ᠬᠦᠳᠡᠯᠮᠦᠷᠢᠴᠢᠳ᠎ᠤᠨ ᠪᠠᠶᠠᠷ᠎ᠤᠨ ᠬᠤᠭᠤᠴᠠᠭᠠᠨ᠎ᠳᠤ ᠠᠯᠠᠱᠠ᠎ᠳᠤ ᠲᠤᠮᠤ ᠱᠠᠩᠨᠠᠯᠲᠤ ᠪᠦᠬᠡ᠎ᠵᠢᠨ ᠤᠷᠤᠯᠳᠤᠭᠠᠨ ᠲᠠᠢ
2026-04-17 17:14:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠠᠪᠤᠨ ᠰᠠᠷ᠎ᠠ᠎ᠶᠢᠨ ᠨᠢᠭᠡᠨ᠎ᠦ ᠬᠥᠳᠡᠯᠮᠦᠷᠢᠴᠢᠳ᠎ᠦᠨ ᠪᠠᠶᠠᠷ᠎ᠢ ᠤᠭᠲᠤᠵᠤ᠂ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠪᠠᠷ 5 ᠰᠠᠷ᠎ᠠ ᠎ᠶᠢᠨ 1᠎ᠦ ᠡᠳᠦᠷ᠎ᠡᠴᠡ 4᠎ᠦ ᠡᠳᠦᠷ ᠪᠣᠯᠲᠠᠯ᠎ᠠ᠂ ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠤ ᠲᠡᠭᠷᠢ ᠡᠯᠡᠰᠦᠨ᠎ᠳᠠᠬᠢ ᠠᠯᠠᠱᠠ᠎ᠶᠢᠨ ᠪᠠᠭᠠᠲᠤᠷᠴᠤᠳ᠎ᠤᠨ ᠴᠤᠭᠯᠠᠭᠠᠨ᠎ᠤ ᠲᠠᠯᠠᠪᠠᠢ᠎ᠳᠤ 《ᠪᠠᠭᠠᠲᠤᠷᠴᠤᠳ ᠬᠤᠨᠳᠠᠭᠠᠲᠤ》 1024 ᠱᠠᠯᠪᠤᠷ ᠪᠥᠬᠡ᠎ᠶᠢᠨ ᠠᠯᠲᠠᠨ ᠪᠦᠰᠡ᠎ᠶᠢᠨ ᠲᠡᠮᠡᠴᠡᠭᠡᠨ ᠪᠣᠯᠣᠨ 1024 ᠮᠣᠩᠭᠣᠯ ᠪᠥᠬᠡ᠎ᠶᠢᠨ ᠤᠷᠤᠯᠳᠤᠭᠠᠨ᠎ᠢ ᠡᠷᠬᠢᠯᠡᠨ ᠶᠠᠪᠤᠭᠳᠠᠭᠤᠯᠬᠤ ᠪᠣᠯᠣᠨ᠎ᠠ᠃

ᠲᠤᠰ ᠤᠳᠠᠭ᠎ᠠ ᠵᠢᠨ ᠪᠥᠬᠡ᠎ᠶᠢᠨ ᠪᠠᠷᠢᠯᠳᠤᠭᠠᠨ᠎ᠳᠤ ᠡᠷᠡᠭᠲᠡᠢ᠎ᠶᠢᠨ 1024 ᠱᠠᠯᠪᠤᠷ ᠪᠥᠬᠡ᠎ᠶᠢᠨ ᠠᠯᠲᠠᠨ ᠪᠦᠰᠡ᠎ᠶᠢᠨ ᠲᠡᠮᠡᠴᠡᠭᠡᠨ᠂ ᠡᠮᠡᠭᠲᠡᠢ᠎ᠶᠢᠨ 128 ᠱᠠᠯᠪᠤᠷ ᠪᠥᠬᠡ᠎ᠶᠢᠨ ᠪᠠᠷᠢᠯᠳᠤᠭᠠᠨ᠂ ᠡᠷᠡᠭᠲᠡᠢ᠎ᠶᠢᠨ 1024 ᠮᠣᠩᠭᠣᠯ ᠪᠥᠬᠡ᠎ᠶᠢᠨ ᠪᠠᠷᠢᠯᠳᠤᠭᠠᠨ᠂ ᠡᠮᠡᠭᠲᠡᠢ᠎ᠶᠢᠨ 128 ᠮᠣᠩᠭᠣᠯ ᠪᠥᠬᠡ᠎ᠶᠢᠨ ᠪᠠᠷᠢᠯᠳᠤᠭᠠᠨ᠂ ᠠᠯᠠᠱᠠ ᠠᠢᠮᠠᠭ᠎ᠤᠨ ᠰᠤᠮᠤ ᠪᠠᠯᠭᠠᠰᠤᠨ᠎ᠤ ᠡᠷᠡᠭᠲᠡᠢ᠎ᠶᠢᠨ ᠱᠠᠯᠪᠤᠷ ᠪᠥᠬᠡ᠎ᠶᠢᠨ ᠨᠢᠭᠡᠴᠢ᠎ᠶᠢᠨ  ᠤᠷᠤᠯᠳᠤᠭᠠᠨ ᠵᠢᠴᠢ ᠣᠯᠠᠨ ᠤᠯᠤᠰ᠎ᠤᠨ ᠮᠣᠩᠭᠣᠯ ᠦᠨᠳᠦᠰᠦᠲᠡᠨ᠎ᠦ ᠪᠥᠬᠡ ᠵᠢᠨ ᠶᠠᠷᠢᠯᠴᠠᠭᠠᠨ᠎ᠦ ᠲᠠᠪᠴᠠᠩ᠂ ᠬᠠᠮᠤᠭ᠎ᠤᠨ ᠲᠣᠮᠣ᠌ ᠬᠡᠪᠴᠢᠶᠡᠨ᠎ᠦ ᠮᠣᠩᠭᠣᠯ ᠦᠨᠳᠦᠰᠦᠲᠡᠨ᠎ᠦ ᠪᠥᠬᠡ᠎ᠶᠢᠨ ᠬᠠᠮᠲᠤ᠎ᠶᠢᠨ ᠬᠢᠴᠢᠶᠡᠯᠯᠡᠭᠡ᠎ᠪᠡᠷ ᠳᠡᠯᠡᠬᠡᠢ᠎ᠶᠢᠨ ᠭᠢᠨᠢᠰ᠎ᠦᠨ ᠲᠡᠮᠳᠡᠭᠯᠡᠯ᠎ᠢ ᠡᠭᠦᠳᠬᠦ ᠵᠡᠷᠭᠡ ᠠᠭᠤᠯᠭ᠎ᠠ᠎ᠶᠢ ᠲᠣᠬᠢᠷᠠᠭᠤᠯᠵᠠᠢ᠃ ᠡᠭᠦᠨ᠎ᠡᠴᠡ ᠭᠠᠳᠠᠨ᠎ᠠ᠂ ᠱᠠᠯᠪᠤᠷ ᠪᠥᠬᠡ ᠎ᠶᠢᠨ ᠡᠮᠦᠨ᠎ᠡ 32 ᠨᠡᠷᠡᠰ ᠬᠢᠭᠡᠳ ᠮᠣᠩᠭᠣᠯ ᠪᠥᠬᠡ᠎ᠶᠢᠨ ᠡᠮᠦᠨ᠎ᠡ 32 ᠨᠡᠷᠡᠰ᠎ᠲᠦ ᠣᠷᠣᠭᠰᠠᠨ ᠪᠥᠬᠡᠴᠦᠳ᠎ᠢ ᠤᠯᠤᠰ ᠪᠣᠯᠣᠨ ᠠᠢᠮᠠᠭ ᠬᠣᠲᠠ᠎ᠪᠠᠷ ᠨᠢᠭᠡᠴᠢ ᠪᠣᠯᠭᠠᠨ ᠬᠤᠪᠢ ᠲᠡᠮᠳᠡᠭᠯᠡᠨ ᠨᠡᠮᠡᠵᠦ ᠪᠣᠳᠣᠬᠤ ᠠᠷᠭ᠎ᠠ᠎ᠪᠠᠷ ᠣᠯᠣᠭᠰᠠᠨ ᠶᠡᠷᠦᠩᠬᠡᠢ ᠬᠤᠪᠢ᠎ᠶᠢᠨ ᠳᠠᠷᠠᠭᠠᠯᠠᠯ᠎ᠢᠶᠠᠷ ᠡᠮᠦᠨ᠎ᠡ 4 ᠨᠡᠷᠡᠰ᠎ᠲᠦ ᠣᠷᠣᠭᠰᠠᠨ ᠤᠯᠤᠰ ᠪᠤᠶᠤ ᠠᠢᠮᠠᠭ ᠬᠤᠲᠠ᠎ᠶᠢ ᠰᠢᠯᠭᠠᠷᠠᠭᠤᠯᠤᠨ ᠭᠠᠷᠭᠠᠵᠤ ᠣᠨᠴᠠᠭᠠᠶ ᠪᠠᠢᠷᠢ᠎ᠶᠢᠨ ᠨᠢᠭᠡᠴᠢ᠎ᠶᠢᠨ ᠱᠠᠩᠨᠠᠯ ᠬᠦᠷᠲᠡᠭᠡᠨ᠎ᠡ᠃

ᠣᠢᠯᠠᠭᠠᠭᠰᠠᠨ ᠎ᠢᠶᠠᠷ᠂ ᠲᠤᠰ ᠤᠳᠠᠭᠠᠨ᠎ᠤ ᠪᠥᠬᠡ ᠎ᠶᠢᠨ ᠤᠷᠤᠯᠳᠤᠭᠠᠨ ᠨᠢ  5 ᠰᠠᠷ᠎ᠠ᠎ᠶᠢᠨ 7᠎ᠤ ᠡᠳᠦᠷ ᠣᠷᠳᠣᠰ ᠬᠤᠲᠠ᠎ᠶᠢᠨ ᠡᠵᠡᠨ ᠬᠣᠷᠣᠭ᠎ᠠ ᠬᠣᠰᠢᠭᠤᠨ᠎ᠤ ᠤᠯᠠᠭᠠᠨ ᠮᠣᠷᠢᠨ (2026) ᠵᠢᠯ᠎ᠦᠨ ᠬᠠᠪᠤᠷ᠎ᠦᠨ ᠤᠯᠠᠷᠢᠯ᠎ᠦᠨ ᠴᠠᠭᠠᠨ ᠰᠦᠷᠦᠭ᠎ᠤᠨ ᠶᠡᠬᠡ ᠲᠠᠶ᠋ᠢᠯᠭ᠎ᠠ᠎ᠶᠢᠨ 512 ᠬᠦᠴᠦᠲᠦ ᠪᠥᠬᠡ᠎ᠶᠢᠨ ᠤᠷᠤᠯᠳᠤᠭᠠᠨ᠎ᠠᠴᠠ ᠡᠮᠦᠨ᠎ᠡ ᠶᠠᠪᠤᠭᠳᠠᠬᠤ ᠪᠣᠯᠬᠣᠷ ᠵᠣᠬᠢᠶᠠᠨ ᠪᠠᠢᠭᠤᠯᠤᠭ᠍ᠴᠢ᠎ᠶᠢᠨ ᠤᠷᠢᠯᠭ᠎ᠠ᠎ᠪᠠᠷ ᠮᠣᠩᠭᠣᠯ ᠤᠯᠤᠰ᠂ ᠣᠷᠣᠰ᠂ ᠺᠣᠷᠢᠶᠠ ᠤᠯᠤᠰ ᠵᠡᠷᠭᠡ 10 ᠭᠠᠷᠤᠢ ᠤᠯᠤᠰ ᠪᠣᠯᠣᠨ ᠮᠠᠨ᠎ᠤ ᠤᠯᠤᠰ᠎ᠤᠨ ᠥᠪᠥᠷ ᠮᠣᠩᠭᠣᠯ᠂ ᠰᠢᠨᠵᠢᠶᠠᠩ᠂ ᠬᠥᠬᠡᠨᠠᠭᠤᠷ᠂ ᠭᠠᠨᠰᠤ᠂ ᠨᠢᠩᠰᠢᠶᠠ᠂ ᠪᠡᠭᠡᠵᠢᠩ᠂ ᠲᠥᠪᠡᠳ ᠵᠡᠷᠭᠡ ᠮᠤᠵᠢ ᠣᠷᠣᠨ᠎ᠤ ᠪᠥᠬᠡᠴᠦᠳ ᠢᠷᠡᠵᠦ ᠣᠷᠣᠯᠴᠠᠬᠤ ᠪᠣᠯᠣᠨ᠎ᠠ᠃ ᠤᠷᠤᠯᠳᠤᠭᠠᠨ᠎ᠤ ᠱᠠᠩᠨᠠᠯ᠎ᠤᠨ ᠮᠥᠩᠭᠥ 200 ᠭᠠᠷᠤᠢ ᠲᠦᠮᠡᠨ ᠲᠥᠭᠥᠷᠢᠭ ᠲᠤ᠌ ᠬᠦᠷᠴᠦ᠂ ᠱᠠᠯᠪᠤᠷ ᠪᠥᠬᠡ᠎ᠶᠢᠨ ᠪᠠᠷᠢᠯᠳᠤᠭᠠᠨ᠎ᠤ ᠬᠤᠪᠴᠠᠰᠤ ᠵᠣᠳᠣᠭ᠎ᠢ ᠵᠣᠬᠢᠶᠠᠨ ᠪᠠᠶ᠋ᠢᠭᠤᠯᠬᠤ ᠨᠢᠭᠡᠴᠢ᠎ᠡᠴᠡ ᠪᠡᠯᠡᠳᠬᠡᠵᠦ᠂ ᠮᠣᠩᠭᠣᠯ ᠪᠥᠬᠡ᠎ᠶᠢᠨ ᠪᠠᠷᠢᠯᠳᠤᠭᠠᠨ᠎ᠤ ᠵᠣᠳᠣᠭ᠎ᠢ ᠪᠥᠬᠡᠴᠦᠳ ᠥᠪᠡᠷ᠎ᠢᠶᠡᠨ ᠪᠡᠯᠡᠳᠬᠡᠵᠦ᠂ ᠪᠥᠬᠡ᠎ᠶᠢᠨ ᠪᠦᠷᠢᠨ ᠡᠮᠦᠰᠬᠡᠯ᠎ᠲᠠᠢ ᠪᠠᠢᠬᠤ᠎ᠶᠢ ᠱᠠᠭᠠᠷᠳᠠᠨ᠎ᠠ᠃

1024 ᠱᠠᠯᠪᠤᠷ ᠪᠥᠬᠡ᠎ᠶᠢᠨ ᠠᠯᠲᠠᠨ ᠪᠦᠰᠡ᠎ᠶᠢᠨ ᠲᠡᠮᠡᠴᠡᠭᠡᠨ᠎ᠦ ᠲᠡᠷᠢᠭᠦᠨ ᠪᠥᠬᠡ᠎ᠳᠤ 200000 ᠲᠥᠭᠥᠷᠢᠭ  (ᠠᠯᠲᠠᠨ ᠪᠦᠰᠡ᠂ ᠠᠲᠠᠨ ᠲᠡᠮᠡᠭᠡ᠂ ᠠᠷᠠᠳ᠎ᠤᠨ ᠵᠣᠭᠣᠰ)᠎ᠤᠨ ᠱᠠᠩᠨᠠᠯ ᠤᠯᠭᠤᠵᠤ᠂ 1024 ᠮᠤᠩᠭᠤᠯ ᠪᠦᠭᠡ᠎ᠵᠢᠨ ᠪᠠᠷᠢᠯᠳᠤᠭᠠᠨ᠎ᠤ ᠲᠡᠷᠢᠭᠦᠨ ᠪᠦᠬᠡ᠎ᠳᠤ 50000 ᠲᠦᠭᠦᠷᠢᠭ᠎ᠤᠨ ᠱᠠᠩᠨᠠᠯ ᠤᠯᠭᠤᠬᠤ ᠠᠵᠢ᠃

ᠢᠷᠡᠯᠲᠡ᠄ ᠠᠯᠠᠱᠠ ᠬᠠᠮ ᠵᠠᠭᠤᠴᠢᠯᠠᠭᠤᠷ᠎ᠤᠨ ᠮᠤᠩᠭᠤᠯ ᠵᠢᠷᠭᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号