ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
2026-04-18 10:08:45
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠵᠠᠢ


4 ᠰᠠᠷ᠎ᠠ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠦᠢᠯᠡᠴᠢᠯᠡᠭᠡᠨ᠎ᠦ ᠦᠢᠯᠡᠰ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠬᠠᠮᠰᠠᠷ᠎ᠡᠴᠡ᠎ᠪᠠᠨ ᠪᠠᠢᠯᠳᠤᠬᠤ ᠪᠤᠳᠤᠯᠭ᠎ᠠ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠦᠢᠯᠡᠴᠢᠯᠡᠭᠡᠨ᠎ᠦ ᠦᠢᠯᠡᠰ᠎ᠦᠨ ᠪᠠᠢᠷᠢ ᠰᠠᠭᠤᠷᠢ᠂ ᠦᠢᠯᠡᠳᠦᠯ ᠪᠠ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠍᠂ ᠬᠡᠷᠡᠭ᠌ᠴᠡᠭᠡ᠎ᠪᠡᠷ ᠬᠦᠳᠦᠯᠥᠨ ᠳᠠᠭᠠᠭᠤᠯᠬᠤ᠂ ᠥᠭᠡᠷᠡᠴᠢᠯᠡᠯᠲᠡ ᠬᠢᠵᠦ᠍ ᠪᠣᠭᠣᠮᠲᠠ ᠱᠢᠪᠲᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨ᠋ᠸᠷᠬᠢ ᠣᠯᠭᠣᠬᠤ᠂ ᠨᠡᠬᠡᠬᠡᠯᠳᠡ ᠬᠢᠵᠦ᠍ ᠬᠠᠮᠲᠤᠷᠠᠯᠴᠠᠬᠤ᠎ᠶ᠋ᠢ ᠲᠤᠪᠤᠢ᠌ᠯᠭᠠᠵᠤ᠂ ᠦᠢᠯᠡᠴᠢᠯᠡᠭᠡᠨ᠎ᠦ ᠦᠢᠯᠡᠰ᠎ᠦᠨ ᠰᠢᠯᠢᠳᠡᠭ ᠴᠢᠨᠡᠷ ᠪᠦᠬᠦᠢ ᠬᠠᠩᠭᠠᠯᠭ᠎ᠠ ᠵᠢ ᠥᠷᠭᠡᠳᠭᠡᠵᠦ᠍ ᠬᠦᠭᠵᠢᠯᠳᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠮᠠᠨ᠎ᠤ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠤᠯᠭᠠᠭᠤᠷᠢᠯᠠᠬᠤ᠎ᠪᠠᠷ ᠤᠳᠤᠷᠢᠳᠤᠮᠵᠢ ᠪᠣᠯᠭᠠᠵᠤ᠂ ᠮᠥᠩᠭᠥᠨ ᠭᠦᠢᠯᠭᠡᠭᠡᠨ᠂ ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡ᠂ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡ᠂ ᠱᠢᠨ᠎ᠡ ᠡᠨᠧᠷᠭᠢ᠎ᠶ᠋ᠢᠨ ᠠᠵᠢᠯᠯᠠᠭᠠᠨ ᠬᠠᠮᠠᠭᠠᠯᠠᠯᠳᠠ ᠪᠠ ᠮᠡᠳᠡᠭᠡ ᠵᠠᠩᠭᠢ᠎ᠶ᠋ᠢᠨ ᠳᠠᠮᠵᠢᠭᠤᠯᠤᠯᠳᠠ᠂ ᠲᠣᠭ᠎ᠠ ᠪᠠᠷᠢᠮᠲᠠ ᠳ᠋ᠤ ᠲᠡᠮᠳᠡᠭ ᠲᠤᠳᠤᠷᠬᠠᠢᠯᠠᠯᠳᠠ ᠬᠢᠬᠦ ᠵᠡᠷᠭᠡ ᠦᠢᠯᠡᠴᠢᠯᠡᠭᠡᠨ᠎ᠦ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠲᠤᠰᠭᠠᠢᠵᠢᠯᠲᠠ ᠪᠠ ᠦᠷᠳᠡᠭ᠎ᠦᠨ ᠬᠡᠯᠬᠢᠶ᠎ᠡ᠎ᠶ᠋ᠢᠨ ᠳᠡᠭᠡᠳᠦ ᠲᠡᠰᠵᠢᠯᠳᠠ ᠲᠡᠢᠰᠢ ᠥᠷᠭᠡᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠬᠡᠷᠡᠭ᠌ᠯᠡᠭᠡᠨ᠎ᠦ ᠪᠦᠲᠦᠴᠡ᠎ᠶ᠋ᠢᠨ ᠲᠡᠰ ᠳᠡᠪᠱᠢᠬᠦ᠌ ᠬᠠᠨᠳᠤᠰᠢ᠎ᠳᠤ ᠵᠣᠬᠢᠴᠠᠵᠤ᠂ ᠤᠯᠠᠨ ᠲᠦᠮᠡᠨ᠎ᠦ ᠲᠡᠬᠡᠳᠤ ᠲᠡᠰ᠎ᠤᠨ ᠰᠠᠢᠨ ᠰᠠᠢᠬᠠᠨ ᠠᠮᠢᠳᠤᠷᠠᠯ᠎ᠤᠨ ᠲᠤᠬᠠᠢ ᠬᠥᠭᠡᠭᠡᠴᠡᠯᠳᠦᠯ᠎ᠦᠨ ᠲᠣᠭᠣᠷᠢᠨ᠎ᠳᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠵᠡᠮᠳᠡᠭ᠌ᠴᠦᠳ᠎ᠢ ᠲᠤᠰᠠᠯᠠᠬᠤ᠂ ᠬᠡᠦᠬᠡᠳ ᠰᠠᠭᠠᠲᠠᠭᠤᠯᠬᠤ᠂ ᠭᠡᠷ᠎ᠦᠨ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠵᠦ᠍᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠤᠯᠠᠨ ᠶᠠᠩᠵᠤ᠎ᠶ᠋ᠢᠨ ᠳᠥᠭᠥᠮ ᠲᠦᠷᠬᠡᠨ ᠪᠤᠯᠵᠤ ᠬᠥᠭ᠌ᠵᠢᠬᠦ᠎ᠶ᠋ᠢ ᠠᠬᠢᠭᠤᠯᠬᠤ ᠬᠡᠷᠡᠭ᠌ᠲᠡᠢ᠃ ᠦᠢᠯᠡᠴᠢᠯᠡᠭᠡᠨ᠎ᠦ ᠪᠠᠷᠢᠮᠵᠢᠶ᠎ᠠ ᠪᠣᠯᠤᠨ ᠶᠠᠰᠤ ᠴᠢᠨᠠᠷ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠬᠦᠷᠢᠶᠡᠨ᠎ᠳ᠋ᠡᠬᠢ ᠦᠢᠯᠡᠴᠢᠯᠡᠭᠡᠨ᠎ᠦ ᠪᠠᠷᠢᠮᠵᠢᠶ᠎ᠠ᠎ᠶ᠋ᠢᠨ ᠱᠢᠰᠲᠸᠮ ᠢ᠋ ᠪᠦᠷᠢᠨᠱᠢᠭᠦᠯᠬᠦ᠌ ᠬᠡᠷᠡᠭ᠌ᠲᠡᠶ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢᠨ ᠠᠵᠠ ᠲᠣᠬᠢᠶᠠᠯ᠎ᠢ ᠪᠠᠲᠤ ᠡᠵᠡᠮᠳᠡᠵᠦ᠍᠂ ᠦᠢᠯᠡᠴᠢᠯᠡᠭᠡᠨ᠎ᠦ ᠦᠢᠯᠡᠰ᠎ᠦᠨ ᠲᠦᠷᠢᠮ᠎ᠦᠨ ᠬᠡᠯᠪᠡᠷᠢ᠎ᠶ᠋ᠢᠨ ᠨᠡᠭᠡᠭᠡᠯᠳᠡ ᠬᠢᠬᠦ᠎ᠶ᠋ᠢ ᠦᠷᠭᠦᠯᠵᠢᠯᠡᠨ ᠥᠷᠭᠡᠳᠭᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠦᠵᠡᠭᠳᠡᠯ ᠪᠠᠢᠳᠠᠯ ᠎ᠤᠨ ᠪᠤᠢ ᠪᠤᠯᠬᠤ ᠪᠠ ᠡᠵᠡᠩᠨᠡᠯᠲᠡ᠎ᠶ᠋ᠢᠨ ᠬᠡᠯᠪᠡᠷᠢ᠎ᠶ᠋ᠢ ᠱᠢᠨᠡᠳᠬᠡᠬᠦ᠎ᠶ᠋ᠢ ᠲᠦᠷᠭᠡᠳᠭᠡᠵᠦ᠍᠂ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠳᠦ ᠰᠠᠢ᠌ᠨ ᠰᠠᠢᠬᠠᠨ ᠣᠷᠴᠢᠨ ᠨᠥᠬᠥᠴᠡᠯ᠎ᠢ ᠴᠢᠷᠮᠠᠢᠨ ᠪᠤᠢ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠤᠯᠤᠰ᠎ᠤᠨ ᠲᠣᠭᠣᠷᠢᠨ ᠪᠠᠢᠴᠠᠭᠠᠬᠤ ᠠᠵᠢᠯ᠎ᠤᠨ ᠬᠤᠷᠠᠯ ᠵᠢᠴᠢ ᠬᠣᠷᠢᠳᠤᠭᠠᠷ ᠬᠤᠭᠤᠴᠠᠭᠠᠨ᠎ᠤ ᠲᠥᠪ᠎ᠦᠨ ᠳᠣᠯᠣᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠠᠩ ᠴᠢᠩᠭ᠎ᠠ ᠪᠣᠳᠠᠲᠠᠶ ᠠᠷᠭ᠎ᠠ ᠬᠡᠮᠵᠢᠶ᠎ᠡ᠎ᠪᠡᠷ ᠲᠣᠭᠣᠷᠢᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠤᠯᠤᠰ ᠲᠦᠷᠦ᠍᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳ᠋ᠤ ᠬᠢᠨᠠᠯᠲᠠ ᠲᠠᠯᠪᠢᠬᠤ ᠵᠢ ᠴᠢᠨᠭᠭᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠰᠠᠢᠲᠤᠷ ᠬᠡᠷᠡᠭ᠌ᠵᠢᠭᠦᠯᠵᠦ᠍᠂ ᠬᠢᠨᠠᠯᠲᠠ ᠲᠠᠯᠪᠢᠬᠤ᠎ᠶ᠋ᠢᠨ ᠰᠦᠷᠳᠡᠭᠦᠯᠬᠦ᠌ ᠬᠦᠴᠦᠨ᠂ ᠨᠡᠪᠲᠡᠯᠬᠦ᠌ ᠬᠦᠴᠦᠨ᠂ ᠠᠬᠢᠭᠤᠯᠬᠤ ᠬᠦᠴᠦᠨ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠷᠠᠭᠤᠯᠵᠤ᠂ ᠴᠡᠭ᠌ᠴᠡᠯᠡᠨ ᠰᠠᠢᠵᠢᠷᠠᠭᠤᠯᠬᠤ ᠡᠳᠦᠷ ᠲᠤᠳᠤᠮ᠎ᠤᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠦᠨᠡᠨ ᠬᠦ᠌ ᠬᠠᠲᠠᠭᠤ᠎ᠲᠠᠶ ᠨᠢ ᠬᠠᠯᠳᠠᠵᠤ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠲᠣᠭᠣᠷᠢᠨ ᠪᠠᠢᠴᠠᠭᠠᠬᠤ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠵᠠᠰᠠᠯᠲᠠ ᠵᠢ ᠠᠬᠢᠭᠤᠯᠬᠤ᠎ᠪᠣᠳᠠᠲᠤ ᠦᠷ᠎ᠡ ᠪᠦᠲᠦᠮᠵᠢ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠨᠡᠩ ᠶᠡᠬᠡ ᠡᠷᠴᠢᠮ᠎ᠢᠶᠡᠷ ᠠᠬᠢᠭᠤᠯᠵᠤ᠂ ᠡᠯ᠎ᠡ ᠵᠦᠢᠯ᠎ᠦᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠴᠠᠭ ᠲᠤᠬᠠᠢ᠎ᠳᠤᠨᠢ ᠴᠢᠨᠠᠷ ᠰᠠᠢᠲᠠᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠲᠣᠰᠭᠣᠨ᠎ᠳ᠋ᠤ ᠲᠤᠭᠤᠷᠢᠨ ᠪᠠᠢᠴᠠᠭᠠᠯᠳᠠ ᠬᠢᠬᠦ᠎ᠶ᠋ᠢ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠯᠤᠭ᠎ᠠ ᠵᠣᠯᠭᠠᠭᠤᠯᠵᠤ᠂ ᠡᠯ᠎ᠡ ᠲᠦᠷᠦᠯ᠎ᠦᠨ ᠬᠢᠨᠠᠯᠲᠠ ᠲᠠᠯᠪᠢᠬᠤ ᠡᠬᠢ ᠪᠠᠶᠠᠯᠢᠭ᠎ᠢ ᠨᠡᠢᠳᠭᠡᠨ ᠰᠠᠢᠲᠤᠷ ᠬᠡᠷᠡᠭ᠌ᠯᠡᠵᠦ᠍᠂ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠲᠣᠰᠭᠣᠨ᠎ᠳ᠋ᠤ ᠲᠤᠭᠤᠷᠢᠨ ᠪᠠᠢᠴᠠᠭᠠᠯᠲᠠ ᠬᠢᠬᠦ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠲᠣᠭᠣᠷᠢᠨ ᠪᠠᠢᠴᠠᠭᠠᠬᠤ ᠪᠠᠢᠭᠤᠯᠤᠮᠵᠢ ᠪᠠ ᠺᠠᠳ᠋ᠷ᠎ᠤᠨ ᠡᠩᠨᠡᠭᠡ ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠣᠭᠣᠷᠢᠨ ᠪᠠᠢᠴᠠᠭᠠᠬᠤ ᠠᠵᠢᠯ᠎ᠤᠨ ᠵᠢᠷᠤᠮᠵᠢᠯᠲᠠ᠂ ᠬᠠᠤᠯᠢᠵᠢᠯᠳᠠ᠂ ᠵᠢᠩᠬᠢᠨᠢᠴᠢᠯᠡᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号