ᠭᠤᠷᠪᠠᠳᠠᠭᠢ ᠤᠳᠠᠭ᠎ᠠ᠎ᠶᠢᠨ ᠥᠷᠥᠭᠡᠨ᠎ᠡᠴᠡ ᠭᠠᠷᠬᠤ ᠠᠵᠢᠯᠯᠠᠭ᠎ᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
2026-04-17 16:52:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 17᠎ᠤ ᠡᠳᠦᠷ᠎ᠦᠨ 01 ᠴᠠᠭ 36 ᠮᠢᠨᠦ᠋ᠲ᠎ᠲᠦ᠂ 5.5 ᠴᠠᠭ ᠰᠢᠬᠠᠮ᠎ᠤᠨ ᠥᠷᠥᠭᠡᠨ᠎ᠤ ᠭᠠᠳᠠᠨᠠᠬᠢ ᠠᠵᠢᠯᠯᠠᠭ᠎ᠠ᠎ᠪᠠᠷ ᠳᠡᠮᠵᠢᠨ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ ᠵᠠᠩ ᠯᠦ᠍᠂ ᠦ᠋ ᠹᠧᠢ᠂ ᠵᠠᠩ ᠬᠣᠩ ᠵᠠᠩ ᠨᠢᠭ᠍ᠲᠠ ᠬᠠᠮᠵᠢᠯᠴᠠᠵᠤ᠂ ᠰᠠᠨᠰᠠᠷ᠎ᠤᠨ ᠥᠷᠲᠡᠭᠡ᠎ᠶᠢᠨ ᠮᠧᠬᠠᠨᠢᠭ ᠭᠠᠷ ᠪᠣᠯᠣᠨ ᠭᠠᠵᠠᠷ ᠳᠡᠭᠡᠷᠡᠬᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠳᠡᠮᠵᠢᠯᠭᠡ ᠳᠣᠣᠷ᠎ᠠ᠂ ᠰᠠᠨᠰᠠᠷ᠎ᠤᠨ ᠬᠡᠮᠬᠡᠳᠡᠭ᠎ᠢ ᠰᠡᠷᠭᠡᠢᠯᠡᠨ ᠬᠠᠮᠠᠭᠠᠯᠠᠬᠤ ᠲᠥᠬᠦᠭᠡᠷᠦᠮᠵᠢ ᠤᠭᠰᠠᠷᠠᠬᠤ᠂ ᠥᠷᠥᠭᠡᠨ ᠭᠠᠳᠠᠨᠠᠬᠢ ᠲᠥᠬᠦᠭᠡᠷᠦᠮᠵᠢ ᠵᠢ ᠲᠣᠭᠣᠷᠢᠨ ᠪᠠᠢᠴᠠᠭᠠᠬᠤ ᠵᠡᠷᠭᠡ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠥᠷᠥᠭᠡᠨ᠎ᠡᠴᠡ ᠭᠠᠷᠤᠭᠰᠠᠨ ᠰᠠᠨᠰᠠᠷᠴᠢᠨ ᠵᠠᠩ ᠯᠦ᠍᠂ ᠦ᠋ ᠹᠧᠢ ᠬᠤᠶᠠᠭᠤᠯᠠ ᠸᠸᠨ ᠲᠢᠶᠠᠨ ᠲᠤᠷᠰᠢᠯᠲᠠ᠎ᠶᠢᠨ ᠥᠷᠥᠭᠡ᠎ᠳᠦ ᠠᠮᠤᠷ ᠲᠦᠪᠰᠢᠨ᠎ᠢᠶᠡᠷ ᠪᠤᠴᠠᠨ ᠤᠷᠤᠵᠤ᠂ ᠥᠷᠥᠭᠡᠨ᠎ᠡᠴᠡ ᠭᠠᠷᠬᠤ ᠠᠵᠢᠯᠯᠠᠭ᠎ᠠ ᠲᠡᠭᠦᠰ ᠠᠮᠵᠢᠯᠲᠠ ᠣᠯᠤᠯ᠎ᠠ᠃


QQ截图20260417165305.png


ᠣᠲᠣ᠌ ᠪᠣᠯᠲᠠᠯ᠎ᠠ᠂ ᠰᠠᠨᠰᠠᠷᠴᠢᠨ ᠵᠠᠩ ᠯᠦ᠍ ᠥᠷᠥᠭᠡᠨ᠎ᠡᠴᠡ ᠭᠠᠷᠬᠤ ᠠᠵᠢᠯᠯᠠᠭ᠎ᠠ᠎ᠶᠢ ᠨᠡᠶ᠋ᠢᠲᠡ 7 ᠤᠳᠠᠭ᠎ᠠ ᠭᠦᠢᠴᠡᠳᠬᠡᠵᠦ᠂ ᠳᠤᠮᠳᠠᠳᠤ ᠤᠯᠤᠰ᠎ᠤᠨ ᠰᠠᠨᠰᠠᠷᠴᠢᠨ᠎ᠤ ᠬᠤᠪᠢ ᠬᠥᠮᠥᠨ᠎ᠦ ᠥᠷᠥᠭᠡᠨ᠎ᠡᠴᠡ ᠭᠠᠷᠬᠤ ᠠᠵᠢᠯᠯᠠᠭ᠎ᠠ᠎ᠶᠢᠨ ᠲᠡᠮᠳᠡᠭᠯᠡᠯ᠎ᠢ ᠰᠢᠨᠡᠳᠬᠡᠪᠡ᠃


QQ截图20260417165320.png


ᠳᠤᠮᠳᠠᠳᠤ ᠤᠯᠤᠰ᠎ᠤᠨ ᠬᠥᠮᠥᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠦᠨ ᠠᠯᠪᠠᠨ ᠭᠡᠷ᠎ᠦᠨ ᠲᠠᠨᠢᠯᠴᠠᠭᠤᠯᠤᠭᠰᠠᠨ᠎ᠢᠶᠠᠷ᠂ 3 ᠰᠠᠷ᠎ᠠ᠎ᠶᠢᠨ 16᠎ᠤ ᠡᠳᠦᠷ ᠬᠣᠶᠠᠳᠠᠭᠢ ᠤᠳᠠᠭ᠎ᠠ᠎ᠶᠢᠨ ᠥᠷᠥᠭᠡᠨ᠎ᠡᠴᠡ ᠭᠠᠷᠬᠤ ᠠᠵᠢᠯᠯᠠᠭ᠎ᠠ᠎ᠶᠢ ᠠᠮᠵᠢᠯᠲᠠ᠎ᠲᠠᠢ ᠪᠡᠶᠡᠯᠡᠭᠦᠯᠦᠭᠰᠡᠨ᠎ᠡᠴᠡ ᠨᠠᠭᠠᠰᠢ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠳ᠎ᠤᠨ ᠳᠤᠭᠤᠢᠯᠠᠩ ᠤᠷᠤᠨ ᠵᠠᠢ ᠵᠢᠨ ᠠᠮᠢ ᠨᠠᠰᠤᠨ᠎ᠤ ᠰᠢᠨᠵᠢᠯᠡᠬᠦ ᠤᠬᠠᠭᠠᠨ ᠬᠢᠭᠡᠳ ᠬᠥᠮᠥᠨ᠎ᠦ ᠪᠡᠶ᠎ᠡ᠎ᠶᠢᠨ ᠰᠤᠳᠤᠯᠭᠠᠨ᠂ ᠪᠢᠴᠢᠯ ᠬᠦᠨᠳᠦ᠎ᠶᠢᠨ ᠬᠦᠴᠦᠨ᠎ᠦ ᠹᠢᠽᠢᠺ᠎ᠦᠨ ᠰᠢᠨᠵᠢᠯᠡᠬᠦ ᠤᠬᠠᠭᠠᠨ ᠵᠡᠷᠭᠡ ᠬᠦᠷᠢᠶᠡᠨ᠎ᠦ ᠲᠤᠷᠰᠢᠯᠲᠠ ᠵᠢᠨ ᠡᠭᠦᠷᠭᠡ᠎ᠶᠢ ᠯᠠᠪᠳᠠᠭᠤᠨ᠎ᠢᠶᠠᠷ ᠠᠬᠢᠭᠤᠯᠵᠤ᠂ ᠥᠷᠲᠡᠭᠡᠨ ᠳᠣᠲᠣᠷᠠᠬᠢ ᠣᠷᠴᠢᠨ ᠲᠣᠭᠣᠷᠢᠨ᠎ᠢ ᠬᠢᠨᠠᠨ ᠬᠡᠮᠵᠢᠬᠦ᠂ ᠲᠥᠬᠦᠭᠡᠷᠦᠮᠵᠢ᠎ᠶᠢ ᠪᠠᠢᠴᠠᠭᠠᠨ ᠬᠠᠮᠠᠭᠠᠯᠠᠬᠤ᠂ ᠡᠳ᠋ ᠪᠣᠳᠠᠰ᠎ᠢ ᠲᠢᠭᠯᠡᠬᠦ ᠵᠡᠷᠭᠡ ᠠᠵᠢᠯ᠎ᠢ ᠦᠷᠭᠦᠯᠵᠢᠯᠡᠨ ᠥᠷᠨᠢᠭᠦᠯᠵᠦ᠂ ᠪᠥᠬᠥ ᠰᠢᠰᠲᠧᠮ᠎ᠦᠨ ᠳᠠᠷᠤᠯᠲᠠ᠎ᠶᠢ ᠪᠠᠴᠢᠮ ᠠᠷᠭᠠᠴᠠᠭᠠᠬᠤ ᠰᠣᠷᠢᠯᠲᠠ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠬᠤ ᠲᠤᠭᠤᠷᠢᠯᠲᠠ ᠵᠢᠨ ᠵᠠᠮ ᠳ᠋ᠡᠬᠢ ᠪᠣᠯᠪᠠᠰᠤᠷᠠᠯ ᠵᠢᠴᠢ ᠥᠷᠥᠭᠡᠨ᠎ᠡᠴᠡ ᠭᠠᠷᠬᠤ ᠠᠵᠢᠯᠯᠠᠭ᠎ᠠ᠎ᠶᠢᠨ ᠪᠡᠯᠡᠳᠬᠡᠯ ᠵᠡᠷᠭᠡ ᠵᠢ ᠪᠡᠶᠡᠯᠡᠭᠦᠯᠪᠡ᠃


QQ截图20260417165336.png


ᠣᠳᠣᠬᠠᠨ᠎ᠳᠤ᠂ 3 ᠰᠠᠨᠰᠠᠷᠴᠢᠨ ᠲᠣᠭᠣᠷᠢᠯᠲᠠ᠎ᠶᠢᠨ ᠵᠠᠮ᠎ᠳᠤ 5 ᠰᠠᠷ᠎ᠠ ᠭᠠᠷᠤᠢ ᠰᠠᠭᠤᠵᠤ᠂ ᠠᠵᠢᠯ ᠠᠮᠢᠳᠤᠷᠠᠯ᠎ᠤᠨ ᠪᠠᠢᠳᠠᠯ ᠨᠢ ᠰᠠᠢᠨ ᠪᠠᠢᠨ᠎ᠠ᠃ ᠰᠠᠨᠰᠠᠷᠴᠢᠨ᠎ᠤ ᠣᠷᠳᠣ᠌ ᠬᠤᠭᠤᠴᠠᠭ᠎ᠠ᠎ᠪᠠᠷ ᠲᠣᠭᠣᠷᠢᠯᠲᠠ᠎ᠶᠢᠨ ᠵᠠᠮ᠎ᠳᠤ ᠪᠠᠢᠬᠤ ᠲᠤᠬᠠᠢ ᠬᠠᠮᠢᠶ᠎ᠠ ᠪᠦᠬᠦᠢ ᠮᠡᠷᠭᠡᠵᠢᠯ᠎ᠢ ᠰᠢᠯᠭᠠᠨ ᠪᠠᠲᠤᠯᠠᠬᠤ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠬᠦ ᠣᠩᠭᠣᠴᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠷᠪᠤᠯᠲᠠ᠎ᠪᠠᠷ ᠳᠠᠮᠵᠢᠨ ᠰᠠᠨᠰᠠᠷ᠎ᠤᠨ ᠥᠷᠲᠡᠭᠡ᠎ᠳᠦ ᠡᠳ᠋ ᠪᠣᠳᠠᠰ ᠨᠥᠬᠥᠪᠦᠷᠢᠯᠡᠬᠦ ᠶᠡᠷᠦᠩᠬᠡᠢᠯᠡᠭᠰᠡᠨ ᠦᠷ᠎ᠡ ᠠᠰᠢᠭ᠋᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ᠂ ᠨᠠᠷᠢᠨ ᠨᠢᠮᠪᠠᠢ ᠨᠤᠲᠠᠯᠠᠯᠲᠠ ᠬᠢᠵᠦ ᠦᠨᠡᠯᠡᠨ ᠵᠢᠱ᠌ᠢᠬᠦ᠎ᠪᠡᠷ ᠳᠡᠮᠵᠢᠨ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠰᠠᠨᠰᠠᠷᠴᠢᠨ᠎ᠤ ᠳᠤᠭᠤᠢᠯᠠᠩ᠎ᠤᠨ ᠲᠣᠭᠣᠷᠢᠯᠲᠠ᠎ᠶᠢᠨ ᠵᠠᠮ᠎ᠳᠤ ᠪᠠᠢᠬᠤ ᠴᠠᠭ᠎ᠢ ᠪᠠᠷᠤᠭ 1 ᠰᠠᠷ᠎ᠠ ᠤᠷᠲᠤᠳᠬᠠᠬᠤ᠎ᠪᠠᠷ ᠲᠥᠯᠥᠪᠯᠡᠵᠦ ᠪᠣᠶ᠃ ᠲᠠᠷᠠᠭᠠᠴᠢ᠎ᠶᠢᠨ ᠰᠠᠨᠰᠠᠷ᠎ᠲᠤ ᠨᠢᠰᠬᠦ ᠠᠶᠠᠯᠠᠯ᠎ᠳᠤ᠂ ᠰᠠᠨᠰᠠᠷᠴᠢᠨ᠎ᠤ ᠳᠤᠭᠤᠢᠯᠠᠩ ᠬᠣᠯᠪᠣᠭᠳᠠᠯ ᠪᠦᠬᠦᠢ ᠰᠢᠨᠵᠢᠯᠡᠬᠦ ᠤᠬᠠᠭᠠᠨ᠎ᠤ ᠲᠤᠷᠰᠢᠯᠲᠠ ᠪᠣᠯᠣᠨ ᠮᠡᠷᠭᠡᠵᠢᠯ᠎ᠦᠨ ᠲᠤᠷᠰᠢᠯᠲᠠ᠎ᠶᠢ ᠦᠷᠭᠦᠯᠵᠢᠯᠡᠨ ᠥᠷᠨᠢᠭᠦᠯᠵᠦ᠂ ᠲᠣᠭᠣᠷᠢᠯᠲᠠ᠎ᠶᠢᠨ ᠵᠠᠮ᠎ᠳᠤ ᠳᠤᠮᠳᠠᠳᠤ ᠤᠯᠤᠰ᠎ᠤᠨ ᠰᠠᠨᠰᠠᠷ᠎ᠤᠨ ᠡᠳᠦᠷ᠎ᠢ ᠤᠭᠲᠤᠵᠤ᠂ ᠤᠯᠠᠨ ᠤᠯᠤᠰ᠎ᠤᠨ ᠬᠥᠳᠡᠯᠮᠦᠷᠢᠴᠢᠳ᠎ᠦᠨ ᠪᠠᠶᠠᠷ᠎ᠢ ᠪᠡᠯᠭᠡᠯᠡᠬᠦ ᠪᠤᠯᠤᠨ᠎ᠡ᠃


QQ截图20260417165349.png


QQ截图20260417165402.png


ᠢᠷᠡᠯᠲᠡ᠄ ᠠᠷᠠᠳ᠎ᠤᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号