᠤ ᠠᠳᠠᠯᠢ ᠬᠤᠭᠤᠴᠠᠭᠠᠨ᠎ᠤ ᠬᠢ᠎ᠡᠴᠡ
10.9%᠎ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ
ᠬᠣᠶᠠᠳᠤᠭᠠᠷ᠎ᠲᠤ ᠵᠢᠭ᠍ᠰᠠᠭᠠᠭᠳᠠᠪᠠ᠃ ᠲᠠᠰᠤᠷᠠᠯᠲᠠ ᠦᠭᠡᠢ ᠨᠡᠮᠡᠭᠳᠡᠵᠦ ᠪᠠᠢᠭ᠎ᠠ ᠠᠵᠤ ᠦᠢᠯᠡᠰ᠎ᠦᠨ ᠬᠡᠪᠴᠢᠶ᠎ᠡ
ᠪᠣᠯᠣᠨ ᠭᠠᠳᠠᠭ᠍ᠰᠢ ᠴᠢᠭᠯᠡᠭᠦᠯᠬᠦ ᠬᠡᠯᠪᠡᠷᠢ ᠵᠢᠨ ᠠᠵᠤ ᠠᠬᠤᠢ ᠨᠢ ᠥᠨᠳᠥᠷ ᠪᠦᠲᠦᠮᠵᠢᠲᠡᠶ᠂ ᠳᠥᠭᠥᠮ ᠳᠥᠲᠡ᠂
ᠥᠪᠡᠷ᠎ᠦᠨ ᠥᠷᠲᠡᠭ᠎ᠢᠶᠡᠷ ᠳᠣᠣᠷ᠎ᠠ ᠪᠠᠷᠠᠭᠠᠨ᠎ᠤ ᠭᠦᠢᠯᠭᠡᠭᠡᠨ᠎ᠦ ᠵᠠᠮ᠎ᠢ ᠲᠤᠯᠭᠠᠮ
ᠱᠠᠭᠠᠷᠳᠠᠬᠤ ᠪᠤᠯᠪᠠ ᠃
ᠰᠢᠨ᠎ᠠ ᠪᠡᠷ
ᠪᠠᠢᠭᠤᠯᠤᠬᠳᠠᠬᠰᠠᠨ ᠤᠯᠠᠭᠠᠨᠬᠠᠳᠠ᠎ᠶᠢᠨ ᠤᠯᠠᠨ ᠤᠯᠤᠰ᠎ᠤᠨ ᠳᠤᠳᠤᠭᠠᠳᠦ ᠬᠠᠭᠤᠷᠠᠢ᠎ᠶᠢᠨ ᠭᠠᠷᠠᠮ ᠪᠣᠯᠣᠨ ᠬᠡᠷᠡᠭᠯᠡᠭᠴᠢᠳ᠎ᠲᠦ
ᠦᠢᠯᠡᠴᠢᠯᠡᠬᠦ ᠲᠥᠪ ᠪᠣᠯ ᠤᠯᠠᠭᠠᠨᠬᠠᠳᠠ ᠬᠤᠳᠠ᠎ᠶᠢᠨ ᠰᠠᠨᠠᠭᠠᠴᠢᠯᠠᠭ᠎ᠠ᠎ᠠᠴᠠ᠎ᠪᠠᠨ ᠯᠢᠶᠣᠤᠨᠢᠩ᠎ᠤᠨ ᠭᠠᠷᠠᠮ᠎ᠤᠨ
ᠡᠬᠢ ᠪᠠᠶᠠᠯᠢᠭ᠋᠎ᠲᠠᠢ ᠵᠣᠯᠭᠠᠭᠤᠯᠵᠤ᠂ᠣᠷᠣᠨ ᠪᠦᠰᠡ᠎ᠶᠢᠨ ᠬᠠᠮᠵᠢᠯᠴᠠᠭ᠎ᠠ᠎ᠶᠢ ᠭᠦᠨᠵᠡᠭᠡᠢᠷᠡᠭᠦᠯᠦᠭᠰᠡᠨ ᠴᠢᠬᠤᠯᠠ
ᠦᠷ᠎ᠡ ᠪᠦᠲᠦᠭᠡᠯ ᠪᠣᠯᠣᠨ᠎ᠠ᠃ ᠳ᠋ᠠᠯᠢᠶᠠᠨ ᠭᠠᠷᠠᠮ᠎ᠤᠨ ᠬᠦᠢᠰᠦ ᠪᠠᠷᠢᠯᠭ᠎ᠠ᠎ᠶᠢᠨ ᠳᠠᠪᠠᠭᠤᠯᠢᠭ᠋᠎ᠲᠤ ᠲᠦᠰᠢᠭᠯᠡᠨ᠂
ᠯᠢᠶᠣᠤ ᠭᠠᠩ ᠪᠦᠯᠦᠭᠯᠡᠯ ᠨᠢ ᠨᠢᠭᠡᠨᠲᠡ ᠤᠯᠠᠭᠠᠨᠬᠠᠳᠠ᠎ᠶᠢᠨ ᠡᠮᠦᠨ᠎ᠡ ᠬᠡᠰᠡᠭ᠂ ᠶᠤᠸᠠᠨ ᠪᠦᠦ ᠱᠠᠨ᠂ ᠲᠢᠶᠠᠨ
ᠢ ᠵᠡᠷᠭᠡ ᠥᠷᠲᠡᠭᠡ ᠴᠡᠭ᠎ᠢ ᠬᠠᠮᠤᠷᠤᠭᠰᠠᠨ ᠲᠡᠮᠦᠷ ᠵᠠᠮ ᠪᠠ ᠲᠡᠯᠡᠶ ᠬᠣᠯᠪᠤᠭᠠᠯᠠᠨ ᠲᠡᠭᠡᠭᠡᠪᠦᠷᠢᠯᠡᠬᠦ ᠲᠣᠣᠷ᠎ᠢ
ᠪᠠᠢᠭᠤᠯᠵᠤ᠂ ᠴᠢᠩᠭᠡᠯᠢᠭ᠂ ᠲᠡᠮᠦᠷ᠎ᠦᠨ ᠬᠦᠳᠡᠷ᠂ ᠪᠣᠯᠣᠳ ᠮᠠᠲᠧᠷᠢᠶᠠᠯ᠂ ᠵᠡᠰ᠎ᠦᠨ ᠨᠠᠷᠢᠯᠢᠭ᠋ ᠬᠦᠳᠡᠷ ᠵᠡᠷᠭᠡ
ᠶᠡᠬᠡ ᠬᠡᠮᠵᠢᠶᠡᠨ᠎ᠦ ᠡᠳ᠋ ᠪᠠᠷᠠᠭᠠᠨ᠎ᠤ ᠬᠠᠩᠭᠠᠯᠭ᠎ᠠ᠎ᠶᠢ ᠪᠠᠲᠤᠯᠠᠬᠤ ᠠᠷᠭ᠎ᠠ ᠵᠠᠮ᠎ᠢ ᠨᠠᠪᠲᠠᠷᠡᠭᠦᠯᠵᠦ᠂
2025 ᠣᠨ᠎ᠳᠤ ᠤᠯᠠᠭᠠᠨᠬᠠᠳᠠ᠎ᠶᠢᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ᠎ᠤ
ᠬᠢ᠎ᠡᠴᠡ 70% ᠪᠠᠷ ᠨᠡᠮᠡᠭᠳᠡᠵᠦ᠂ ᠤᠯᠠᠭᠠᠨᠬᠠᠳᠠ ᠬᠣᠲᠠ᠎ᠶᠢᠨ ᠠᠵᠤ ᠦᠢᠯᠡᠰ᠎ᠦᠨ ᠬᠡᠯᠬᠢᠶ᠎ᠡ ᠵᠢᠨ
ᠬᠠᠩᠭᠠᠯᠭ᠎ᠠ ᠲᠣᠭᠲᠠᠭᠤᠨ ᠪᠠᠢᠬᠤ᠎ᠶᠢ ᠬᠦᠴᠦᠲᠡᠢ
ᠪᠠᠲᠤᠯᠠᠪᠠ᠃
ᠤᠯᠠᠭᠠᠨᠬᠠᠳᠠ᠎ᠶᠢᠨ
ᠣᠯᠠᠨ ᠤᠯᠤᠰ᠎ᠤᠨ ᠳᠤᠳᠤᠭᠠᠳᠦ ᠬᠠᠭᠤᠷᠠᠢ᠎ᠶᠢᠨ ᠭᠠᠷᠠᠮ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂
ᠤᠯᠠᠭᠠᠨᠬᠠᠳᠠ᠎ᠶᠢᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠨᠢ ᠭᠠᠳᠠᠭᠠᠳᠤ᠎ᠠᠴᠠ ᠣᠷᠣᠭᠤᠯᠵᠤ
ᠭᠠᠳᠠᠭᠠᠳᠤ᠎ᠳᠤ ᠭᠠᠷᠭᠠᠬᠤ ᠲᠤᠬᠠᠢᠯᠠᠭᠰᠠᠨ ᠠᠵᠢᠯ᠎ᠢ ᠰᠢᠭᠤᠳ ᠲᠤᠬᠠᠢ᠎ᠶᠢᠨ ᠭᠠᠵᠠᠷ᠎ᠲᠠᠭᠠᠨ ᠭᠦᠢᠴᠡᠳᠬᠡᠵᠦ᠂
ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠢᠯᠡᠳᠲᠡ ᠪᠠᠭᠤᠷᠠᠭᠤᠯᠬᠤ ᠪᠣᠯᠣᠨ᠎ᠠ︔
ᠬᠡᠷᠡᠭᠯᠡᠭᠴᠢᠳ᠎ᠲᠦ ᠦᠢᠯᠡᠴᠢᠯᠡᠬᠦ ᠲᠥᠪ᠎ᠢ ᠵᠡᠷᠭᠡ᠎ᠪᠡᠷ ᠪᠠᠢᠭᠤᠯᠤᠬᠰᠠᠨ ᠵᠢᠡᠷ᠂ ᠵᠠᠰᠠᠭ ᠠᠵᠤ ᠠᠬᠤᠢᠯᠠᠯ
ᠬᠣᠯᠪᠤᠭᠠᠯᠠᠨ ᠬᠥᠳᠡᠯᠦᠯᠴᠡᠬᠦ᠂ ᠭᠠᠷᠠᠮ ᠠᠵᠤ ᠠᠬᠤᠢᠯᠠᠯ ᠬᠠᠮᠵᠢᠯᠴᠠᠬᠤ ᠴᠢᠬᠤᠯᠠ ᠬᠣᠯᠪᠣᠭᠠᠰᠤ ᠪᠣᠯᠵᠤ᠂ ᠤᠯᠠᠭᠠᠨᠬᠠᠳᠠ᠎ᠶᠢᠨ
ᠵᠠᠬ᠎ᠠ ᠳᠡᠯᠭᠡᠭᠦᠷ ᠬᠢᠭᠡᠳ ᠯᠢᠶᠣᠤᠨᠢᠩ ᠭᠠᠷᠠᠮ᠎ᠤᠨ 《ᠵᠠᠢ ᠦᠭᠡᠢ》 ᠬᠣᠯᠪᠣᠯᠳᠤᠨ ᠨᠡᠪᠲᠡᠷᠡᠯᠴᠡᠬᠦ᠎ᠶᠢ ᠪᠡᠶᠡᠯᠡᠭᠦᠯᠦᠨ᠎ᠡ᠃
ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ