《ᠨᠠᠮ᠎ᠤᠨ ᠠᠴᠢ᠎ᠳ᠋ᠤ ᠳᠠᠯᠠᠷᠬᠠᠵᠤ ᠨᠠᠮ᠎ᠤᠨ ᠦᠭᠡ᠎ᠶᠢ ᠰᠣᠨᠣᠰᠴᠤ ᠨᠠᠮ᠎ᠢᠶᠠᠨ ᠲᠠᠭᠠᠨ ᠤᠷᠤᠭᠰᠢᠯᠠᠬᠤ》 ᠥᠪᠡᠷᠲᠡᠭᠡᠨ ᠵᠠᠰᠠᠬᠤ ᠣᠷᠣᠨ᠎ᠤ ᠣᠨᠣᠯ᠎ᠤᠨ ᠰᠤᠷᠤᠯᠴᠠᠯᠭ᠎ᠠ᠎ᠶᠢᠨ ᠬᠥᠩᠭᠡᠨ ᠮᠣᠷᠢᠲᠤ ᠴᠡᠷᠢᠭ᠎ᠦᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ ᠪᠤᠭᠤᠲᠤ ᠣᠷᠳᠣᠰ᠎ᠲᠤ ᠬᠦᠷᠴᠡᠢ
2026-04-18 11:01:25
ᠵᠣᠬᠢᠶᠠᠭ᠍ᠴᠢ᠄
ᠪᠠᠢ ᠯᠢᠶᠠᠨ ᠯᠢᠦ ᡁᠢ ᠱᠢᠶᠠᠨ ᠰᠦᠩ ᠠ ᠨᠠᠨ ᠮᠤᠤ ᠺᠠᠢ ᠶᠠᠨ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ᠎ᠰᠢ᠎ᠶᠢᠨ ᠫᠢᠩ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠴᠢᠬᠤᠯᠠ ᠶᠠᠷᠢᠶ᠎ᠠ ᠪᠣᠯᠣᠨ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠪᠥᠬᠥ ᠣᠷᠣᠨ᠎ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠶᠢ ᠬᠦᠴᠦᠯᠡᠨ ᠠᠬᠢᠭᠤᠯᠬᠤ ᠵᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ《ᠨᠠᠮ᠎ᠤᠨ ᠠᠴᠢ᠎ᠳ᠋ᠤ ᠳᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ》 ᠥᠪᠡᠷᠲᠡᠭᠡᠨ ᠵᠠᠰᠠᠬᠤ ᠣᠷᠣᠨ᠎ᠤ ᠣᠨᠣᠯ ᠎ᠤᠨ ᠰᠤᠷᠤᠯᠴᠠᠯᠭ᠎ᠠ᠎ᠶᠢᠨ ᠬᠥᠩᠭᠡᠨ ᠮᠣᠷᠢᠲᠤ ᠴᠡᠷᠢᠭ᠎ᠦᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠤᠨ ᠡᠯ᠎ᠡ ᠭᠠᠵᠠᠷ᠎ᠲᠤ ᠣᠴᠢᠭᠤᠯᠵᠤ ᠤᠬᠠᠭᠤᠯᠤᠨ ᠲᠠᠢᠯᠪᠤᠷᠢᠯᠠᠪᠠ ᠃ 4 ᠰᠠᠷ᠎ᠠ᠎ᠶᠢᠨ 14 ᠎ᠤ᠋ ᠡᠳᠦᠷ᠎ᠡᠴᠡ 16 ᠎ᠤ᠋ ᠡᠳᠦᠷ ᠪᠣᠯᠲᠠᠯ᠎ᠠ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠣᠶᠠᠳᠤᠭᠠᠷ ᠪᠠᠭ᠎ᠠ ᠬᠤᠪᠢᠶᠠᠷᠢ ᠠᠩᠭᠢ ᠬᠥᠬᠡᠬᠣᠲᠠ᠂ ᠪᠤᠭᠤᠲᠤ᠂ ᠣᠷᠳᠣᠰ᠎ᠲᠤ ᠬᠦᠷᠴᠦ᠂ ᠶᠡᠬᠡ ᠳᠡᠭᠡᠳᠦ ᠰᠤᠷᠭᠠᠭᠤᠯᠢ᠎ᠶᠢᠨ ᠥᠷᠭᠡᠨ ᠤᠯᠠᠨ ᠪᠠᠭ᠍ᠰᠢ ᠰᠤᠷᠤᠭ᠍ᠴᠢᠳ᠎ᠲᠤ  ᠬᠤᠪᠢᠶᠠᠷᠢᠴᠢᠯᠠᠭᠰᠠᠨ ᠮᠠᠶᠢᠭ᠋᠎ᠢᠶᠠᠷ ᠤᠬᠠᠭᠤᠯᠤᠨ ᠲᠠᠢᠯᠪᠤᠷᠢᠯᠠᠪᠠ᠃

ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠤ ᠬᠤᠷᠢᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤᠴᠤᠳ᠎ᠤᠨ 《5·4 》᠎ᠤ᠋ ᠱᠠᠩᠨᠠᠯ᠎ᠤᠨ ᠮᠧᠳᠠᠯ ᠬᠦᠷᠲᠡᠭᠴᠢ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠯᠲᠠ᠎ᠶᠢᠨ ᠶᠡᠷᠦᠩᠬᠡᠢ ᠥᠷᠲᠡᠭᠡᠨ᠎ᠦ ᠠᠯᠠᠱᠠ᠎ᠶᠢᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠢᠩᠬᠡᠨ ᠬᠢᠯᠢ᠎ᠶᠢᠨ ᠲᠣᠮᠢᠯᠠᠭᠰᠠᠨ ᠰᠠᠯᠪᠤᠷᠢ᠎ᠶᠢᠨ ᠳᠡᠳ᠋ ᠳᠠᠷᠤᠭ᠎ᠠ ᠰᠢᠦᠢ ᠨᠠᠶ ᠴᠤᠤ᠂ 2025 ᠣᠨ᠎ᠤ ᠰᠢᠨ᠎ᠡ ᠴᠠᠭ ᠦᠶ᠎ᠡ᠎ᠶᠢᠨ ᠵᠠᠯᠠᠭᠤᠴᠤᠳ᠎ᠤᠨ ᠬᠣᠰᠢᠭᠤᠴᠢ ᠱᠠᠩᠨᠠᠯ᠎ᠢ ᠬᠦᠷᠲᠡᠭᠴᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠪᠠ ᠬᠦᠳᠡᠬᠡ ᠳᠤᠰᠬᠤᠨ ᠮᠠᠯᠵᠢᠬᠤ ᠤᠷᠤᠨ᠎ᠤ ᠲᠢᠩᠬᠢᠮ (ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ) ᠤ᠋ᠨ ᠳᠡᠭᠡᠳᠦ ᠵᠡᠷᠭᠡ᠎ᠶᠢᠨ ᠲᠠᠷᠢᠶᠠᠯᠠᠩ᠎ᠤᠨ ᠮᠡᠷᠭᠡᠵᠢᠯᠲᠡᠨ ᠵᠧᠦ ᠬᠣᠩ ᠬᠤᠢ᠂ ᠪᠤᠭᠤᠲᠤ ᠬᠣᠲᠠ᠎ᠶᠢᠨ ᠠᠬᠠᠮᠠᠳ ᠺᠠᠳ᠋ᠷᠴᠤᠳ᠎ᠤᠨ ᠢᠳᠡᠪᠬᠢ ᠬᠦᠴᠦᠨ᠎ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠪᠤᠭᠤᠲᠤ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠥᠨᠳᠡᠯᠡᠨ ᠬᠤᠪᠢᠶᠠᠷᠢ ᠲᠣᠪᠴᠢᠶ᠎ᠠ᠎ᠶᠢᠨ ᠠᠵᠢᠯ᠎ᠠᠴᠠ᠎ᠪᠠᠨ ᠠᠮᠠᠷᠠᠭᠰᠠᠨ ᠺᠠᠳ᠋ᠷ ᠰᠢᠦᠢ ᡁᠢ ᠮᠢᠩ᠂ ᠬᠥᠯᠥᠨ ᠪᠣᠶ᠋ᠢᠷ ᠬᠣᠲᠠ᠎ᠶᠢᠨ ᠬᠠᠭᠤᠴᠢᠨ ᠪᠠᠷᠭᠤ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠠᠢ ᠳ᠋ᠦᠩ ᠴᠢᠩ ᠮᠣᠷᠢᠲᠤ ᠴᠠᠭᠳᠠᠭ᠎ᠠ᠎ᠶᠢᠨ ᠠᠩᠭᠢ᠎ᠶᠢᠨ ᠭᠡᠰᠢᠭᠦᠨ ᠸᠠᠩ ᠰᠢᠦᠸᠠᠢ ᠶᠣᠣ᠂ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠲᠦᠪ ᠬᠤᠷᠢᠶᠠᠨ᠎ᠤ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ᠎ᠦᠨ ᠪᠦᠷᠢᠯᠳᠦᠭᠦᠨ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠵᠠᠯᠠᠭᠤ ᠪᠠᠭ᠍ᠰᠢ ᠨᠠᠷ᠎ᠤᠨ ᠣᠨᠣᠯ ᠤᠬᠠᠭᠤᠯᠤᠨ ᠲᠠᠢᠯᠪᠤᠷᠢᠯᠠᠬᠤ ᠨᠡᠷᠡᠲᠦ ᠲᠤᠰᠬᠠᠢ ᠮᠡᠷᠭᠡᠵᠢᠯᠲᠡᠨ᠎ᠢ ᠬᠥᠮᠥᠵᠢᠭᠦᠯᠬᠦ ᠬᠥᠮᠥᠷᠭᠡ᠎ᠵᠢᠨ ᠲᠤᠰᠬᠠᠢ ᠮᠡᠷᠭᠡᠵᠢᠯᠳᠡᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠡᠪᠯᠡᠯ᠎ᠦᠨ ᠬᠤᠷᠢᠶ᠎ᠠ ᠵᠢᠨ ᠳᠡᠳ᠋ ᠱᠦᠵᠢ ᠬᠥ ᠴᠤᠤ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠨᠡᠪᠲᠡᠷᠡᠭᠦᠯᠦᠭᠴᠢ ᠪᠠ ᠬᠦᠳᠦᠯᠦᠭᠴᠢ ᠵᠢᠨ ᠳᠤᠰᠬᠠᠢ ᠮᠡᠷᠬᠡᠵᠢᠯ᠎ᠤᠨ ᠰᠤᠷᠤᠭ᠍ᠴᠢ ᠦ᠋ ᠲᠦᠩ᠂ ᠦ᠋ ᠵᠢᠩ ᠳᠢ ᠵᠡᠷᠬᠡ ᠠᠳᠠᠯᠢ ᠪᠤᠰᠤ ᠬᠦᠷᠢᠶᠡᠨ᠎ᠡᠴᠡ ᠢᠷᠡᠭᠰᠡᠨ 7 ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠥᠪᠡᠷ᠎ᠦᠨ ᠥᠩᠭᠡᠷᠡᠯᠲᠡ ᠪᠣᠯᠣᠨ ᠠᠵᠢᠯ᠎ᠤᠨ ᠪᠠᠢᠷᠢ᠎ᠶᠢᠨ ᠦᠢᠯᠡᠳᠦᠯᠭᠡ᠎ᠲᠠᠢ᠎ᠪᠡᠨ ᠤᠶᠠᠯᠳᠤᠭᠤᠯᠵᠤ᠂ ᠤᠯᠠᠨ ᠲᠦᠮᠡᠨ ᠲᠠᠢ ᠣᠢᠷᠠᠲᠤᠭᠰᠠᠨ᠂ ᠴᠤᠭ ᠵᠢᠪᠬᠤᠭ᠎ᠠ᠎ᠪᠠᠳᠠᠷᠠᠭᠰᠠᠨ᠂ ᠣᠷᠭᠢᠯᠤᠮ᠎ᠠ ᠬᠠᠯᠠᠭᠤᠨ ᠰᠡᠳᠬᠢᠯᠬᠡ ᠳᠠᠢ ᠦᠭᠡ ᠬᠡᠯᠡ᠎ᠪᠡᠷ ᠬᠥᠮᠥᠰ᠎ᠦᠨ ᠰᠡᠳᠬᠢᠯ᠎ᠢ ᠬᠥᠳᠡᠯᠭᠡᠮ᠎ᠡ ᠦᠨᠡᠨ ᠪᠣᠳᠠᠲᠠᠢ᠂ ᠠᠮᠢᠳᠤ ᠲᠦᠷᠰᠦᠯᠢᠭ ᠦᠯᠢᠭᠡᠷ᠎ᠦᠳ᠎ᠢ ᠶᠠᠷᠢᠵᠤ᠂ ᠲᠤᠬᠠᠢ᠎ᠶᠢᠨ ᠲᠠᠯᠠᠪᠠᠢ᠎ᠶᠢᠨ ᠪᠠᠭ᠍ᠰᠢ ᠰᠤᠷᠤᠭ᠍ᠴᠢᠳ᠎ᠲᠤ ᠦᠵᠡᠯ ᠰᠠᠨᠠᠭᠠᠨ᠎ᠤ ᠭᠦᠨᠴᠡ ᠪᠣᠯᠣᠨ ᠬᠠᠢᠷ᠎ᠠ ᠰᠡᠳᠬᠢᠯᠭᠡ᠎ᠶᠢᠨ ᠳᠤᠯᠠᠭᠠᠴᠠ᠎ᠶᠢ ᠬᠠᠪᠰᠤᠷᠭᠠᠭᠰᠠᠨ ᠦᠵᠡᠯ ᠰᠠᠨᠠᠭ᠎ᠠ ᠤᠯᠤᠰ ᠲᠦᠷᠦ᠎ᠶᠢᠨ ᠬᠠᠮ ᠬᠢᠴᠢᠶᠡᠯ᠎ᠢ ᠠᠪᠴᠢᠷᠠᠭᠰᠠᠨ ᠪᠠᠢᠨ᠎ᠠ᠃

ᠤᠬᠠᠭᠤᠯᠤᠨ ᠲᠠᠢᠯᠪᠤᠷᠢᠯᠠᠯᠳᠠ ᠵᠢᠨ  ᠭᠣᠣᠯ ᠰᠡᠳᠦᠪ ᠢᠯᠡ ᠲᠣᠳᠣ᠌᠂ ᠨᠥᠯᠥᠭᠡᠯᠡᠬᠦ ᠬᠦᠴᠦᠨ᠎ᠢᠶᠡᠷ ᠴᠢᠩᠭ᠎ᠠ ᠪᠠᠢᠵᠤ᠂ ᠲᠤᠬᠠᠢ᠎ᠶᠢᠨ ᠲᠠᠯᠠᠪᠠᠢ᠎ᠳᠤ ᠠᠯᠠᠭ᠎ᠠ ᠲᠡᠰᠢᠯᠲᠡ᠎ᠶᠢᠨ ᠲᠠᠭᠤᠨ ᠲᠠᠰᠤᠷᠠᠯᠳᠡ ᠦᠭᠡᠢ ᠦᠷᠬᠦᠯᠵᠢᠯᠡᠵᠦ ᠪᠠᠢᠪᠠ᠃ ᠪᠠᠭᠰᠢ ᠰᠤᠷᠤᠭᠴᠢᠳ ᠭᠦᠨ ᠬᠥᠮᠦᠵᠢᠯ ᠬᠦᠷᠲᠡᠵᠦ᠂ ᠮᠠᠰᠢ ᠶᠡᠬᠡ ᠵᠤᠷᠢᠭᠵᠢᠭᠤᠯᠤᠯ ᠤᠯᠵᠤ᠂ ᠰᠢᠨ᠎ᠡ ᠴᠠᠭ ᠦᠶ᠎ᠡ᠎ᠶᠢᠨ ᠠᠶᠠᠨ ᠵᠠᠮ᠎ᠳ᠋ᠠᠭᠠᠨ ᠠᠴᠢ ᠡᠨᠡᠷᠢᠯ ᠳ᠋ᠤ ᠲᠠᠯᠠᠷᠬᠠᠬᠤ ᠰᠡᠳᠬᠢᠯ ᠪᠣᠯᠣᠨ ᠡᠷᠡᠰ ᠪᠠᠲᠤ ᠡᠷᠡᠯᠬᠡᠭᠯᠡᠨ ᠤᠷᠤᠭᠰᠢᠯᠠᠬᠤ ᠵᠣᠷᠢᠭ᠋᠎ᠢᠶᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠳᠦᠭᠡᠯ ᠭᠠᠷᠭᠠᠨ᠂ 《ᠠᠷᠪᠠᠨ ᠲᠠᠪᠤᠳᠤᠭᠠᠷ ᠲᠠᠪᠤᠨ ᠵᠢᠯ》 ᠳ᠋ᠤ ᠰᠠᠢᠨ ᠰᠠᠢᠬᠠᠨ ᠡᠬᠢᠯᠡᠯᠲᠡ᠎ᠵᠢ ᠪᠤᠢ ᠪᠤᠯᠭᠠᠨ᠎ᠠ ᠬᠡᠵᠦ ᠢᠯᠡᠳᠬᠡᠵᠡᠭᠡᠪᠡ᠃ 《ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠯᠲᠠ ᠨᠢ ᠨᠢᠭᠡ ᠤᠳᠠᠭᠠᠨ᠎ᠤ ᠭᠦᠨ ᠭᠦᠨᠵᠡᠭᠡᠢ ᠤᠨᠤᠯ᠎ᠤᠨ ᠵᠡᠪᠰᠡᠭᠯᠡᠯ ᠪᠤᠯᠬᠤ ᠪᠦᠭᠡᠳ ᠪᠠᠰᠠ ᠴᠤ᠌ ᠨᠢᠭᠡ ᠤᠳᠠᠭᠠᠨ᠎ᠤ ᠠᠮᠢᠳᠤᠯᠢᠭ᠋ ᠦᠵᠡᠯ ᠰᠠᠨᠠᠭᠠᠨ᠎ᠤ ᠤᠬᠢᠶᠠᠯ ᠪᠤᠯᠤᠨ᠎ᠠ᠃ ᠥᠷᠭᠡᠨ ᠤᠯᠠᠨ ᠵᠠᠯᠠᠭᠤ ᠪᠠᠭ᠍ᠰᠢ ᠰᠤᠷᠤᠭ᠍ᠴᠢᠳ ᠨᠠᠮ᠎ᠤᠨ ᠠᠴᠢ ᠳ᠋ᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠲᠠᠭᠠᠨ ᠤᠷᠤᠭᠰᠢᠯᠠᠬᠤ ᠢᠲᠡᠭᠡᠯ ᠵᠣᠷᠢᠭ᠎ᠵᠢᠡᠨ ᠨᠡᠩ ᠪᠠᠲᠤᠳᠬᠠᠵᠤ᠂ ᠤᠬᠠᠮᠰᠠᠷ᠎ᠠᠴᠠ᠎ᠪᠠᠨ ᠬᠤᠪᠢ ᠬᠥᠮᠥᠨ᠎ᠦ ᠬᠦᠰᠡᠯᠡᠩ᠎ᠢᠶᠡᠨ ᠤᠯᠤᠰ᠎ᠤᠨ ᠬᠥᠭᠵᠢᠯᠲᠡ ᠪᠣᠯᠣᠨ ᠥᠪᠡᠷᠲᠡᠭᠡᠨ ᠵᠠᠰᠠᠬᠤ ᠣᠷᠣᠨ᠎ᠤ  ᠪᠦᠲᠦᠭᠡᠨ ᠪᠠᠢᠭᠤᠯᠤᠯᠲᠠ᠎ᠶᠢᠨ ᠶᠡᠬᠡ ᠲᠠᠯ᠎ᠠ᠎ᠳᠤ ᠠᠭᠤᠰᠤᠯᠴᠠᠭᠤᠯᠤᠨ᠎ᠠ》 ᠭᠡᠵᠦ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠰᠤᠷᠳᠠᠯ ᠤᠬᠠᠭᠤᠯᠭ᠎ᠠ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠯᠢᠦ ᠬᠤᠢ ᠬᠤᠸᠠ ᠬᠡᠯᠡᠪᠡ᠃

ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ ᠪᠣᠯᠤᠨ ᠪᠤᠭᠤᠲᠤ᠎ᠶ᠋ᠢᠨ ᠠᠨᠠᠭᠠᠬᠤ ᠤᠬᠠᠭᠠᠨ᠎ᠤ ᠳᠡᠭᠡᠳᠦ ᠰᠤᠷᠭᠠᠭᠤᠯᠢ᠎ᠳᠤ  7 ᠤᠬᠠᠭᠤᠯᠤᠨ ᠲᠠᠢᠯᠪᠤᠷᠢᠯᠠᠭ᠍ᠴᠢ ᠥᠪᠡᠷ᠎ᠦᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ ᠠᠮᠢᠳᠤᠯᠢᠭ ᠰᠠᠢᠬᠠᠨ ᠦᠯᠢᠭᠡᠷ ᠪᠣᠯᠤᠨ ᠬᠡᠬᠦᠳᠡᠭ ᠲᠦᠬᠦᠷᠡᠩ ᠬᠠᠢᠷ᠎ᠠ ᠰᠡᠳᠭᠢᠯᠭᠡ᠎ᠪᠡᠷ ᠱᠢᠨ᠎ᠡ ᠴᠠᠭ ᠦᠶ᠎ᠡ᠎ᠶ᠋ᠢᠨ ᠡᠷᠡᠯᠬᠡᠭ᠌ᠯᠡᠨ ᠲᠡᠮᠡᠴᠡᠭ᠌ᠰᠡᠳ᠎ᠦᠨ ᠬᠠᠷᠢᠭᠤᠴᠠᠯᠭ᠎ᠠ ᠡᠭᠦᠷᠭᠡᠯᠡᠯ᠎ᠢ ᠲᠠᠢᠯᠪᠤᠷᠢᠯᠠᠪᠠ᠃ ᠱᠢᠤᠢ ᠨᠠᠢ ᠴᠤᠤ 《ᠤᠮᠠᠷᠠᠲᠤ ᠬᠢᠯᠢ᠎ᠳᠦ ᠦᠨᠳᠦᠰᠦᠯᠡᠵᠦ ᠵᠠᠯᠠᠭᠤ ᠨᠠᠰᠤ᠎ᠪᠠᠨ ᠵᠣᠷᠢᠭᠤᠯᠤᠨ᠎ᠠ 》 ᠭᠡᠬᠦ᠌ ᠰᠡᠳᠦᠪ᠎ᠢᠶᠡᠷ ᠭᠡᠷᠭᠡᠢ ᠪᠡᠨ ᠲᠠᠭᠠᠭᠤᠯᠵᠤ ᠡᠬᠡ ᠤᠯᠤᠰ᠎ᠤᠨ ᠬᠢᠯᠢ᠎ᠶ᠋ᠢᠨ ᠱᠤᠭᠤᠮ᠎ᠢ ᠰᠠᠬᠢᠨ ᠬᠠᠮᠠᠭᠠᠯᠠᠭ᠍ᠰᠠᠨ ᠰᠡᠳᠭᠢᠯ ᠬᠥᠳᠡᠯᠭᠡᠮ᠎ᠡ ᠦᠯᠢᠭᠡᠷ ᠵᠢᠡᠨ ᠶᠠᠷᠢᠪᠠ; ᠵᠧᠸ᠋ ᠬᠣᠩ ᠬᠣᠶ 《ᠲᠠᠷᠢᠶᠠᠯᠠᠩ ᠮᠠᠯ ᠠᠵᠤ ᠠᠬᠤᠢ ᠳ᠋ᠤ ᠦᠢᠯᠡᠴᠢᠯᠡᠵᠦ  ᠬᠥᠳᠡᠭᠡ ᠲᠣᠰᠭᠣᠨ ᠎ᠳᠤ ᠦᠨᠳᠦᠰᠦᠯᠡᠬᠦ ᠨᠢ ᠢᠷᠠᠭᠤ ᠠᠯᠳᠠᠷ᠎ᠲᠠᠶ》 ᠭᠡᠬᠦ᠌ ᠰᠡᠳᠦᠪ ᠵᠢᠡᠷ ᠦᠶ᠋ᠯᠡᠳᠦᠯᠭᠡ᠎ᠶ᠋ᠢᠨ ᠤᠢᠯᠠᠭᠠᠯᠳᠠ ᠲᠥᠷᠥᠭ᠌ᠳᠡᠯ᠎ᠢᠶᠡᠨ ᠬᠤᠪᠢᠶᠠᠯᠴᠠᠵᠤ᠂ ᠮᠠᠯ ᠠᠵᠤ ᠠᠬᠤᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ᠎ᠤ ᠦᠨᠳᠦᠰᠦᠨ ᠱᠠᠲᠤᠨ᠎ᠳᠤ ᠦᠨᠳᠦᠰᠦᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠦᠶ᠋ᠯᠡᠴᠢᠯᠡᠬᠦ᠌ ᠣᠭ ᠰᠠᠨᠠᠭ᠎ᠠ᠎ᠶ᠋ᠢ ᠢᠯᠡᠷᠡᠭᠦᠯᠪᠡ; ᠱᠢᠤᠢ ᡁᠢ ᠮᠢᠩ 《ᠤᠯᠠᠨ ᠲᠦᠮᠡᠨ᠎ᠳᠦ ᠬᠡᠷᠡᠭ᠌ᠴᠡᠭᠡ᠎ᠲᠡᠶ ᠯᠡ ᠶᠤᠮ ᠪᠣᠯ ᠪᠢ ᠬᠤᠢᠰᠢ ᠤᠬᠤᠷᠢᠬᠤ ᠦᠭᠡᠢ》 ᠭᠡᠬᠦ᠌ ᠰᠡᠳᠦᠪ᠎ᠢᠶᠡᠷ  ᠴᠠᠭ᠍ᠳᠠᠭ᠎ᠠ᠎ᠶᠢᠨ ᠠᠵᠢᠯ᠎ᠤᠨ ᠪᠠᠢᠷᠢᠨ᠎ᠳᠦ ᠤᠯᠠᠨ ᠵᠢᠯ ᠤᠯᠠᠨ ᠲᠦᠮᠡᠨ᠎ᠳᠦ ᠦᠢᠯᠡᠴᠢᠯᠡᠭ᠌ᠰᠡᠨ ᠥᠩᠭᠡᠷᠡᠯᠲᠡ᠎ᠪᠡᠨ ᠡᠷᠭᠢᠴᠡᠭᠦᠯᠪᠡ; ᠸᠠᠩ ᠱᠢᠤᠸᠠᠢ ᠶᠣᠣ 《ᠲᠠᠯ᠎ᠠ ᠨᠤᠲᠤᠭ᠎ᠤᠨ 〈ᠬᠠᠴᠢᠨ〉 ᠴᠠᠭ᠍ᠳᠠᠭ᠎ᠠ 〈ᠬᠠᠢ ᠳ᠋ᠦᠩ ᠴᠢᠩ〉 》 ᠭᠡᠬᠦ᠌ ᠰᠡᠳᠦᠪ᠎ᠢᠶᠡᠷ ᠮᠣᠷᠢᠲᠤ ᠴᠠᠭ᠍ᠳᠠᠭ᠎ᠠ᠎ᠶ᠋ᠢᠨ ᠠᠩᠭᠢ᠎ᠶ᠋ᠢᠨ ᠬᠢᠨ᠎ᠤ ᠲᠠᠯ᠎ᠠ ᠨᠤᠲᠤᠭ᠎ᠤᠨ ᠠᠮᠤᠷ ᠲᠦᠪᠱᠢᠨ᠎ᠢ ᠬᠠᠮᠠᠭᠠᠯᠠᠭ᠍ᠰᠠᠨ ᠳᠣᠮᠣᠭ᠍ᠲᠤ ᠦᠯᠢᠭᠡᠷ᠎ᠢ ᠶᠠᠷᠢᠪᠠ; ᠬᠥ᠋ ᠴᠤᠤ 《ᠪᠢᠳᠡᠨ᠎ᠦ ᠢᠷᠡᠭᠡᠳᠦᠶ!》 ᠭᠡᠬᠦ᠌ ᠰᠡᠳᠦᠪ᠎ᠢᠶᠡᠷ ᠵᠠᠯᠠᠭᠤ ᠰᠤᠷᠤᠭ᠍ᠴᠢᠳ᠎ᠤᠨ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠬᠦ᠌᠎ᠶ᠋ᠢ ᠵᠣᠷᠢᠭ᠍ᠵᠢᠭᠤᠯᠪᠠ; ᠦ᠋ ᠲᠦᠩ᠂ ᠦ᠋ ᠵᠢᠩ ᠳ᠋ᠢ ᠬᠠᠮᠲᠤ᠎ᠪᠠᠷ 《ᠳᠠᠪᠲᠠᠭ᠍ᠳᠠᠨ ᠪᠣᠯᠪᠠᠰᠤᠷᠠᠭ᠍ᠤ ᠰᠦᠰᠦ ᠵᠤᠷᠢᠭ ᠵᠢᠡᠷ ᠣᠭ᠍ᠲᠠᠷᠭᠤᠢ᠎ᠳᠤ ᠳᠡᠭᠦᠯᠢᠬᠦ ᠢᠷᠠᠭᠤ ᠲᠤᠤᠯᠢᠰ᠎ᠢ ᠪᠢᠴᠢᠭᠯᠡᠨ᠎ᠡ》 ᠎ᠭᠡᠬᠦ ᠰᠡᠳᠦᠪ ᠵᠢᠡᠷ ᠵᠠᠯᠠᠭᠤ ᠨᠠᠰᠤᠨ᠎ᠤ ᠲᠡᠮᠡᠴᠡᠯ᠎ᠦᠨ ᠵᠣᠷᠢᠭ ᠰᠠᠨᠠᠭ᠎ᠠ᠎ᠵᠢ ᠢᠯᠡᠷᠡᠭᠦᠯᠪᠡ᠃ ᠤᠬᠠᠭᠤᠯᠤᠨ ᠲᠠᠢᠯᠪᠤᠷᠢᠯᠠᠬᠤ ᠠᠬᠤᠢ ᠲᠠᠯᠠᠪᠠᠢ ᠬᠦᠷ ᠬᠥᠭ᠌ᠵᠢᠶᠡᠨ᠎ᠢᠶᠡᠷ ᠪᠢᠯᠬᠠᠵᠤ᠂ ᠠᠯᠠᠭ᠎ᠠ ᠲᠠᠱᠢᠯᠳᠠ᠎ᠶ᠋ᠢᠨ ᠲᠠᠭᠤᠨ ᠲᠠᠰᠤᠷᠠᠯᠳᠠ ᠦᠭᠡᠢ ᠴᠤᠤᠷᠢᠶᠠᠲᠤᠨ᠎ᠠ᠃ ᠪᠠᠭ᠍ᠰᠢ ᠰᠤᠷᠤᠭ᠍ᠴᠢᠳ᠂ ᠥᠯᠢᠭᠡᠷ ᠳᠠᠭᠤᠷᠢᠶᠠᠯ᠎ᠢᠶᠠᠷ ᠬᠦᠴᠦᠨ ᠪᠣᠯᠭᠠᠵᠤ᠂ ᠡᠷᠡᠰ ᠭᠤᠢᠪᠢᠰᠢ ᠥᠬᠡᠶ᠎ᠪᠡᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭᠰᠢᠯᠠᠵᠤ᠂ ᠬᠤᠪᠢ ᠬᠥᠮᠦᠨ᠎ᠦ ᠬᠦᠰᠡᠯᠡᠩ᠎ᠢᠶᠡᠨ ᠤᠯᠤᠰ ᠪᠣᠯᠤᠨ ᠦᠨᠳᠦᠰᠦᠲᠡᠨ᠎ᠦ ᠠᠵᠢᠯ ᠦᠶ᠋ᠯᠡᠰ᠎ᠲᠦ ᠠᠭᠤᠰᠤᠯᠴᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠨᠠᠩ ᠭᠣᠢᠳᠠ ᠰᠠᠢᠬᠠᠨ ᠵᠠᠯᠠᠭᠤ ᠨᠠᠰᠤᠨ᠎ᠤ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠠ ᠣᠷᠳᠣᠰ᠎ᠤᠨ ᠠᠮᠢ ᠠᠬᠤᠶ ᠣᠷᠴᠢᠨ ᠲᠣᠭᠣᠷᠢᠨ᠎ᠤ ᠳᠡᠭᠡᠳᠦ ᠰᠤᠷᠭᠠᠭᠤᠯᠢ᠎ᠳᠤ᠂ ᠤᠬᠠᠭᠤᠯᠤᠨ ᠲᠠᠢᠯᠪᠤᠷᠢᠯᠠᠭ᠍ᠴᠢᠳ ᠥᠪᠡᠷ᠎ᠦᠨ ᠥᠩᠭᠡᠷᠡᠯᠲᠡ ᠪᠠ ᠠᠵᠢᠯ᠎ᠤᠨ ᠪᠠᠢᠷᠢ᠎ᠶ᠋ᠢᠨ ᠦᠶ᠋ᠯᠡᠳᠦᠯᠭᠡ᠎ᠲᠡᠶ᠎ᠪᠡᠨ ᠤᠶᠠᠯᠳᠤᠭᠤᠯᠤᠨ᠂ ᠣᠯᠠᠨ ᠲᠦᠮᠡᠨ᠎ᠲᠡᠶ ᠣᠢᠷᠠᠲᠤᠭ᠍ᠰᠠᠨ ᠲᠤᠳᠤᠨᠤ ᠦᠭᠡ ᠶᠠᠷᠢᠶ᠎ᠠ ᠪᠡᠷ 《ᠵᠢᠵᠢᠭ ᠶᠠᠪᠤᠳᠠᠯ》 ᠎ᠢ᠋ᠶ᠋ᠠᠷ 《ᠶᠡᠭᠡ ᠰᠡᠳᠦᠪ》 ᠎ᠢ᠋ ᠲᠣᠳᠣᠷᠬᠠᠢᠯᠠᠨ ᠲᠠᠢᠯᠪᠤᠷᠢᠯᠠᠵᠤ᠂ ᠲᠤᠬᠠᠶ᠎ᠶ᠋ᠢᠨ ᠲᠠᠯᠠᠪᠠᠶ᠎ᠶ᠋ᠢᠨ ᠪᠠᠭ᠍ᠰᠢ ᠰᠤᠷᠤᠭ᠍ᠴᠢᠳ᠎ᠲᠤ ᠰᠡᠳᠭᠢᠯ ᠬᠥᠳᠡᠯᠭᠡᠮ᠎ᠡ᠂ ᠬᠥᠮᠦᠰ᠎ᠤᠨ ᠰᠡᠳᠬᠢᠯ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠦᠵᠡᠯ ᠰᠠᠨᠠᠭ᠎ᠠ ᠤᠯᠤᠰ ᠲᠥᠷᠥ᠎ᠶ᠋ᠢᠨ ᠶᠡᠬᠡ ᠬᠢᠴᠢᠶᠡᠯ᠎ᠤᠷᠤᠪᠠ᠃ ᠤᠷᠳᠤᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠪᠠᠷᠢᠯᠭ᠎ᠠ᠎ᠶ᠋ᠢᠨ ᠢᠨᠵᠧᠨᠧᠷᠢᠩ᠎ᠦᠨ ᠰᠠᠯᠪᠤᠷᠢ᠎ᠶ᠋ᠢᠨ ᠰᠤᠷᠤᠬ᠍ᠴᠢ ᠶᠠᠩ ᠱᠤᠤ ᠪᠥᠸᠧ᠂ ᠵᠠᠯᠠᠭᠤ ᠰᠤᠷᠤᠬ᠍ᠴᠢ ᠪᠣᠯᠤᠭ᠍ᠰᠠᠨ᠎ᠤ ᠬᠤᠪᠢ᠎ᠳᠤ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠰᠤᠷᠤᠯᠴᠠᠬᠤ ᠴᠠᠭ ᠮᠥᠴᠡ᠎ᠪᠡᠨ ᠨᠠᠨᠳᠢᠩᠨᠠᠵᠤ᠂ ᠲᠤᠰᠭᠠᠢ ᠮᠡᠷᠭᠡᠵᠢᠯ᠎ᠵᠢᠡᠨ ᠱᠢᠷᠭᠠᠭᠤ ᠰᠤᠳᠤᠯᠵᠤ᠂ ᠯᠠᠪᠳᠠᠭᠤᠨ ᠪᠠᠲᠤᠲᠠᠢ ᠰᠤᠷᠤᠯᠴᠠᠵᠤ᠂ ᠨᠢᠮᠪᠠᠢ ᠠᠵᠢᠯᠯᠠᠵᠤ᠂ ᠠᠴᠢ ᠡᠨᠡᠷᠢᠯ᠎ᠳᠦ ᠲᠠᠯᠠᠷᠬᠠᠬᠤ ᠰᠡᠳᠭᠢᠯ᠎ᠢᠶᠡᠨ ᠡᠷᠡᠮᠡᠬᠡᠢᠯᠡᠨ ᠤᠷᠤᠭ᠍ᠰᠢᠯᠠᠬᠤ ᠬᠦᠴᠦᠨ ᠪᠣᠯᠭᠠᠨ ᠬᠤᠪᠢᠷᠠᠭᠤᠯᠵᠤ᠂ ᠴᠢᠳᠠᠪᠤᠷᠢᠲᠠᠨ ᠪᠣᠯᠬᠤ᠎ᠪᠠᠷ ᠴᠢᠷᠮᠠᠢᠨ᠎ᠠ ᠭᠡᠵᠦ᠍ ᠢᠯᠡᠳᠭᠡᠪᠡ᠃ ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠮᠡᠳᠡᠭᠡ ᠵᠠᠩᠭᠢ᠎ᠶ᠋ᠢᠨ ᠢᠨᠵᠧᠨᠧᠷᠢᠩ᠎ᠦᠨ ᠰᠠᠯᠪᠤᠷᠢ᠎ᠶ᠋ᠢᠨ 2025 ᠤᠨ᠎ᠤ ᠲᠣᠮᠣ ᠳ᠋ᠠᠢᠲ᠋ᠠ ᠪᠣᠯᠤᠨ ᠨᠢᠭ᠍ᠲᠠᠯᠠᠨ ᠪᠤᠳᠤᠭ᠍ᠴᠢ᠎ᠶ᠋ᠢᠨ 2 ᠳ᠋ᠤᠭᠠᠷ ᠠᠩᠭᠢ᠎ᠶ᠋ᠢᠨ ᠶᠠᠨ ᠲᠢᠩ ᠱᠢᠤᠸᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠤᠬᠠᠭᠤᠯᠤᠨ ᠲᠠᠢᠯᠪᠤᠷᠢᠯᠠᠭ᠍ᠴᠢᠳ ᠠᠳᠠᠯᠢ ᠪᠤᠰᠤ ᠠᠵᠢᠯ᠎ᠤᠨ ᠪᠠᠢᠷᠢ᠎ᠠᠴᠠ ᠢᠷᠡᠵᠦ᠍᠂ ᠲᠠᠳᠠ ᠪᠣᠳᠠᠲᠤ ᠠᠵᠢᠯᠯᠠᠭ᠎ᠠ᠎ᠪᠠᠷ᠎ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠢᠯᠪᠤᠷᠢᠯᠠᠵᠠᠶ᠃ ᠡᠨᠡ ᠨᠢ ᠨᠠᠳᠠ᠎ᠳᠤ ᠡᠩ᠎ᠦᠨ ᠠᠵᠢᠯ᠎ᠤᠨ  ᠪᠠᠢᠷᠢ ᠲᠡᠭᠡᠷ᠎ᠡ ᠪᠠᠰᠠ ᠶᠡᠷᠦ᠍ ᠪᠤᠰᠤ᠎ᠶ᠋ᠢᠨ ᠦᠨ᠎ᠡ ᠥᠷᠲᠡᠭ᠎ᠢ ᠡᠭᠦᠳᠴᠦ᠍ ᠴᠢᠳᠠᠨ᠎ᠠ ᠭᠡᠳᠡᠭ᠎ᠢ ᠣᠢᠯᠠᠭᠠᠭᠤᠯᠵᠠᠢ᠃ ᠬᠣᠢᠱᠢᠳᠠ ᠪᠢ ᠦᠯᠢᠭᠡᠷ ᠳᠠᠭᠤᠷᠢᠶᠠᠯ᠎ᠢᠶᠠᠷ ᠲᠣᠯᠢ ᠪᠣᠯᠭᠠᠵᠤ᠂ ᠵᠠᠩ ᠮᠣᠷᠠᠯ᠎ᠢᠶᠠᠨ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠦᠨ᠂ ᠬᠤᠪᠢ ᠬᠥᠮᠦᠨ᠎ᠦ ᠬᠦᠰᠡᠯᠡᠩ᠎ᠢᠶᠡᠨ ᠴᠠᠭ ᠦᠶ᠎ᠡ᠎ᠶ᠋ᠢᠨ ᠬᠥᠭ᠌ᠵᠢᠯᠲᠡ᠎ᠳᠦ ᠠᠭᠤᠰᠭᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠳᠡᠭ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠣᠯᠬᠤ᠎ᠪᠠᠷ ᠴᠢᠷᠮᠠᠢᠵᠤ᠂ ᠨᠤᠲᠤᠭ ᠣᠷᠣᠨ᠎ᠤ᠎ᠪᠠᠨ ᠬᠥᠭ᠌ᠵᠢᠯᠲᠡ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号