ᠠᠮᠢ ᠠᠬᠤᠶ᠎ᠶ᠋ᠢᠨ ᠳᠡᠪᠢᠰᠭᠡᠷ ᠥᠩᠭᠡ᠎ᠶ᠋ᠢ ᠬᠠᠮᠠᠭᠠᠯᠠᠵᠤ ᠠᠵᠤ ᠦᠶ᠋ᠯᠡᠰ᠎ᠦᠨ ᠬᠥᠳᠡᠯᠭᠡᠬᠦᠷ ᠡᠨᠧᠷᠭᠢ᠎ᠶ᠋ᠢ ᠬᠥᠭ᠌ᠵᠢᠭᠡᠭᠰᠡᠨ ᠨᠢᠭᠡ ᠭᠷᠡᠳᠦ᠋ᠰ ᠪᠤᠬᠢᠷᠳᠤᠯ ᠦᠭᠡᠢ ᠴᠠᠬᠢᠯᠭᠠᠨ᠎ᠤ ᠠᠮᠢ ᠠᠬᠤᠶ ᠬᠢᠭᠡᠳ ᠠᠵᠤ ᠠᠬᠤᠶ ᠵᠢᠨ ᠬᠤᠤᠰ ᠦᠷ᠎ᠡ ᠠᠰᠢᠭ
2026-04-18 10:32:48
ᠵᠣᠬᠢᠶᠠᠭ᠍ᠴᠢ᠄
ᠱᠢᠶᠤᠤ ᠯᠦ᠍
ᠣᠩᠱᠢᠭ᠍ᠰᠠᠨ ᠣᠳᠠᠭ᠎ᠠ᠄
★★★☆☆

《ᠲᠥᠬᠥᠭᠡᠷᠦᠮᠵᠢ᠎ᠶ᠋ᠢᠨ ᠵᠢᠭᠠᠯᠲᠠ ᠵᠢᠨ ᠳ᠋ᠧᠩ ᠬᠡᠪ᠎ᠦᠨ ᠶᠣᠰᠣᠭᠠᠷ ᠭᠢᠯᠠᠯᠵᠠᠵᠤ᠂ ᠠᠷᠤ ᠲᠠᠪᠴᠠᠩ ᠪᠠᠰᠠ ᠭᠡᠮᠲᠦᠯ᠎ᠦᠨ ᠰᠡᠷᠡᠮᠵᠢ ᠣᠯᠤᠭ᠍ᠰᠠᠨ ᠦᠭᠡᠢ᠂ ᠠᠯᠢᠪᠠ ᠪᠦᠬᠦᠨ ᠬᠡᠪ᠎ᠦᠨ ᠶᠣᠰᠣᠭᠠᠷ ᠪᠠᠢᠨ᠎ᠠ》᠃ 4 ᠰᠠᠷ᠎ᠠ᠎ᠶ᠋ᠢᠨ 6 ᠎ᠤ᠋ ᠡᠳᠦᠷ᠂ ᠤᠯᠠᠭᠠᠨᠬᠠᠳᠠ ᠵᠢᠨ ᠯᠢᠶᠠᠨ ᠴᠠᠩ ᠤ᠋ᠨ  500 ᠺᠢᠯᠤᠸᠤᠯᠲ ᠎ᠤᠨ ᠬᠦᠴᠦᠳᠡᠯ ᠦᠬᠡᠷᠡᠴᠢᠯᠡᠬᠦ ᠥᠷᠲᠡᠭᠡ᠎ᠶ᠋ᠢᠨ ᠠᠵᠢᠯᠲᠠᠨ ᠸᠠᠩ ᠢᠦᠶ ᠲᠦᠩ ᠭᠤᠤᠯ ᠬᠦᠴᠦᠳᠡᠯ ᠦᠬᠡᠷᠡᠴᠢᠯᠡᠬᠦ ᠮᠠᠱᠢᠨ᠎ᠤ ᠬᠣᠶᠠᠳᠠᠬᠢ ᠤᠳᠠᠭᠠᠨ᠎ᠤ ᠲᠥᠬᠥᠭᠡᠷᠦᠮᠵᠢ᠎ᠳᠦ ᠬᠠᠪᠤᠷ᠎ᠤᠨ ᠪᠠᠢᠴᠠᠭᠠᠯᠲᠠ ᠬᠢᠵᠦ᠍᠂ ᠬᠠᠮᠲᠤ ᠶᠠᠪᠤᠵᠤ ᠪᠠᠢᠭ᠎ᠠ ᠰᠦᠨ ᠸᠧᠶ ᠷᠠᠨ ᠪᠡᠶ᠎ᠡ ᠪᠥᠬᠥᠢᠨ ᠠᠷᠤ ᠲᠠᠯ᠎ᠠ᠎ᠶ᠋ᠢᠨ ᠤᠲᠠᠰᠤ᠎ᠶ᠋ᠢ ᠪᠠᠢᠴᠠᠭᠠᠵᠤ᠄ 《ᠤᠲᠠᠰᠤ ᠵᠠᠯᠭᠠᠭ᠍ᠰᠠᠨ᠎ᠨᠢ ᠴᠥᠮ ᠪᠠᠲᠤ ᠪᠠᠬᠢ᠂ ᠶᠡᠷᠦᠩᠬᠡᠢ ᠳᠠᠷᠤᠯᠲᠠᠲᠤ ᠬᠠᠪᠲᠠᠰᠤ ᠨᠢ ᠪᠠᠰᠠ ᠬᠡᠪ᠎ᠦᠨ ᠪᠠᠢᠳᠠᠯ᠎ᠳᠤ ᠪᠠᠢᠨ᠎ᠠ》 ᠬᠡᠨ᠎ᠡ᠃

2025 ᠣᠨ᠎ᠤ 9 ᠰᠠᠷ᠎ᠠ᠎ᠳᠤ᠂ ᠤᠯᠤᠰ᠎ᠤᠨ ᠴᠠᠬᠢᠯᠭᠠᠨ ᠲᠣᠣᠷ᠎ᠤᠨ ᠺᠣᠮᠫᠠᠨᠢ᠎ᠶ᠋ᠢᠨ ᠤᠯᠠᠭᠠᠨᠬᠠᠳᠠ᠎ᠳᠠᠬᠢ ᠴᠠᠬᠢᠯᠭᠠᠨ ᠬᠠᠩᠭᠠᠬᠤ ᠺᠣᠮᠫᠠᠨᠢ᠎ᠶ᠋ᠢᠨ ᠪᠡᠶ᠎ᠡ᠎ᠪᠡᠨ ᠳᠠᠭᠠᠭᠠᠵᠤ ᠪᠠᠢᠭᠤᠯᠤᠭ᠍ᠰᠠᠨ ᠠᠩᠬᠠᠳᠠᠭ᠍ᠴᠢ 500 ᠺᠢᠯᠤᠸᠤᠯᠲ᠎ᠤᠨ ᠴᠠᠬᠢᠯᠭᠠᠨ ᠬᠦᠷᠬᠡᠵᠦ ᠬᠦᠴᠦᠳᠡᠯ ᠦᠬᠡᠷᠡᠴᠢᠯᠡᠬᠦ ᠢᠨᠵᠧᠨᠧᠷᠢᠩ᠎ᠦᠨ ᠯᠢᠶᠠᠨ ᠴᠠᠩ ᠤ᠋ᠨ ᠬᠦᠴᠦᠳᠡᠯ ᠦᠬᠡᠷᠡᠴᠢᠯᠡᠬᠦ ᠦᠷᠲᠡᠭᠡ ᠠᠱᠢᠭ᠍ᠯᠠᠯᠲᠠ᠎ᠳᠤ ᠣᠷᠣᠪᠠ᠂ ᠬᠠᠭᠠᠰ ᠵᠢᠯ᠎ᠦᠨ ᠲᠤᠷᠰᠢ᠂ 2 ᠪᠦᠯᠦᠭ 100 ᠲᠦᠮᠡᠨ ᠺᠢᠯᠤᠸᠤᠯᠲ᠎ᠤᠨ ᠭᠤᠤᠯ ᠬᠦᠴᠦᠳᠡᠯ ᠦᠬᠡᠷᠡᠴᠢᠯᠡᠭᠴᠢ ᠯᠠᠪᠳᠠᠭᠤᠨ ᠠᠵᠢᠯᠯᠠᠵᠦ᠂ 27.3 ᠺᠢᠯᠤᠮᠸᠲᠷ᠎ᠤᠨ ᠱᠤᠭᠤᠮ᠂ 76 ᠰᠠᠭᠤᠷᠢ ᠲᠡᠮᠦᠷ ᠰᠤᠪᠤᠷᠭ᠎ᠠ ᠠᠭᠤᠯᠠ ᠵᠢ ᠨᠡᠪᠲᠡᠯᠦᠨ ᠥᠩᠭᠡᠷᠡᠵᠦ᠍᠂ ᠴᠠᠬᠢᠯᠭᠠᠨ ᠬᠦᠷᠭᠡᠬᠦ᠌ ᠱᠤᠭᠤᠮ᠎ᠤᠳ ᠠᠭᠤᠯᠠ ᠳᠠᠪᠠᠵᠤ ᠭᠣᠣᠯ ᠮᠥᠷᠡᠨ᠎ᠢ ᠭᠡᠲᠦᠯᠦᠨ᠂ ᠬᠤᠲᠠ ᠬᠥᠳᠡᠭᠡ᠎ᠶ᠋ᠢ ᠬᠣᠯᠪᠣᠵᠤ᠂ ᠲᠠᠰᠤᠷᠠᠰᠢ ᠦᠭᠡᠢ ᠴᠡᠪᠡᠷ ᠴᠠᠬᠢᠯᠭᠠᠨ ᠡᠨᠧᠷᠭᠢ᠎ᠶ᠋ᠢ ᠦᠢᠯᠡᠳᠪᠦᠷᠢ᠎ᠶ᠋ᠢᠨ ᠲᠠᠰᠤᠭ᠎ᠲᠤ ᠬᠦᠷᠭᠡᠵᠦ᠍᠂ ᠲᠦᠭ ᠲᠦᠮᠡᠨ ᠡᠷᠦᠬᠡ᠎ᠶ᠋ᠢᠨ ᠳ᠋ᠧᠩ᠎ᠢ ᠠᠰᠠᠭᠠᠵᠤ᠂ ᠤᠯᠠᠭᠠᠨᠬᠠᠳᠠ᠎ᠶ᠋ᠢᠨ ᠡᠮᠦᠨ᠎ᠡ ᠬᠡᠰᠡᠭ᠎ᠦᠨ ᠪᠤᠬᠢᠷᠳᠤᠯ ᠦᠭᠡᠢ ᠴᠠᠬᠢᠯᠭᠠᠨ ᠬᠦᠷᠭᠡᠬᠦ᠌ 《ᠭᠤᠤᠯ ᠰᠤᠳᠠᠰᠤ》 ᠵᠢ ᠲᠤᠯᠭᠠᠭᠤᠷᠢᠯᠠᠨ᠎ᠠ᠃

《ᠡᠨᠡ᠎ᠪᠤᠯ ᠡᠩ᠎ᠦᠨ ᠬᠦᠴᠦᠳᠡᠯ ᠥᠭᠡᠷᠡᠴᠢᠯᠡᠬᠦ᠌ ᠥᠷᠲᠡᠭᠡ ᠪᠢᠰᠢ᠂ ᠤᠯᠠᠭᠠᠨᠬᠠᠳᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠳ᠋ᠦᠩ ᠱᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ 〈ᠪᠣᠬᠢᠷᠲᠤᠯ ᠥᠬᠡᠶ ᠡᠨᠧᠷᠭᠢ᠎ᠶ᠋ᠢᠨ ᠵᠢᠷᠦᠬᠡ〉 ᠪᠣᠯᠤᠨ᠎ᠠ!》 ᠤᠯᠠᠭᠠᠨᠬᠠᠳᠠ᠎ᠶ᠋ᠢᠨ ᠯᠢᠶᠠᠨ ᠴᠠᠩ ᠤ᠋ᠨ 500 ᠺᠢᠯᠤᠸᠤᠯᠲ᠎ᠤᠨ ᠬᠦᠴᠦᠳᠡᠯ ᠦᠬᠡᠷᠡᠴᠢᠯᠡᠬᠦ ᠥᠷᠲᠡᠭᠡᠨ᠎ᠦ ᠳᠠᠷᠤᠭ᠎ᠠ ᠭᠤᠤ ᠶᠠᠨ ᠪᠥᠸᠧ᠂ ᠬᠦᠴᠦᠳᠡᠯ ᠦᠬᠡᠷᠡᠴᠢᠯᠡᠬᠦ ᠦᠷᠲᠡᠭᠡ ᠵᠢᠯ ᠪᠦᠷᠢ ᠬᠦᠷᠢᠶᠡᠯᠡᠩ ᠲᠣᠭᠣᠷᠢᠭ᠎ᠲᠤ 100 ᠳ᠋ᠦᠩᠱᠢᠭᠤᠷ ᠺᠢᠯᠤᠸᠤᠯᠲ  ᠴᠠᠭ᠎ᠤᠨ ᠪᠤᠬᠢᠷᠳᠤᠯ ᠦᠭᠡᠢ ᠴᠠᠬᠢᠯᠭᠠᠨ ᠬᠦᠷᠭᠡᠵᠦ᠍᠂ 330 ᠲᠦᠮᠡᠨ ᠲᠣᠨ ᠱᠢᠲᠠᠭᠠᠯᠭ᠎ᠠ᠎ᠶ᠋ᠢᠨ ᠨᠡᠭᠦᠷᠡᠰᠦ᠎ᠶ᠋ᠢ ᠠᠷᠪᠢᠯᠠᠵᠦ᠂ 780 ᠲᠦᠮᠡᠨ ᠲᠤᠨ  ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠎ᠲᠠᠶ ᠲᠡᠩᠴᠡᠨ᠎ᠡ ᠬᠡᠵᠦ ᠬᠡᠯᠡᠨ᠎ᠡ᠃

《ᠵᠠᠭᠤᠨ ᠳ᠋ᠦᠩᠱᠢᠭᠤᠷ ᠲᠥᠭᠥᠷᠢᠭ᠎ᠦᠨ ᠴᠠᠬᠢᠯᠭᠠᠨ᠎ᠤ ᠬᠡᠮᠵᠢᠶ᠎ᠡ》 ᠪᠣᠯ ᠲᠣᠭᠠᠨ᠎ᠤ ᠳᠡᠭᠡᠭ᠌ᠰᠢᠯᠡᠯᠲᠡ ᠮᠥᠨ᠂ ᠬᠡᠷᠬᠢᠨ ᠭᠷᠠᠳᠦ᠋ᠰ ᠪᠦᠷᠢ᠎ᠶ᠋ᠢᠨ ᠴᠠᠬᠢᠯᠭᠠᠨ᠎ᠢ ᠴᠥᠮ 《ᠬᠡᠷᠡᠭ᠌ᠯᠡᠬᠦ᠌ ᠭᠠᠵᠠᠷ》 ᠎ᠲᠠᠶ ᠪᠣᠯᠭᠠᠬᠤ ᠪᠣᠯ ᠰᠠᠶᠢ ᠡᠨᠧᠷᠭᠢ᠎ᠶ᠋ᠢᠨ ᠰᠤᠷᠪᠤᠯᠵᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠴᠢᠨᠠᠷ ᠰᠠᠢᠲᠠᠶ ᠪᠣᠯᠬᠤ᠎ᠶ᠋ᠢ ᠱᠢᠯᠭᠠᠬᠤ ᠭᠤᠤᠯ ᠰᠡᠳᠦᠪ ᠮᠥᠨ᠃ ᠤᠯᠠᠭᠠᠨᠬᠠᠳᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠳ᠋ᠦᠩ ᠱᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠳ᠋ᠦᠩ ᠱᠠᠨ ᠬᠥᠩᠭᠡᠨᠴᠠᠭᠠᠨ᠎ᠤ ᠦᠶ᠋ᠯᠡᠰ᠎ᠦᠨ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠠᠵᠢᠯᠴᠢᠳ ᠶᠠᠭ ᠬᠦᠴᠦᠳᠡᠯ ᠥᠭᠡᠷᠡᠴᠢᠯᠡᠭ᠌ᠴᠢ ᠤᠭ᠍ᠰᠠᠷᠠᠵᠦ᠂ ᠵᠢᠱ᠌ᠢᠯᠲᠡ᠎ᠪᠡᠷ 7 ᠰᠠᠷ᠎ᠠ᠎ᠳᠤ ᠯᠢᠶᠨᠨ ᠴᠠᠩ ᠤ᠋ᠨ ᠬᠦᠴᠦᠳᠡᠯ ᠥᠭᠡᠷᠡᠴᠢᠯᠡᠬᠦ᠌ ᠥᠷᠲᠡᠭᠡ᠎ᠶ᠋ᠢᠨ ᠪᠤᠬᠢᠷᠳᠤᠯ ᠦᠭᠡᠢ ᠴᠠᠬᠢᠯᠭᠠᠨ᠎ᠢ ᠦᠶ᠋ᠯᠡᠳᠪᠦᠷᠢ᠎ᠳᠦ ᠱᠢᠭᠤᠳ ᠬᠠᠩᠭᠠᠬᠤ ᠪᠣᠯᠤᠨ᠎ᠠ᠃ 《ᠬᠥᠩᠭᠡᠨᠴᠠᠭᠠᠨ᠎ᠤ ᠦᠶ᠋ᠯᠡᠳᠪᠦᠷᠢᠯᠡᠯ᠎ᠦᠨ ᠴᠠᠬᠢᠯᠭᠠᠨ᠎ᠤ ᠬᠣᠷᠣᠭ᠍ᠳᠠᠯ᠎ᠤᠨ ᠬᠡᠮᠵᠢᠶ᠎ᠡ ᠵᠣᠩᠬᠢᠯᠠᠬᠤ ᠣᠯᠠᠨ ᠲᠣᠭᠠᠨ᠎ᠤ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠡᠴᠡ ᠬᠣᠯᠠ ᠥᠨᠳᠥᠷ ᠪᠠᠢᠵᠤ᠂ ᠮᠠᠨ᠎ᠤ ᠠᠵᠤ ᠠᠬᠤᠢᠯᠠᠯ᠎ᠤᠨ ᠵᠢᠯ᠎ᠦᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠵᠢᠱ᠌ᠢᠯᠲᠡ᠎ᠪᠡᠷ 65 ᠳ᠋ᠦᠩᠱᠢᠭᠤᠷ ᠺᠢᠯᠤᠸᠤᠯᠲ ᠴᠠᠭ᠎ᠲᠤ ᠬᠦᠷᠴᠦ᠍᠂ ᠨᠡᠷ᠎ᠡ ᠨᠢᠳᠡᠷ ᠲᠡᠭᠡᠨ ᠲᠡᠩᠴᠡᠭᠰᠡᠨ  〈 ᠴᠠᠬᠢᠯᠭᠠᠨ ᠬᠡᠷᠡᠭ᠌ᠯᠡᠬᠦ᠌ ᠲᠣᠮᠣ ᠡᠷᠦᠬᠡ 〉 ᠪᠣᠯᠤᠨ᠎ᠠ》 ᠬᠡᠵᠦ  ᠳ᠋ᠦᠩ ᠱᠠᠨ ᠬᠥᠩᠭᠡᠨᠴᠠᠭᠠᠨ᠎ᠤ ᠦᠶ᠋ᠯᠡᠰ᠎ᠦᠨ ᠳᠡᠳ᠋ ᠶᠡᠷᠦᠩᠬᠡᠶ ᠳᠠᠭᠠᠭᠠᠮᠠᠯ ᠾᠧ ᠬᠠᠶ ᠫᠢᠩ ᠬᠡᠯᠡᠬᠦ᠌᠎ᠳᠡᠭᠡᠨ᠂ 《ᠡᠭᠦᠨ᠎ᠦ ᠳᠣᠲᠣᠷᠠᠬᠢ 63 ᠳ᠋ᠦᠩᠱᠢᠭᠤᠷ ᠺᠢᠯᠤᠸᠤᠯᠲ  ᠴᠠᠭ ᠨᠢ ᠴᠥᠮ ᠴᠠᠬᠢᠯᠭᠠᠨ ᠵᠠᠳᠠᠯᠤᠯ᠎ᠤᠨ ᠤᠩᠭᠤᠴᠠᠨ ᠳ᠋ᠸ᠋ ᠬᠣᠷᠣᠭ᠍ᠳᠠᠳᠠᠭ᠂ ᠡᠨᠡ ᠬᠦ᠌ ᠱᠢᠭᠤᠳ ᠬᠣᠯᠪᠣᠬᠤ ᠲᠤᠰᠭᠠᠶ ᠱᠤᠭᠤᠮ ᠨᠢ ᠨᠢᠭᠡ ᠵᠤᠷᠪᠤᠰ ᠪᠤᠬᠢᠷᠳᠤᠯ ᠦᠭᠡᠢ  ᠴᠠᠬᠢᠯᠭᠠᠨ᠎ᠤ 〈 ᠬᠤᠪᠢ ᠬᠥᠮᠦᠨ᠎ᠦ  ᠲᠦᠷᠬᠡᠨ ᠤ᠋ ᠵᠠᠮ 〉 ᠎ᠢ᠋ ᠵᠠᠰᠠᠭ᠍ᠰᠠᠨ᠎ᠲᠠᠶ ᠠᠳᠠᠯᠢ ᠪᠠᠢᠵᠤ ᠂ ᠪᠢᠳᠡᠨ᠎ᠦ ᠪᠣᠬᠢᠷᠲᠤᠯ ᠥᠬᠡᠶ ᠦᠢᠯᠡᠳᠪᠦᠷᠢᠯᠡᠯ ᠤ᠋ᠨ  ᠴᠢᠳᠠᠪᠤᠷᠢ᠎ᠶ᠋ᠢᠨ ᠢᠲᠠ ᠬᠦᠴᠦ᠍ ᠨᠢ ᠭᠦᠶ᠋ᠴᠡᠳ ᠂ ᠦᠶ᠋ᠯᠡᠳᠬᠦᠨ ᠨᠢ ᠵᠠᠬ᠎ᠠ ᠳᠡᠯᠭᠡᠭᠦᠷ ᠳᠡᠭᠡᠷ᠎ᠡ ᠴᠦ᠍ ᠨᠠᠩ ᠢᠯᠡᠬᠦᠦ  ᠥᠷᠢᠰᠦᠯᠳᠦᠬᠦ᠌ ᠬᠦᠴᠦᠨ᠎ᠲᠡᠶ ᠪᠠᠢᠳᠠᠭ》 ᠬᠡᠨ᠎ᠡ᠃

3 ᠰᠠᠷ᠎ᠠ᠎ᠶ᠋ᠢᠨ 30 ᠎ᠤ᠋ ᠡᠳᠦᠷ᠎ᠦᠨ 0 ᠴᠠᠭ 38 ᠮᠢᠨᠦ᠋ᠲ᠎ᠲᠦ᠂ ᠠᠷᠤ ᠬᠣᠷᠴᠢᠨ ᠬᠣᠱᠢᠭᠤᠨ᠎ᠤ ᠬᠣᠢᠲᠤ ᠪᠡᠶ᠎ᠡ᠎ᠶ᠋ᠢᠨ 500 ᠺᠢᠯᠤᠸᠤᠯᠲ ᠎ᠤᠨ ᠴᠠᠬᠢᠯᠭᠠᠨ ᠬᠦᠷᠭᠡᠬᠦ᠌ ᠬᠦᠴᠦᠳᠡᠯ ᠥᠭᠡᠷᠡᠴᠢᠯᠡᠬᠦ᠌ ᠢᠨᠵᠧᠨᠧᠷᠢᠩ ᠤᠷᠤᠭ᠍ᠰᠢᠲᠠᠶ ᠪᠡᠷ ᠠᠱᠢᠭ᠍ᠯᠠᠯᠲᠠ᠎ᠳᠤ ᠣᠷᠣᠵᠤ᠂ ᠠᠭᠤᠯᠠᠷᠬᠠᠭ ᠭᠠᠵᠠᠷ᠂ ᠨᠠᠮᠤᠭ ᠭᠠᠵᠠᠷ᠂ ᠡᠯᠡᠰᠦ ᠮᠠᠩᠬ᠎ᠠ᠎ᠶ᠋ᠢ ᠰᠢᠪᠳᠤᠯᠤᠨ᠂ 105.6 ᠺᠢᠯᠣᠮᠧᠲ᠋ᠷ᠎ᠦᠨ ᠱᠤᠭᠤᠮ ᠳᠡᠭᠡᠷᠡᠬᠢ 257 ᠰᠠᠭᠤᠷᠢ ᠲᠡᠮᠦᠷ ᠰᠤᠪᠤᠷᠭ᠎ᠠ ᠰᠡᠬᠦᠢᠨ ᠰᠦᠨᠳᠡᠷᠯᠡᠨ᠎ᠡ᠃ 《ᠬᠦᠴᠦᠳᠡᠯ ᠥᠭᠡᠷᠡᠴᠢᠯᠡᠬᠦ᠌ ᠥᠷᠲᠡᠭᠡ ᠵᠢᠯ ᠪᠦᠷᠢ 200 ᠲᠦᠮᠡᠨ ᠺᠢᠯᠤᠸᠤᠯᠲ ᠤ᠋ᠨ  ᠴᠡᠪᠡᠷ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ ᠵᠢ ᠲᠤᠯᠭᠠᠭᠤᠷᠢᠯᠠᠵᠤ᠂ ᠪᠠᠷᠢᠮᠵᠢᠶᠠᠲᠤ ᠨᠡᠭᠦᠷᠡᠰᠦ᠎ᠶ᠋ᠢ 300 ᠲᠦᠮᠡᠨ ᠲᠣᠨ ᠠᠷᠪᠢᠯᠠᠵᠤ᠂ 800 ᠲᠦᠮᠡᠨ ᠲᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠭᠠᠳᠠᠬᠰᠢᠯᠠᠭᠤᠯᠬᠤ ᠵᠢ ᠪᠠᠭᠠᠰᠬᠠᠬᠤ ᠲᠠᠢ ᠲᠡᠩᠴᠡᠨ᠎ᠡ》 ᠬᠡᠵᠦ ᠲᠥᠷᠥᠯ ᠵᠦᠶ᠋ᠯ᠎ᠦᠨ ᠳᠠᠭᠠᠭᠠᠮᠠᠯ ᠸᠠᠩ ᠶᠠ ᠺᠦᠨ ᠬᠡᠯᠡᠬᠦ᠌᠎ᠳᠡᠭᠡᠨ᠂ ᠢᠨᠵᠧᠨᠧᠷᠢᠩ᠎ᠨᠢ ᠱᠢᠨ᠎ᠡ ᠡᠨᠧᠷᠭᠢ᠎ᠶ᠋ᠢ ᠶᠡᠬᠡ ᠬᠡᠪᠴᠢᠶ᠎ᠡ᠎ᠪᠡᠷ ᠨᠡᠭᠡᠭᠡᠨ ᠬᠥᠭ᠌ᠵᠢᠭᠦᠯᠬᠦ᠌ ᠪᠠ ᠭᠠᠳᠠᠭ᠍ᠰᠢ ᠬᠦᠷᠭᠡᠬᠦ᠌ 《ᠵᠠᠩᠭᠢᠯᠠᠭ᠎ᠠ᠎ᠶ᠋ᠢᠨ ᠨᠢᠭᠡ ᠭᠣᠭ᠍ᠴᠣᠭ᠎ᠠ》᠎ᠶ᠋ᠢ ᠨᠡᠪᠲᠡᠷᠡᠭᠦᠯᠵᠦ᠍᠂ ᠤᠯᠠᠭᠠᠨᠬᠠᠳᠠ᠎ᠶ᠋ᠢᠨ ᠤᠮᠠᠷᠠᠲᠤ ᠬᠡᠰᠡᠭ᠎ᠦᠨ 5 ᠬᠣᠱᠢᠭᠤ ᠱᠢᠶᠠᠨ᠎ᠤ ᠴᠠᠬᠢᠯᠭᠠᠨ ᠬᠠᠩᠭᠠᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠡᠢ ᠬᠡᠨ᠎ᠡ᠃

ᠬᠡᠱᠢᠭ᠌ᠲᠡᠨ ᠬᠣᠱᠢᠭᠤᠨ᠎ᠤ ᠠᠭᠤᠯᠠ ᠨᠢᠷᠤᠭᠤᠳ᠎ᠤᠨ ᠬᠣᠭᠣᠷᠣᠨᠳᠣ ᠨᠢᠭᠡᠨ ᠱᠢᠨ᠎ᠡ ᠴᠠᠬᠢᠯᠭᠠᠨ ᠬᠦᠴᠦᠨ᠎ᠦ 《ᠭᠣᠣᠯ ᠰᠤᠳᠠᠰᠤ》 ᠪᠦᠬᠦ᠌ ᠱᠤᠭᠤᠮ᠎ᠢᠶᠠᠷ ᠨᠡᠪᠲᠡᠷᠡᠪᠡ᠃ ᠬᠡᠱᠢᠭ᠌ᠲᠡᠨ ᠬᠣᠱᠢᠭᠤᠨ᠎ᠤ 500 ᠺᠢᠯᠤᠸᠤᠯᠲ ᠎ᠤᠨ ᠬᠦᠴᠦᠳᠡᠯ ᠦᠬᠡᠷᠡᠴᠢᠯᠡᠬᠦ ᠢᠨᠵᠧᠨᠧᠷᠢᠩ᠎ᠤᠨ 84.1 ᠺᠢᠯᠣᠮᠧᠲᠷ᠎ᠤᠨ ᠱᠤᠭᠤᠮ 3 ᠬᠣᠱᠢᠭᠤ ᠱᠢᠶᠠᠨ ᠲᠣᠭᠣᠷᠢᠭ ᠢ᠋ ᠰᠤᠨᠳᠠᠯᠠᠵᠤ᠂ 197 ᠰᠠᠭᠤᠷᠢ ᠲᠡᠮᠦᠷ ᠰᠤᠪᠤᠷᠭ᠎ᠠ ᠲᠠᠯ᠎ᠠ ᠨᠤᠲᠤᠭ ᠬᠢᠭᠡᠳ ᠠᠭᠤᠯᠠᠷᠬᠠᠭ ᠭᠠᠵᠠᠷ᠎ᠲᠤ ᠰᠦᠨᠳᠡᠷᠯᠡᠵᠦ᠍᠂ ᠣᠷᠣᠨ ᠪᠦᠰᠡ᠎ᠶ᠋ᠢᠨ ᠴᠠᠬᠢᠯᠭᠠᠨ ᠲᠣᠣᠷ᠎ᠤᠨ ᠬᠦᠷᠭᠡᠬᠦ᠌ ᠴᠢᠳᠠᠪᠤᠷᠢ 30 % ᠎ᠪᠡᠷ ᠳᠡᠭᠡᠭ᠌ᠰᠢᠯᠡᠵᠦ᠍᠂ ᠵᠢᠯ ᠪᠦᠷᠢ 100 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠠᠽᠢᠶ᠎ᠠ ᠲᠢᠪ᠎ᠤᠨ ᠬᠠᠮᠤᠭ᠎ᠤᠨ ᠶᠡᠬᠡ ᠬᠠᠲᠠᠭᠤ ᠴᠢᠯᠠᠭᠤᠯᠢᠭ ᠯᠢᠲ᠋ᠢ᠎ᠶ᠋ᠢᠨ ᠠᠭᠤᠷᠬᠠᠢ — ᠸᠢᠯᠠᠰᠲᠤ ᠯᠢᠲ᠋ᠢ᠎ᠶ᠋ᠢᠨ ᠠᠭᠤᠷᠬᠠᠢ᠎ᠶ᠋ᠢᠨ ᠨᠠᠢᠳᠠᠪᠤᠷᠢᠲᠠᠢ ᠴᠠᠬᠢᠯᠭᠠᠨ ᠬᠡᠷᠡᠭ᠌ᠯᠡᠬᠦ᠌᠎ᠶ᠋ᠢ ᠱᠢᠭᠤᠳ ᠪᠠᠲᠤᠯᠠᠵᠤ᠂ ᠪᠣᠬᠢᠷᠲᠤᠯ ᠦᠭᠡᠢ ᠡᠨᠧᠷᠭᠢ᠎ᠪᠡᠷ ᠪᠣᠬᠢᠷᠲᠤᠯ ᠦᠭᠡᠢ ᠠᠵᠤ ᠦᠢᠯᠡᠰ᠎ᠢ ᠬᠥᠳᠡᠯᠭᠡᠬᠦ᠌ ᠬᠤᠷᠳᠤᠴᠠ᠎ᠶ᠋ᠢ ᠲᠦᠷᠭᠡᠳᠭᠡᠪᠡ᠃

ᠠᠯᠢ ᠤᠯᠠᠨ ᠢᠨᠵᠧᠨᠧᠷᠢᠩ ᠨᠠᠢᠳᠠᠪᠤᠷᠢᠵᠢᠭᠤᠯᠤᠬᠳᠠᠵᠤ ᠴᠠᠬᠢᠯᠭᠠᠨ ᠲᠣᠣᠷ᠎ᠢ ᠪᠠᠲᠤ ᠪᠡᠬᠢ ᠰᠦᠯᠵᠢᠪᠡ; ᠤᠯᠠᠨ ᠪᠤᠬᠢᠷᠳᠤᠯ ᠦᠭᠡᠢ ᠴᠠᠬᠢᠯᠭᠠᠨ ᠳᠠᠮᠵᠢᠬᠳᠠᠵᠦ ᠬᠡᠯᠪᠡᠷᠢ᠎ᠪᠡᠨ ᠬᠤᠪᠢᠷᠠᠭᠤᠯᠬᠤ ᠬᠥᠳᠡᠯᠭᠡᠭᠦᠷ᠎ᠢ ᠬᠥᠭ᠌ᠵᠢᠭᠡᠪᠡ᠃ ᠡᠳᠦᠭᠡ᠂ ᠤᠯᠠᠭᠠᠨᠬᠠᠳᠠ᠎ᠶ᠋ᠢᠨ 281 ᠬᠦᠴᠦᠳᠡᠯ ᠦᠭᠡᠷᠡᠴᠢᠯᠡᠬᠦ ᠦᠷᠳᠡᠭᠡ ᠬᠣᠯᠪᠣᠯᠳᠤᠨ ᠨᠡᠪᠲᠡᠷᠡᠯᠴᠡᠵᠦ᠍᠂ 500 ᠺᠢᠯᠦᠸᠤᠯᠲ᠂ 220 ᠺᠢᠯᠦᠸᠤᠯᠲ᠂ 66 ᠺᠢᠯᠦᠸᠤᠯᠲ᠎ᠤᠨ ᠴᠠᠬᠢᠯᠭᠠᠨ ᠲᠤᠤᠷ ᠨᠢᠭ᠍ᠲᠠ ᠰᠦᠯᠵᠢᠵᠦ᠂ 6  ᠰᠤᠷᠪᠤᠯᠵᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ ᠲᠦᠷᠭᠡᠨ ᠠᠭᠢᠵᠤ᠂ ᠪᠤᠬᠢᠷᠳᠤᠯ ᠦᠭᠡᠢ ᠴᠠᠬᠢᠯᠭᠠᠨ᠎ᠤ ᠱᠢᠭᠤᠳ ᠬᠠᠩᠭᠠᠬᠤ ᠮᠠᠱᠢᠨ ᠴᠣᠭ᠍ᠴᠠᠯᠠᠪᠤᠷᠢ 300 ᠲᠦᠮᠡᠨ ᠺᠢᠯᠦᠸᠠᠲ᠎ᠢ ᠳᠠᠪᠠᠪᠠ; ᠶᠤᠸᠠᠨ ᠵᠢᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ᠎ᠦᠨ ᠲᠦᠷᠦᠯ ᠵᠦᠢᠯ ᠠᠱᠢᠭ᠍ᠯᠠᠯᠲᠠ᠎ᠳᠤ ᠣᠷᠣᠵᠤ᠂ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠤᠰᠤᠲᠥ᠋ᠷᠥᠭ᠌ᠴᠢ ᠱᠢᠪᠲᠦᠷ ᠬᠣᠣᠰ ᠲᠦᠯᠡᠱᠢᠲᠦ ᠱᠢᠲᠠᠮᠠᠬᠠᠢ ᠬᠡᠢ᠎ᠶ᠋ᠢᠨ ᠲᠦᠷᠪᠢᠨ ᠮᠠᠱᠢᠨ ᠴᠣᠭ᠍ᠴᠠᠯᠠᠪᠤᠷᠢ ᠵᠢ ᠠᠮᠵᠢᠯᠲᠠ᠎ᠲᠠᠶ ᠲᠤᠷᠱᠢᠵᠤ᠂ ᠪᠤᠬᠢᠷᠳᠤᠯ ᠦᠭᠡᠢ ᠴᠠᠬᠢᠯᠭᠠᠨ᠎ᠢ ᠬᠤᠪᠢᠷᠠᠭᠤᠯᠬᠤ᠂ ᠠᠱᠢᠭ᠍ᠯᠠᠬᠤ᠂ ᠴᠠᠬᠢᠯᠭᠠᠨ ᠭᠠᠷᠭᠠᠬᠤ ᠪᠦᠷᠢᠨ ᠪᠦᠲᠦᠨ ᠬᠡᠯᠬᠢᠶ᠎ᠡ᠎ᠶ᠋ᠢ ᠨᠡᠪᠲᠡᠷᠡᠭᠦᠯᠪᠡ᠃

《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠤᠯᠤᠰ᠎ᠤᠨ ᠴᠠᠬᠢᠯᠭᠠᠨ ᠲᠤᠤᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠲᠥᠯᠥᠪᠵᠢᠭᠦᠯᠭᠡ 〈ᠬᠣᠶᠠᠷ ᠭᠤᠯᠳᠤ ᠨᠠᠶ᠋ᠮᠠᠨ ᠬᠥᠨᠳᠡᠯᠡᠨ〉 500 ᠺᠢᠯᠦᠸᠤᠯᠲ᠎ᠤᠨ ᠬᠠᠷᠠᠯᠲᠠ᠎ᠶ᠋ᠢᠨ ᠭᠤᠤᠯ ᠲᠤᠤᠷ᠎ᠤᠨ ᠪᠦᠳᠦᠴᠡ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠠᠸ᠋ᠬᠠᠨ᠂ ᠨᠢᠩᠴᠧᠩ᠎ᠦᠨ 500 ᠺᠢᠯᠦᠸᠤᠯᠲ᠎ᠤᠨ ᠬᠦᠴᠦᠳᠡᠯ ᠦᠭᠡᠷᠡᠴᠢᠯᠡᠬᠦ ᠦᠷᠳᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ ᠱᠠᠨᠳᠦᠩ — ᠠᠸ᠋ᠬᠠᠨ ᠬᠤᠤᠰ ᠪᠤᠴᠠᠯᠲᠠ᠂ ᠬᠡᠱᠢᠭ᠌ᠲᠡᠨ ᠬᠣᠱᠢᠭᠤ — ᠪᠤᠷᠤᠬᠤᠳᠠ ᠬᠤᠤᠰ ᠪᠤᠴᠠᠯᠲᠠ᠂ ᠬᠡᠱᠢᠭ᠌ᠲᠡᠨ ᠬᠣᠱᠢᠭᠤ — ᠪᠠᠭᠠᠷᠢᠨ᠂ ᠠᠷᠤ ᠬᠣᠷᠴᠢᠨ ᠬᠣᠱᠢᠭᠤᠨ᠎ᠤ ᠬᠣᠢᠲᠤ ᠬᠡᠰᠡᠭ — ᠪᠠᠭᠠᠷᠢᠨ᠎ᠤ ᠬᠣᠶᠠᠳᠤᠭᠠᠷ ᠪᠤᠴᠠᠯᠲᠠ ᠵᠢᠨ ᠱᠤᠭᠤᠮ᠎ᠢ ᠱᠢᠨ᠎ᠡ᠎ᠪᠡᠷ ᠪᠠᠢᠭᠤᠯᠬᠤ᠎ᠪᠠᠷ ᠲᠥᠯᠥᠪᠯᠡᠵᠦ᠍᠂ ᠪᠠᠭᠠᠷᠢᠨ— ᠬᠡᠱᠢᠭ᠌ᠲᠡᠨ ᠬᠣᠱᠢᠭᠤ — ᠪᠤᠷᠤᠬᠤᠳᠠ — ᠱᠠᠨᠳᠦᠩ — ᠪᠠᠭᠠᠷᠢᠨ᠎ᠤ 500 ᠺᠢᠯᠦᠸᠤᠯᠲ᠎ᠤᠨ ᠬᠤᠤᠰ ᠴᠠᠭᠠᠷᠢᠭ᠍ᠲᠤ ᠲᠤᠤᠷ᠎ᠤᠨ ᠪᠦᠳᠦᠴᠡ᠎ᠶ᠋ᠢ ᠪᠦᠷᠢᠯᠳᠦᠭᠦᠯᠦᠨ᠎ᠡ》᠃ ᠤᠯᠠᠭᠠᠨᠬᠠᠳᠠ ᠬᠣᠲᠠ᠎ᠶ᠋ᠢᠨ ᠡᠨᠧᠷᠭᠢ᠎ᠶ᠋ᠢᠨ ᠲᠣᠪᠴᠢᠶᠠᠨ᠎ᠤ ᠳᠠᠷᠤᠭ᠎ᠠ ᠸᠠᠩ ᠸᠧᠶ ᠳ᠋ᠦᠩ᠂ ᠤᠯᠠᠭᠠᠨᠬᠠᠳᠠ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌᠎ᠳᠦ ᠪᠠᠲᠤ ᠪᠠᠬᠢ ᠴᠠᠬᠢᠯᠭᠠᠨ ᠲᠤᠤᠷ᠎ᠤᠨ ᠪᠠᠲᠤᠯᠠᠭ᠎ᠠ ᠬᠠᠩᠭᠠᠵᠤ᠂ ᠪᠣᠬᠢᠷᠲᠤᠯ ᠥᠬᠡᠶ ᠡᠨᠧᠷᠭᠢ᠎ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡᠨ᠎ᠦ ᠬᠣᠱᠢᠭᠤᠴᠢ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠨ᠎ᠡ ᠭᠡᠵᠡᠶ᠃

ᠤᠯᠠᠭᠠᠨᠬᠠᠳᠠ᠎ᠶ᠋ᠢᠨ ᠬᠢᠨ ᠴᠠᠬᠢᠯᠭᠠᠨ ᠲᠣᠣᠷ᠎ᠢᠶᠠᠷ ᠠᠷᠤᠭ ᠶᠠᠰᠤ ᠪᠣᠯᠭᠠᠵᠤ᠂ ᠪᠤᠬᠢᠷᠳᠤᠯ ᠦᠭᠡᠢ ᠴᠠᠬᠢᠯᠭᠠᠨ᠎ᠢᠶᠠᠷ ᠬᠥᠳᠡᠯᠭᠡᠬᠦ᠌ ᠡᠨᠧᠷᠭᠢ ᠪᠣᠯᠭᠠᠵᠤ᠂ ᠠᠮᠢ ᠠᠬᠤᠢ ᠬᠢᠭᠡᠳ ᠠᠵᠤ ᠠᠬᠤᠢ ᠵᠢᠨ ᠬᠠᠮᠵᠢᠯᠴᠠᠨ ᠬᠥᠭ᠌ᠵᠢᠭ᠌ᠦ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃


ᠰᠤᠷᠪᠤᠯᠵᠢᠯᠠᠭᠰᠠᠨ᠎ᠤ ᠲᠠᠷᠠᠭ᠎ᠠ᠄

ᠡᠮᠦᠨ᠎ᠡ ᠬᠡᠰᠡᠭ᠎ᠦᠨ ᠲᠠᠯᠠᠪᠠᠢ ᠳᠠᠷᠠᠭᠠᠯᠠᠭ᠍ᠰᠠᠨ ᠬᠦᠴᠦᠳᠡᠯ ᠦᠬᠡᠷᠡᠴᠢᠯᠡᠬᠦ ᠦᠷᠲᠡᠭᠡ᠎ᠡᠴᠡ  ᠠᠷᠤ ᠬᠣᠷᠴᠢᠨ ᠬᠣᠱᠢᠭᠤᠨ᠎ᠤ ᠬᠣᠢᠲᠤ ᠬᠡᠰᠡᠭ᠎ᠦᠨ ᠪᠠᠷᠢᠯᠭ᠎ᠠ ᠬᠦᠷᠲᠡᠯ᠎ᠡ᠂ ᠲᠠᠬᠢᠭᠠᠳ ᠬᠡᠱᠢᠭ᠌ᠲᠡᠨ ᠬᠣᠱᠢᠭᠤᠨ᠎ᠤ ᠴᠠᠬᠢᠯᠭᠠᠨ ᠬᠦᠴᠦᠨ᠎ᠦ ᠲᠤᠮᠤ ᠯᠤᠭ᠍ᠰᠢᠭᠤᠨ ᠰᠤᠳᠠᠯ ᠬᠦᠷᠲᠡᠯ᠎ᠡ᠂ ᠲᠡᠮᠦᠷ ᠰᠤᠪᠤᠷᠭ᠎ᠠ᠎ᠤᠳ ᠠᠭᠤᠯᠠ ᠳᠠᠪᠠᠭ᠎ᠠ᠎ᠶ᠋ᠢ ᠰᠤᠨᠳᠠᠯᠠᠵᠤ᠂ ᠮᠥᠩᠭᠥᠨ ᠤᠲᠠᠰᠤ᠎ᠤᠳ ᠭᠣᠣᠯ ᠮᠥᠷᠡᠨ᠎ᠢ ᠳᠠᠪᠠᠵᠤ᠂ ᠴᠡᠪᠡᠷ ᠴᠠᠬᠢᠯᠭᠠᠨ ᠡᠨᠧᠷᠭᠢ᠎ᠶ᠋ᠢ ᠬᠦᠷᠢᠶᠡᠯᠡᠩ ᠲᠣᠭᠣᠷᠢᠭ᠂ ᠠᠭᠤᠷᠬᠠᠢ ᠪᠣᠯᠤᠨ ᠲᠦᠭ ᠲᠦᠮᠡᠨ ᠠᠢᠯ ᠡᠷᠦᠬᠡ᠎ᠳᠦ ᠬᠦᠷᠭᠡᠨ᠎ᠡ᠃

ᠰᠤᠷᠪᠤᠯᠵᠢᠯᠠᠭ᠎ᠠ ᠳᠤᠮᠳᠠ᠂ ᠲᠡᠳᠡᠭᠡᠷ ᠪᠦᠳᠡᠭᠢ ᠪᠠᠯᠠᠷᠬᠠᠢ ᠴᠠᠬᠢᠯᠭᠠᠨ ᠲᠣᠣᠷ᠎ᠤᠨ ᠲᠤᠰᠭᠠᠢ ᠮᠡᠷᠭᠡᠵᠢᠯ᠎ᠦᠨ ᠮᠡᠳᠡᠯᠭᠡ᠎ᠨᠢ ᠨᠠᠳᠠ᠎ᠶ᠋ᠢ ᠤᠳᠠᠭ᠎ᠠ ᠳᠠᠷᠠᠭᠠᠯᠠᠨ ᠬᠦᠴᠢᠷᠳᠡᠭᠦᠯᠵᠦ᠂ ᠳᠠᠬᠢᠨ ᠳᠠᠪᠲᠠᠨ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠥᠪᠡᠷ᠎ᠦᠨ ᠮᠡᠳᠡᠯᠭᠡ ᠮᠡᠭᠦᠰ᠎ᠡᠴᠡ ᠪᠣᠯᠵᠤ ᠦᠨᠡᠨ ᠪᠠᠢᠳᠠᠯ᠎ᠢ ᠪᠤᠷᠤᠭᠤ ᠣᠢᠯᠭᠠᠬᠤ᠎ᠵᠢ ᠬᠢᠴᠢᠶᠡᠯ᠎ᠡ᠃ ᠭᠡᠪᠡᠴᠦ᠍ ᠤᠯᠠᠮ ᠭᠦᠨᠵᠡᠭᠡᠶ ᠬᠠᠷᠢᠯᠴᠠᠬᠤ ᠲᠤᠲᠤᠮ᠂ ᠴᠠᠬᠢᠯᠭᠠᠨ ᠬᠦᠴᠦᠨ᠎ᠦ ᠬᠥᠮᠦᠰ᠎ᠦᠨ ᠠᠵᠢᠯ ᠦᠶ᠋ᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ ᠨᠢ ᠨᠠᠳᠠ ᠵᠢ ᠳᠣᠭ᠍ᠳᠣᠯᠤᠭᠤᠯᠵᠤ᠂ ᠲᠡᠭ᠎ᠡᠴᠡ ᠳᠣᠷᠣᠭ᠍ᠰᠢ ᠬᠡᠳᠦᠨ ᠠᠷᠪᠠᠨ ᠭᠷᠠᠳᠦ᠋ᠰ᠎ᠦᠨ ᠬᠠᠬᠢᠷ ᠬᠦᠶ᠋ᠲᠡᠨ᠎ᠳᠦ ᠲᠡᠮᠦᠷ ᠰᠤᠪᠤᠷᠭ᠎ᠠ ᠳᠡᠭᠡᠷ᠎ᠡ ᠠᠪᠠᠷᠢᠨ ᠭᠠᠷᠴᠤ᠌ ᠪᠠᠢᠴᠠᠭᠠᠨ ᠰᠡᠯᠪᠢᠵᠦ᠍᠂ ᠠᠭᠠᠭᠢᠮ᠎ᠠ ᠬᠠᠯᠠᠭᠤᠨ᠎ᠳᠤ ᠲᠣᠨᠣᠭ ᠲᠥᠬᠥᠭᠡᠷᠦᠮᠵᠢ᠎ᠪᠡᠨ ᠰᠠᠬᠢᠨ ᠰᠠᠭᠤᠵᠤ ᠲᠤᠷᠱᠢᠵᠤ᠂ ᠥᠪᠡᠷ᠎ᠦᠨ ᠠᠵᠢᠯ᠎ᠢᠶᠠᠨ ᠶᠠᠷᠢᠬᠤ᠎ᠳᠤᠨᠢ ᠨᠢᠳᠦᠨ᠎ᠳᠦᠨᠢ ᠬᠡᠷᠡᠯ ᠭᠢᠯᠪᠠᠭ᠎ᠠ ᠰᠠᠴᠤᠷᠠᠨ᠎ᠠ᠂ ᠲᠡᠷᠡ ᠪᠣᠯ ᠨᠢᠭᠡ ᠵᠦᠶ᠋ᠯ᠎ᠦᠨ ᠠᠵᠢᠯ ᠮᠡᠷᠭᠡᠵᠢᠯ᠎ᠵᠢᠡᠨ ᠳᠡᠭᠡᠳᠦᠯᠡᠬᠦ᠂ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ ᠪᠣᠯᠤᠨ᠎ᠠ᠂ ᠡᠢᠮᠦᠷᠬᠦᠦ ᠵᠣᠷᠢᠭ ᠰᠠᠨᠠᠭ᠎ᠠ ᠨᠢ ᠶᠠᠮᠠᠷᠪᠠ ᠲᠤᠰᠭᠠᠶ ᠮᠡᠷᠭᠡᠵᠢᠯ᠎ᠦᠨ ᠮᠡᠳᠡᠯᠭᠡ᠎ᠮᠠᠳᠡᠴᠨ ᠡᠴᠡ ᠴᠦ᠍ ᠨᠠᠩ ᠬᠦᠴᠦᠨ᠎ᠲᠡᠶ ᠶᠤᠮ᠃

ᠲᠠᠩ ᠭᠠᠭ᠍ᠴᠠ ᠴᠠᠬᠢᠯᠭᠠᠨ ᠥᠷᠲᠡᠭᠡ᠎ᠡᠴᠡ ᠪᠥᠬᠥ᠌ ᠤᠷᠤᠨ ᠪᠦᠰᠡ ᠵᠢᠨ ᠲᠤᠤᠷ ᠱᠤᠭᠤᠮ ᠬᠦᠷᠲᠡᠯ᠎ᠡ᠂ ᠴᠠᠬᠢᠯᠭᠠᠨ᠎ᠤ ᠬᠡᠮᠵᠢᠶ᠎ᠡ᠎ᠶ᠋ᠢ ᠬᠦᠷᠭᠡᠭᠦ ᠡᠴᠡ ᠪᠥᠬᠥ᠌ ᠬᠡᠯᠬᠢᠶ᠎ᠡ ᠪᠡᠷ ᠤᠯᠠᠷᠢᠭᠤᠯᠬᠤ ᠬᠦᠷᠳᠡᠯ᠎ᠡ᠂ ᠤᠯᠠᠭᠠᠨᠬᠠᠳᠠ ᠬᠣᠲᠠ ᠴᠠᠬᠢᠯᠭᠠᠨ ᠲᠤᠤᠷ᠎ᠢᠶᠠᠷ ᠠᠷᠤᠭ ᠶᠠᠰᠤ ᠪᠣᠯᠭᠠᠵᠤ᠂ ᠪᠤᠬᠢᠷᠳᠤᠯ ᠦᠭᠡᠢ ᠴᠠᠬᠢᠯᠭᠠᠨ᠎ᠢᠶᠠᠷ ᠬᠥᠳᠡᠯᠭᠡᠬᠦ ᠡᠨᠧᠷᠭᠢ ᠪᠣᠯᠭᠠᠵᠤ᠂ ᠠᠮᠢ ᠠᠬᠤᠶ᠎ᠶ᠋ᠢᠨ ᠳᠡᠪᠢᠰᠭᠡᠷ ᠥᠩᠭᠡ᠎ᠶ᠋ᠢ ᠬᠠᠮᠠᠭᠠᠯᠠᠬᠰᠠᠨ ᠮᠥᠷᠲᠡᠭᠡᠨ ᠠᠵᠤ ᠦᠶ᠋ᠯᠡᠰ᠎ᠦᠨ ᠬᠥᠳᠡᠯᠭᠡᠭ᠌ᠦ ᠡᠨᠧᠷᠭᠢ᠎ᠶ᠋ᠢ ᠬᠥᠭ᠌ᠵᠢᠭᠡᠬᠰᠡᠨ ᠨᠢᠭ᠍ᠲᠠᠷᠠᠯ᠎ᠤᠨ ᠬᠦᠴᠦᠨ᠎ᠦ ᠦᠶ᠋ᠯᠡᠳᠦᠯᠭᠡ᠎ᠶ᠋ᠢ ᠣᠢᠯᠠᠭᠠᠵᠤ ᠪᠣᠯᠤᠨ᠎ᠠ᠃ ᠪᠣᠬᠢᠷᠲᠤᠯ ᠦᠭᠡᠢ ᠴᠠᠬᠢᠯᠭᠠᠨ ᠬᠦᠴᠦ᠍ ᠶᠠᠭ ᠰᠠᠢᠬᠠᠨ ᠡᠨᠡ ᠬᠦ᠌ ᠬᠤᠳᠠ᠎ᠶ᠋ᠢ ᠬᠦᠭᠵᠢᠭᠡᠵᠦ᠂ ᠠᠮᠢ ᠠᠬᠤᠢ ᠬᠢᠭᠡᠳ ᠠᠵᠤ ᠠᠬᠤᠢ ᠬᠠᠮᠵᠢᠯᠴᠠᠨ ᠬᠥᠭ᠌ᠵᠢᠬᠦ᠌ ᠵᠠᠮ᠎ᠢᠶᠠᠷ ᠯᠠᠪᠳᠠᠭᠤᠨ᠎ᠪᠠᠳᠤᠳᠠᠢ ᠤᠷᠤᠭ᠍ᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号