ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ ᠶᠡᠷᠦᠩᠬᠡᠶ ᠱᠦᠵᠢ ᠰᠢ ᠵᠢᠨ ᠫᠢᠩ᠎ᠦᠨ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠬᠡᠷᠡᠭᠲᠡᠢ》 ᠭᠡᠬᠦ ᠴᠢᠬᠤᠯᠠ ᠵᠣᠬᠢᠶᠠᠯ ᠎ᠢ ᠬᠠᠮᠲᠤ ᠪᠠᠷ ᠰᠤᠷᠤᠯᠴᠠᠪᠠ
2026-04-18 10:14:37
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠦ   ᠪᠤᠤ ᠭᠠᠩ ᠱᠢ ᠭᠤᠸᠠᠩ ᠬᠤᠢ ᠤᠷᠤᠯᠴᠠᠵᠠᠢ


4 ᠰᠠᠷ᠎ᠠ᠎ᠶ᠋ᠢᠨ 17 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠣᠨᠣᠯ ᠰᠤᠷᠤᠯᠴᠠᠬᠤ ᠭᠤᠤᠯ ᠳᠤᠭᠤᠢᠯᠠᠩ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠬᠤ ᠶ᠋ᠢᠨ ᠲᠣᠭᠣᠷᠢᠨ᠎ᠳᠤ ᠬᠠᠮᠲᠤ ᠪᠠᠷ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠪᠦᠷᠢᠯᠳᠦᠬᠦᠨ᠎ᠨᠡᠷ 《ᠦᠨᠡᠨ》 ᠰᠡᠳᠬᠦᠯ᠎ᠳ᠋ᠤ ᠨᠡᠢᠲᠡᠯᠡᠭ᠌ᠰᠡᠨ ᠶᠡᠷᠦᠩᠬᠡᠢ ᠱᠦᠵᠢ ᠰᠢ ᠵᠢᠨ ᠫᠢᠩ᠎ᠤᠨ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ》 ᠭᠡᠬᠦ᠌ ᠴᠢᠬᠤᠯᠠ ᠵᠣᠬᠢᠶᠠᠯ᠎ᠢ ᠬᠠᠮᠲᠦ᠎ᠪᠡᠷ ᠰᠤᠷᠤᠯᠴᠠᠭᠰᠠᠨ᠎ᠪᠦᠭᠡᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠸᠠᠩ ᠸᠧᠶ ᠵᠥᠩ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠮᠠᠨ᠎ᠤ ᠨᠠᠮ᠎ᠤᠨ ᠲᠥᠷᠥ᠍ ᠪᠠᠷᠢᠬᠤ ᠣᠢᠯᠠᠭᠠᠭ᠍ᠳᠠᠬᠤᠨ᠂ ᠥᠷᠲᠡᠭ᠎ᠦᠨ ᠬᠥᠭᠡᠭᠡᠴᠡᠯᠳᠦᠯ᠂ ᠤᠯᠤᠰ᠎ᠢᠶᠠᠨ ᠵᠠᠰᠠᠬᠤ ᠠᠷᠭ᠎ᠠ ᠪᠣᠳᠣᠯᠭ᠎ᠠ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠦᠷᠢᠶᠡᠨ᠎ᠳᠡᠬᠢ ᠲᠥᠪᠯᠡᠷᠡᠩᠭᠦᠶ ᠢᠯᠡᠷᠡᠯ ᠮᠥᠨ᠂ ᠲᠡᠷᠡ ᠨᠢ ᠨᠡᠢᠲᠡ᠎ᠶ᠋ᠢᠨ ᠲᠥᠯᠥᠭᠡ ᠨᠠᠮ ᠪᠠᠢᠭᠤᠯᠬᠤ ᠮᠥᠨ ᠴᠢᠨᠠᠷ᠎ᠤᠨ ᠱᠠᠭᠠᠷᠳᠠᠯᠭ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠵᠢᠭᠠᠵᠤ᠂ ᠪᠢᠳᠡᠨ᠎ᠢ ᠡᠷᠬᠡᠪᠰᠢ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ᠎ᠶ᠋ᠢ ᠱᠠᠭᠠᠷᠳᠠᠵᠤ ᠪᠠᠢᠨ᠎ᠠ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠎ᠶ᠋ᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠵᠤ᠂ ᠪᠦᠷᠢᠨ ᠪᠦᠲᠦᠨ ᠡᠵᠡᠮᠳᠡᠵᠦ᠍᠂ ᠣᠨᠣᠪᠴᠢᠲᠠᠶ ᠤᠢᠯᠠᠭᠠᠨ᠂ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠠᠰᠠᠭᠤᠳᠠᠯ᠎ᠢ ᠲᠠᠰᠤᠷᠠᠯᠳᠠ ᠦᠭᠡᠢ ᠢᠯᠡᠷᠡᠭᠦᠯᠬᠦ᠌᠂ ᠠᠰᠠᠭᠤᠳᠠᠯ᠎ᠳᠤ ᠵᠣᠷᠢᠭ᠍ᠲᠠᠢ᠎ᠪᠠᠷ ᠵᠥᠪ᠎ᠢᠶᠡᠷ ᠬᠠᠨᠳᠤᠬᠤ᠂ ᠠᠰᠠᠭᠤᠳᠠᠯ᠎ᠢ ᠰᠠᠨᠠᠭᠠᠴᠢᠯᠠᠭ᠎ᠠ᠎ᠡᠴᠡ᠎ᠪᠠᠨ ᠱᠢᠢᠳᠪᠦᠷᠢᠯᠡᠬᠦ᠌ ᠳᠤᠮᠳᠠ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ ᠲᠤᠮᠳᠠᠬᠢ ᠠᠯᠳᠠᠭ᠎ᠠ ᠵᠦᠷᠢᠶ᠎ᠠ ᠪᠠᠨ ᠵᠠᠯᠠᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠵᠣᠷᠢᠯᠲᠠ᠎ᠶ᠋ᠢᠨ ᠦᠵᠡᠯ ᠤᠬᠠᠮᠰᠠᠷ᠎ᠢ ᠪᠠᠲᠤ ᠪᠣᠶ ᠪᠣᠯᠭᠠᠵᠤ᠂ ᠣᠯᠠᠨ ᠲᠦᠮᠡᠨ᠎ᠦ ᠰᠡᠳᠭᠢᠯ ᠬᠠᠨᠤᠮᠵᠢᠲᠠᠶ ᠡᠰᠡᠬᠦ᠌᠂ ᠵᠥᠪᠱᠢᠶᠡᠷᠡᠬᠦ᠌ ᠡᠰᠡᠬᠦ᠌᠎ᠪᠡᠷ ᠠᠰᠠᠭᠤᠳᠠᠯ᠎ᠢ ᠪᠣᠳᠣᠯᠬᠢᠯᠠᠬᠤ ᠪᠠ ᠠᠵᠢᠯ ᠬᠢᠬᠦ᠌᠎ᠶ᠋ᠢᠨ ᠦᠨᠳᠦᠰᠦᠨ ᠵᠤᠷᠢᠯᠲᠠ ᠪᠠ ᠳᠤᠰᠤᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠲᠣᠭ᠍ᠲᠠᠭᠠᠭ᠍ᠰᠠᠨ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠬᠤ》᠎ᠶ᠋ᠢ ᠪᠡᠶᠡᠯᠡᠭᠦᠯᠬᠦ᠌᠂ 《ᠬᠣᠶᠠᠷ ᠲᠠᠯ᠎ᠠ᠎ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠨᠭᠨᠡᠭᠡᠨ᠎ᠳᠤ ᠶᠠᠪᠤᠬᠤ》 ᠬᠠᠷᠠᠯᠲᠠ᠎ᠶ᠋ᠢ ᠪᠠᠲᠤᠯᠠᠬᠤ ᠵᠢᠨ ᠲᠣᠭᠣᠷᠢᠨ᠎ᠳᠤ᠂ 《ᠠᠰᠢᠭ ᠤᠷᠤᠯᠭ᠎ᠠ》 ᠵᠢ ᠨᠡᠮᠡᠭᠳᠡᠬᠦᠯᠬᠦ᠎ᠶ᠋ᠢᠨ ᠬᠠᠮᠲᠤ 《ᠠᠰᠢᠭ ᠤᠷᠤᠯᠭ᠎ᠠ》 ᠵᠢ ᠰᠠᠢᠲᠤᠷ ᠬᠤᠪᠢᠶᠠᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠠᠩ ᠵᠣᠯ ᠵᠢᠷᠭᠠᠯ᠎ᠲᠠᠶ ᠠᠮᠤᠷ ᠠᠮᠤᠭᠤᠯᠠᠩ ᠠᠮᠢᠳᠤᠷᠠᠭᠤᠯᠬᠤ ᠬᠡᠷᠡᠭ᠌ᠲᠡᠶ᠃ ᠰᠠᠭᠤᠷᠢ ᠵᠢ ᠲᠠᠯᠪᠢᠵᠤ ᠠᠯᠤᠰ ᠢᠷᠡᠭᠡᠳᠦᠢ᠎ᠳᠦ ᠠᠱᠢᠭ᠍ᠲᠠᠢ ᠠᠵᠢᠯ᠎ᠢ ᠢᠯᠡᠭᠦᠬᠡᠨ ᠬᠢᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠨᠡᠭᠡᠭᠡᠯᠲᠡᠲᠦ ᠬᠥᠭ᠌ᠵᠢᠯᠲᠡ᠎ᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠠᠮᠲᠤ᠎ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠴᠢᠩᠭ᠎ᠠ ᠪᠦᠬᠡᠳ ᠨᠠᠷᠢᠯᠢᠭ ᠠᠳᠭᠤᠵᠤ᠂ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠵᠤ᠂ ᠡᠯ᠎ᠡ ᠬᠦᠷᠢᠶᠡᠨ᠎ᠦ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠪᠦᠲᠦᠮᠵᠢᠲᠡᠢ ᠱᠢᠢᠳᠪᠦᠷᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ ᠴᠢᠳᠠᠪᠤᠷᠢ᠎ᠶ᠋ᠢᠨ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠪᠦᠷᠢᠨ ᠪᠦᠲᠦᠨ ᠵᠥᠪ ᠣᠨᠣᠪᠴᠢᠲᠠᠢ᠎ᠪᠠᠷ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠪᠠᠢᠭᠤᠯᠵᠤ᠂ ᠣᠳᠣᠬᠠᠨ᠎ᠤ ᠲᠣᠭ᠎ᠠ ᠪᠠᠷᠢᠮᠲᠠ᠎ᠶ᠋ᠢ ᠦᠵᠡᠬᠦ᠌᠎ᠪᠡᠷ ᠪᠠᠷᠠᠬᠤ ᠦᠭᠡᠢ ᠨᠡᠩ ᠴᠤ᠌ ᠨᠥᠭᠡᠴᠡ ᠬᠦᠴᠦᠨ ᠳᠠᠯᠳᠠ ᠬᠦᠴᠦᠨ᠎ᠢ ᠦᠵᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠡᠴᠡ ᠲᠡᠷᠰᠯᠡᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠳ᠋ᠤ ᠬᠡᠯᠪᠡᠷᠢᠯ ᠵᠦᠷᠢᠶ᠎ᠠ ᠢᠯᠡᠷᠡᠭᠰᠡᠨ ᠶᠠᠪᠤᠳᠠᠯ᠎ᠡᠴᠡ ᠴᠢᠩᠭ᠎ᠠ ᠬᠠᠷᠢᠭᠤᠴᠠᠯᠭ᠎ᠠ ᠲᠤᠯᠭᠠᠬᠤ ᠬᠡᠷᠡᠭ᠌ᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号