《ᠦᠶ᠋ᠯᠡᠳᠬᠦ᠌ ᠦᠶ᠋ᠯᠡᠰ᠎ᠢ ᠡᠷᠬᠡᠪᠰᠢ ᠪᠠᠳᠤ ᠴᠤᠬᠴᠠᠯᠠᠬᠤ ᠬᠡᠷᠡᠭᠳᠡᠢ》
2026-04-18 11:24:30
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠵᠸᠤ ᠶᠤᠸᠠᠨ
ᠣᠩᠱᠢᠭ᠍ᠰᠠᠨ ᠣᠳᠠᠭ᠎ᠠ᠄
★★★☆☆

— ᠮᠠᠨ᠎ᠤ ᠤᠯᠤᠰ ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠴᠢᠷᠮᠠᠢᠨ ᠪᠡᠬᠢᠵᠢᠭᠦᠯᠵᠤ ᠪᠤᠢ


ᠦᠢᠯᠡᠳᠬᠦ᠌ ᠦᠢᠯᠡᠰ ᠪᠣᠯ ᠤᠯᠤᠰ᠎ᠢᠶᠠᠨ ᠲᠣᠭ᠍ᠲᠠᠨᠢᠭᠤᠯᠬᠤ᠎ᠶ᠋ᠢᠨ ᠦᠨᠳᠦᠰᠦ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠶ᠋ᠢᠨ ᠰᠠᠭᠤᠷᠢ ᠮᠥᠨ᠃ ᠶᠡᠷᠦᠩᠬᠡᠢ ᠱᠦᠵᠢ ᠰᠢ ᠵᠢᠨ ᠫᠢᠩ᠂ 《ᠶᠠᠮᠠᠷᠪᠠ ᠦᠶ᠎ᠡ᠎ᠳᠦ  ᠴᠤ᠌ ᠬᠡᠰᠡᠨ ᠳᠤᠮᠳᠠᠳᠤ ᠤᠯᠤᠰ᠎ᠲᠤ ᠦᠢᠯᠡᠳᠬᠦ᠌ ᠦᠢᠯᠡᠰ ᠳᠤᠲᠠᠭ᠍ᠳᠠᠵᠤ ᠪᠣᠯᠬᠤ ᠦᠭᠡᠢ》᠂ 《ᠦᠢᠯᠡᠳᠬᠦ᠌ ᠦᠢᠯᠡᠰ᠎ᠢ ᠡᠷᠬᠡᠪᠰᠢ ᠪᠠᠲᠤ ᠴᠣᠭ᠍ᠴᠠᠯᠠᠬᠤ ᠬᠡᠷᠡᠭ᠌ᠲᠡᠢ》 ᠭᠡᠵᠦ᠍ ᠲᠠᠬᠢᠨ ᠳᠠᠪᠲᠠᠨ ᠴᠢᠬᠤᠯᠠᠴᠢᠯᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠨᠡ ᠬᠦ᠌ ᠰᠠᠭᠤᠷᠢ᠎ᠶ᠋ᠢ ᠪᠡᠬᠢᠵᠢᠭᠦᠯᠵᠤ᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠭ᠍ᠰᠠᠨ᠎ᠤ ᠳᠠᠷᠠᠭ᠎ᠠ᠂ ᠪᠢᠳᠡ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠶ᠋ᠯᠡᠰ᠎ᠦᠨ ᠬᠤᠪᠢᠰᠤᠯᠲᠠ᠎ᠶ᠋ᠢᠨ ᠲᠡᠦᠬᠡᠨ ᠠᠵᠠ ᠲᠣᠬᠢᠶᠠᠯ᠎ᠢ ᠠᠮᠵᠢᠵᠤ᠂ ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢᠶᠡᠨ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠦᠶ᠋ᠯᠡᠳᠬᠦ᠌ ᠦᠶ᠋ᠯᠡᠰ᠎ᠢ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠦᠬᠡᠢᠵᠢᠬᠦᠯᠦᠨ ᠬᠦᠭᠵᠢᠭᠦᠯᠬᠦ᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠬᠦ᠌ ᠬᠡᠷᠡᠭ᠌ᠲᠡᠶ᠃

ᠶᠠᠰᠤ ᠱᠢᠷᠪᠥᠰᠥ᠎ᠶ᠋ᠢ ᠴᠢᠩᠭᠠᠷᠠᠭᠤᠯᠵᠤ᠂ ᠠᠵᠤ ᠠᠬᠤᠶ᠎ᠶ᠋ᠢᠨ ᠰᠠᠭᠤᠷᠢ ᠵᠢ ᠪᠠᠳᠤᠳᠬᠠᠨ ᠪᠡᠬᠢᠵᠢᠭᠦᠯᠦᠨ᠎ᠠ

ᠨᠢᠭᠡ ᠤᠯᠤᠰ᠎ᠤᠨ ᠦᠷᠢᠰᠦᠯᠳᠦᠬᠦ᠌ ᠬᠦᠴᠦᠨ ᠨᠢ ᠦᠢᠯᠡᠳᠬᠦ᠌ ᠦᠢᠯᠡᠰ᠎ᠦᠨ ᠬᠢᠷᠢ ᠲᠦᠪᠱᠢᠨ᠎ᠳᠦ ᠮᠠᠰᠢ ᠶᠡᠬᠡ ᠬᠡᠮᠵᠢᠶ᠎ᠡ᠎ᠪᠡᠷ ᠢᠯᠡᠷᠡᠵᠦ᠍ ᠪᠠᠢᠳᠠᠭ᠃ ᠦᠢᠯᠡᠳᠬᠦ᠌ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ 《ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌》 ᠎ᠶ᠋ᠢ ᠲᠣᠳᠣᠷᠬᠠᠢᠯᠠᠭ᠍ᠰᠠᠨ ᠡᠴᠡ ᠠᠪᠤᠭᠠᠳ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ 《ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌》 ᠶ᠋ᠢ ᠳᠤᠷᠠᠳᠤᠭ᠍ᠰᠠᠨ ᠬᠦᠷᠲᠡᠯ᠎ᠡ᠂ ᠳᠠᠬᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ 《ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠎ᠢ ᠲᠦᠷᠭᠡᠳᠭᠡᠨ ᠪᠦᠲᠦᠭᠡᠨ ᠪᠠᠢᠭᠤᠯᠬᠤ》 ᠲᠤᠬᠠᠢ ᠪᠠᠢᠷᠢᠯᠠᠭᠤᠯᠤᠭ᠍ᠰᠠᠨ ᠬᠦᠷᠲᠡᠯ᠎ᠡ᠂ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠠᠭᠠᠷᠳᠠᠯᠭ᠎ᠠ᠎ᠶ᠋ᠢ ᠢᠮᠠᠭ᠍ᠲᠠ ᠲᠤᠭᠤᠱᠢᠯᠠᠭᠤᠯᠵᠤ᠂ ᠠᠯᠬᠤᠮ ᠠᠯᠬᠤᠮ᠎ᠢᠶᠠᠷ ᠭᠦᠨᠵᠡᠭᠡᠢᠷᠡᠭᠦᠯᠪᠡ᠃

ᠰᠤᠷᠪᠤᠯᠵᠢᠯᠠᠭ᠍ᠴᠢ ᠪᠠᠢᠴᠠᠭᠠᠨ ᠰᠤᠳᠤᠯᠬᠤ ᠳᠤᠮᠳᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠤᠵᠠᠭᠠᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ ᠪᠠᠢᠬᠤ᠎ᠶ᠋ᠢ ᠣᠢᠯᠠᠭᠠᠪᠠ᠃

 ᠨᠠᠷᠢᠨ ᠰᠢᠨᠵᠢᠯᠡᠪᠡᠯ᠂ ᠮᠠᠨ᠎ᠤ ᠤᠯᠤᠰ᠎ᠤᠨ ᠦᠢᠯᠡᠳᠬᠦ᠌ ᠦᠢᠯᠡᠰ ᠶᠡᠷᠦᠩᠬᠡᠢ᠎ᠳᠡᠭᠡᠨ ᠶᠡᠬᠡ ᠪᠣᠯᠪᠠᠴᠤ᠌ ᠬᠦᠴᠦᠷᠬᠡᠭ ᠪᠢᠰᠢ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠂ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ᠂ ᠠᠵᠤ ᠦᠢᠯᠡᠰ᠎ᠦᠨ ᠪᠦᠲᠦᠴᠡ᠎ᠶ᠋ᠢᠨ ᠲᠦᠪᠱᠢᠨ ᠵᠡᠷᠭᠡ᠎ᠶ᠋ᠢ ᠳᠡᠭᠡᠭ᠌ᠰᠢᠯᠡᠭᠦᠯᠬᠦ᠌ ᠴᠢᠬᠤᠯᠠᠲᠠᠢ ᠪᠠᠢᠵᠤ᠂ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠭᠣᠣᠯᠯᠠᠭ᠍ᠴᠢ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠬᠡᠨ ᠪᠠᠢᠭᠤᠯᠬᠤ ᠴᠢᠬᠤᠯᠠᠲᠠᠢ ᠪᠠᠢᠨ᠎ᠠ᠃

《ᠴᠠᠩ ᠧ》 ᠰᠠᠷᠠᠨ ᠳ᠋ᠤ ᠭᠠᠷᠴᠤ᠂ 《ᠲᠢᠶᠠᠨ ᠡᡁᠸ》 ᠰᠠᠨᠰᠠᠷ ᠲᠤ᠌ ᠰᠠᠭᠤᠵᠤ᠂ 《ᠳᠣᠬᠢᠭᠤᠷ ᠲᠤᠯᠤᠭᠠᠨ ᠤᠳᠤ》 ᠲᠤᠤᠷ᠎ᠢ ᠪᠦᠷᠢᠯᠳᠦᠬᠦᠯᠵᠤ᠂ 504 ᠵᠦᠢᠯ᠎ᠦᠨ ᠭᠣᠣᠯ ᠪᠣᠯᠬᠤ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠳᠣᠲᠣᠷᠠᠬᠢ ᠣᠯᠠᠩᠬᠢ ᠨᠢ ᠳᠡᠯᠡᠬᠡᠢ᠎ᠶ᠋ᠢᠨ ᠨᠢᠭᠡᠳᠦᠭᠡᠷ᠎ᠲᠦ ᠣᠷᠣᠵᠤ᠂ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠠ᠎ᠶ᠋ᠢᠨ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ ᠁ ᠡᠢᠮᠦᠷᠬᠦᠦ ᠬᠦᠴᠦᠷᠬᠡᠭ ᠶᠡᠬᠡ 《ᠪᠤᠳᠠᠳᠤ ᠬᠦᠴᠦᠨ》 ᠳ᠋ᠤ ᠲᠦᠱᠢᠭ᠌ᠯᠡᠨ᠂ ᠮᠠᠨ᠎ᠤ ᠤᠯᠤᠰ᠎ᠤᠨ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠳᠡᠭ 16 ᠵᠢᠯ ᠳᠠᠷᠠᠭᠠᠯᠠᠨ ᠳᠡᠯᠡᠬᠡᠢ᠎ᠳᠦ ᠲᠦᠷᠦᠬᠦᠯᠡᠵᠤ᠂ ᠡᠷᠢᠨ ᠵᠠᠭᠤᠨ ᠳ᠋ᠤ ᠳᠤᠬᠢᠶᠠᠯᠳᠤᠭ᠎ᠠ ᠦᠭᠡᠢ ᠬᠢᠵᠢᠭ᠎ᠦᠨ ᠪᠠᠢᠳᠠᠯ᠎ᠢ ᠠᠷᠭᠠᠴᠠᠭᠠᠵᠤ᠂ ᠠᠯᠢ ᠤᠯᠠᠨ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠠᠷᠢᠯᠭᠠᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃

ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠬᠦᠴᠦᠨ᠎ᠢ ᠲᠠᠪᠳᠠᠨ ᠪᠣᠯᠪᠠᠰᠤᠷᠠᠭᠤᠯᠤᠨ᠎ᠠ

ᠣᠳᠣᠬᠠᠨ᠎ᠳᠤ᠂ ᠪᠡᠭᠡᠵᠢᠩ᠎ᠦᠨ ᠢ ᠵᠤᠸᠠᠩ᠎ᠳᠤ᠂ ᠬᠥᠮᠦᠨ ᠲᠦᠷᠰᠦᠳᠤ ᠮᠠᠱᠢᠨ ᠬᠥᠮᠦᠨ ᠶᠠᠭ ᠬᠠᠭᠠᠰ ᠵᠠᠢ ᠵᠢᠨ ᠮᠠᠷᠠᠰᠤᠨ ᠤᠷᠤᠯᠳᠤᠭᠠᠨ᠎ᠳᠤ ᠪᠡᠯᠡᠳᠭᠡᠵᠦ᠍ ᠪᠠᠢᠨ᠎ᠠ᠃ ᠡᠨᠡ ᠵᠢᠯ ᠴᠥᠭᠡᠨ ᠪᠤᠰᠤ 《ᠲᠠᠮᠢᠷᠴᠢᠨ》 ᠤ᠋ ᠬᠤᠷᠳᠤᠴᠠ ᠰᠧᠺᠦ᠋ᠨ᠋ᠳ᠋ ᠪᠦᠷᠢ 6 ᠮᠧᠲ᠋ᠷ᠎ᠲᠦ ᠬᠦᠷᠴᠦ᠍᠂ ᠬᠤᠷᠳᠤᠴᠠ ᠨᠢ ᠲᠤᠰᠬᠠᠢ ᠮᠡᠷᠭᠡᠵᠢᠯ᠎ᠦᠨ ᠲᠠᠮᠢᠷᠴᠢᠨ᠎ᠤ ᠬᠢᠷᠢ ᠲᠦᠪᠱᠢᠨ᠎ᠲᠡᠶ ᠲᠡᠩᠴᠡᠪᠡ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠬᠥᠮᠦᠨ᠎ᠲᠥᠷᠰᠦᠲᠦ ᠮᠠᠱᠢᠨ ᠬᠥᠮᠦᠨ᠎ᠢᠶᠡᠷ ᠲᠥᠯᠥᠭᠡᠯᠡᠭᠦᠯᠦᠭ᠌ᠰᠡᠨ ᠤᠶᠤᠨᠲᠤ ᠮᠠᠱᠢᠨ ᠬᠥᠮᠦᠨ ᠶᠠᠪᠤᠬᠤ ᠲᠤᠲᠤᠮ 《ᠲᠦᠷᠭᠡᠨ》 ᠬᠦᠭᠵᠢᠵᠦ᠂ ᠶᠠᠪᠤᠬᠤ ᠲᠤᠲᠤᠮ 《ᠪᠤᠯᠪᠠᠰᠤᠷᠠᠨᠭᠭᠤᠢ》 ᠪᠣᠯᠵᠣ᠂ ᠳᠤᠮᠳᠠᠳᠤ ᠤᠯᠤᠰ᠎ᠤᠨ ᠦᠶ᠋ᠯᠡᠳᠬᠦ᠌ ᠦᠶ᠋ᠯᠡᠰ᠎ᠦᠨ 《ᠥᠨᠳᠥᠷ᠎ᠲᠦ ᠠᠪᠠᠷᠢᠵᠤ ᠪᠠᠢᠬᠰᠠᠨ》 ᠡᠴᠡ ᠲᠠᠰᠤᠷᠠᠯᠳᠠ ᠦᠬᠡᠢ 《ᠱᠢᠨ᠎ᠡ》 ᠳᠠᠢᠰᠢ ᠤᠷᠤᠭ᠍ᠰᠢᠯᠠᠬᠤ ᠳᠦᠷᠢ ᠪᠠᠢᠳᠠᠯ᠎ᠢ ᠲᠤᠰᠭᠠᠪᠠ᠃

ᠦᠢᠯᠡᠳᠬᠦ᠌ ᠦᠢᠯᠡᠰ᠎ᠦᠨ ᠭᠣᠣᠯᠳᠠᠯᠭ᠎ᠠ ᠪᠣᠯ ᠱᠢᠨ᠎ᠡ᠎ᠶ᠋ᠢ ᠡᠭᠦᠳᠴᠦ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠢ ᠡᠵᠡᠮᠱᠢᠬᠦ᠌ ᠶᠠᠪᠤᠳᠠᠯ ᠪᠣᠯᠤᠨ᠎ᠠ᠃

ᠪᠡᠭᠡᠵᠢᠩ ᠲᠦᠷᠦᠭᠦᠦ ᠪᠦᠯᠦᠭ᠎ᠦᠨ 50 ᠦᠶ᠋ᠯᠡᠳᠬᠦ᠌ ᠦᠶ᠋ᠯᠡᠰ᠎ᠦᠨ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨ᠎ᠡ ᠲᠤᠷᠱᠢᠠ ᠦᠢᠯᠡᠳᠬᠦ ᠲᠠᠪᠴᠠᠩ᠎ᠢ ᠨᠡᠭᠡᠭᠡᠪᠡ;  ᠵᠢᠶᠠᠩᠰᠦ ᠮᠤᠵᠢ ᠪᠠᠰᠠ ᠨᠢᠭᠡ ᠪᠦᠯᠦᠭ ᠳᠡᠭᠡᠳᠦ ᠲᠡᠰ᠎ᠤᠨ ᠦᠢᠯᠡᠳᠬᠦ᠌ ᠦᠢᠯᠡᠰ᠂ ᠲᠡᠷᠢᠭᠦᠨ᠎ᠦ ᠮᠠᠲ᠋ᠧᠷᠢᠶᠠᠯ ᠵᠡᠷᠭᠡ ᠮᠤᠵᠢ᠎ᠶ᠋ᠢᠨ ᠲᠡᠰ᠎ᠤᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠪᠠᠢᠭᠤᠯᠬᠤ᠎ᠶ᠋ᠢ ᠳᠡᠮᠵᠢᠬᠦ᠌᠎ᠪᠡᠷ ᠲᠥᠯᠥᠪᠯᠡᠵᠦ᠍ ᠪᠠᠢᠨ᠎ᠠ; ᠱᠠᠨᠳᠦ᠋ᠩ ᠮᠤᠵᠢ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠠᠵᠤ ᠦᠢᠯᠡᠳᠪᠦᠷᠢ᠎ᠶ᠋ᠢ ᠨᠢᠭᠡ ᠴᠤᠬ᠍ᠴᠠᠵᠢᠭᠤᠯᠬᠤ》 ᠠᠵᠢᠯᠯᠠᠭᠠᠨ᠎ᠤ ᠲᠥᠰᠦᠯ᠎ᠢ ᠨᠡᠢᠲᠡᠯᠡᠵᠦ᠍᠂ ᠴᠢᠨᠠᠷ ᠰᠠᠢᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠩᠭᠠᠯᠭ᠎ᠠ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠴᠢᠳᠠᠪᠤᠷᠢᠲᠠᠨ᠎ᠤ ᠲᠤᠯᠭᠠᠭᠤᠷᠢᠯᠠᠯ ᠵᠡᠷᠭᠡ᠎ᠶ᠋ᠢ ᠴᠢᠩᠭᠠᠳᠭᠠᠪᠠ ᠁ 

ᠡᠨᠡ ᠵᠢᠯ᠎ᠦᠨ ᠲᠦᠷᠦᠭᠦᠦ 2 ᠰᠠᠷ᠎ᠠ᠎ᠳᠤ᠂ ᠪᠥᠬᠥ᠌ ᠤᠯᠤᠰ᠎ᠤᠨ ᠬᠡᠪᠴᠢᠶᠡᠵᠢᠯ᠎ᠡᠴᠡ ᠳᠡᠭᠡᠭ᠌ᠰᠢᠬᠢ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 13.1% ᠎ᠪᠠᠷ ᠨᠡᠮᠡᠭ᠌ᠳᠡᠵᠦ᠍᠂ ᠲᠣᠨᠣᠭᠯᠠᠯ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 9.3% ᠎ᠪᠠᠷ ᠨᠡᠮᠡᠭ᠌ᠳᠡᠪᠡ; 《ᠵᠣᠬᠢᠶᠠᠮᠠᠯ ᠣᠶᠤᠨ ᠴᠢᠳᠠᠪᠤᠷᠢ + ᠦᠶ᠋ᠯᠡᠳᠬᠦ᠌ ᠦᠢᠯᠡᠰ》 ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠦᠶ᠋ᠯᠡᠳᠬᠦ᠌ ᠦᠶ᠋ᠯᠡᠰ᠎ᠦᠨ ᠠᠵᠤ ᠠᠬᠤᠢᠯᠠᠯ᠎ᠤᠨ ᠬᠢᠨ᠎ᠤ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠦᠨ ᠬᠡᠷᠡᠭ᠌ᠯᠡᠭᠡᠨ᠎ᠢ ᠲᠦᠭᠡᠮᠡᠯᠵᠢᠭᠦᠯᠦᠭᠰᠡᠨ ᠨᠣᠷᠮ᠎ᠠ 30% ᠵᠢ ᠳᠠᠪᠠᠪᠠ; ᠪᠥᠬᠥ᠌ ᠤᠯᠤᠰ᠎ᠲᠤ ᠪᠣᠬᠢᠷᠲᠤᠯ ᠥᠬᠡᠶ ᠦᠶ᠋ᠯᠡᠳᠪᠦᠷᠢ᠎ᠶ᠋ᠢ ᠨᠡᠢᠲᠡ 8336 ᠪᠣᠢᠵᠢᠭᠤᠯᠪᠠ ᠁

ᠳᠡᠭᠡᠳᠦ ᠲᠡᠰ᠎ᠢᠶᠠᠷ ᠤᠳᠤᠷᠢᠳᠤᠮᠵᠢ ᠪᠣᠯᠭᠠᠵᠤ᠂ ᠤᠶᠤᠨᠴᠢ᠎ᠪᠠᠷ ᠬᠥᠳᠡᠯᠭᠡᠭᠦᠷ ᠪᠣᠯᠭᠠᠵᠤ᠂ ᠪᠣᠬᠢᠷᠲᠤᠯ ᠦᠭᠡᠢ ᠪᠠᠢᠬᠤ᠎ᠪᠠᠷ ᠳᠡᠪᠢᠰᠭᠡᠷ ᠦᠩᠭᠡ ᠪᠣᠯᠭᠠᠵᠤ᠂ ᠠᠭᠤᠰᠤᠯᠴᠠᠯ᠎ᠢᠶᠠᠷ ᠠᠷᠭ᠎ᠠ ᠵᠠᠮ ᠪᠣᠯᠭᠠᠭᠰᠠᠨ ᠨᠢᠭᠡ ᠤᠳᠠᠭ᠎ᠠ᠎ᠶ᠋ᠢᠨ ᠱᠢᠨ᠎ᠡ ᠬᠤᠪᠢᠰᠤᠯᠲᠠ ᠨᠢ ᠳᠤᠮᠳᠠᠳᠤ ᠤᠯᠤᠰ᠎ᠤᠨ ᠦᠢᠯᠡᠳᠬᠦ ᠦᠢᠯᠡᠰ᠎ᠦᠨ ᠱᠢᠨ᠎ᠡ ᠳᠠᠪᠠᠭᠤᠯᠢᠭ᠎ᠢ ᠭᠦᠨᠵᠡᠭᠡᠢ ᠪᠤᠢ ᠪᠤᠯᠭᠠᠵᠤ ᠪᠤᠢ᠃

ᠪᠠᠢᠷᠢᠱᠢᠯ᠎ᠢ ᠳᠠᠬᠢᠨ ᠴᠤᠬᠴᠠᠯᠠᠵᠤ᠂ ᠠᠵᠤ ᠦᠶ᠋ᠯᠡᠰ᠎ᠦᠨ ᠱᠢᠨ᠎ᠡ ᠣᠷᠣᠨ ᠵᠠᠶ᠎ᠶ᠋ᠢ ᠥᠷᠭᠡᠳᠭᠡᠨ᠎ᠠ

ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ ᠪᠣᠯ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃

 ᠣᠳᠣᠬᠠᠨ᠎ᠳᠤ᠂ ᠮᠠᠨ᠎ᠤ ᠤᠯᠤᠰ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠤᠤᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ ᠵᠡᠷᠭᠡ᠎ᠶ᠋ᠢᠨ ᠭᠦᠨᠵᠡᠭᠡᠶ ᠠᠭᠤᠰᠤᠯᠴᠠᠯ᠎ᠢ ᠯᠠᠪᠳᠠᠭᠤᠨ᠎ᠢᠶᠠᠷ ᠠᠬᠢᠭᠤᠯᠵᠤ᠂ ᠳᠤᠮᠳᠠᠳᠤ ᠤᠯᠤᠰ᠎ᠤᠨ ᠦᠶ᠋ᠯᠡᠳᠬᠦ᠌ ᠦᠶ᠋ᠯᠡᠰ᠎ᠦᠨ ᠵᠢᠷᠤᠭ ᠲᠥᠰᠦᠪ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠱᠢᠨ᠎ᠡ ᠣᠷᠣᠨ ᠵᠠᠶ᠎ᠶ᠋ᠢ ᠦᠷᠭᠦᠯᠵᠢᠯᠡᠨ ᠨᠡᠭᠡᠭᠡᠵᠦ᠍᠂ ᠱᠢᠨ᠎ᠡ ᠠᠮᠢᠳᠤᠯᠢᠭ ᠬᠦᠴᠦᠨ᠎ᠢ ᠬᠥᠭ᠌ᠵᠢᠭᠡᠵᠦ᠍ ᠪᠠᠢᠨ᠎ᠠ᠃

ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠣᠨᠴᠠᠯᠢᠭ᠍ᠲᠤ ᠪᠦᠯᠦᠭᠵᠢᠯ᠎ᠢ ᠪᠣᠶ ᠪᠣᠯᠭᠠᠪᠠ᠃ ᠲᠡᠮᠡᠬᠡᠳᠦ ᠤᠷᠳᠤᠰ ᠨᠢᠩ ᠳ᠋ᠦᠩ᠎ᠤᠨ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭᠵᠢᠯ ᠨᠢ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠪᠠ; ᠬᠤᠨᠠᠨ᠎ᠤ ᠴᠠᠩᠱᠠ᠎ᠶ᠋ᠢᠨ ᠢᠨᠵᠧᠨᠧᠷᠢᠩ᠎ᠤᠨ ᠮᠠᠱᠢᠨ ᠮᠧᠬᠠᠨᠢᠭ᠎ᠤᠨ ᠪᠦᠯᠦᠭᠵᠢᠯ ᠨᠢ ᠪᠦᠬᠦ᠌ ᠪᠥᠮᠪᠥᠷᠴᠡᠭ᠎ᠦᠨ ᠢᠨᠵᠧᠨᠧᠷᠢᠩ᠎ᠤᠨ 50 ᠬᠦᠴᠦᠷᠬᠡᠭ ᠠᠵᠤ ᠠᠬᠤᠢᠯᠠᠯ᠎ᠤᠳ᠎ᠢ ᠴᠤᠭ᠍ᠯᠠᠭᠤᠯᠵᠤ᠂ ᠳᠡᠭᠡᠳᠦ ᠲᠡᠰ᠎ᠤᠨ ᠲᠣᠨᠣᠭᠯᠠᠯ᠎ᠤᠨ ᠬᠦᠷᠢᠶᠡᠨ᠎ᠳᠦ ᠦᠷᠭᠦᠯᠵᠢᠯᠡᠨ ᠮᠡᠷᠭᠡᠵᠢᠯ᠎ᠦᠨ ᠱᠢᠪᠲᠤᠯᠤᠯᠲᠠ ᠬᠢᠪᠠ ᠁

ᠦᠢᠯᠡᠳᠬᠦ᠌ ᠦᠢᠯᠡᠰ ᠮᠠᠨᠳᠤᠪᠠᠯ ᠠᠵᠤ ᠠᠬᠤᠢ ᠮᠠᠨᠳᠤᠵᠤ᠂ ᠤᠯᠤᠰ ᠣᠷᠣᠨ ᠬᠦᠴᠦᠷᠬᠡᠭ᠌ᠵᠢᠨ᠎ᠡ᠃

ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ᠄ 《ᠳᠤᠮᠳᠠᠳᠤ ᠤᠯᠤᠰ ᠡᠢᠮᠦ᠍ ᠶᠡᠬᠡ᠂ ᠪᠢᠳᠡ ᠡᠷᠬᠡᠪᠰᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌ ᠬᠡᠷᠡᠭ᠌ᠲᠡᠢ᠂ ᠨᠢᠭᠡ ᠲᠠᠯ᠎ᠠ ᠨᠢᠭᠡ ᠬᠦᠷᠢᠶ᠎ᠡ᠎ᠴᠠᠷᠠᠭ᠎ᠠ ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠠᠮᠤ ᠪᠤᠳᠠᠭ᠎ᠠ ᠲᠠᠢ ᠠᠳᠠᠯᠢ᠎ᠪᠡᠷ᠂ ᠳᠤᠮᠳᠠᠳᠤ ᠤᠯᠤᠰ᠎ᠤᠨ ᠠᠶᠠᠭᠠᠨ᠎ᠳᠤ ᠡᠷᠬᠡᠪᠰᠢ ᠳᠤᠮᠳᠠᠳᠤ ᠤᠯᠤᠰ᠎ᠤᠨ ᠠᠮᠤ ᠪᠤᠳᠠᠭ᠎ᠠ ᠪᠠᠢᠬᠤ ᠬᠡᠷᠡᠭ᠌ᠲᠡᠢ᠂ ᠡᠷᠬᠡᠪᠰᠢ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠬᠦ᠌ ᠬᠡᠷᠡᠭ᠌ᠲᠡᠢ》 ᠭᠡᠵᠦ ᠳᠠᠬᠢᠨᠲᠠ ᠴᠢᠬᠤᠯᠠᠴᠢᠯᠠᠪᠠ᠃

ᠢᠷᠡᠭᠡᠳᠦᠢ᠎ᠶ᠋ᠢ ᠪᠠᠷᠠᠯᠠᠬᠤᠶ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ ᠪᠣᠯᠤᠨ ᠦᠢᠯᠡᠳᠬᠦ᠌ ᠦᠢᠯᠡᠰ᠎ᠦᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠤᠯᠠᠨ ᠤᠯᠤᠰ᠎ᠤᠨ ᠥᠷᠢᠰᠥᠯᠳᠦᠭᠡᠨ᠎ᠦ ᠳᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠤᠨ᠎ᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 4 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号