4 ᠰᠠᠷ᠎ᠠ᠎ᠶ᠋ᠢᠨ 17 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠢᠰᠮᠸᠢ᠌ᠷ·ᠤᠮᠠᠷ·ᠭᠠᠢ᠌ᠯᠠᠢ ᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠦᠬᠦᠳᠠ ᠨᠠᠢᠷᠠᠮᠳᠠᠬᠤ ᠵᠢᠪᠦ᠋ᠲ᠋ᠢ ᠤᠯᠤᠰ᠎ᠤᠨ ᠶᠡᠷᠦᠩᠬᠡᠢᠯᠡᠭ᠌ᠴᠢ᠎ᠪᠡᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠵᠢᠪᠦ᠋ᠲ᠋ᠢ ᠭᠦᠨ ᠵᠤᠵᠠᠭᠠᠨ ᠤᠯᠠᠮᠵᠢᠯᠠᠯᠲᠤ ᠨᠥᠬᠥᠷᠯᠡᠯ᠎ᠲᠡᠶ ᠶᠤᠮ᠃ ᠤᠢ᠍ᠢᠷ᠎ᠠ᠎ᠶ᠋ᠢᠨ ᠵᠢᠯ᠎ᠳ᠋ᠤ᠂ ᠬᠣᠶᠠᠷ ᠲᠠᠯ᠎ᠠ᠎ᠶ᠋ᠢᠨ ᠤᠯᠤᠰ ᠲᠦᠷᠦ᠍᠎ᠶ᠋ᠢᠨ ᠢᠲᠡᠭᠡᠯᠴᠡᠭᠡ ᠡᠳᠦᠷ ᠢᠷᠡᠬᠦᠶ᠎ᠡ ᠪᠡᠬᠢᠵᠢᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠪᠠ᠃ ᠶᠡᠷᠦᠩᠬᠡᠢᠯᠡᠭ᠌ᠴᠢ ᠭᠠᠢ᠌ᠯᠠᠢ ᠤᠷᠳᠤ ᠬᠤᠭᠤᠴᠠᠭᠠᠨ᠎ᠤ ᠲᠤᠷᠰᠢ ᠳᠤᠮᠳᠠᠳᠤ ᠵᠢᠪᠦ᠋ᠲ᠋ᠢ ᠵᠢᠨ ᠨᠥᠬᠥᠷᠯᠡᠯ ᠪᠣᠯᠤᠨ ᠡᠯ᠎ᠡ ᠬᠦᠷᠢᠶᠡᠨ᠎ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠬᠤ᠎ᠪᠠᠷ ᠴᠢᠷᠮᠠᠢᠭᠰᠠᠭᠠᠷ ᠢᠷᠡᠵᠡᠢ᠂ ᠪᠢ ᠡᠭᠦᠨ᠎ᠢ ᠮᠠᠭ᠍ᠲᠠᠨ ᠰᠠᠢᠱᠢᠶᠠᠵᠤ ᠪᠠᠢᠨ᠎ᠠ᠃ ᠪᠢ ᠳᠤᠮᠳᠠᠳᠤ ᠵᠢᠪᠦ᠋ᠲ᠋ᠢ ᠵᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠭᠠᠢ᠌ᠯᠠᠢᠯᠤᠭᠠ ᠬᠠᠮᠲᠤ᠎ᠪᠠᠷ ᠴᠢᠷᠮᠠᠢᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠡᠷᠡᠰ ᠲᠡᠮᠵᠢᠯᠴᠡᠵᠥ᠍᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠡᠬᠢ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠵᠢᠪᠦ᠋ᠲ᠋ᠢ ᠵᠢᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠠᠭᠤᠯᠤᠭ᠍ᠳᠠᠬᠤᠨ᠎ᠢ ᠲᠠᠰᠤᠷᠠᠯᠳᠠ ᠦᠭᠡᠢ ᠪᠠᠶᠠᠯᠢᠭ᠍ᠵᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 17 ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号