ᠰᠤᠷᠤᠯᠴᠠᠨ ᠰᠡᠳᠬᠢᠵᠦ ᠦᠢᠯᠡᠳᠦᠯᠭᠡᠵᠢᠭᠦᠯᠤᠨ ᠤᠬᠠᠪᠤᠷᠢᠯᠠᠵᠤ ᠰᠦᠭ ᠰᠦᠨᠡᠰᠦ᠎ᠶᠢ ᠱᠤᠭᠤᠵᠦ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠠᠷᠠᠳ ᠲᠦᠮᠡᠨ᠎ᠳᠦ ᠦᠢᠯᠡᠴᠢᠯᠡᠨ᠎ᠡ
2026-04-18 10:19:38
ᠵᠣᠬᠢᠶᠠᠭ᠍ᠴᠢ᠄
ᠭᠦᠸᠧ ᠴᠢ ᠨᠠᠨ ᠶᠠᠩ ᠯᠢᠦ ᠴᠠᠢ ᠰᠧ ᠶᠤᠸᠠᠨ ᠭᠧᠩ ᠰᠢᠨ ᠶᠠᠩ ᠬᠣᠩ ᠮᠧᠶ
ᠣᠩᠱᠢᠭ᠍ᠰᠠᠨ ᠣᠳᠠᠭ᠎ᠠ᠄
★★★☆☆

ᠪᠦᠬᠦ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠤᠢ


ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠤᠨ᠂ ᠨᠠᠷᠢᠨ ᠨᠢᠮᠪᠠᠢ ᠵᠤᠬᠢᠶᠠᠨ ᠪᠠᠢᠭᠤᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠦᠮᠦᠵᠢᠭᠦᠯᠦᠨ ᠬᠦᠲᠦᠯᠦᠨ ᠵᠢᠯᠤᠭᠤᠳᠴᠦ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠵᠦ᠂ ᠤᠯᠠᠨ ᠲᠦᠮᠡᠨ᠎ᠦ ᠪᠠᠴᠢᠮᠲᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ᠎ᠳᠠᠯᠪᠢᠨ ᠰᠢᠢᠳᠪᠦᠷᠢᠯᠡᠵᠦ᠂ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠠᠢ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠰᠢᠯᠭᠠᠵᠦ ᠪᠠᠢᠨ᠎ᠠ᠃

3 ᠰᠠᠷ᠎ᠠ᠎ᠶᠢᠨ 18᠎ᠡᠴᠡ 20᠎ᠤ᠋ ᠡᠳᠦᠷ ᠪᠣᠯᠲᠠᠯ᠎ᠠ᠂ ᠤᠯᠠᠭᠠᠨᠴᠠᠪ ᠬᠣᠲᠠ᠎ᠶᠢᠨ ᠨᠠᠮ᠎ᠤᠨ ᠬᠣᠷᠢᠶ᠎ᠠ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠬᠤ᠂ ᠲᠥᠪᠯᠡᠷᠡᠩᠭᠦᠢ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ᠎ᠶᠢ ᠤᠶᠠᠯᠳᠤᠭᠤᠯᠬᠤ ᠠᠷᠭ᠎ᠠ ᠮᠠᠶᠢᠭ᠋᠎ᠢ ᠠᠪᠴᠤ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠬᠣᠲᠠ᠎ᠶᠢᠨ ᠱᠠᠲᠤᠨ᠎ᠤ ᠤᠳᠤᠷᠢᠳᠬᠤ ᠺᠠᠳ᠋ᠷᠴᠤᠳ ᠭᠣᠣᠯ ᠰᠡᠳᠦᠪ᠎ᠦᠨ ᠲᠣᠭᠣᠷᠢᠨ᠎ᠳᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ᠎ᠢᠶᠡᠨ ᠰᠣᠯᠢᠯᠴᠠᠪᠠ᠃ ᠤᠯᠠᠭᠠᠨᠴᠠᠪ ᠬᠤᠳᠠ᠎ᠶᠢᠨ ᠬᠢᠨ ᠰᠤᠷᠤᠯᠴᠠᠬᠤ ᠮᠠᠲᠧᠷᠢᠶᠠᠯ᠎ᠢ ᠵᠡᠷᠭᠡ ᠪᠡᠷ ᠨᠠᠢᠷᠠᠭᠤᠯᠤᠨ ᠳᠠᠷᠤᠮᠠᠯᠯᠠᠵᠤ᠂ ᠬᠠᠮᠢᠶ᠎ᠠ ᠪᠦᠬᠦᠢ ᠥᠭᠦᠯᠡᠯᠲᠡ᠎ᠶᠢᠨ ᠲᠡᠭᠦᠪᠦᠷᠢ ᠵᠢ ᠲᠠᠷᠬᠠᠭᠠᠬᠤ᠎ᠶᠢᠨ ᠬᠠᠮᠲᠤ ᠰᠤᠷᠤᠯᠴᠠᠬᠤ ᠠᠭᠤᠯᠭ᠎ᠠ᠎ᠶᠢ ᠨᠠᠮ᠎ᠤᠨ ᠰᠤᠷᠭᠠᠭᠤᠯᠢ᠎ᠶᠢᠨ ᠵᠢᠭᠠᠨ ᠰᠤᠷᠭᠠᠯᠲᠠ᠎ᠳᠤ ᠣᠷᠣᠭᠤᠯᠵᠤ᠂ ᠨᠢᠭᠡᠨᠲᠡ 7 ᠬᠤᠭᠤᠴᠠᠭᠠᠨ᠎ᠤ ᠪᠣᠯᠪᠠᠰᠤᠷᠠᠯ ᠥᠷᠨᠢᠭᠦᠯᠵᠦ᠂ 1300 ᠭᠠᠷᠤᠢ ᠬᠥᠮᠥᠨ ᠤᠳᠠᠭ᠎ᠠ᠎ᠶᠢ ᠬᠠᠮᠤᠷᠴᠠᠢ᠃ ᠦᠨᠡᠨ᠎ᠬᠦ ᠬᠠᠲᠠᠭᠤ ᠲᠠᠢ ᠨᠢ ᠬᠠᠯᠲᠠᠵᠦ ᠪᠠᠢᠴᠠᠭᠠᠨ ᠳᠡᠯᠭᠡᠵᠦ ᠴᠡᠭᠴᠡᠯᠡᠨ ᠰᠠᠢᠵᠢᠷᠠᠭᠤᠯᠬᠤ᠎ᠶᠢ ᠪᠠᠷᠢᠮᠲᠠᠯᠠᠵᠤ᠂ 《3 ᠬᠠᠷᠭᠤᠭᠤᠯᠤᠯ + 3 ᠵᠦᠢᠯ᠎ᠦᠨ ᠠᠷᠭ᠎ᠠ ᠵᠠᠮ》 ᠢ᠋ ᠴᠢᠩᠭ᠎ᠠ ᠨᠠᠢᠳᠠᠪᠤᠷᠢᠵᠢᠭᠤᠯᠤᠨ᠂ ᠠᠵᠢᠯ᠎ᠤᠨ ᠲᠤᠰᠬᠠᠢ ᠠᠩᠭᠢ᠎ᠳᠤ ᠪᠦᠬᠦᠨ᠎ᠢ ᠬᠠᠮᠤᠷᠤᠭᠤᠯᠤᠨ ᠠᠰᠠᠭᠤᠳᠠᠯ᠎ᠤᠨ ᠨᠠᠷᠢᠨ ᠲᠠᠩᠰᠠ᠎ᠶᠢ ᠬᠢᠨᠠᠨ ᠬᠠᠷᠭᠤᠭᠤᠯᠵᠦ᠂ ᠪᠠᠢᠴᠠᠭᠠᠨ ᠳᠡᠯᠭᠡᠭᠰᠡᠨ ᠨᠢ ᠦᠨᠡᠨ ᠪᠣᠳᠠᠲᠠᠢ ᠪᠢᠰᠢ ᠪᠥᠭᠡᠳ ᠣᠨᠣᠪᠴᠢ ᠦᠭᠡᠢ ᠪᠠᠢᠪᠠᠯ ᠴᠠᠭ ᠲᠤᠬᠠᠢ ᠳ᠋ᠤᠨᠢ ᠪᠤᠴᠠᠭᠠᠵᠤ ᠳᠠᠬᠢᠨ ᠪᠠᠢᠴᠠᠭᠠᠪᠠ᠃ ᠡᠭᠦᠳᠡ᠎ᠪᠡᠨ ᠨᠡᠭᠡᠭᠡᠵᠦ ᠬᠥᠮᠦᠵᠢᠯ᠎ᠢ ᠥᠷᠭᠡᠨ᠎ᠢᠶᠡᠷ ᠥᠷᠨᠢᠭᠦᠯᠵᠦ᠂ 12345 ᠬᠠᠯᠠᠮᠰᠢᠯ ᠤᠲᠠᠰᠤ ᠵᠡᠷᠭᠡ ᠠᠷᠭ᠎ᠠ ᠵᠠᠮ᠎ᠳᠤ ᠲᠦᠰᠢᠭᠯᠡᠨ ᠠᠷᠠᠳ᠎ᠤᠨ ᠰᠠᠨᠠᠭ᠎ᠠ᠎ᠶᠢ ᠰᠣᠨᠣᠰᠴᠤ᠂ ᠬᠥᠭᠵᠢᠯᠲᠡ᠎ᠶᠢᠨ ᠪᠣᠭᠣᠮᠢ ᠪᠠ ᠤᠯᠠᠨ ᠲᠦᠮᠡᠨ᠎ᠦ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠦ᠂ ᠰᠤᠷᠤᠯᠴᠠᠬᠤ ᠪᠠ ᠪᠠᠢᠴᠠᠭᠠᠨ ᠥᠭᠡᠷᠡᠴᠢᠯᠡᠬᠦ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠪᠠ᠃ 3 ᠰᠠᠷ᠎ᠠ᠎ᠶᠢᠨ 30  ᠤ᠋ ᠡᠳᠦᠷ᠎ᠡᠴᠡ 4 ᠰᠠᠷ᠎ᠠ᠎ᠶᠢᠨ 3᠎ᠤ᠋ ᠡᠳᠦᠷ ᠪᠣᠯᠲᠠᠯ᠎ᠠ᠂ ᠠᠵᠢᠯ᠎ᠤᠨ ᠲᠤᠰᠬᠠᠢ ᠠᠩᠭᠢ 15 ᠬᠣᠲᠠ᠎ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠲᠦ ᠭᠦᠨᠵᠡᠭᠡᠢᠷᠡᠨ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠵᠦ ᠱᠠᠯᠠᠪᠲᠠᠭᠤᠯᠤᠨ ᠵᠢᠯᠤᠭᠣᠳᠴᠤ᠂ 23 ᠴᠡᠭᠴᠡᠯᠡᠨ ᠰᠠᠢᠵᠢᠷᠠᠭᠤᠯᠬᠤ ᠠᠰᠠᠭᠤᠳᠠᠯ᠎ᠢ ᠲᠤᠬᠠᠢ᠎ᠶᠢᠨ ᠲᠠᠯᠠᠪᠤᠷ ᠲᠤᠨᠢ ᠬᠠᠷᠢᠭᠤ ᠲᠤᠰᠬᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠬᠠᠮᠠᠳ ᠺᠠᠳ᠋ᠷ᠎ᠤᠨ ᠲᠣᠪᠴᠢᠶ᠎ᠠ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠥᠪᠯᠡᠷᠡᠭᠦᠯᠦᠨ ᠰᠤᠷᠤᠯᠴᠠᠬᠤ᠂ ᠸᠢᠳᠢᠤ᠋᠎ᠪᠠᠷ ᠵᠢᠭᠠᠨ ᠰᠤᠷᠭᠠᠬᠤ᠂ ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ᠎ᠪᠡᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠢ ᠬᠦᠲᠦᠯᠦᠨ ᠵᠢᠯᠤᠭᠤᠳᠴᠤ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢᠨ ᠪᠠᠶᠠᠯᠢᠭ᠋ ᠠᠭᠤᠯᠤᠭᠳᠠᠬᠤᠨ ᠪᠠ ᠤᠶᠤᠨ ᠰᠠᠨᠠᠭᠠᠨ᠎ᠤ ᠮᠥᠨ ᠴᠢᠨᠠᠷ᠎ᠢ ᠣᠨᠣᠪᠴᠢᠲᠠᠢ ᠣᠢᠯᠠᠭᠠᠨ ᠡᠵᠡᠮᠰᠢᠭᠦᠯᠵᠦ᠂ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠪᠠ᠃ ᠠᠰᠠᠭᠤᠳᠠᠯ᠎ᠢ ᠴᠢᠩᠭ᠎ᠠ ᠪᠣᠳᠠᠲᠠᠢ ᠪᠠᠢᠴᠠᠭᠠᠨ ᠳᠡᠯᠭᠡᠬᠦ᠎ᠶᠢ ᠪᠠᠷᠢᠮᠲᠠᠯᠠᠵᠤ᠂ ᠲᠣᠪᠴᠢᠶ᠎ᠠ᠎ᠶᠢᠨ ᠤᠳᠤᠷᠢᠳᠬᠤ ᠪᠠᠭ ᠨᠢ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠢ᠋ᠢᠨ ᠵᠥᠷᠢᠶ᠎ᠡ᠎ᠶᠢᠨ ᠭᠣᠣᠯ ᠠᠰᠠᠭᠤᠳᠠᠯ᠎ᠤᠨ ᠨᠠᠷᠢᠨ ᠲᠠᠩᠰᠠ᠎ᠲᠠᠢ ᠬᠠᠷᠭᠤᠭᠤᠯᠵᠦ᠂ ᠠᠬᠠᠮᠠᠳ ᠺᠠᠳ᠋ᠷᠴᠤᠳ᠎ᠤᠨ ᠠᠵᠢᠯ᠎ᠤᠨ ᠬᠦᠴᠢᠷ ᠠᠰᠠᠭᠤᠳᠠᠯ ᠪᠣᠯᠣᠨ ᠠᠬᠠᠮᠠᠳ ᠨᠥᠬᠥᠳ᠎ᠦᠨ ᠪᠠᠴᠢᠮᠳᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠂ ᠥᠷᠭᠡᠨ᠎ᠢᠶᠡᠷ ᠰᠠᠨᠠᠯ ᠬᠤᠷᠢᠶᠠᠵᠤ᠂ 24 ᠵᠦᠢᠯ᠎ᠦᠨ ᠪᠣᠳᠠᠲᠠᠢ ᠠᠰᠠᠭᠤᠳᠠᠯ᠎ᠢ ᠪᠠᠢᠴᠠᠭᠠᠨ ᠳᠡᠯᠭᠡᠵᠦ᠂ ᠬᠠᠲᠠᠭᠤ ᠲᠠᠢ ᠨᠢ ᠬᠠᠯᠲᠠᠵᠦ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠴᠢᠩᠭ᠎ᠠ ᠠᠳᠬᠤᠪᠠ᠃ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ ᠠᠵᠢᠯ ᠡᠴᠡ ᠪᠠᠨ ᠳᠠᠷᠬᠠᠯᠠᠭᠳᠠᠭᠰᠠᠨ ᠠᠵᠢᠯ ᠡᠴᠡ᠎ᠪᠠᠨ ᠠᠮᠠᠷᠠᠭᠰᠠᠨ ᠺᠠᠳ᠋ᠷ ᠨᠠᠮ᠎ᠤᠨ ᠬᠡᠰᠢᠭᠦᠨ᠎ᠤ ᠰᠤᠷᠤᠯᠴᠠᠯᠭ᠎ᠠ ᠬᠦᠮᠦᠵᠢᠯ ᠢ᠋ ᠰᠠᠢᠲᠦᠷ ᠠᠳᠬᠤᠵᠦ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ᠂ ᠰᠤᠷᠤᠯᠴᠠᠯᠭ᠎ᠠ᠎ᠶᠢ ᠭᠡᠷ ᠲᠦ᠍ᠨᠢ ᠬᠦᠷᠭᠡᠬᠦ ᠵᠡᠷᠭᠡ ᠬᠡᠯᠪᠡᠷᠢ᠎ᠪᠡᠷ ᠣᠨᠣᠯ᠎ᠤᠨ ᠰᠤᠷᠤᠯᠴᠠᠯᠭ᠎ᠠ᠎ᠶᠢ ᠭᠦᠨᠵᠡᠭᠡᠢᠷᠡᠭᠦᠯᠵᠦ᠂ 《ᠦᠵᠡᠯ ᠰᠠᠨᠠᠭ᠎ᠠ᠎ᠶᠢ ᠰᠤᠷᠤᠯᠴᠠᠵᠤ ᠬᠤᠪᠢᠷᠠᠯᠲᠠ᠎ᠶᠢ ᠦᠵᠡᠵᠦ ᠬᠥᠭᠵᠢᠯᠲᠡ᠎ᠶᠢ ᠳᠡᠮᠵᠢᠬᠦ》 ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠵᠡᠷᠭᠡ᠎ᠶᠢ ᠥᠷᠨᠢᠭᠦᠯᠵᠦ᠂ ᠥᠷᠭᠡᠨ ᠣᠯᠠᠨ ᠠᠵᠢᠯ ᠡᠴᠡ᠎ᠪᠠᠨ ᠲᠠᠷᠬᠠᠯᠠᠬᠲᠠᠬᠰᠠᠨ ᠠᠵᠢᠯ ᠠ᠋ᠴᠠ᠎ᠪᠠᠨ ᠠᠮᠠᠷᠠᠭᠰᠠᠨ ᠺᠠᠳ᠋ᠷ ᠨᠠᠮ᠎ᠤᠨ ᠭᠡᠰᠢᠭᠦᠨ᠎ᠢ ᠬᠥᠲᠥᠯᠥᠨ ᠵᠢᠯᠤᠭᠣᠳᠴᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠥᠷᠥ᠎ᠶᠢᠨ ᠤᠤᠷ ᠴᠢᠨᠠᠷ᠎ᠢᠶᠠᠨ ᠡᠭᠦᠷᠢᠳᠡ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ᠥᠪᠡᠰᠦᠪᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪᠲᠦ ᠲᠠᠢᠯᠤᠮᠵᠢ ᠡᠷᠬᠢᠯᠡᠬᠦ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶᠢᠭ᠋᠎ᠢ ᠠᠪᠴᠤ᠂ ᠲᠣᠪᠴᠢᠶ᠎ᠠ᠎ᠶᠢᠨ ᠰᠢᠰᠲᠧᠮ᠎ᠦᠨ ᠪᠦᠬᠦ ᠨᠠᠮ᠎ᠤᠨ ᠭᠡᠰᠢᠭᠦᠨ ᠺᠠᠳ᠋ᠷᠴᠤᠳ ᠵᠢᠡᠨ ᠵᠤᠬᠢᠶᠠᠨ ᠪᠠᠢᠭᠤᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠳᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠲᠡᠷᠡ ᠬᠡᠪ᠎ᠢᠶᠡᠷ ᠨᠢ ᠰᠤᠷᠤᠯᠴᠠᠵᠤ᠂ ᠬᠡᠰᠡᠭ ᠪᠦᠯᠦᠭ ᠳᠠᠷᠠᠭᠠᠯᠠᠨ ᠤᠩᠰᠢᠵᠤ᠂ ᠦᠵᠡᠯ ᠰᠠᠨᠠᠭ᠎ᠠ ᠲᠠᠨᠢᠯᠲᠠ ᠪᠠ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭᠰᠢᠯᠡᠭᠦᠯᠵᠦ᠂ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢᠨ ᠭᠣᠣᠯ ᠠᠰᠠᠭᠤᠳᠠᠯ᠎ᠤᠨ ᠨᠠᠷᠢᠨ ᠳᠠᠩᠰᠠ》 ᠲᠠᠢ ᠬᠠᠷᠭᠤᠭᠤᠯᠤᠨ ᠠᠰᠠᠭᠤᠳᠠᠯ᠎ᠳᠤ ᠴᠢᠭᠯᠡᠭᠦᠯᠦᠨ ᠰᠤᠷᠤᠯᠴᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠥᠪᠯᠡᠷᠡᠭᠦᠯᠦᠨ ᠰᠤᠷᠤᠯᠴᠠᠨ ᠶᠠᠷᠢᠯᠴᠠᠵᠤ᠂ ᠵᠥᠷᠢᠶ᠎ᠡ ᠬᠦᠷᠦᠯᠴᠡᠬᠦ ᠦᠭᠡᠢ ᠲᠠᠯ᠎ᠠ ᠪᠠ ᠴᠡᠭᠴᠡᠯᠡᠨ ᠰᠠᠢᠵᠢᠷᠠᠭᠤᠯᠬᠤ ᠴᠢᠭᠯᠡᠯ᠎ᠢᠶᠡᠨ ᠣᠨᠣᠪᠴᠢᠲᠠᠢ ᠡᠷᠢᠵᠦ ᠭᠠᠷᠭᠠᠪᠠ᠃ ᠡᠭᠦᠨ᠎ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ 5 ᠳ᠋ᠤᠭᠠᠷ ᠤᠳᠠᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠣᠨᠣᠯ᠎ᠤᠨ ᠰᠤᠷᠤᠯᠴᠠᠬᠤ ᠭᠣᠣᠯ ᠳᠤᠭᠤᠢᠯᠠᠩ (ᠥᠷᠭᠡᠳᠬᠡᠭᠰᠡᠨ) ᠤ᠋ᠨ ᠰᠤᠷᠤᠯᠴᠠᠯᠭ᠎ᠠ᠎ᠶᠢᠨ ᠬᠤᠷᠠᠯ ᠵᠢᠴᠢ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠪᠴᠢᠶ᠎ᠠ᠎ᠶᠢᠨ ᠰᠢᠰᠲ᠋ᠸᠮ᠎ᠤᠨ ᠡᠯ᠎ᠡ ᠱᠠᠲᠤᠨ᠎ᠤ ᠵᠠᠯᠠᠭᠤᠴᠤᠳ᠎ᠤᠨ ᠤᠨᠤᠯ ᠰᠤᠷᠤᠯᠴᠠᠬᠤ᠎ᠳᠤᠭᠤᠢᠯᠠᠩ᠎ᠢ ᠵᠣᠬᠢᠶᠠᠨ ᠪᠠᠢᠭᠤᠯᠵᠤ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠂ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ᠎ᠶᠢᠨ ᠴᠢᠬᠤᠯᠠ ᠠᠭᠤᠯᠭ᠎ᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶᠢ ᠴᠢᠩᠭᠠᠳᠬᠠᠵᠤ᠂ ᠬᠠᠮ ᠬᠡᠯᠪᠡᠷᠢ᠎ᠶᠢᠨ ᠪᠠᠲᠤᠯᠠᠪᠤᠷᠢ᠎ᠶᠢᠨ ᠪᠦᠯᠬᠦᠮ᠎ᠦᠨ ᠪᠠᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠪᠡ᠃ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠂ ᠨᠦᠬᠡᠴᠡ ᠴᠢᠳᠠᠪᠤᠷᠢᠲᠠᠨ᠎ᠤ ᠰᠠᠭᠤᠷᠢ᠎ᠶᠢ ᠪᠡᠬᠢᠵᠢᠭᠦᠯᠬᠦ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠪᠡ᠃ ᠪᠡᠶ᠎ᠡ᠎ᠶᠢᠨ ᠲᠠᠮᠢᠷ᠎ᠤᠨ ᠬᠦᠷᠢᠶ᠎ᠠ ᠴᠠᠷᠠᠭᠠᠨ᠎ᠦ 《ᠵᠠᠰᠠᠯᠲᠠ᠎ᠶᠢ ᠭᠦᠨᠵᠡᠭᠡᠢᠷᠡᠭᠦᠯᠬᠦ ᠣᠨ》 ᠎ᠵᠢᠡᠷ ᠠᠵᠠ ᠲᠣᠬᠢᠶᠠᠯ ᠪᠣᠯᠭᠠᠵᠤ᠂ ᠤᠷᠤᠯᠳᠤᠭᠠᠨ᠎ᠤ ᠶᠠᠪᠤᠳᠠᠯ᠎ᠢ ᠵᠣᠬᠢᠶᠠᠨ ᠪᠠᠶ᠋ᠢᠭᠤᠯᠬᠤ᠂ ᠲᠠᠯᠠᠪᠠᠶ ᠣᠷᠳᠣᠨ᠎ᠤ ᠡᠵᠡᠩᠨᠡᠯᠲᠡ ᠵᠡᠷᠭᠡ ᠬᠦᠷᠢᠶ᠎ᠠ ᠴᠠᠷᠠᠭᠠᠨ᠎ᠦ ᠠᠰᠠᠭᠤᠳᠠᠯ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠎ᠠ᠎ᠵᠢᠨ ᠬᠠᠮᠢᠶᠠᠷᠤᠯᠲᠠ᠎ᠶᠢᠨ ᠲᠣᠪᠴᠢᠶ᠎ᠠ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠡᠷ ᠰᠠᠢᠲᠤᠷ ᠠᠳᠬᠤᠵᠦ᠂ ᠡᠯ᠎ᠡ ᠵᠦᠢᠯ᠎ᠦᠨ ᠠᠵᠢᠯ᠎ᠤᠨ ᠴᠢᠨᠠᠷ ᠴᠢᠨᠰᠠᠭ᠎ᠠ᠎ᠵᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ᠃ ᠭᠦᠨᠵᠡᠭᠡᠢ ᠰᠤᠷᠤᠯᠴᠠᠵᠤ ᠨᠢᠮᠪᠠᠢ ᠤᠬᠠᠪᠤᠷᠢᠯᠠᠨ ᠦᠨᠳᠦᠰᠦ ᠰᠠᠭᠤᠷᠢ᠎ᠵᠢ ᠪᠠᠲᠤᠳᠬᠠᠵᠤ᠂ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠳᠠᠭᠠᠭᠤᠯᠤᠨ ᠰᠤᠷᠤᠯᠴᠠᠬᠤ᠂ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠱᠠᠯᠠᠪᠳᠠᠭᠤᠯᠤᠨ ᠰᠤᠷᠤᠯᠴᠠᠬᠤ᠂ ᠨᠠᠮ᠎ᠤᠨ ᠡᠭᠦᠷ᠎ᠦᠨ ᠭᠦᠨᠵᠡᠭᠡᠢ ᠰᠤᠷᠤᠯᠴᠠᠬᠤ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠎ᠤᠨ ᠰᠤᠷᠤᠯᠴᠠᠯᠭ᠎ᠠ᠎ᠶᠢ ᠠᠬᠢᠭᠤᠯᠬᠤ 《ᠳᠥᠷᠪᠡᠨ ᠰᠤᠷᠤᠯᠴᠠᠯᠭ᠎ᠠ᠎ᠵᠢ᠎ᠬᠤᠯᠪᠤᠭᠠᠯᠠᠭᠤᠯᠬᠤ》 ᠰᠤᠷᠤᠯᠴᠠᠯᠭ᠎ᠠ᠎ᠶᠢᠨ ᠲᠣᠭᠲᠠᠴᠠ᠎ᠶᠢ ᠪᠠᠢᠭᠤᠯᠵᠤ᠂ 3 ᠡᠳᠦᠷ᠎ᠦᠨ ᠬᠤᠭᠤᠴᠠᠭ᠎ᠠ᠎ᠲᠠᠢ ᠨᠣᠮ ᠤᠩᠰᠢᠬᠤ ᠠᠩᠭᠢ᠎ᠶᠢ ᠥᠷᠨᠢᠭᠦᠯᠵᠦ᠂ ᠤᠨᠤᠯ᠎ᠤᠨ ᠰᠤᠷᠤᠯᠴᠠᠯᠭ᠎ᠠ᠎ᠶᠢᠨ ᠰᠤᠳᠤᠯᠤᠨ ᠶᠠᠷᠢᠯᠴᠠᠬᠤ᠎ᠶᠢ ᠭᠦᠨᠵᠡᠭᠡᠢᠷᠡᠭᠦᠯᠵᠦ᠂ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠵᠣᠷᠢᠭ᠋ ᠰᠠᠨᠠᠭᠠᠨ᠎ᠤ ᠮᠥᠨ ᠴᠢᠨᠠᠷ᠎ᠢ ᠨᠡᠪᠲᠡᠷᠬᠡᠢ ᠣᠢᠯᠠᠭᠠᠵᠤ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠡᠵᠡᠮᠰᠢᠪᠡ᠃ ᠪᠠᠷᠢᠮᠵᠢᠶ᠎ᠠ᠎ᠲᠠᠢ ᠬᠠᠷᠭᠤᠭᠤᠯᠵᠤ ᠳᠤᠲᠠᠭᠤᠳᠠᠯ᠎ᠢ ᠪᠠᠢᠴᠠᠭᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ 《ᠨᠢᠭᠡ ᠬᠦᠰᠦᠨᠦᠭᠲᠦ》 ᠵᠢᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠲᠣᠭᠲᠠᠴᠠ᠎ᠶᠢ ᠪᠠᠢᠭᠤᠯᠵᠤ᠂ ᠲᠣᠭᠣᠷᠢᠨ ᠪᠠᠢᠴᠠᠭᠠᠬᠤ᠂ ᠬᠢᠨᠠᠨ ᠪᠤᠳᠤᠬᠤ᠂ ᠬᠢᠨᠠᠨ ᠰᠢᠯᠭᠠᠬᠤ᠂ ᠪᠠᠢᠴᠠᠭᠠᠬᠤ᠂ ᠱᠠᠯᠠᠪᠳᠠᠭᠤᠯᠤᠨ ᠪᠠᠢᠴᠠᠭᠠᠬᠤ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠂ ᠳᠡᠭᠡᠷ᠎ᠡ ᠱᠠᠲᠤᠨ᠎ᠤ ᠵᠢᠭᠠᠵᠤ ᠭᠠᠷᠭᠠᠭᠰᠠᠨ ᠠᠰᠠᠭᠤᠳᠠᠯ᠂ ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠦᠨ ᠥᠪᠡᠰᠦᠪᠠᠨ ᠪᠠᠢᠴᠠᠭᠠᠨ ᠳᠡᠯᠭᠡᠭᠰᠡᠨ ᠠᠰᠠᠭᠤᠳᠠᠯ ᠵᠡᠷᠭᠡ᠎ᠶᠢ 《ᠨᠢᠭᠡ ᠬᠦᠰᠦᠨᠦᠭᠲᠦ》ᠳ᠋ᠤ᠌ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠴᠡᠭᠴᠡᠯᠡᠨ ᠰᠠᠢᠵᠢᠷᠠᠭᠤᠯᠵᠤ᠂ ᠴᠡᠭᠴᠡᠯᠡᠨ ᠰᠠᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠤᠨᠳᠤᠤᠰᠢᠭᠤᠯᠬᠤ᠎ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠶᠢ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠴᠢᠮᠡᠭᠡ ᠬᠣᠯᠪᠣᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠲᠠᠢ ᠤᠶᠠᠯᠳᠤᠭᠤᠯᠵᠤ᠂ ᠴᠢᠮᠡᠭᠡ ᠬᠣᠯᠪᠣᠭ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠷᠢᠰ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠲᠠᠢ ᠤᠶᠠᠯᠳᠤᠭᠤᠯᠵᠤ᠂ ᠪᠠᠢᠭᠤᠯᠭ᠎ᠠ᠎ᠶᠢᠨ ᠨᠠᠮ᠎ᠤᠨ ᠪᠠᠢᠭᠤᠯᠤᠯᠲᠠ᠎ᠶᠢᠨ 《ᠭᠤᠷᠪᠠ᠎ᠶᠢ ᠳᠡᠭᠡᠭᠰᠢᠯᠡᠭᠦᠯᠵᠦ ᠨᠢᠭᠡ᠎ᠶᠢ ᠨᠡᠮᠡᠭᠳᠡᠭᠦᠯᠬᠦ》 ᠲᠤᠰᠬᠠᠢ ᠵᠦᠢᠯᠡᠰ᠎ᠢ ᠬᠡᠷᠡᠭᠵᠢᠭᠦᠯᠬᠦ᠎ᠲᠠᠢ ᠤᠶᠠᠯᠳᠤᠭᠤᠯᠵᠤ᠂ ᠰᠤᠷᠤᠯᠴᠠᠬᠤ᠎ᠪᠠᠷ ᠠᠵᠢᠯᠯᠠᠬᠤ᠎ᠶᠢ ᠠᠬᠢᠭᠤᠯᠬᠤ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ᠎ᠬᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠬᠥᠭᠵᠢᠯᠲᠡ᠎ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号