ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠦᠨ ᠰᠠᠨᠠᠯ
2026-04-18 11:16:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ᠎ᠤ 11 ᠰᠠᠷ᠎ᠠ᠎ᠶ᠋ᠢᠨ 1 ᠤ᠋ ᠡᠳᠦᠷ)


ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠵᠢᠷᠤᠮᠵᠢᠩᠭᠤᠢ ᠡᠷᠡᠭᠦᠯ᠎ᠬᠦᠭᠵᠢᠯᠳᠡ ᠶ᠋ᠢ ᠠᠬᠢᠭᠤᠯᠬᠤ᠎ᠶ᠋ᠢᠨ ᠲᠥᠯᠥᠭᠡ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠪᠠᠷ ᠵᠥᠪᠱᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠬᠠᠵᠤ᠂ ᠢᠳᠡᠪᠬᠢᠲᠡᠶ ᠪᠣᠢᠵᠢᠭᠤᠯᠤᠨ ᠬᠥᠭ᠌ᠵᠢᠭᠦᠯᠬᠦ᠌᠎ᠶ᠋ᠢ ᠴᠢᠬᠤᠯᠠᠴᠢᠯᠠᠬᠤ ᠮᠥᠷᠲᠡᠭᠡᠨ ᠪᠠᠰᠠ ᠴᠢᠩᠭ᠎ᠠ ᠬᠢᠨᠠᠨ ᠬᠠᠮᠢᠶᠠᠷᠬᠤ᠎ᠶ᠋ᠢ ᠴᠢᠬᠤᠯᠠᠴᠢᠯᠠᠵᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠯᠤᠭ᠎ᠠ ᠵᠣᠬᠢᠴᠠᠯᠳᠤᠭ᠍ᠰᠠᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠠᠮᠢᠶᠠᠷᠤᠯᠲᠠ᠎ᠶ᠋ᠢᠨ ᠳᠦᠷᠢᠮ ᠪᠣᠯᠤᠨ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠰᠢᠭᠦᠯᠵᠤ᠂ ᠵᠠᠰᠠᠭ᠎ᠤᠨ ᠣᠷᠳᠣᠨ ᠡᠴᠡ ᠬᠢᠨᠠᠨ ᠬᠠᠮᠢᠶᠠᠷᠬᠤ᠂ ᠨᠡᠢᠭᠡᠮ ᠡᠴᠡ ᠬᠢᠨᠠᠯᠲᠠ ᠲᠠᠯᠪᠢᠬᠤ᠂ ᠦᠪᠡᠷ ᠢ᠋ ᠪᠠᠨ ᠱᠠᠭᠠᠷᠳᠠᠵᠤ ᠥᠪᠡᠷ ᠲᠡᠭᠡᠨ ᠵᠠᠰᠠᠬᠤ᠎ᠶ᠋ᠢ ᠤᠶᠠᠯᠳᠤᠭᠤᠯᠤᠭ᠍ᠰᠠᠨ ᠶᠡᠷᠦᠩᠬᠡᠢᠯᠡᠨ ᠵᠠᠰᠠᠬᠤ ᠱᠢᠰᠲ᠋ᠧᠮ ᠢ᠋ ᠲᠡᠭᠦᠯᠳᠡᠷᠵᠢᠭᠦᠯᠵᠤ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠪᠦᠲᠦᠴᠡ᠎ᠶ᠋ᠢᠨ ᠪᠠᠢᠷᠢᠱᠢᠯ ᠪᠠ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠵᠠᠬ᠎ᠠ ᠳᠡᠯᠭᠡᠭᠦᠷᠴᠢᠯᠡᠬᠦ᠌᠂ ᠲᠤᠰᠭᠠᠢᠵᠢᠭᠤᠯᠬᠤ᠂ ᠵᠢᠷᠤᠮᠵᠢᠭᠤᠯᠬᠤ ᠱᠠᠭᠠᠷᠳᠠᠯᠭ᠎ᠠ ᠪᠡᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ ᠵᠢ ᠠᠬᠢᠭᠤᠯᠵᠤ᠂  ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠢᠯᠡᠴᠢᠯᠡᠬᠦ᠌ ᠲᠤᠮᠳᠠᠬᠢ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠳᠡᠢ᠃

ᠬᠣᠶᠠᠷ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠨ᠎ᠠ

(ᠨᠢᠭᠡ) ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠢ ᠱᠢᠯᠤᠭᠤᠳᠭᠠᠨ᠎ᠠ᠃ ᠱᠢᠰᠲᠧᠮ᠎ᠤᠨ ᠲᠤᠳᠤᠷᠠᠬᠢ ᠬᠠᠮᠢᠶᠠᠷᠤᠯᠳᠠ ᠪᠠ ᠭᠠᠵᠠᠷ ᠤᠷᠤᠨ ᠤ᠋ ᠬᠠᠮᠢᠶᠠᠷᠤᠯᠳᠠ ᠵᠢ ᠤᠶᠠᠯᠳᠤᠭᠤᠯᠬᠤ᠂ ᠳᠡᠭᠡᠳᠦ ᠲᠤᠤᠷᠠᠳᠤ ᠱᠠᠳᠤ ᠬᠣᠯᠪᠣᠭᠠᠯᠠᠨ ᠬᠥᠳᠡᠯᠦᠯᠴᠡᠬᠦ᠂ ᠪᠦᠲᠦᠮᠵᠢᠲᠡᠢ ᠬᠠᠮᠵᠢᠯᠴᠠᠬᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ 《ᠠᠵᠢᠯ ᠲᠦᠷᠦᠯ᠎ᠢ ᠬᠠᠮᠢᠶᠠᠷᠬᠤ ᠮᠥᠷᠲᠡᠭᠡᠨ ᠨᠠᠮ᠎ᠤᠨ ᠪᠠᠢᠭᠤᠯᠤᠯᠲᠠ᠎ᠶ᠋ᠢ ᠴᠤ᠌ ᠬᠠᠮᠢᠶᠠᠷᠬᠤ》 ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠡᠯ᠎ᠡ ᠰᠠᠯᠠᠭ᠎ᠠ ᠮᠥᠴᠢᠷ᠎ᠦᠨ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠶᠠᠯᠠᠭ᠍ᠳᠠᠬᠤ ᠬᠠᠷᠢᠴᠠᠭ᠎ᠠ᠎ᠶ᠋ᠢ ᠤᠯᠠᠮ ᠨᠢᠭᠡ ᠠᠯᠬᠤᠮ ᠱᠢᠯᠤᠭᠤᠳᠭᠠᠵᠤ᠂ ᠪᠦᠬᠦ᠌ ᠲᠠᠯ᠎ᠠ᠎ᠶ᠋ᠢ ᠬᠠᠮᠤᠷᠬᠤ᠂ ᠤᠷᠤᠭ᠍ᠰᠢᠲᠠᠢ ᠶᠠᠪᠤᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠲᠤᠬᠠᠢᠯᠠᠭ᠍ᠰᠠᠨ ᠠᠵᠢᠯ ᠢ᠋ ᠨᠢ ᠭᠤᠤᠯᠯᠠᠨ ᠬᠠᠮᠢᠶᠠᠷᠬᠤ ᠨᠢᠭᠡᠴᠢ᠎ᠲᠡᠶ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠲᠤᠬᠠᠢᠯᠠᠭ᠍ᠰᠠᠨ ᠠᠵᠢᠯ ᠢ᠋ ᠨᠢ ᠭᠤᠤᠯᠯᠠᠨ ᠬᠠᠮᠢᠶᠠᠷᠬᠤ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ ᠡᠴᠡ ᠤᠳᠤᠷᠢᠳᠤᠨ ᠬᠠᠮᠢᠶᠠᠷᠴᠤ᠌᠂ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ ᠠᠵᠢᠯ᠎ᠤᠨ ᠵᠢᠯᠤᠭᠤᠳᠤᠯᠭ᠎ᠠ᠎ᠶ᠋ᠢ ᠬᠦᠯᠢᠶᠡᠨ᠎ᠡ᠃

(ᠬᠣᠶᠠᠷ) ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠦᠢᠯᠡᠳᠦᠯ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ ᠴᠢᠳᠠᠮᠵᠢ᠎ᠶ᠋ᠢ ᠴᠢᠩᠭᠠᠷᠠᠭᠤᠯᠤᠨ᠎ᠠ᠃ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠠᠵᠢᠯ᠎ᠤᠨ ᠬᠠᠮᠤᠷᠬᠤ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠡᠨ ᠪᠠᠳᠠᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠨᠠᠮ᠎ᠤᠨ ᠡᠭᠦᠷ᠎ᠦᠨ ᠪᠠᠷᠢᠮᠵᠢᠶᠠᠵᠢᠭᠰᠠᠨ ᠵᠢᠷᠤᠮᠵᠢᠭᠰᠠᠨ ᠪᠠᠢᠭᠤᠯᠤᠯᠲᠠ᠎ᠶ᠋ᠢ ᠠᠬᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠰᠠᠭᠤᠷᠢ᠎ᠶ᠋ᠢ ᠪᠥᠬᠥ᠌ ᠲᠠᠯ᠎ᠠ᠎ᠪᠠᠷ ᠪᠡᠬᠢᠵᠢᠭᠦᠯᠦᠨ᠎ᠡ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠲᠦᠷᠢᠮ ᠪᠠ ᠨᠠᠮ᠎ᠤᠨ ᠳᠣᠲᠣᠭᠠᠳᠤ᠎ᠶ᠋ᠢᠨ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ᠎ᠢ ᠴᠢᠩᠭ᠎ᠠ ᠵᠢᠷᠤᠮᠯᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠴᠢᠩᠭᠠᠳᠭᠠᠨ᠂ ᠲᠤᠰ ᠠᠵᠢᠯ ᠲᠦᠷᠦᠯ ᠲᠤᠰ ᠬᠦᠷᠢᠶᠡᠨ᠎ᠳᠡᠬᠢ ᠠᠵᠢᠯᠯᠠᠭᠰᠠᠳ ᠢ᠋ ᠨᠢᠭ᠍ᠲᠠᠷᠠᠭᠤᠯᠤᠨ ᠳᠡᠳᠡᠨ ᠳ᠋ᠤ ᠰᠠᠢᠲᠤᠷ ᠦᠢᠯᠡᠴᠢᠯᠡᠨ᠎ᠠ; ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ᠃

(ᠭᠤᠷᠪᠠ) ᠬᠤᠭᠤᠴᠠᠭ᠎ᠠ ᠰᠣᠯᠢᠬᠤ ᠵᠢᠷᠤᠮᠵᠢᠯ ᠪᠠ ᠬᠠᠷᠢᠭᠤᠴᠠᠯᠭᠠᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠬᠠᠤᠯᠢ ᠲᠣᠭ᠍ᠲᠠᠭᠠᠯ ᠲᠦᠷᠢᠮ ᠶᠣᠰᠣᠭᠠᠷ ᠬᠤᠭᠤᠴᠠᠭ᠎ᠠ ᠰᠣᠯᠢᠬᠤ᠎ᠶ᠋ᠢ ᠴᠢᠩᠭ᠎ᠠ ᠵᠢᠷᠤᠮᠵᠢᠭᠤᠯᠵᠤ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠵᠣᠬᠢᠶᠠᠨ ᠪᠠᠢᠭᠤᠯᠤᠯᠲᠠ᠎ᠨᠢ ᠴᠢᠬᠤᠯᠠ ᠠᠵᠢᠯᠳᠠᠨ᠎ᠤ ᠶᠠᠪᠤᠳᠠᠯ᠎ᠤᠨ ᠲᠤᠬᠢᠷᠠᠭᠤᠯᠤᠯᠳᠠ ᠵᠡᠷᠭᠡ ᠴᠢᠬᠤᠯᠠ ᠶᠡᠬᠡ ᠵᠦᠢᠯᠡᠰ᠎ᠦᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠪᠦᠲᠦᠮᠵᠢᠲᠡᠢ ᠣᠷᠣᠯᠴᠠᠬᠤ᠎ᠶ᠋ᠢ ᠠᠬᠢᠭᠤᠯᠵᠤ᠂ ᠬᠡᠷᠡᠭ ᠡᠷᠬᠢᠯᠡᠭ᠌ᠴᠢᠳ᠎ᠦᠨ ᠬᠤᠷᠠᠯ᠎ᠤᠨ ᠴᠠᠭ ᠬᠤᠭᠤᠴᠠᠭ᠎ᠠ ᠶᠣᠰᠣᠭᠠᠷ ᠬᠤᠭᠤᠴᠠᠭ᠎ᠠ ᠰᠣᠯᠢᠬᠤ ᠪᠠ ᠬᠠᠷᠢᠭᠤᠴᠠᠯᠭᠠᠲᠠᠨ᠎ᠤ ᠲᠤᠬᠠᠢ ᠲᠤᠬᠳᠠᠬᠰᠠᠨ ᠲᠤᠰᠢᠶᠠᠯ ᠬᠠᠷᠢᠭᠤᠴᠠᠬᠤ ᠨᠠᠰᠤᠨ᠎ᠤ ᠬᠢᠵᠠᠭᠠᠷ ᠲᠤ᠌ ᠬᠦᠷᠦᠭᠰᠡᠨ᠎ᠢ ᠱᠠᠯᠠᠪᠳᠠᠭᠤᠯᠤᠨ ᠰᠠᠨᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠬᠤᠭᠤᠴᠠᠭ᠎ᠠ ᠰᠣᠯᠢᠬᠤ ᠠᠵᠢᠯ᠎ᠤᠨ ᠶᠠᠪᠤᠴᠠ᠎ᠶ᠋ᠢ ᠵᠢᠷᠤᠮᠵᠢᠭᠤᠯᠤᠨ ᠨᠠᠷᠢᠯᠢᠬ᠍ᠵᠢᠭᠤᠯᠵᠤ᠂ ᠬᠤᠭᠤᠴᠠᠭ᠎ᠠ ᠰᠣᠯᠢᠬᠤ ᠡᠮᠬᠢ ᠲᠢᠭᠯᠢᠮ ᠦᠭᠡᠢ ᠪᠠᠢᠳᠠᠯ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠬᠤᠭᠤᠴᠠᠭ᠎ᠠ ᠰᠣᠯᠢᠬᠤ ᠳ᠋ᠤ ᠲᠦᠷᠢᠮ᠎ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠵᠠᠯᠠᠷᠠᠭᠤᠯᠬᠤ ᠪᠠ ᠵᠠᠯᠬᠠᠭᠠᠨ ᠴᠡᠭᠡᠷᠯᠡᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠤᠪᠤᠢ᠌ᠯᠭᠠᠵᠤ᠂ ᠤᠯᠤᠰ ᠲᠦᠷᠦ᠍᠎ᠶ᠋ᠢᠨ ᠪᠣᠭᠣᠮᠲᠠ᠎ᠶ᠋ᠢ ᠰᠠᠬᠢᠬᠤ᠎ᠶ᠋ᠢ ᠴᠢᠩᠭᠠᠳᠭᠠᠵᠤ᠂ ᠬᠠᠷᠢᠭᠤᠴᠠᠯᠭᠠᠲᠠᠨ᠎ᠤ ᠵᠢᠱ᠌ᠢᠭ᠌ᠳᠡᠭ᠌ᠴᠢ᠎ᠶ᠋ᠢ ᠬᠢᠨᠠᠨ ᠬᠠᠷᠭᠤᠭᠤᠯᠬᠤ ᠠᠵᠢᠯ᠎ᠢ ᠰᠠᠢᠲᠤᠷ ᠬᠢᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠠᠷᠢᠭᠤᠴᠠᠯᠭᠠᠲᠠᠨ᠎ᠢ ᠨᠡᠷ᠎ᠡ ᠳᠤᠷᠠᠳᠭᠤ᠂ ᠬᠢᠨᠠᠨ ᠬᠠᠷᠭᠤᠭᠤᠯᠬᠤ᠂ ᠢᠯᠡ ᠨᠡᠢᠲᠡᠯᠡᠬᠦ᠌᠂ ᠬᠢᠨᠠᠯᠲᠠ ᠲᠠᠯᠪᠢᠬᠤ᠂ ᠪᠠᠭᠤᠯᠭᠠᠬᠤ ᠵᠡᠷᠭᠡ ᠳᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠨᠠᠮ᠎ᠤᠨ ᠭᠡᠱᠢᠭᠦᠨ᠎ᠦ ᠬᠠᠮᠢᠶᠠᠷᠤᠯᠲᠠ᠎ᠶ᠋ᠢᠨ ᠳᠠᠪᠬᠤᠷᠭ᠎ᠠ᠎ᠶ᠋ᠢᠨ ᠬᠥᠮᠦᠰ ᠬᠢᠭᠡᠳ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠬᠤ ᠪᠠᠭ᠎ᠤᠨ ᠪᠦᠷᠢᠯᠳᠦᠬᠦᠨ᠎ᠳᠦ 《ᠬᠣᠣᠰ ᠴᠢᠭ᠌ᠯᠡᠯ᠎ᠢᠶᠡᠷ ᠣᠷᠣᠬᠤ᠂ ᠰᠣᠯᠪᠢᠴᠠᠨ ᠲᠤᠱᠢᠶᠠᠯ ᠡᠭᠦᠷᠭᠡᠯᠡᠬᠦ᠌》᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃ ᠭᠣᠣᠯ ᠬᠠᠷᠢᠭᠤᠴᠠᠯᠭᠠᠲᠠᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠤᠱᠢᠶᠠᠯ᠎ᠤᠨ ᠮᠡᠳᠡᠭᠦᠯᠦᠯᠲᠡ ᠬᠢᠬᠦ᠌᠂ ᠬᠠᠷᠢᠭᠤᠴᠠᠯᠭ᠎ᠠ ᠨᠡᠬᠡᠮᠵᠢᠯᠡᠬᠦ᠌ ᠳᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠬᠠᠷᠢᠭᠤᠴᠠᠯᠭᠠᠲᠠᠨ᠎ᠳ᠋ᠤ ᠨᠡᠷ᠎ᠡ ᠬᠦᠨᠳᠦᠲᠦ ᠲᠤᠱᠢᠶᠠᠯ ᠲᠤᠬᠢᠷᠠᠭᠤᠯᠬᠤ᠎ᠶ᠋ᠢ ᠴᠢᠩᠭ᠎ᠠ ᠵᠢᠷᠤᠮᠵᠢᠭᠤᠯᠤᠨ᠎ᠠ᠃ ᠬᠠᠷᠢᠭᠤᠴᠠᠯᠭᠠᠲᠠᠨ ᠳ᠋ᠤ ᠬᠢᠨᠠᠯᠲᠠ ᠬᠠᠮᠢᠶᠠᠷᠤᠯᠲᠠ ᠲᠠᠯᠪᠢᠬᠤ ᠵᠢ ᠴᠢᠩᠭᠠᠳᠭᠠᠵᠤ᠂ ᠨᠥᠬᠥᠴᠡᠯ᠎ᠳᠦ ᠨᠡᠢᠴᠡᠬᠦ᠌ ᠦᠭᠡᠶ ᠵᠢᠴᠢ ᠡᠭᠦᠷᠭᠡᠯᠡᠵᠦ᠍ ᠳᠡᠢᠯᠬᠦ᠌ ᠦᠭᠡᠶ᠂ ᠲᠤᠱᠢᠶᠠᠯ᠎ᠳᠠᠭᠠᠨ ᠲᠡᠩᠴᠡᠬᠦ᠌ ᠦᠭᠡᠶ ᠵᠡᠷᠭᠡ ᠬᠠᠷᠢᠭᠤᠴᠠᠯᠭᠠᠲᠠᠨ᠎ᠤ ᠲᠤᠰᠢᠶᠠᠯ᠎ᠢ ᠡᠬᠦᠷᠬᠡᠯᠡᠬᠦ ᠳ᠋ᠤ ᠲᠤᠬᠢᠷᠠᠬᠤ ᠦᠭᠡᠢ ᠬᠦᠮᠦᠨ᠎ᠢ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠨ᠎ᠠ᠃

(ᠲᠦᠷᠪᠡ) ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠳ᠋ᠤ ᠬᠢᠨᠠᠯᠲᠠ ᠲᠠᠯᠪᠢᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠤᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠠᠮ᠎ᠤᠨ ᠵᠣᠬᠢᠶᠠᠨ ᠪᠠᠢᠭᠤᠯᠤᠯᠲᠠ ᠨᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠳᠣᠲᠣᠭᠠᠳᠤ᠎ᠳᠠᠭᠠᠨ ᠲᠤᠬᠳᠠᠭᠠᠬᠰᠠᠨ ᠰᠠᠬᠢᠯᠭ᠎ᠠ ᠪᠠᠲᠤ ᠪᠠᠢᠴᠠᠭᠠᠬᠤ ᠵᠣᠬᠢᠶᠠᠨ ᠪᠠᠢᠭᠤᠯᠤᠯᠲᠠ ᠨᠢ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠬᠡᠷᠡᠭ᠌ᠲᠡᠢ᠃ ᠰᠠᠬᠢᠯᠭ᠎ᠠ ᠪᠠᠲᠤ ᠪᠠᠢᠴᠠᠭᠠᠬᠤ ᠠᠵᠢᠯ᠎ᠢ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ᠌ ᠪᠠᠢᠭᠤᠯᠤᠯᠲᠠ᠎ᠶ᠋ᠢ ᠴᠢᠩᠭᠠᠳᠭᠠᠵᠤ᠂ ᠠᠰᠠᠭᠤᠳᠠᠯ᠎ᠤᠨ ᠰᠦᠪᠡᠭ᠌ᠴᠢ᠎ᠶ᠋ᠢ ᠱᠢᠢᠳᠪᠦᠷᠢᠯᠡᠬᠦ᠌ ᠳᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠍᠂ ᠲᠥᠪ ᠤ᠋ᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠵᠡᠷᠭᠡ ᠳᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠨ᠎ᠡ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠢᠯᠵᠢᠷᠠᠯ᠎ᠢ ᠡᠰᠡᠷᠭᠦᠴᠡᠨ ᠠᠷᠢᠭᠤᠨ ᠴᠢᠬᠡᠴᠢ᠎ᠶ᠋ᠢ ᠡᠷᠬᠢᠮᠯᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ᠂ ᠢᠯᠵᠢᠷᠡᠬᠦ᠎ᠡᠴᠡ ᠵᠢᠷᠦᠬᠡᠱᠢᠶᠡᠬᠦ᠌᠂ ᠢᠯᠵᠢᠷᠡᠵᠦ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ᠃

ᠭᠤᠷᠪᠠ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠠᠮᠢᠶᠠᠷᠤᠯᠲᠠ᠎ᠶ᠋ᠢᠨ ᠳᠦᠷᠢᠮ ᠬᠢᠭᠡᠳ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ

(ᠲᠠᠪᠤ) ᠬᠠᠷᠢᠴᠠᠭ᠎ᠠ ᠵᠢ ᠨᠢ ᠰᠠᠯᠭᠠᠬᠤ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠨ᠎ᠡ᠃ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠭᠤ᠂ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠂ ᠳᠠᠩᠰᠠᠯᠠᠨ ᠬᠠᠮᠢᠶᠠᠷᠬᠤ ᠪᠠᠢᠭᠤᠯᠭ᠎ᠠ᠂ ᠠᠵᠢᠯ ᠲᠥᠷᠥᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠲᠤᠬᠠᠢᠯᠠᠭ᠍ᠰᠠᠨ ᠠᠵᠢᠯ᠎ᠤᠨ ᠭᠣᠣᠯᠯᠠᠨ ᠬᠠᠮᠢᠶᠠᠷᠬᠤ ᠨᠢᠭᠡᠴᠢ᠂ ᠬᠤᠯᠪᠤᠭᠳᠠᠯ ᠪᠦᠬᠦᠢ ᠡᠭᠦᠷᠭᠡ ᠲᠤᠰᠢᠶᠠᠯᠳᠤ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠪᠰᠤᠷᠤᠯᠴᠠᠨ ᠬᠠᠮᠵᠢᠯᠴᠠᠵᠤ᠂ ᠶᠡᠷᠦᠩᠬᠡᠢᠯᠡᠨ ᠬᠢᠨᠠᠨ ᠬᠠᠮᠢᠶᠠᠷᠬᠤ ᠬᠠᠮᠢᠶᠠᠷᠤᠯᠲᠠ᠎ᠶ᠋ᠢᠨ ᠪᠠᠢᠭᠤᠯᠤᠯ᠎ᠢ ᠪᠠᠢᠭᠤᠯᠤᠨ ᠪᠦᠷᠢᠨᠱᠢᠭᠦᠯᠦᠨ᠎ᠡ᠃ ᠲᠤᠬᠠᠢᠯᠠᠭ᠍ᠰᠠᠨ ᠠᠵᠢᠯ᠎ᠤᠨ ᠭᠤᠤᠯᠯᠠᠨ ᠬᠠᠮᠢᠶᠠᠷᠬᠤ ᠨᠢᠭᠡᠴᠢ᠎ᠲᠡᠶ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠱᠠᠭᠠᠷᠳᠠᠯᠭ᠎ᠠ ᠶᠣᠰᠣᠭᠠᠷ ᠪᠠᠢᠭᠤᠯᠤᠮᠵᠢ᠎ᠶ᠋ᠢ ᠰᠠᠯᠭᠠᠬᠤ᠂ ᠡᠭᠦᠷᠭᠡ ᠲᠤᠰᠢᠶᠠᠯ᠎ᠢ ᠰᠠᠯᠭᠠᠬᠤ᠂ ᠡᠳ᠋᠎ᠦᠨ ᠶᠠᠪᠤᠳᠠᠯ᠎ᠤᠨ ᠪᠡᠶ᠎ᠡ ᠪᠠᠨ ᠲᠠᠭᠠᠭᠠᠬᠤ᠂ ᠠᠵᠢᠯᠳᠠᠨ᠎ᠤ ᠶᠠᠪᠤᠳᠠᠯ᠎ᠢ ᠡᠵᠡᠨ ᠮᠡᠳᠡᠬᠦ᠌᠎ᠶ᠋ᠢ ᠠᠯᠬᠤᠮ ᠠᠯᠬᠤᠮ᠎ᠢᠶᠠᠷ ᠠᠬᠢᠭᠤᠯᠵᠤ᠂ ᠡᠳᠦᠷ ᠲᠤᠳᠤᠮ᠎ᠤᠨ ᠵᠢᠯᠤᠭᠤᠳᠤᠯᠭ᠎ᠠ ᠪᠠ ᠬᠠᠮᠢᠶᠠᠷᠴᠤ ᠬᠢᠨᠠᠯᠲᠠ  ᠲᠠᠯᠪᠢᠬᠤ᠎ᠶ᠋ᠢ ᠴᠢᠩᠭᠠᠳᠭᠠᠨ᠂ ᠬᠠᠤᠯᠢ ᠶᠣᠰᠣᠭᠠᠷ ᠪᠡᠶ᠎ᠡ᠎ᠪᠡᠨ ᠳᠠᠭᠠᠭᠠᠵᠤ ᠵᠢᠷᠤᠮᠵᠢᠩᠭᠤᠢ ᠠᠵᠢᠯᠯᠠᠬᠤ ᠪᠠ ᠡᠷᠡᠭᠦᠯ ᠪᠥᠭᠡᠳ ᠡᠮᠬᠢ ᠵᠢᠷᠤᠮ᠎ᠲᠠᠶ ᠬᠥᠭ᠌ᠵᠢᠬᠦ᠌᠎ᠶ᠋ᠢ ᠪᠡᠶᠡᠯᠡᠭᠦᠯᠦᠨ᠎ᠡ᠃

(ᠵᠢᠷᠭᠤᠭ᠎ᠠ) ᠳᠡᠩᠰᠡᠯᠡᠨ ᠲᠡᠮᠳᠡᠭ᠌ᠯᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠱᠢᠭᠤᠳ ᠳᠠᠩᠰᠠᠯᠠᠨ ᠲᠡᠮᠳᠡᠭ᠌ᠯᠡᠬᠦ᠌ ᠠᠷᠭ᠎ᠠ᠎ᠶ᠋ᠢ ᠰᠤᠳᠤᠯᠤᠨ ᠲᠣᠭ᠍ᠲᠠᠭᠠᠵᠤ᠂ ᠳᠠᠩᠰᠠᠯᠠᠨ ᠲᠡᠮᠳᠡᠭ᠌ᠯᠡᠭ᠌ᠰᠡᠨ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ ᠲᠣᠭ᠍ᠲᠠᠴᠠ᠎ᠶ᠋ᠢ ᠪᠠᠢᠭᠤᠯᠤᠨ᠂ ᠪᠠᠢᠭᠤᠯᠤᠨ ᠳᠠᠩᠰᠠᠯᠠᠨ ᠲᠡᠮᠳᠡᠭ᠌ᠯᠡᠬᠦ᠌᠎ᠳᠡᠭᠡᠨ ᠠᠵᠢᠯ ᠲᠥᠷᠥᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠵᠡᠷᠭᠡ ᠪᠡᠷ ᠲᠣᠳᠣᠷᠬᠠᠢᠯᠠᠨ᠎ᠠ᠃ ᠠᠳᠠᠯᠢ ᠪᠤᠰᠤ ᠲᠡᠰ ᠳᠠᠪᠬᠤᠷᠭ᠎ᠠ᠎ᠶ᠋ᠢᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠭᠡᠱᠢᠭᠦᠨ ᠡᠯᠰᠡᠬᠦ᠌ ᠬᠡᠪᠴᠢᠶ᠎ᠡ ᠪᠠ ᠨᠥᠬᠥᠴᠡᠯ᠎ᠢ ᠵᠢᠷᠤᠮᠵᠢᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠬᠦᠴᠦᠨ ᠥᠬᠡᠶ ᠪᠣᠯᠭᠠᠬᠤ ᠲᠦᠬᠦᠮ ᠲᠠᠰ ᠳᠠᠷᠠᠭᠠᠯᠠᠯ᠎ᠢ ᠰᠦᠪᠡᠭ᠌ᠴᠢᠯᠡᠵᠦ᠍᠂ ᠤᠬᠤᠷᠢᠨ ᠭᠠᠷᠬᠤ ᠲᠦᠷᠢᠮ᠎ᠢ ᠲᠡᠭᠦᠯᠳᠡᠷᠵᠢᠭᠦᠯᠦᠨ᠎ᠡ᠃

(ᠳᠣᠯᠣᠭ᠎ᠠ) ᠲᠥᠷᠥᠯ ᠬᠤᠪᠢᠶᠠᠨ ᠬᠠᠮᠢᠶᠠᠷᠬᠤ ᠳᠦᠷᠢᠮ᠎ᠢ ᠰᠦᠪᠡᠭ᠌ᠴᠢᠯᠡᠨ ᠪᠠᠢᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠲᠥᠷᠥᠯ ᠬᠤᠪᠢᠶᠠᠨ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠲᠥᠷᠥᠯ ᠬᠤᠪᠢᠶᠠᠭ᠍ᠰᠠᠨ ᠪᠠᠢᠳᠠᠯ᠎ᠢ ᠦᠨᠳᠦᠰᠦᠯᠡᠨ ᠬᠢᠨᠠᠨ ᠬᠠᠮᠢᠶᠠᠷᠬᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠵᠤ᠂ ᠵᠦᠷᠢᠶᠡᠴᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃ ᠬᠠᠤᠯᠢ ᠲᠣᠭ᠍ᠲᠠᠭᠠᠯ᠎ᠡᠴᠡ ᠡᠷᠬᠡ ᠣᠯᠭᠣᠭ᠍ᠰᠠᠨ ᠪᠤᠶᠤ ᠨᠠᠮ ᠵᠠᠰᠠᠭ᠎ᠤᠨ ᠪᠠᠢᠭᠤᠯᠭ᠎ᠠ᠎ᠶ᠋ᠢᠨ ᠨᠠᠢᠳᠠᠯᠭ᠎ᠠ᠎ᠪᠠᠷ ᠣᠯᠠᠨ ᠨᠡᠢᠲᠡ᠎ᠶ᠋ᠢᠨ ᠬᠡᠷᠡᠭ ᠶᠠᠪᠤᠳᠠᠯ᠎ᠢ ᠬᠠᠮᠢᠶᠠᠷᠴᠤ᠌ ᠪᠠᠢᠭ᠎ᠠ᠂ ᠵᠣᠬᠢᠬᠤ ᠠᠯᠪᠠᠳᠠᠯᠭ᠎ᠠ᠎ᠶ᠋ᠢᠨ ᠴᠢᠨᠠᠷᠲᠠᠶ ᠪᠤᠶᠤ ᠭᠠᠭ᠍ᠴᠠᠭᠠᠷ ᠡᠵᠡᠮᠱᠢᠬᠦ᠌ ᠴᠢᠨᠠᠷᠲᠠᠶ ᠵᠢᠴᠢ ᠡᠳᠦᠷ ᠲᠤᠲᠤᠮ᠎ᠤᠨ ᠠᠰᠠᠭᠤᠳᠠᠯ ᠨᠡᠯᠢᠶᠡᠳ ᠣᠯᠠᠨ᠂ ᠲᠣᠭ᠍ᠲᠠᠭᠠᠯ᠎ᠡᠴᠡ ᠵᠥᠷᠢᠴᠡᠬᠦ᠌ ᠲᠦᠭ᠌ᠰᠢᠭᠦᠷᠢ᠎ᠪᠡᠷ ᠨᠡᠯᠢᠶᠡᠳ ᠥᠨᠳᠥᠷ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠬᠢᠨᠠᠨ ᠬᠠᠮᠢᠶᠠᠷᠬᠤ ᠡᠷᠴᠢᠮ᠎ᠢᠶᠡᠨ ᠨᠡᠮᠡᠭ᠌ᠳᠡᠭᠦᠯᠵᠦ᠍᠂ ᠰᠤᠭᠤᠴᠢᠨ ᠪᠠᠢᠴᠠᠭᠠᠬᠤ ᠬᠠᠷᠢᠴᠠᠯ ᠪᠣᠯᠤᠨ ᠪᠠᠢᠴᠠᠭᠠᠬᠤ ᠳᠠᠪᠲᠠᠮᠵᠢ ᠪᠠᠨ ᠳᠡᠭᠡᠭ᠌ᠰᠢᠯᠡᠭᠦᠯᠦᠨ᠎ᠡ᠃ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ᠌ ᠮᠡᠳᠡᠭᠦᠯᠬᠦ᠌ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠰᠦᠢᠳᠭᠡᠯ ᠬᠤᠷᠢᠶᠠᠬᠤ᠂ ᠡᠳ᠋ ᠬᠥᠷᠥᠩᠭᠡ ᠡᠳ᠋᠎ᠦᠨ ᠶᠠᠪᠤᠳᠠᠯ᠂ ᠭᠠᠳᠠᠭᠠᠳᠤ᠎ᠳᠤ ᠬᠣᠯᠪᠣᠭ᠍ᠳᠠᠬᠤ ᠰᠣᠯᠢᠯᠴᠠᠭ᠎ᠠ ᠬᠢᠭᠡᠳ ᠬᠠᠮᠲᠤᠷᠠᠯᠴᠠᠭ᠎ᠠ᠂ ᠦᠵᠡᠯ ᠤᠬᠠᠮᠰᠠᠷ᠎ᠤᠨ ᠬᠡᠯᠪᠡᠷᠢ᠂ ᠴᠢᠬᠤᠯᠠ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ ᠵᠡᠷᠭᠡ ᠭᠣᠣᠯᠳᠠᠯᠭ᠎ᠠ᠎ᠲᠠᠶ ᠵᠦᠢᠯᠡᠰ᠎ᠢ ᠬᠢᠨᠠᠠ ᠬᠠᠮᠢᠶᠠᠷᠬᠤ᠎ᠶ᠋ᠢ ᠴᠢᠩᠭᠠᠳᠭᠠᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠳᠡᠰ᠎ᠢ ᠦᠨᠡᠯᠡᠬᠦ᠌ ᠲᠦᠷᠢᠮ᠎ᠢ ᠲᠡᠭᠦᠯᠳᠡᠷᠵᠢᠭᠦᠯᠦᠨ᠎ᠡ᠃

(ᠨᠠᠶ᠋ᠮᠠ) ᠰᠠᠯᠠᠭ᠎ᠠ ᠮᠥᠴᠢᠷ᠎ᠦᠨ ᠬᠠᠮᠢᠶᠠᠷᠤᠯᠲᠠ ᠦᠶ᠋ᠯᠡᠴᠢᠯᠡᠭᠡᠨ᠎ᠦ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠱᠢᠭᠤᠳ ᠳᠠᠩᠰᠠᠯᠠᠬᠤ ᠪᠠ ᠬᠠᠷᠢᠴᠠᠭ᠎ᠠ ᠵᠢ ᠨᠢ ᠰᠠᠯᠭᠠᠬᠰᠠᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠠᠵᠢᠯ ᠲᠦᠷᠦᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠤᠯᠠᠨ ᠰᠠᠯᠠᠭ᠎ᠠ ᠮᠥᠴᠢᠷ᠎ᠲᠦ ᠬᠣᠯᠪᠣᠭ᠍ᠳᠠᠭ᠍ᠰᠠᠨ ᠪᠠᠢᠪᠠᠯ᠂ ᠭᠣᠣᠯ ᠪᠤᠯᠬᠤ ᠠᠵᠢᠯ ᠲᠦᠷᠦᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠲᠣᠭ᠍ᠲᠠᠭᠠᠬᠤ ᠬᠡᠷᠡᠭ᠌ᠲᠡᠢ᠃ ᠠᠵᠢᠯ ᠲᠥᠷᠥᠯ᠎ᠦᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠰᠣᠯᠢᠯᠴᠠᠨ ᠶᠠᠷᠢᠯᠴᠠᠬᠤ᠂ ᠰᠤᠷᠪᠤᠯᠵᠢᠯᠠᠨ ᠪᠠᠢᠴᠠᠭᠠᠨ ᠰᠤᠳᠤᠯᠬᠤ᠂ ᠰᠠᠨᠠᠯ ᠰᠣᠨᠣᠰᠭᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠬᠤᠯᠪᠤᠭᠳᠠᠯ ᠪᠥᠬᠥᠶ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠯᠦᠭᠡ᠎ᠶ᠋ᠢᠨ ᠠᠵᠢᠯ᠎ᠤᠨ ᠬᠠᠷᠢᠯᠴᠠᠭ᠎ᠠ᠎ᠪᠠᠨ ᠴᠢᠩᠭᠠᠳᠭᠠᠵᠤ᠂ ᠡᠭᠦᠷᠭᠡ ᠲᠤᠰᠢᠶᠠᠯ ᠶᠣᠰᠣᠭᠠᠷ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ ᠬᠠᠩᠭᠠᠬᠤ᠂ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠂ ᠨᠠᠮ᠎ᠤᠨ ᠪᠠᠢᠭᠤᠯᠤᠯᠲᠠ᠎ᠶ᠋ᠢᠨ ᠠᠵᠢᠯ ᠵᠡᠷᠭᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠬᠣᠯᠪᠣᠭ᠍ᠳᠠᠬᠤ ᠬᠠᠮᠢᠶᠠᠷᠤᠯᠲᠠ ᠦᠶ᠋ᠯᠡᠴᠢᠯᠡᠭᠡᠨ᠎ᠦ ᠵᠦᠶ᠋ᠯᠡᠰ᠎ᠢ ᠡᠮᠬᠢᠯᠡᠵᠦ᠍᠂ ᠬᠠᠷᠢᠴᠠᠭ᠎ᠠ ᠪᠠᠨ ᠰᠠᠯᠭᠠᠭ᠍ᠰᠠᠨ᠎ᠤ ᠳᠠᠷᠠᠭ᠎ᠠ ᠢᠯᠡᠷᠡᠭ᠌ᠰᠡᠨ ᠠᠰᠠᠭᠤᠳᠠᠯ᠎ᠢ ᠭᠤᠤᠯᠳᠠᠯᠭ᠎ᠠ᠎ᠲᠠᠶ ᠵᠢᠭ᠍ᠰᠠᠭᠠᠨ ᠪᠠᠢᠴᠠᠭᠠᠵᠤ᠂ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠭᠤ ᠬᠡᠷᠡᠭ᠌ᠲᠡᠶ᠃ ᠬᠠᠷᠢᠴᠠᠭ᠎ᠠ᠎ᠬᠤᠯᠪᠤᠭ᠎ᠠ ᠪᠠᠨ ᠲᠠᠰᠤᠯᠤᠭᠠᠳᠤᠶ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠳ᠋ᠤ ᠲᠤᠬᠠᠢᠯᠠᠭ᠍ᠰᠠᠨ ᠠᠵᠢᠯ᠎ᠤᠨ ᠭᠣᠣᠯᠯᠠᠨ ᠬᠠᠮᠢᠶᠠᠷᠬᠤ ᠨᠢᠭᠡᠴᠢ᠎ᠡᠴᠡ ᠬᠠᠮᠢᠶᠠᠷᠤᠯᠲᠠ ᠦᠢᠯᠡᠴᠢᠯᠡᠭᠡ᠎ᠪᠡᠨ ᠦᠷᠭᠦᠯᠵᠢᠯᠡᠨ ᠴᠢᠩᠭᠠᠳᠭᠠᠨ᠎ᠠ᠃

(ᠶᠢᠰᠦ) ᠨᠡᠢᠭᠡᠮ᠎ᠦᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠦᠨ᠎ᠡ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠮᠡᠳᠡᠭᠡ ᠵᠠᠩᠭᠢ᠎ᠶ᠋ᠢ ᠢᠯᠡ ᠪᠣᠯᠭᠠᠬᠤ ᠳᠦᠷᠢᠮ᠎ᠢ ᠪᠠᠢᠭᠤᠯᠵᠤ᠂ ᠰᠣᠨᠢᠨ ᠮᠡᠳᠡᠭᠡᠨ᠎ᠦ ᠵᠠᠭᠤᠴᠢᠯᠠᠭᠤᠷ᠂ ᠠᠷᠠᠳ ᠣᠯᠠᠨ ᠵᠢᠴᠢ ᠭᠡᠱᠢᠭᠦᠳ ᠡᠴᠡ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠬᠢᠨᠠᠯᠲᠠ ᠲᠠᠯᠪᠢᠬᠤ᠎ᠶ᠋ᠢ ᠵᠣᠷᠢᠭ᠍ᠵᠢᠭᠤᠯᠤᠨ ᠳᠡᠮᠵᠢᠨ᠎ᠡ᠃ ᠲᠤᠰᠭᠠᠢᠵᠢᠭ᠍ᠰᠠᠨ᠂ ᠨᠡᠢᠭᠡᠮᠴᠢᠯᠡᠭ᠌ᠰᠡᠨ ᠭᠤᠷᠪᠠᠳᠠᠬᠢ ᠡᠲᠡᠭᠡᠳ᠎ᠦᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠵᠠᠭᠠᠯᠳᠤᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠰᠠᠭᠠᠳ ᠦᠭᠡᠶ ᠨᠡᠪᠲᠡᠷᠡᠭᠦᠯᠵᠦ᠍᠂ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ ᠶᠠᠪᠤᠳᠠᠯ᠎ᠢ ᠱᠢᠶ᠋ᠳᠪᠦᠷᠢᠯᠡᠵᠤ ᠬᠠᠷᠢᠭᠤ ᠲᠤᠰᠭᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠦᠨ᠎ᠡ᠃

(ᠠᠷᠪᠠ) ᠬᠠᠤᠯᠢ ᠶᠣᠰᠣᠭᠠᠷ ᠥᠪᠡᠷ ᠲᠡᠭᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠬᠠᠮᠲᠤᠷᠠᠭ᠍ᠰᠠᠨ ᠴᠢᠨᠠᠷᠲᠠᠢ᠂ ᠶᠡᠷᠦᠩᠬᠡᠢᠯᠡᠭ᠌ᠰᠡᠨ ᠴᠢᠨᠠᠷᠲᠠᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠤᠯᠤᠰ᠎ᠤᠨ ᠴᠢᠨᠠᠷᠲᠠᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠵᠢᠱ᠌ᠢᠶ᠎ᠡ ᠦᠵᠡᠭᠦᠯᠦᠨ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠭᠡᠱᠢᠭᠦᠨ (ᠭᠡᠱᠢᠭᠦᠳ᠎ᠦᠨ ᠲᠥᠯᠥᠭᠡᠯᠡᠭ᠌ᠴᠢ) ᠤ᠋ ᠶᠡᠬᠡ ᠬᠤᠷᠠᠯ᠂ ᠬᠡᠷᠡᠭ ᠡᠷᠬᠢᠯᠡᠭ᠌ᠴᠢᠳ᠎ᠦᠨ ᠬᠤᠷᠠᠯ (ᠪᠠᠢᠩᠭᠤ᠎ᠶ᠋ᠢᠨ ᠬᠡᠷᠡᠭ ᠡᠷᠬᠢᠯᠡᠭ᠌ᠴᠢᠳ᠎ᠦᠨ ᠬᠤᠷᠠᠯ)᠂ ᠬᠢᠨᠠᠯᠲᠠ ᠲᠠᠯᠪᠢᠭᠴᠢ᠎ᠶᠢᠨ ᠺᠤᠮᠢᠰ(ᠬᠢᠨᠠᠯᠲᠠ ᠲᠠᠯᠪᠢᠭᠴᠢ)᠎ᠤ᠋ᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠳᠦᠷᠢᠮ᠎ᠢᠶᠡᠷ ᠶᠡᠷᠦᠩᠬᠡᠢᠯᠡᠨ ᠵᠢᠯᠤᠭᠤᠳᠤᠭᠤᠯᠤᠬᠰᠠᠨ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠦᠨ᠎ᠡ᠃ ᠠᠷᠠᠳᠴᠢᠯᠠᠯ᠎ᠢᠶᠠᠷ ᠰᠣᠩᠭᠣᠭᠤᠯᠢ ᠶᠠᠪᠤᠭᠤᠯᠬᠤ᠂ ᠠᠷᠠᠳᠴᠢᠯᠠᠯ᠎ᠢᠶᠠᠷ ᠵᠥᠪᠯᠡᠬᠦ᠌᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠨᠠᠢᠳᠠᠪᠤᠷᠢᠵᠢᠭᠤᠯᠤᠨ᠎ᠠ᠃ ᠬᠡᠷᠡᠭ ᠡᠷᠬᠢᠯᠡᠬᠦ᠌ ᠪᠠᠢᠭᠤᠯᠤᠮᠵᠢ᠂ ᠬᠤᠪᠢᠶᠠᠷᠢ ᠰᠠᠯᠪᠤᠷᠢ (ᠲᠥᠯᠥᠭᠡᠯᠡᠭ᠌ᠴᠢ) ᠪᠠᠢᠭᠤᠯᠤᠮᠵᠢ᠎ᠶ᠋ᠢ ᠵᠢᠷᠤᠮᠵᠢᠭᠤᠯᠤᠨ ᠪᠠᠢᠭᠤᠯᠬᠤ ᠪᠠ ᠴᠢᠩᠭ᠎ᠠ ᠬᠠᠮᠢᠶᠠᠷᠤᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠵᠢᠴᠢ ᠭᠠᠳᠠᠭᠠᠳᠤ᠎ᠲᠠᠶ ᠬᠣᠯᠪᠣᠭ᠍ᠳᠠᠬᠤ ᠰᠣᠯᠢᠯᠴᠠᠭ᠎ᠠ ᠪᠠ ᠬᠠᠮᠲᠤᠷᠠᠯᠴᠠᠭ᠎ᠠ᠎ᠶ᠋ᠢ ᠵᠢᠷᠤᠮᠵᠢᠭᠤᠯᠤᠨ᠎ᠠ᠃

(ᠠᠷᠪᠠᠨ ᠨᠢᠭᠡ) ᠡᠳ᠋ ᠬᠥᠷᠥᠩᠭᠡ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠨᠢᠭ᠍ᠲᠠᠯᠠᠨ ᠪᠣᠳᠣᠬᠤ ᠬᠠᠤᠯᠢ ᠲᠣᠭ᠍ᠲᠠᠭᠠᠯ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠢᠭ᠍ᠲᠠᠯᠠᠨ ᠪᠣᠳᠣᠬᠤ ᠮᠠᠲ᠋ᠧᠷᠢᠶᠠᠯ᠎ᠤᠨ ᠦᠨᠡᠨ ᠪᠣᠳᠠᠲᠠᠶ ᠪᠥᠭᠡᠳ ᠪᠦᠷᠢᠨ ᠭᠦᠶ᠋ᠴᠡᠳ ᠣᠨᠣᠪᠴᠢᠲᠠᠶ ᠪᠠᠢᠬᠤ᠎ᠶ᠋ᠢ ᠪᠠᠲᠤᠯᠠᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠨᠢ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠴᠢᠬᠤᠯᠠ ᠶᠡᠬᠡ ᠡᠳ᠋ ᠬᠥᠷᠥᠩᠭᠡ᠎ᠶ᠋ᠢᠨ ᠵᠦᠶ᠋ᠯᠡᠰ᠎ᠦᠨ ᠬᠡᠪᠴᠢᠶ᠎ᠡ᠎ᠶ᠋ᠢ ᠲᠣᠳᠣᠷᠬᠠᠢᠯᠠᠬᠤ ᠬᠡᠷᠡᠭ᠌ᠲᠡᠶ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠳᠣᠲᠣᠭᠠᠳᠤ᠎ᠶ᠋ᠢᠨ ᠱᠢᠢᠳᠪᠦᠷᠢᠲᠦ ᠪᠤᠳᠤᠯᠭ᠎ᠠ ᠲᠤᠬᠳᠠᠭᠠᠬᠤ ᠪᠠ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠡᠳ᠋ ᠬᠦᠷᠦᠨᠭ᠌ᠭᠡ᠎ᠶ᠋ᠢᠨ ᠬᠠᠮᠢᠶᠠᠷᠤᠯᠲᠠ᠎ᠶ᠋ᠢᠨ ᠠᠵᠢᠯᠯᠠᠭ᠎ᠠ᠎ᠶ᠋ᠢ ᠭᠣᠣᠯ ᠬᠠᠷᠢᠭᠤᠴᠠᠯᠭ᠎ᠠ ᠭᠣᠣᠯ ᠠᠵᠢᠯ᠎ᠲᠠᠶ ᠤᠶᠠᠯᠳᠤᠭᠤᠯᠤᠨ ᠥᠷᠨᠢᠭᠦᠯᠬᠦ᠌᠎ᠶ᠋ᠢ ᠬᠦᠳᠦᠯᠦᠨ ᠵᠢᠯᠣᠭᠣᠳᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠡᠳ᠋ ᠬᠥᠷᠥᠩᠭᠡ᠎ᠶ᠋ᠢ ᠶᠡᠷᠦᠩᠬᠡᠢᠯᠡᠨ ᠬᠢᠨᠠᠨ ᠬᠠᠮᠢᠶᠠᠷᠬᠤ ᠠᠵᠢᠯ᠎ᠢ ᠴᠢᠩᠭᠠᠳᠭᠠᠵᠤ᠂ ᠡᠷᠬᠡ᠎ᠶ᠋ᠢᠨ ᠬᠠᠷᠢᠶᠠᠯᠠᠯ ᠲᠣᠳᠣᠷᠬᠠᠶ᠂ ᠵᠢᠷᠤᠮᠵᠢᠭᠤᠨ ᠪᠥᠭᠡᠳ ᠡᠮᠬᠢ ᠲᠢᠭᠯᠢᠮ᠎ᠲᠠᠶ᠂ ᠢᠯᠡ ᠲᠣᠳᠣ᠂ ᠬᠢᠨᠠᠯᠲᠠ ᠴᠢᠩᠭ᠎ᠠ ᠪᠠᠢᠬᠤ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠲᠡᠭᠦᠯᠳᠡᠷᠵᠢᠭᠦᠯᠦᠨ᠎ᠡ᠃

(ᠠᠷᠪᠠᠨ ᠬᠣᠶᠠᠷ) ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠠᠵᠤ ᠠᠬᠤᠢᠯᠠᠯ ᠪᠠᠢᠭᠤᠯᠬᠤ ᠵᠢ ᠴᠢᠨᠭᠭ᠎ᠠ ᠬᠠᠮᠢᠶᠠᠷᠤᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠨᠢ ᠬᠠᠤᠯᠢ ᠶᠣᠰᠣᠨ᠎ᠤ᠂ ᠴᠢᠬᠤᠯᠠ ᠪᠦᠬᠦᠢ᠂ ᠵᠢᠷᠤᠮᠵᠢᠩᠭᠤᠢ᠂ ᠪᠦᠲᠦᠮᠵᠢᠲᠡᠢ ᠪᠠᠢᠬᠤ ᠵᠠᠷᠴᠢᠮ ᠶᠣᠰᠣᠭᠠᠷ ᠠᠵᠤ ᠠᠬᠤᠢᠯᠠᠯ ᠪᠠᠢᠭᠤᠯᠬᠤ᠎ᠶ᠋ᠢ ᠴᠢᠩᠭ᠎ᠠ ᠬᠢᠵᠠᠭᠠᠷᠯᠠᠬᠤ ᠬᠡᠷᠡᠭ᠌ᠲᠡᠢ; ᠭᠡᠱᠢᠭᠦᠳ᠎ᠯᠦᠭᠡ ᠱᠢᠭᠤᠳ ᠥᠷᠢᠰᠥᠯᠳᠦᠬᠦ᠌ ᠬᠠᠷᠢᠴᠠᠭ᠎ᠠ᠎ᠲᠠᠶ ᠠᠵᠤ ᠠᠬᠤᠢᠯᠠᠯ ᠪᠠᠢᠭᠤᠯᠵᠤ ᠪᠣᠯᠬᠤ ᠦᠭᠡᠶ᠂ ᠲᠤᠰ ᠪᠡᠶ᠎ᠡ᠎ᠶ᠋ᠢᠨ ᠵᠣᠷᠢᠯᠲᠠ ᠪᠣᠯᠤᠨ ᠲᠤᠬᠠᠢᠯᠠᠭ᠍ᠰᠠᠨ ᠠᠵᠢᠯ᠎ᠤᠨ ᠬᠦᠷᠢᠶ᠎ᠡ ᠬᠡᠪᠴᠢᠶ᠎ᠡ᠎ᠡᠴᠡ᠎ᠪᠡᠨ ᠳᠠᠪᠠᠭᠤᠯᠤᠨ ᠠᠵᠤ ᠠᠬᠤᠢᠯᠠᠯ ᠪᠠᠢᠭᠤᠯᠵᠤ ᠪᠣᠯᠬᠤ ᠦᠭᠡᠶ ᠂ ᠪᠠᠢᠭᠤᠯᠤᠭ᠍ᠰᠠᠨ ᠠᠵᠤ ᠠᠬᠤᠢᠯᠠᠯ᠎ᠢᠶᠠᠨ ᠠᠱᠢᠭ᠍ᠯᠠᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠷᠱᠢᠯᠠᠬᠤ ᠦᠢᠯᠡ ᠠᠵᠢᠯᠯᠠᠭ᠎ᠠ ᠬᠢᠵᠦ᠍ ᠪᠣᠯᠬᠤ ᠦᠭᠡᠶ; ᠪᠠᠢᠭᠤᠯᠤᠭ᠍ᠰᠠᠨ ᠠᠵᠤ ᠠᠬᠤᠢᠯᠠᠯ ᠨᠢ ᠡᠩ᠎ᠦᠨ ᠪᠠᠢᠳᠠᠯ᠎ᠳᠤ ᠲᠠᠬᠢᠵᠤ ᠱᠢᠨ᠎ᠡ ᠠᠵᠤ ᠠᠬᠤᠢᠯᠠᠯ ᠪᠠᠢᠭᠤᠯᠵᠤ ᠪᠣᠯᠬᠤ ᠦᠭᠡᠢ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠨᠡᠷ᠎ᠡ᠎ᠪᠡᠷ ᠭᠠᠳᠠᠭ᠍ᠰᠢ ᠡᠵᠡᠩᠨᠡᠯᠲᠠ ᠬᠢᠵᠦ ᠪᠣᠯᠬᠤ ᠦᠭᠡᠢ᠂ ᠣᠯᠤᠭ᠍ᠰᠠᠨ ᠠᠱᠢᠭ ᠬᠣᠨᠵᠢᠪᠣᠷᠢ᠎ᠪᠠᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠵᠣᠷᠢᠯᠲᠠ᠎ᠳᠤ ᠨᠡᠢᠴᠡᠭ᠌ᠰᠡᠨ ᠠᠵᠢᠯ ᠦᠢᠯᠡᠰ᠎ᠲᠦ ᠬᠡᠷᠡᠭ᠌ᠯᠡᠬᠦ᠌ ᠬᠡᠷᠡᠭ᠌ᠲᠡᠢ; ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠵᠢᠴᠢ ᠲᠡᠭᠦᠨ᠎ᠦ ᠬᠤᠪᠢᠶᠠᠷᠢ ᠰᠠᠯᠪᠤᠷᠢ (ᠲᠥᠯᠥᠭᠡᠯᠡᠭ᠌ᠴᠢ) ᠪᠠᠢᠭᠤᠯᠤᠮᠵᠢ᠎ᠶ᠋ᠢᠨ ᠬᠠᠷᠢᠭᠤᠴᠠᠯᠭᠠᠲᠠᠨ ᠵᠢᠴᠢ ᠳᠡᠭᠡᠷ᠎ᠡ ᠳᠤᠷᠠᠳᠤᠭ᠍ᠰᠠᠨ ᠬᠠᠷᠢᠭᠤᠴᠠᠯᠭᠠᠲᠠᠨ᠎ᠤ ᠲᠦᠷᠦᠯ ᠰᠠᠳᠤᠨ ᠨᠢ ᠪᠠᠢᠭᠤᠯᠤᠭ᠍ᠰᠠᠨ ᠠᠵᠤ ᠠᠬᠤᠢᠯᠠᠯ᠎ᠳᠠᠭᠠᠨ ᠲᠤᠱᠢᠶᠠᠯ ᠬᠠᠷᠢᠭᠤᠴᠠᠬᠤ ᠪᠤᠶᠤ ᠬᠥᠯᠥᠰᠥ᠍ ᠣᠯᠭᠣᠮᠵᠢ ᠠᠪᠬᠤ ᠪᠠ ᠡᠯ᠎ᠡ ᠵᠦᠢᠯ᠎ᠦᠨ ᠨᠡᠷ᠎ᠡ᠎ᠪᠡᠷ ᠨᠥᠬᠥᠪᠥᠷᠢ ᠠᠪᠴᠤ᠌ ᠪᠣᠯᠬᠤ ᠦᠭᠡᠢ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠠᠵᠤ ᠠᠬᠤᠢᠯᠠᠯ ᠪᠠᠢᠭᠤᠯᠬᠤ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠵᠤ᠂ ᠪᠠᠢᠭᠤᠯᠬᠤ ᠲᠡᠰ ᠲᠠᠷᠠᠭᠠᠯᠠᠯ᠎ᠢ ᠴᠢᠩᠳᠠᠯᠠᠨ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠎ᠪᠡᠨ ᠴᠢᠩᠭᠠᠳᠭᠠᠬᠤ ᠬᠡᠷᠡᠭᠳᠡᠢ᠃

ᠳᠥᠷᠪᠡ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠪᠦᠲᠦᠴᠡ᠎ᠶ᠋ᠢᠨ ᠪᠠᠢᠷᠢᠱᠢᠭᠤᠯᠤᠯᠲᠠ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠦᠨ᠎ᠡ

(ᠠᠷᠪᠠᠨ ᠭᠤᠷᠪᠠ) ᠪᠦᠲᠦᠴᠡ᠎ᠶ᠋ᠢᠨ ᠪᠠᠢᠷᠢᠱᠢᠭᠤᠯᠤᠯᠳᠠ᠎ᠵᠢ ᠱᠢᠯᠢᠳᠡᠭ᠌ᠵᠢᠭᠦᠯᠦᠨ᠎ᠡ᠃ ᠬᠠᠮᠵᠢᠯᠴᠠᠨ ᠥᠨᠳᠥᠷ ᠦᠷ᠎ᠡ ᠪᠦᠲᠦᠮᠵᠢᠲᠡᠶ ᠪᠠᠢᠬᠤ ᠵᠠᠷᠴᠢᠮ ᠶᠣᠰᠣᠭᠠᠷ᠂ ᠲᠤᠬᠠᠢᠯᠠᠭ᠍ᠰᠠᠨ ᠠᠵᠢᠯ᠎ᠤᠨ ᠰᠣᠯᠪᠢᠴᠠᠨ ᠳᠠᠪᠬᠤᠴᠠᠭ᠍ᠰᠠᠨ᠂ ᠪᠠᠢᠭᠤᠯᠤᠮᠵᠢ᠎ᠶ᠋ᠢᠨ ᠬᠡᠪᠴᠢᠶ᠎ᠡ ᠬᠡᠲᠦ ᠪᠠᠭ᠎ᠠ᠂ ᠬᠦᠷᠢᠶ᠎ᠡ ᠴᠠᠷᠠᠭ᠎ᠠ ᠬᠤᠪᠢᠶᠠᠭ᠍ᠰᠠᠨ᠎ᠨᠢ ᠬᠡᠲᠦ ᠨᠠᠷᠢᠯᠢᠭ᠂ ᠴᠢᠳᠠᠮᠵᠢ ᠦᠶ᠋ᠯᠡᠳᠦᠯ᠎ᠢᠶᠡᠷ ᠨᠡᠯᠢᠶᠡᠳ ᠪᠠᠭᠤᠷᠠᠶ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠱᠢᠯᠢᠳᠡᠭ᠌ᠵᠢᠭᠦᠯᠦᠨ ᠨᠡᠢᠳᠭᠡᠨ᠎ᠡ᠃ ᠡᠷᠭᠢᠯᠲᠡ ᠨᠢ ᠦᠢᠯᠡᠳᠦᠯ᠎ᠢᠶᠡᠨ ᠠᠯᠳᠠᠵᠤ᠂ ᠡᠮᠬᠢ ᠳᠢᠭ᠌ᠯᠢᠮ᠎ᠢ ᠰᠠᠮᠠᠭᠤᠷᠠᠭᠤᠯᠵᠤ᠂ ᠠᠵᠢᠯ ᠲᠦᠷᠦᠯ ᠨᠢ ᠪᠠᠭᠠᠰᠴᠤ᠌᠂ ᠵᠣᠷᠢᠯᠲᠠ ᠡᠭᠦᠷᠭᠡ᠎ᠪᠡᠨ ᠨᠢᠭᠡᠨᠲᠡ ᠪᠡᠶᠡᠯᠡᠭᠦᠯᠦᠭ᠌ᠰᠡᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠤᠬᠤᠷᠢᠨ ᠭᠠᠷᠬᠤ᠎ᠵᠢ ᠬᠠᠤᠯᠢ ᠶᠣᠰᠣᠭᠠᠷ ᠲᠦᠷᠭᠡᠳᠭᠡᠨ᠎ᠡ; ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠪᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠬᠡᠷᠡᠭ᠌ᠴᠡᠭᠡ᠎ᠳᠦ ᠵᠣᠬᠢᠴᠠᠭ᠍ᠰᠠᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠦᠢᠯᠡᠴᠢᠯᠡᠬᠦ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠭᠣᠣᠯᠳᠠᠯᠭ᠎ᠠ᠎ᠲᠠᠶ᠎ᠪᠠᠷ ᠪᠣᠢᠵᠢᠭᠤᠯᠤᠨ ᠤᠷᠢᠳ᠎ᠢᠶᠡᠷ ᠬᠥᠭ᠌ᠵᠢᠭᠦᠯᠦᠨ᠎ᠡ; ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭᠰᠠᠨ ᠠᠵᠤ ᠦᠢᠯᠡᠰ᠂ ᠢᠷᠡᠭᠡᠳᠦᠢ᠎ᠶ᠋ᠢᠨ ᠠᠵᠤ ᠦᠢᠯᠡᠰ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ ᠵᠡᠷᠭᠡ ᠬᠦᠷᠢᠶᠡᠨ᠎ᠳᠦ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠬᠠᠤᠯᠢ ᠶᠣᠰᠣᠭᠠᠷ ᠪᠠᠢᠭᠤᠯᠬᠤ᠎ᠶ᠋ᠢ ᠢᠳᠡᠪᠬᠢᠲᠡᠢ ᠲᠡᠮᠵᠢᠨ᠎ᠠ᠃

(ᠠᠷᠪᠠᠨ ᠳᠥᠷᠪᠡ) ᠬᠡᠪᠴᠢᠶ᠎ᠡ᠎ᠶ᠋ᠢ ᠵᠦᠶ ᠵᠣᠬᠢᠰᠲᠠᠶ ᠲᠣᠬᠢᠷᠠᠭᠤᠯᠤᠨ ᠡᠵᠡᠮᠳᠡᠨ᠎ᠠ᠃ ᠪᠦᠬᠦ᠌ ᠤᠯᠤᠰ᠎ᠤᠨ ᠴᠢᠨᠠᠷᠲᠠᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠨᠡᠢᠳᠭᠡᠬᠦ᠌ ᠡᠷᠴᠢᠮ᠎ᠢᠶᠡᠨ ᠴᠢᠩᠭᠠᠷᠠᠭᠤᠯᠤᠨ᠎ᠠ᠃ ᠣᠷᠣᠨ ᠨᠤᠲᠤᠭ᠎ᠤᠨ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ᠂ ᠡᠯ᠎ᠡ ᠭᠠᠵᠠᠷ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠪᠠ ᠠᠵᠤ ᠦᠢᠯᠡᠰ᠎ᠦᠨ ᠪᠦᠲᠦᠴᠡ᠎ᠶ᠋ᠢᠨ ᠬᠤᠪᠢᠷᠠᠯᠲᠠ᠎ᠶ᠋ᠢᠨ ᠪᠠᠢᠳᠠᠯ᠎ᠢ ᠦᠨᠳᠦᠰᠦᠯᠡᠨ ᠬᠣᠷᠸ᠎ᠠ ᠡᠵᠡᠮᠰᠢᠯ ᠲᠤᠬᠢᠷᠠᠭᠤᠯᠭ᠎ᠠ ᠬᠢᠬᠦ ᠪᠠ ᠵᠢᠯᠤᠭᠤᠳᠤᠯᠭ᠎ᠠ᠎ᠪᠠᠨ ᠴᠢᠩᠭᠠᠳᠭᠠᠨ᠎ᠠ᠃ ᠲᠤᠰᠭᠠᠢ ᠣᠷᠣᠨ᠎ᠤ ᠲᠡᠰ᠎ᠤᠨ ᠬᠤᠳᠠ ᠪᠠ ᠱᠢᠶᠠᠨ᠎ᠤ ᠱᠠᠲᠤᠨ᠎ᠤ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠤᠨ ᠤᠬᠤᠷᠢᠨ ᠭᠠᠷᠬᠤ ᠲᠡᠰ ᠲᠡᠷᠠᠭᠠᠯᠠᠯ᠎ᠢ ᠬᠠᠤᠯᠢ ᠶᠣᠰᠣᠭᠠᠷ ᠳᠥᠭᠥᠮᠴᠢᠯᠡᠵᠦ᠍᠂ ᠡᠮᠬᠢ ᠵᠢᠷᠤᠮ᠎ᠲᠠᠶ ᠥᠷᠢᠰᠥᠯᠳᠦᠭᠡᠨ᠎ᠢᠶᠡᠷ ᠳᠠᠮᠵᠢᠨ ᠶᠡᠷᠦᠩᠬᠡᠢ ᠬᠡᠪᠴᠢᠶ᠎ᠡ᠎ᠶ᠋ᠢ ᠨᠢ ᠬᠢᠵᠠᠭᠠᠷᠯᠠᠨ᠎ᠠ᠃ ᠤᠷᠢᠳ᠎ᠢᠶᠠᠷ ᠲᠤᠷᠱᠢᠯᠲᠠ ᠬᠢᠵᠦ᠍᠂ ᠯᠠᠪᠳᠠᠭᠤᠨ᠎ᠢᠶᠠᠷ ᠠᠬᠢᠭᠤᠯᠬᠤ ᠵᠠᠷᠴᠢᠮ ᠶᠣᠰᠣᠭᠠᠷ᠂ ᠪᠦᠬᠦ᠌ ᠤᠯᠤᠰ᠎ᠤᠨ ᠴᠢᠨᠠᠷᠲᠠᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠨᠡᠯᠢᠶᠡᠳ ᠲᠥᠪᠯᠡᠷᠡᠭ᠌ᠰᠡᠨ ᠬᠦᠷᠢᠶ᠎ᠡ ᠴᠠᠷᠠᠭ᠎ᠠ ᠵᠢᠴᠢ ᠬᠡᠰᠡᠭ ᠭᠠᠵᠠᠷ ᠣᠷᠣᠨ᠎ᠳᠤ ᠤᠷᠢᠳ᠎ᠢᠶᠠᠷ ᠬᠢᠵᠦ᠍ ᠤᠷᠢᠳ᠎ᠢᠶᠠᠷ ᠲᠤᠷᠱᠢᠵᠤ᠂ ᠲᠤᠷᠱᠢᠯᠭ᠎ᠠ ᠬᠤᠷᠠᠮᠳᠤᠭᠤᠯᠤᠭ᠍ᠰᠠᠨ᠎ᠤ ᠲᠠᠷᠠᠭ᠎ᠠ ᠯᠠᠪᠳᠠᠭᠤᠨ᠎ᠢᠶᠠᠷ ᠳᠡᠯᠭᠡᠷᠡᠭᠦᠯᠦᠨ᠎ᠡ᠃

ᠲᠠᠪᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠦᠶ᠋ᠯᠡᠳᠦᠯ ᠴᠢᠳᠠᠮᠵᠢ ᠵᠢ  ᠢᠳᠡᠪᠬᠢᠲᠡᠶ ᠪᠠᠳᠠᠷᠠᠭᠤᠯᠤᠨ᠎ᠠ

(ᠠᠷᠪᠠᠨ ᠲᠠᠪᠤ) ᠠᠵᠢᠯ ᠲᠥᠷᠥᠯ᠎ᠦᠨ ᠬᠥᠭ᠌ᠵᠢᠯᠲᠡ᠎ᠶ᠋ᠢ ᠵᠢᠷᠤᠮᠵᠢᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠨᠢ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ ᠬᠠᠮᠢᠶᠠᠷᠤᠯᠲᠠ᠎ᠶ᠋ᠢᠨ ᠲᠦᠷᠢᠮ ᠪᠠ ᠥᠪᠡᠷ᠎ᠢ᠎ᠪᠡᠨ ᠬᠢᠵᠠᠭᠠᠷᠯᠠᠬᠤ ᠲᠣᠭ᠍ᠲᠡᠴᠡ᠎ᠶ᠋ᠢ ᠪᠠᠢᠭᠤᠯᠤᠨ ᠪᠦᠷᠢᠨᠱᠢᠬᠦᠯᠵᠦ᠍᠂ 《ᠳᠣᠲᠣᠭᠠᠳᠤ᠎ᠵᠢᠨ ᠨᠠᠵᠠᠭᠠᠢ ᠦᠷᠢᠰᠦᠯᠳᠦᠭᠡᠨ》 ᠢ᠋ ᠤᠬᠠᠮᠰᠠᠷ᠎ᠡᠴᠡ᠎ᠪᠠᠨ ᠬᠣᠷᠢᠭ᠍ᠯᠠᠬᠤ ᠬᠡᠷᠡᠭ᠌ᠲᠡᠶ; ᠠᠵᠢᠯ ᠲᠥᠷᠥᠯ᠎ᠦᠨ ᠬᠢᠨ᠎ᠤ ᠠᠵᠢᠯ᠎ᠦᠨ ᠶᠣᠰᠣ ᠰᠤᠷᠳᠠᠬᠤᠨ᠎ᠤ ᠵᠢᠷᠤᠮᠵᠢᠯ᠎ᠢ ᠲᠣᠭ᠍ᠲᠠᠭᠠᠬᠤ᠎ᠶ᠋ᠢᠨ ᠬᠠᠮᠲᠤ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠠᠵᠢᠯ ᠲᠥᠷᠥᠯ᠎ᠦᠨ ᠢᠲᠡᠭᠡᠮᠵᠢ᠎ᠶ᠋ᠢ ᠦᠨᠡᠯᠡᠬᠦ᠌ ᠠᠵᠢᠯ᠎ᠢ ᠬᠠᠤᠯᠢ ᠶᠣᠰᠣᠭᠠᠷ ᠥᠷᠨᠢᠭᠦᠯᠦᠨ᠂ ᠠᠵᠢᠯ ᠲᠥᠷᠥᠯ᠎ᠦᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠲᠦᠪᠰᠢᠨ᠎ᠵᠢᠡᠨ ᠳᠡᠭᠡᠭ᠌ᠰᠢᠯᠡᠭᠦᠯᠵᠦ᠍᠂ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠡᠮᠬᠢ ᠳᠢᠭ᠌ᠯᠢᠮ᠎ᠢ ᠨᠠᠩ ᠰᠠᠢᠳᠤᠷ ᠬᠠᠮᠠᠭᠠᠯᠠᠬᠤ ᠬᠡᠷᠡᠭᠲᠡᠢ᠃ ᠥᠪᠡᠷ᠎ᠢ᠎ᠪᠡᠨ ᠱᠠᠭᠠᠷᠳᠠᠬᠤ ᠲᠦᠷᠢᠮ᠎ᠢ ᠵᠥᠷᠢᠴᠡᠭ᠌ᠰᠡᠨ ᠭᠡᠱᠢᠭᠦᠨ᠎ᠢ ᠵᠠᠷᠯᠠᠨ ᠮᠡᠳᠡᠭ᠌ᠳᠡᠬᠦ᠌᠂ ᠭᠡᠱᠢᠭᠦᠨ᠎ᠦ ᠬᠢᠷᠢ ᠬᠡᠮ᠎ᠢ ᠲᠦᠷ ᠵᠣᠭ᠍ᠰᠣᠭᠠᠬᠤ ᠪᠤᠶᠤ ᠬᠦᠴᠦᠨ ᠦᠭᠡᠢ ᠪᠣᠯᠭᠠᠬᠤ ᠵᠡᠷᠭᠡ ᠠᠷᠭ᠎ᠠ ᠮᠠᠶᠢᠭ᠎ᠢᠶᠠᠷ ᠵᠠᠯᠬᠠᠭᠠᠨ ᠴᠡᠭᠡᠷᠯᠡᠭᠦᠯᠦᠨ᠎ᠡ᠃ ᠵᠠᠬᠢᠳᠠᠯ ᠰᠤᠷᠪᠤᠯᠵᠢᠯᠠᠯ᠎ᠤᠨ ᠵᠥᠷᠢᠴᠡᠯ᠎ᠢ ᠨᠠᠮᠳᠠᠭᠤᠯᠬᠤ ᠠᠵᠢᠯ ᠳᠤᠮᠳᠠᠬᠢ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠦᠢᠯᠡᠳᠦᠯ᠎ᠢ ᠢᠳᠡᠪᠬᠢᠲᠡᠶ ᠪᠠᠳᠠᠷᠠᠭᠤᠯᠵᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠲᠤᠰᠭᠠᠶ ᠡᠶᠡᠳᠡᠭᠦᠯᠬᠦ᠌ ᠵᠣᠬᠢᠶᠠᠨ ᠪᠠᠢᠭᠤᠯᠤᠯᠲᠠ ᠪᠠᠢᠭᠤᠯᠬᠤ᠎ᠶ᠋ᠢ ᠰᠦᠪᠡᠭ᠌ᠴᠢᠯᠡᠨ᠎ᠡ᠃

(ᠠᠷᠪᠠᠨ ᠵᠢᠷᠭᠤᠭ᠎ᠠ) ᠦᠶ᠋ᠯᠡᠴᠢᠯᠡᠭᠡᠨ᠎ᠦ ᠦᠢᠯᠡᠳᠦᠯ ᠴᠢᠳᠠᠮᠵᠢ᠎ᠶ᠋ᠢ ᠥᠷᠭᠡᠳᠭᠡᠨ᠎ᠡ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠨᠢ ᠭᠡᠱᠢᠭᠦᠳ ᠪᠣᠯᠤᠨ ᠠᠵᠢᠯ ᠡᠷᠭᠢᠯᠡᠭ᠌ᠰᠡᠳ᠎ᠢ ᠬᠥᠲᠥᠯᠥᠨ ᠵᠢᠯᠣᠭᠣᠳᠴᠤ᠌ ᠨᠠᠮ᠎ᠤᠨ ᠣᠨᠣᠯ ᠪᠣᠯᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠨ ᠬᠠᠮᠢᠶ᠎ᠠ ᠪᠥᠬᠥᠶ ᠠᠵᠢᠯ ᠲᠥᠷᠥᠯ᠎ᠦᠨ ᠲᠤᠰᠭᠠᠶ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠂ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠮᠡᠳᠡᠭᠡ ᠵᠠᠩᠭᠢ᠎ᠶ᠋ᠢᠨ ᠵᠦᠪᠯᠡᠯᠬᠡ ᠦᠭᠬᠦ ᠂ ᠤᠬᠠᠭᠤᠯᠭ᠎ᠠ ᠪᠣᠯᠪᠠᠰᠤᠷᠠᠯ ᠂ ᠵᠠᠬ᠎ᠠ ᠳᠡᠯᠭᠡᠭᠦᠷ᠎ᠢ ᠥᠷᠭᠡᠳᠬᠡᠬᠦ᠂ ᠡᠷᠬᠡ ᠠᠱᠢᠭ᠎ᠢ ᠬᠠᠮᠠᠭᠠᠯᠠᠬᠤ ᠵᠡᠷᠭᠡ ᠦᠢᠯᠡᠴᠢᠯᠡᠭᠡ᠎ᠵᠢ ᠬᠠᠤᠯᠢ ᠶᠣᠰᠣᠭᠠᠷ ᠬᠠᠩᠭᠠᠵᠤ᠂ ᠭᠡᠱᠢᠭᠦᠳ ᠪᠣᠯᠤᠨ ᠠᠵᠢᠯ ᠲᠥᠷᠥᠯ᠎ᠦᠨ ᠬᠢᠨ᠎ᠦ ᠵᠦᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠲᠤᠰᠭᠠᠨ᠎ᠠ᠃ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠠᠵᠢᠯ ᠲᠥᠷᠥᠯ᠎ᠦᠨ ᠲᠣᠭ᠎ᠠ ᠪᠦᠷᠢᠳᠭᠡᠯ᠎ᠢ ᠬᠠᠤᠯᠢ ᠶᠣᠰᠣᠭᠠᠷ ᠥᠷᠨᠢᠭᠦᠯᠵᠦ᠍᠂ ᠠᠵᠤ ᠠᠬᠤᠶ᠎ᠶ᠋ᠢᠨ ᠡᠷᠬᠢᠯᠳᠡ᠎ᠵᠢ ᠬᠢᠨᠠᠨ ᠬᠡᠮᠵᠢᠵᠦ᠍ ᠲᠥᠰᠦᠭᠡᠯᠡᠬᠦ᠌ ᠪᠠ ᠲᠦᠭ᠌ᠰᠢᠭᠦᠷᠢ᠎ᠶ᠋ᠢ ᠰᠡᠷᠡᠮᠵᠢᠯᠡᠭᠦᠯᠬᠦ᠌᠎ᠶ᠋ᠢ ᠴᠢᠩᠭᠠᠳᠭᠠᠨ᠎ᠠ᠃ ᠴᠢᠨᠠᠷ ᠰᠠᠢᠲᠠᠶ ᠪᠦᠯᠬᠦᠮ᠎ᠦᠨ ᠪᠠᠷᠢᠮᠵᠢᠶ᠎ᠠ᠎ᠶ᠋ᠢ ᠰᠤᠳᠤᠯᠤᠨ ᠲᠣᠭ᠍ᠲᠠᠭᠠᠬᠤ᠎ᠶ᠋ᠢᠨ ᠬᠠᠮᠲᠤ ᠬᠡᠷᠡᠭ᠌ᠵᠢᠭᠦᠯᠵᠦ᠍᠂ ᠠᠵᠢᠯ ᠲᠥᠷᠥᠯ᠎ᠦᠨ ᠲᠡᠷᠢᠭᠦᠨ᠎ᠦ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠤᠨ᠂ ᠠᠵᠢᠯ ᠲᠥᠷᠥᠯ᠎ᠦᠨ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠂ ᠲᠥᠯᠥᠪᠵᠢᠭᠦᠯᠭᠡ ᠵᠡᠷᠭᠡ᠎ᠶ᠋ᠢ ᠰᠤᠳᠤᠯᠤᠨ ᠲᠣᠭ᠍ᠲᠠᠭᠠᠬᠤ᠎ᠳᠤ ᠢᠳᠡᠪᠬᠢᠲᠡᠶ ᠣᠷᠣᠯᠴᠠᠵᠤ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠨᠠᠩ ᠰᠠᠢᠲᠤᠷ ᠠᠬᠢᠭᠤᠯᠤᠨ᠎ᠠ᠃ ᠲᠦᠷᠦᠯ ᠲᠡᠮᠳᠡᠭ᠎ᠦᠨ ᠴᠢᠨᠠᠷᠲᠠᠢ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ ᠂ ᠲᠡᠷᠢᠭᠦᠨ᠎ᠦ ᠠᠵᠤ ᠦᠢᠯᠡᠰ᠎ᠦᠨ ᠪᠦᠯᠦᠭ᠌ᠵᠢᠨ ᠬᠥᠭ᠌ᠵᠢᠬᠦ᠌᠎ᠳᠦ ᠬᠦᠴᠦᠨ ᠨᠡᠮᠡᠷᠢᠯᠡᠨ᠎ᠡ᠃ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠨᠡᠢᠭᠡᠮ᠎ᠦᠨ ᠵᠠᠰᠠᠯᠲᠠ᠂ ᠰᠠᠢ᠌ᠨ ᠳᠤᠷ᠎ᠠ᠎ᠶ᠋ᠢᠨ ᠦᠢᠯᠡᠴᠢᠯᠡᠭᠡ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ ᠵᠢᠨ ᠦᠢᠯᠡᠰ᠂ ᠢᠳᠡᠭᠡᠨ᠎ᠦ ᠠᠮᠤᠷ ᠲᠦᠪᠱᠢᠨ᠂ ᠪᠠᠴᠢᠮ ᠪᠠᠢᠳᠠᠯ᠎ᠢ ᠠᠷᠭᠠᠴᠡᠭᠠᠬᠤ ᠠᠪᠤᠷᠠᠨ ᠲᠤᠰᠠᠯᠠᠬᠤ ᠵᠡᠷᠭᠡ ᠠᠵᠢᠯ᠎ᠳᠤ ᠰᠠᠨᠠᠭᠠᠴᠢᠯᠠᠭ᠎ᠠ᠎ᠡᠴᠡ᠎ᠪᠠᠨ ᠣᠷᠣᠯᠴᠠᠨ᠎ᠠ᠃

(ᠠᠷᠪᠠᠨ ᠳᠣᠯᠣᠭ᠎ᠠ) ᠣᠯᠠᠨ ᠤᠯᠤᠰ᠎ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ᠎ᠳᠤ ᠣᠷᠣᠯᠴᠠᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠢᠯᠠᠩᠭᠤᠶ᠎ᠠ ᠪᠦᠬᠦ᠌ ᠤᠯᠤᠰ᠎ᠤᠨ ᠴᠢᠨᠠᠷᠲᠠᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ ᠨᠢ ᠬᠣᠯᠪᠣᠭ᠍ᠳᠠᠯ ᠪᠦᠬᠦᠢ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢᠴᠢ ᠤᠯᠠᠨ ᠤᠯᠤᠰ᠎ᠤᠨ ᠪᠠᠷᠢᠮᠵᠢᠶ᠎ᠠ᠂ ᠤᠯᠠᠨ ᠤᠯᠤᠰ᠎ᠤᠨ ᠲᠦᠷᠢᠮ᠎ᠢ ᠲᠣᠭ᠍ᠲᠠᠭᠠᠬᠤ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠳᠣᠲᠣᠭᠠᠳᠤ᠎ᠶ᠋ᠢᠨ ᠪᠠᠷᠢᠮᠵᠢᠶ᠎ᠠ᠂ ᠭᠡᠷᠡᠴᠢᠯᠡᠵᠦ᠍ ᠵᠥᠪᠱᠢᠶᠡᠷᠡᠬᠦ᠌ ᠪᠠ ᠤᠯᠠᠨ ᠤᠯᠤᠰ᠎ᠤᠨ ᠬᠠᠷᠢᠯᠴᠠᠨ ᠮᠡᠳᠡᠷᠡᠬᠦ᠌᠎ᠶ᠋ᠢ ᠠᠬᠢᠭᠤᠯᠬᠤ ᠬᠡᠷᠡᠭ᠌ᠲᠡᠢ᠃ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠶᠠᠷᠢᠯᠴᠠᠭᠠᠨ᠎ᠤ ᠲᠣᠭ᠍ᠲᠡᠴᠡ᠎ᠶ᠋ᠢ ᠪᠠᠢᠭᠤᠯᠬᠤ᠎ᠳᠤ ᠣᠷᠣᠯᠴᠠᠬᠤ ᠪᠤᠶᠤ ᠲᠡᠭᠦᠨ᠎ᠢ ᠠᠬᠢᠭᠤᠯᠵᠤ᠂ ᠤᠯᠠᠨ ᠤᠯᠤᠰ᠎ᠤᠨ ᠬᠠᠨᠭᠭᠠᠯᠭ᠎ᠠ᠎ᠵᠢᠨ ᠬᠤᠳᠠᠯᠳᠤᠭᠠᠴᠢᠨ ᠪᠠ ᠬᠤᠳᠠᠯᠳᠤᠨ ᠠᠪᠬᠤ ᠬᠤᠳᠠᠯᠳᠤᠭᠠᠴᠢᠨ᠎ᠢ ᠵᠣᠯᠭᠠᠭᠤᠯᠬᠤ ᠲᠠᠪᠴᠠᠩ᠎ᠢ ᠪᠠᠢᠭᠤᠯᠬᠤ᠎ᠳᠤ ᠦᠢᠯᠡᠴᠢᠯᠡᠨ᠎ᠡ᠃ ᠠᠵᠢᠯ ᠲᠥᠷᠥᠯ᠎ᠦᠨ ᠠᠵᠤ ᠠᠬᠤᠢᠯᠠᠯ᠎ᠤᠨ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠥᠲᠥᠭᠡᠨ ᠪᠠᠢᠭᠤᠯᠬᠤ ᠵᠢᠴᠢ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠠᠵᠢᠯ᠎ᠤᠨ ᠬᠤᠪᠢᠶᠠᠷᠢᠯᠠᠯ ᠪᠠ ᠬᠠᠮᠲᠤᠷᠠᠯᠴᠠᠭ᠎ᠠ᠎ᠳᠤ ᠢᠳᠡᠪᠬᠢᠲᠡᠶ ᠣᠷᠣᠯᠴᠠᠬᠤ᠎ᠶ᠋ᠢ ᠬᠥᠲᠥᠯᠥᠨ ᠵᠢᠯᠣᠭᠣᠳᠭᠤ ᠪᠠ ᠠᠬᠢᠭᠤᠯᠤᠨ᠎ᠠ᠃

ᠵᠢᠷᠭᠤᠭ᠎ᠠ ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ

(ᠠᠷᠪᠠᠨ ᠨᠠᠶ᠋ᠮᠠ) ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ᠎ᠡ᠃ ᠡᠯ᠎ᠡ ᠭᠠᠵᠠᠷ ᠤᠷᠤᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠣᠳᠠᠲᠠᠶ᠎ᠲᠠᠶ᠎ᠪᠠᠨ ᠤᠶᠠᠯᠳᠤᠭᠤᠯᠤᠨ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠬᠠᠮᠢᠶ᠎ᠠ ᠪᠦᠬᠦᠢ ᠬᠠᠷᠠᠭᠠᠯᠵᠠᠯ᠎ᠦᠵᠡᠬᠦᠯᠬᠦ ᠭᠠᠢᠯᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠵᠠᠬ᠎ᠠ ᠳᠡᠯᠭᠡᠭᠦᠷᠴᠢᠯᠡᠬᠦ᠌ ᠪᠠ ᠬᠠᠤᠯᠢ᠎ᠪᠠᠷ ᠵᠠᠰᠠᠬᠤ ᠵᠠᠷᠴᠢᠮ ᠶᠣᠰᠣᠭᠠᠷ ᠨᠥᠬᠥᠴᠡᠯ᠎ᠳᠦ ᠨᠡᠢᠴᠡᠬᠦ᠌ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠮᠥᠩᠭᠥᠨ ᠭᠦᠶ᠋ᠯᠭᠡᠭᠡᠨ᠎ᠦ ᠳᠡᠮᠵᠢᠯᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃ ᠨᠡᠢᠭᠡᠮ᠎ᠦᠨ ᠬᠦᠴᠦᠨ᠎ᠦ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠥᠭ᠌ᠵᠢᠯᠲᠡ᠎ᠶ᠋ᠢ ᠳᠡᠮᠵᠢᠬᠦ᠌᠎ᠶ᠋ᠢ ᠵᠣᠷᠢᠭ᠍ᠵᠢᠭᠤᠯᠤᠨ᠎ᠠ᠃ ᠠᠵᠢᠯ ᠡᠷᠬᠢᠯᠡᠭ᠌ᠰᠡᠳ᠎ᠢ ᠬᠥᠮᠦᠵᠢᠭᠦᠯᠵᠦ᠍ ᠦᠨᠡᠯᠡᠬᠦ᠌ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠵᠠᠮ᠎ᠢ ᠱᠢᠯᠤᠭᠤᠳᠭᠠᠨ᠎ᠠ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ᠎ᠢ ᠴᠢᠩᠭᠠᠷᠠᠭᠤᠯᠤᠨ᠎ᠠ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠡᠭᠦᠷᠭᠡᠯᠡᠬᠦ᠌᠎ᠳᠦ ᠲᠣᠬᠢᠷᠠᠬᠤ ᠡᠭᠦᠷᠭᠡ ᠲᠤᠰᠢᠶᠠᠯ ᠪᠣᠯᠤᠨ ᠵᠦᠢᠯᠡᠰ᠎ᠢ ᠡᠯ᠎ᠡ ᠭᠠᠵᠠᠷ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠳᠡᠰ ᠳᠠᠷᠠᠭᠠᠯᠠᠯ ᠶᠣᠰᠣᠭᠠᠷ ᠱᠢᠯᠵᠢᠭᠦᠯᠬᠦ᠌ ᠪᠤᠶᠤ ᠨᠥᠬᠥᠴᠡᠯ᠎ᠢ ᠪᠦᠷᠢᠯᠳᠦᠭᠦᠯᠦᠭ᠌ᠰᠡᠨ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠨᠠᠢᠳᠠᠬᠤ ᠬᠡᠷᠡᠭ᠌ᠲᠡᠶ᠃ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠡᠴᠡ ᠠᠷᠠᠳ ᠲᠦᠮᠡᠨ᠎ᠦ ᠰᠠᠨᠠᠭᠤᠯᠭ᠎ᠠ᠎ᠶ᠋ᠢ ᠬᠤᠷᠢᠶᠠᠨ ᠴᠤᠭᠯᠠᠭᠤᠯᠬᠤ ᠳᠦᠷᠢᠮᠵᠢᠭ᠌ᠰᠡᠨ  ᠵᠠᠮ ᠰᠤᠪᠠᠭ᠎ᠢ ᠪᠠᠢᠭᠤᠯᠤᠨ᠎ᠠ᠃ ᠨᠥᠬᠥᠴᠡᠯ᠎ᠳᠦ ᠨᠡᠢᠴᠡᠬᠦ᠌ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠬᠠᠮᠢᠶ᠎ᠠ ᠪᠥᠬᠥᠶ ᠮᠡᠳᠡᠭᠡ ᠵᠠᠩᠭᠢ ᠲᠣᠭ᠎ᠠ ᠪᠠᠷᠢᠮᠲᠠ᠎ᠶ᠋ᠢ ᠬᠠᠤᠯᠢ ᠶᠣᠰᠣᠭᠠᠷ ᠬᠠᠮᠲᠤ ᠪᠡᠷ ᠡᠳ᠋ᠯᠡᠭᠦᠯᠦᠨ᠎ᠡ᠃

ᠳᠣᠯᠣᠭ᠎ᠠ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠴᠢᠩᠭᠠᠳᠭᠠᠨ᠎ᠠ

ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ 《ᠨᠢᠭᠡ ᠬᠥᠯᠭᠡ ᠱᠢᠲᠠᠷ᠎ᠠ》᠎ᠶ᠋ᠢᠨ ᠦᠵᠡᠯ ᠰᠠᠨᠠᠭ᠎ᠠ᠎ᠶ᠋ᠢ ᠪᠣᠶ ᠪᠣᠯᠭᠠᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠡᠯ᠎ᠡ ᠱᠠᠲᠤᠨ᠎ᠤ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠱᠢᠢᠳᠪᠦᠷᠢᠯᠡᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ᠎ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ᠎ᠬᠢᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠭᠠᠵᠤ᠂ ᠱᠠᠯᠠᠪᠳᠠᠭᠤᠯᠤᠨ ᠨᠠᠢᠳᠠᠪᠤᠷᠢᠵᠢᠭᠤᠯᠵᠤ᠂ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ᠃ ᠤᠬᠠᠭᠤᠯᠵᠤ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠵᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠬᠥᠭ᠌ᠵᠢᠯᠲᠡ᠎ᠶ᠋ᠢ ᠳᠡᠮᠵᠢᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭᠲᠡᠢ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ᠎ᠳᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠡᠴᠡ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃

(ᠱᠢᠨᠬᠤᠸᠠ ᠬᠣᠷᠢᠶ᠎ᠠ᠎ᠵᠢᠨ ᠪᠡᠭᠡᠵᠢᠩ᠎ᠦᠨ 4 ᠰᠠᠷ᠎ᠠ᠎ᠶ᠋ᠢᠨ 13᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号