ᠤᠢ᠍ᠢᠷ᠎ᠡ᠎ᠶ᠋ᠢᠨ ᠡᠳᠦᠷ᠂ ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠹᠸᠩ ᠬᠤᠸᠠᠩ ᠯᠢᠩ ᠵᠡᠭᠡᠯᠢ ᠭᠤᠳᠤᠮᠵᠢ᠎ᠶ᠋ᠢᠨ ᠾᠧ ᠫᠢᠩ ᠨᠡᠢᠭᠡᠮ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠳᠦ᠂ 《ᠵᠠᠯᠠᠭᠤᠴᠤᠳ ᠪᠠᠭᠠᠴᠤᠳ ᠪᠢᠷ ᠪᠡᠭᠡᠰ ᠬᠤᠷᠴᠠᠯᠠᠨ ᠤᠷᠢᠬᠠᠨ ᠬᠠᠪᠤᠷ ᠢ᠋ ᠤᠶᠠᠩᠭᠠᠯᠠᠵᠤ᠂ ᠤᠷᠠᠨ ᠪᠢᠴᠢᠯᠭᠡ᠎ᠪᠡᠷ ᠬᠦᠰᠡᠯᠵᠦᠡᠭᠨᠡᠯ ᠢ᠋ ᠲᠦᠮᠡᠨ ᠡᠷᠦᠬᠡ᠎ᠳ᠋ᠤ ᠬᠦᠷᠭᠡᠭᠦ》 ᠭᠣᠣᠯ ᠰᠡᠳᠦᠪᠲᠦ ᠠᠵᠢᠯᠯᠠᠭ᠎ᠠ ᠬᠦᠷ ᠬᠥᠭ᠌ᠵᠢᠶᠡᠨᠲᠡᠢ ᠶᠠᠪᠤᠭ᠍ᠳᠠᠪᠠ᠃
ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ᠂ ᠬᠡᠦᠬᠡᠳ᠎ᠦᠳ ᠤᠷᠠᠨ ᠪᠢᠴᠢᠯᠭᠡ᠎ᠶ᠋ᠢᠨ ᠪᠠᠭ᠍ᠰᠢ᠎ᠶ᠋ᠢᠨ ᠵᠢᠯᠣᠭᠣᠳᠣᠯᠭ᠎ᠠ ᠳᠤᠤᠷ᠎ᠠ ᠴᠠᠭᠠᠰᠤ ᠳᠡᠯᠭᠡᠵᠦ᠂ ᠪᠢᠷ ᠠᠳᠭᠤᠨ᠂ ᠪᠡᠬᠡ ᠳᠦᠷᠦᠵᠦ᠍ ᠨᠠᠷᠢᠨ ᠬᠢᠨᠠᠮᠠᠭᠠᠶ ᠪᠢᠴᠢᠨ᠎ᠠ᠃ 《ᠬᠠᠪᠤᠷ ᠰᠠᠭᠠᠲᠠᠵᠦ ᠦᠩᠭᠡ᠎ᠶ᠋ᠢᠨ ᠴᠡᠴᠡᠭ ᠮᠢᠷᠠᠯᠵᠠᠨ ᠳᠡᠯᠭᠡᠷᠡᠨᠡᠮ᠂ ᠪᠤᠶᠠᠨ ᠬᠡᠱᠢᠭ ᠲᠤᠬᠳᠠᠵᠤ ᠲᠦᠮᠡᠨ ᠠᠷᠠᠳ ᠪᠠᠶᠠᠰᠤᠨᠠᠮ》 ᠁ ᠭᠤᠢᠳᠠ ᠰᠠᠢ᠌ᠬᠠᠨ ᠤᠷᠠᠨ ᠪᠢᠴᠢᠯᠭᠡ ᠨᠢ ᠵᠠᠯᠠᠭᠤᠴᠤᠳ ᠪᠠᠭᠠᠴᠤᠳ᠎ᠤᠨ ᠰᠠᠢᠨ ᠰᠠᠢᠬᠠᠨ ᠬᠦᠰᠡᠯ ᠵᠦᠩᠨᠡᠯᠢ ᠢᠯᠡᠳᠭᠡᠭᠰᠡᠨ ᠵᠢᠡᠷ ᠪᠠᠷᠠᠬᠤ ᠦᠭᠡᠢ ᠂ ᠨᠡᠩ ᠴᠤ᠌ ᠬᠡᠦᠬᠡᠳ᠎ᠦᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠱᠢᠭ᠌ᠰᠡᠨᠢ ᠬᠠᠷᠠᠭᠤᠯᠵᠤ ᠪᠤᠢ᠃
ᠤᠳᠤ 《ᠳᠤᠮᠳᠠᠳᠤ ᠤᠯᠤᠰ᠎ᠤᠨ ᠤᠷᠠᠨ ᠪᠢᠴᠢᠯᠭᠡ᠎ᠶ᠋ᠢᠨ ᠬᠤᠳᠠ》ᠬᠡᠮᠡᠭᠳᠡᠭᠰᠡᠨ ᠦᠬᠠᠢ ᠬᠤᠳᠠ᠎ᠳᠤ ᠤᠷᠠᠨ ᠪᠢᠴᠢᠯᠭᠡ ᠨᠢᠭᠡᠨᠲᠡ ᠳᠤᠮᠳᠠᠳᠤ᠎ᠶ᠋ᠢᠨ ᠰᠣᠶᠣᠯ᠎ᠢ ᠤᠯᠠᠮᠵᠢᠯᠠᠬᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠌ ᠴᠢᠬᠤᠯᠠ ᠠᠴᠢᠶᠠᠯᠠᠪᠤᠷᠢ ᠪᠣᠯᠵᠠᠢ᠃ ᠪᠠᠢᠭᠤᠯᠭ᠎ᠠ ᠨᠢᠭᠡᠴᠢ᠎ᠠᠴᠠ ᠨᠡᠢᠭᠡᠮ ᠲᠣᠭᠣᠷᠢᠭ ᠬᠦᠷᠲᠡᠯ᠎ᠡ᠂ ᠲᠠᠷᠢᠶᠠᠯᠠᠬᠤ ᠣᠷᠣᠨ᠎ᠠᠴᠠ ᠠᠵᠤ ᠠᠬᠤᠢᠯᠠᠯ ᠬᠦᠷᠲᠡᠯ᠎ᠡ᠂ ᠰᠣᠶᠣᠯ᠎ᠤᠨ ᠬᠦᠳᠡᠯᠭᠡᠭᠡᠨ᠎ᠤ ᠭᠡᠷ᠎ᠲᠦ ᠬᠥᠮᠦᠰ ᠤᠷᠠᠨ ᠪᠢᠴᠢᠯᠭᠡ ᠪᠡᠷ ᠠᠴᠢᠶᠠᠯᠠᠪᠤᠷᠢ ᠪᠤᠯᠭᠠᠨ ᠨᠠᠢᠵᠠᠯᠠᠨ ᠲᠠᠨᠢᠯᠴᠠᠬᠤ ᠦᠵᠡᠭ᠌ᠳᠡᠯ ᠵᠦᠡᠭᠳᠡᠭᠡᠨ ᠬᠠᠷᠠᠭ᠍ᠳᠠᠨ᠎ᠠ᠃
ᠣᠢᠷ᠎ᠠ᠎ᠶ᠋ᠢᠨ ᠵᠢᠯ᠎ᠳᠦ᠂ ᠦᠬᠠᠶ ᠬᠣᠲᠠ ᠤᠷᠠᠨ ᠪᠢᠴᠢᠯᠭᠡ ᠵᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠤᠷᠠᠨ ᠪᠢᠴᠢᠯᠭᠡ᠎ᠵᠢ ᠨᠡᠢᠭᠡᠮ ᠲᠣᠭᠣᠷᠢᠭ᠎ᠲᠤ ᠣᠷᠣᠭᠤᠯᠬᠤ᠂ ᠤᠷᠠᠨ ᠪᠢᠴᠢᠯᠭᠡ ᠵᠢ ᠪᠠᠢᠭᠤᠯᠭ᠎ᠠ᠎ᠳᠤ ᠣᠷᠣᠭᠤᠯᠬᠤ᠂ ᠤᠷᠠᠨ ᠪᠢᠴᠢᠯᠭᠡ᠎ᠵᠢ ᠠᠵᠤ ᠠᠬᠤᠢᠯᠠᠯ᠎ᠳᠤ ᠣᠷᠣᠭᠤᠯᠬᠤ᠂ ᠤᠷᠠᠨ ᠪᠢᠴᠢᠯᠭᠡ᠎ᠵᠢ ᠴᠡᠷᠢᠭ᠎ᠦᠨ ᠬᠤᠸᠠᠷᠠᠨ᠎ᠳᠤ ᠣᠷᠣᠭᠤᠯᠬᠤ 《ᠤᠷᠠᠨ ᠪᠢᠴᠢᠯᠭᠡ᠎ᠶ᠋ᠢ ᠲᠠᠪᠤ ᠳ᠋ᠤ ᠣᠷᠣᠭᠤᠯᠬᠤ》ᠢᠨᠵᠧᠨᠧᠷᠢᠩ᠎ᠢ ᠪᠥᠬᠥ᠌ ᠲᠠᠯ᠎ᠠ᠎ᠪᠠᠷ ᠠᠬᠢᠭᠤᠯᠪᠠ᠃ 《ᠪᠥᠬᠥ᠌ ᠠᠷᠠᠳ᠎ᠤᠨ ᠤᠷᠠᠨ ᠪᠢᠴᠢᠯᠭᠡ᠎ᠶ᠋ᠢᠨ ᠤᠷᠤᠯᠳᠤᠭᠠᠨ》᠂ 《ᠬᠠᠲᠤᠨ ᠭᠤᠤᠯ᠎ᠤᠨ ᠭᠡᠷᠡᠯᠲᠦ ᠰᠤᠪᠤᠳ·ᠦᠬᠠᠶ᠎ᠶ᠋ᠢᠨ ᠤᠷᠠᠨ ᠪᠢᠴᠢᠯᠭᠡ᠎ᠶ᠋ᠢᠨ ᠤᠷᠠᠯᠢᠭ᠎ᠤᠨ ᠨᠠᠢᠷ》᠂ 《ᠬᠣᠲᠠ᠎ᠶ᠋ᠢᠨ ᠳᠠᠷᠤᠭ᠎ᠠ ᠬᠤᠨᠳᠠᠭᠠᠲᠤ·ᠰᠤᠷᠭᠠᠭᠤᠯᠢ᠎ᠶ᠋ᠢᠨ ᠬᠦᠷᠢᠶᠡᠨ᠎ᠦ ᠤᠷᠠᠨ ᠪᠢᠴᠢᠯᠭᠡ᠎ᠶ᠋ᠢᠨ ᠤᠷᠤᠯᠳᠤᠭᠠᠨ》 ᠵᠡᠷᠭᠡ ᠨᠠᠷᠠᠲᠤ ᠲᠥᠷᠥᠯ ᠲᠡᠮᠳᠡᠭ᠌ᠳᠦ ᠠᠵᠢᠯᠯᠠᠭ᠎ᠠ᠎ᠶ᠋ᠢ ᠵᠠᠯᠭᠠᠭ᠎ᠠ ᠪᠡᠷ ᠡᠷᠬᠢᠯᠡᠵᠦ᠂ ᠣᠲᠣ ᠦᠶ᠎ᠡ᠎ᠶ᠋ᠢᠨ ᠳᠤᠮᠳᠠᠳᠤ ᠤᠯᠤᠰ᠎ᠤᠨ ᠤᠷᠠᠨ ᠪᠢᠴᠢᠯᠭᠡ᠎ᠶ᠋ᠢᠨ ᠤᠷᠠᠯᠢᠭ᠎ᠤᠨ ᠣᠷᠳᠣᠨ᠂ ᠤᠷᠠᠨ ᠪᠢᠴᠢᠯᠭᠡ᠎ᠶ᠋ᠢᠨ ᠠᠭᠤᠳᠠᠮ ᠲᠠᠯᠠᠪᠠᠶ ᠵᠡᠷᠭᠡ ᠪᠡᠯᠭᠡ ᠲᠡᠮᠳᠡᠭ᠎ᠦᠨ ᠴᠢᠨᠠᠷᠲᠠᠶ ᠲᠦᠭᠦᠭᠡᠷᠦᠮᠵᠢᠳᠦ ᠲᠦᠱᠢᠭ᠌ᠯᠡᠨ᠂ ᠬᠣᠲᠠ ᠬᠥᠳᠡᠭᠡ᠎ᠶ᠋ᠢ ᠬᠠᠮᠤᠷᠤᠭ᠍ᠰᠠᠨ᠂ ᠪᠥᠬᠥ᠌ ᠠᠷᠠᠳ᠎ᠢᠶᠠᠷ᠎ᠢᠶᠠᠨ ᠣᠷᠣᠯᠴᠠᠭ᠍ᠰᠠᠨ ᠤᠷᠠᠨ ᠪᠢᠴᠢᠯᠭᠡ᠎ᠶ᠋ᠢᠨ ᠰᠣᠶᠣᠯ᠎ᠤᠨ ᠠᠮᠢ ᠠᠬᠤᠶ᠎ᠶ᠋ᠢ ᠪᠤᠢ ᠪᠤᠯᠭᠠᠪᠠ᠃
ᠰᠤᠷᠭᠠᠭᠤᠯᠢ ᠵᠢᠨ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠎ᠨᠢ ᠨᠡᠩ ᠴᠸ᠋ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠵᠠᠩᠭᠢᠯᠠᠭ᠎ᠠ᠎ᠶ᠋ᠢᠨ ᠭᠠᠷᠳᠠᠴᠠ ᠪᠣᠯᠭᠠᠪᠠ᠃ ᠦᠬᠠᠶ ᠬᠣᠲᠠ ᠤᠷᠠᠨ ᠪᠢᠴᠢᠯᠭᠡ᠎ᠶ᠋ᠢᠨ ᠬᠥᠮᠦᠵᠢᠯ᠎ᠦᠨ《ᠭᠤᠷᠪᠠ ᠳ᠋ᠤ ᠣᠷᠣᠭᠤᠯᠬᠤ ᠭᠤᠷᠪᠠ ᠵᠢ ᠨᠠᠢᠳᠠᠪᠤᠷᠢᠵᠢᠭᠤᠯᠬᠤ》ᠲᠣᠭ᠍ᠲᠠᠴᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠷᠠᠨ ᠪᠢᠴᠢᠯᠭᠡ᠎ᠶ᠋ᠢᠨ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠤᠷᠠᠨ ᠪᠢᠴᠢᠯᠭᠡ᠎ᠶ᠋ᠢᠨ ᠬᠢᠴᠢᠶᠡᠯ᠎ᠢ ᠬᠢᠴᠢᠶᠡᠯ᠎ᠦᠨ ᠬᠦᠰᠦᠨᠦᠭ᠌ᠲᠦ᠍᠎ᠳᠦ ᠣᠷᠣᠭᠤᠯᠬᠤ᠂ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠎ᠶ᠋ᠢ ᠬᠢᠴᠢᠶᠡᠯ᠎ᠦᠨ ᠲᠠᠩᠬᠢᠮ᠎ᠳᠤ ᠣᠷᠣᠭᠤᠯᠬᠤ᠎ᠶ᠋ᠢ ᠪᠠᠲᠤᠯᠠᠪᠠ᠃ ᠵᠠᠰᠠᠭ᠎ᠤᠨ ᠣᠷᠳᠣᠨ᠎ᠠᠴᠠ ᠲᠤᠰᠭᠠᠶ ᠮᠡᠷᠭᠡᠵᠢᠯ᠎ᠦᠨ ᠵᠢᠭᠠᠬᠤ ᠮᠠᠲ᠋ᠧᠷᠢᠶᠠᠯ ᠬᠠᠩᠭᠠᠵᠤ᠂ ᠰᠤᠷᠭᠠᠭᠤᠯᠢ᠎ᠨᠤᠭᠤᠳ ᠭᠠᠷᠠᠭ ᠪᠦᠷᠢ ᠲᠤᠰᠭᠠᠶ ᠮᠡᠷᠭᠡᠵᠢᠯ᠎ᠦᠨ ᠤᠷᠠᠨ ᠪᠢᠴᠢᠯᠭᠡ᠎ᠶ᠋ᠢᠨ ᠬᠢᠴᠢᠶᠡᠯ ᠨᠡᠭᠡᠭᠡᠵᠦ᠍᠂ ᠬᠡᠯᠡ ᠪᠢᠴᠢᠭ᠎ᠦᠨ ᠪᠠᠭ᠍ᠰᠢ᠎ᠨᠠᠷ ᠡᠳᠦᠷ ᠪᠦᠷᠢ 20 ᠮᠢᠨᠦ᠋ᠲ᠎ᠦᠨ ᠥᠰᠥᠭ ᠪᠢᠴᠢᠬᠦ᠌ ᠪᠣᠯᠪᠠᠰᠤᠷᠠᠯ᠎ᠢ ᠨᠠᠢᠳᠠᠪᠤᠷᠢᠵᠢᠭᠤᠯᠵᠤ᠂ ᠱᠢᠰᠲ᠋ᠧᠮ᠎ᠲᠡᠶ ᠪᠥᠭᠡᠳ ᠵᠢᠷᠤᠮᠵᠢᠭ᠍ᠰᠠᠨ ᠡᠳᠦᠷ ᠲᠤᠲᠤᠮ᠎ᠤᠨ ᠵᠢᠭᠠᠨ ᠰᠤᠷᠭᠠᠯᠲᠠ᠎ᠶ᠋ᠢᠨ ᠱᠢᠰᠲ᠋ᠧᠮ ᠢ᠋ ᠪᠠᠢᠭᠤᠯᠪᠠ᠃
ᠣᠳᠣᠬᠠᠨ᠎ᠳᠤ᠂ ᠪᠥᠬᠥ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ ᠴᠦᠮ ᠤᠷᠠᠨ ᠪᠢᠴᠢᠯᠭᠡ᠎ᠶ᠋ᠢᠨ ᠲᠤᠰᠭᠠᠶ ᠬᠢᠴᠢᠶᠡᠯ᠎ᠦᠨ ᠬᠡᠷ ᠪᠠᠢᠭᠤᠯᠤᠬᠰᠠᠨ ᠪᠥᠭᠡᠳ 《ᠯᠠᠨ ᠲᠢᠩ ᠪᠠᠭ᠎ᠠ ᠰᠤᠷᠭᠠᠭᠤᠯᠢ 》 ᠵᠢ 2᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠦᠨ ᠲᠤᠷᠱᠢᠯᠲᠠ᠎ᠶ᠋ᠢᠨ ᠰᠤᠷᠭᠠᠭᠤᠯᠢ ᠵᠢ 8᠂ ᠤᠯᠤᠰ᠎ᠤᠨ ᠲᠠᠰ᠎ᠤᠨ ᠤᠷᠠᠨ ᠪᠢᠴᠢᠯᠭᠡ᠎ᠶ᠋ᠢᠨ ᠵᠢᠱ᠌ᠢᠶ᠎ᠡ ᠦᠵᠡᠭᠦᠯᠬᠦ᠌ ᠰᠤᠷᠭᠠᠭᠤᠯᠢ ᠵᠢ 2᠂ ᠤᠯᠤᠰ᠎ᠤᠨ ᠲᠠᠰ᠎ᠤᠨ ᠥᠰᠥᠭ ᠪᠢᠴᠢᠬᠦ᠌ ᠰᠤᠷᠭᠠᠨ ᠬᠥᠮᠦᠵᠢᠯ᠎ᠦᠨ ᠲᠤᠷᠱᠢᠯᠲᠠ᠎ᠶ᠋ᠢᠨ ᠰᠤᠷᠭᠠᠭᠤᠯᠢ ᠵᠢ 6 ᠪᠠᠢᠭᠤᠯᠪᠠ᠃ ᠦᠬᠠᠶ ᠬᠣᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ ᠪᠥᠬᠥ᠌ ᠤᠯᠤᠰ᠎ᠤᠨ ᠳᠤᠮᠳᠠᠳᠤ ᠰᠤᠷᠭᠠᠭᠤᠯᠢ᠎ᠶ᠋ᠢᠨ ᠠᠩᠬᠠᠳᠠᠭ᠍ᠴᠢ 《ᠯᠠᠨ ᠲᠢᠩ ᠤᠷᠠᠨ ᠪᠢᠴᠢᠯᠭᠡ᠎ᠶ᠋ᠢᠨ ᠰᠤᠷᠭᠠᠭᠤᠯᠢ》 ᠶ᠋ᠢ ᠠᠮᠵᠢᠯᠲᠠ᠎ᠲᠠᠶ ᠡᠭᠦᠳᠦᠨ ᠪᠠᠢᠭᠤᠯᠪᠠ᠃
ᠡᠨᠡ ᠬᠦ᠌ ᠰᠠᠭᠤᠷᠢᠨ ᠳᠡᠭᠡᠷ᠎ᠡ᠂ ᠦᠬᠠᠶ ᠬᠣᠲᠠ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠦᠨ ᠣᠯᠠᠨ ᠬᠡᠮᠵᠢᠯᠳᠦ ᠠᠭᠤᠰᠤᠯᠴᠠᠯ ᠪᠠ ᠪᠣᠰᠣᠭ᠎ᠠ ᠴᠣᠭ᠍ᠴᠠᠲᠤ ᠠᠭᠤᠰᠤᠯᠴᠠᠯ᠎ᠢ ᠬᠦᠴᠦᠯᠡᠨ ᠠᠬᠢᠭᠤᠯᠪᠠ᠄ ᠤᠷᠠᠨ ᠪᠢᠴᠢᠯᠭᠡ᠎ᠶ᠋ᠢ ᠶᠣᠰᠣ ᠰᠤᠷᠲᠠᠬᠤᠨ᠎ᠤ ᠬᠥᠮᠦᠵᠢᠯ᠂ ᠭᠤᠤ᠎ᠠ ᠰᠠᠢᠬᠠᠨ᠎ᠤ ᠬᠥᠮᠦᠵᠢᠯ ᠵᠢᠴᠢ ᠤᠷᠤᠨ ᠨᠤᠲᠤᠭ᠎ᠤᠨ ᠰᠣᠶᠣᠯ᠎ᠲᠠᠢ ᠤᠶᠠᠯᠳᠤᠭᠤᠯᠵᠤ᠂ ᠸᠠᠭᠠᠷ ᠱᠢᠪᠠᠷ ᠤ᠋ᠨ ᠰᠡᠢᠯᠦᠮᠡᠯ᠂ ᠤᠷᠠᠨ ᠪᠢᠴᠢᠯᠭᠡ ᠵᠢᠨ ᠪᠦᠳᠦᠭᠡᠯᠴᠢ ᠦᠢᠯᠡᠳᠬᠦᠨ ᠵᠡᠷᠭᠡ ᠣᠨᠴᠠᠯᠢᠭ᠍ᠲᠤ ᠬᠢᠴᠢᠶᠡᠯ᠎ᠢ ᠨᠡᠭᠡᠭᠡᠪᠡ;ᠰᠤᠷᠤᠭ᠍ᠴᠢᠳ᠎ᠤᠨ ᠤᠷᠠᠨ ᠪᠢᠴᠢᠯᠭᠡ ᠵᠢᠨ ᠪᠦᠯᠬᠦᠮ᠎ᠢ ᠪᠠᠢᠭᠤᠯᠵᠤ᠂ ᠥᠪᠡᠷᠮᠢᠴᠡ ᠰᠤᠳᠤᠯᠤᠨ ᠰᠤᠷᠤᠯᠴᠠᠬᠤ᠎ᠶ᠋ᠢ ᠳᠡᠮᠵᠢᠪᠡ; ᠬᠤᠪᠢᠰᠭᠠᠯ᠎ᠤᠨ ᠰᠣᠩᠭᠣᠳᠠᠭ ᠵᠣᠬᠢᠶᠠᠯ᠎ᠢ ᠬᠠᠭᠤᠯᠤᠨ ᠪᠢᠴᠢᠬᠦ᠌᠂ ᠦᠵᠡᠯ ᠰᠠᠨᠠᠭ᠎ᠠ ᠤᠯᠤᠰ ᠲᠥᠷᠥ᠍ ᠵᠢᠨ ᠠᠯᠲᠠᠨ ᠪᠠᠳᠠᠭ ᠢ᠋ ᠬᠠᠭᠤᠯᠤᠨ ᠪᠢᠴᠢᠬᠦ ᠵᠡᠷᠭᠡ ᠭᠤᠤᠯ ᠰᠡᠳᠦᠪᠲᠦ ᠠᠵᠢᠯᠯᠠᠭᠠᠦᠷᠨᠢᠬᠦᠯᠬᠦ ᠪᠡᠷ ᠲᠠᠮᠵᠢᠨ᠂ ᠰᠤᠷᠤᠭᠴᠢᠳ᠎ᠤᠨ ᠤᠷᠠᠨ ᠪᠢᠴᠢᠯᠭᠡ ᠪᠢᠴᠢᠬᠦ ᠲᠤᠮᠳᠠ ᠬᠤᠪᠢᠰᠬᠠᠯ᠎ᠤᠨ ᠵᠣᠷᠢᠭ ᠰᠠᠨᠠᠭ᠎ᠠ᠎ᠶ᠋ᠢ ᠤᠢᠯᠠᠭᠠᠵᠤ᠂ ᠵᠠᠩ ᠴᠢᠨᠠᠷ ᠵᠢᠡᠨ ᠳᠠᠪᠲᠠᠨ ᠪᠣᠯᠪᠠᠰᠤᠷᠠᠭᠤᠯᠬᠤ ᠵᠢ ᠬᠦᠳᠦᠯᠦᠨ ᠵᠢᠯᠤᠭᠤᠳᠪᠠ᠃
ᠡᠭᠦᠨ᠎ᠡᠴᠡ ᠭᠠᠳᠠᠨ᠎ᠠ᠂ ᠦᠬᠠᠶ ᠬᠣᠲᠠ ᠪᠠᠰᠠ 《ᠥᠭᠡᠷᠡᠴᠢᠯᠡᠬᠦ᠌᠂ ᠪᠣᠯᠪᠠᠰᠤᠷᠠᠭᠤᠯᠬᠤ᠂ ᠤᠷᠢᠨ ᠠᠪᠴᠢᠷᠠᠬᠤ᠂ ᠤᠷᠢᠨ ᠲᠤᠮᠢᠯᠠᠬᠤ 》 ᠵᠡᠷᠭᠡ ᠣᠯᠠᠨ ᠠᠷᠭ᠎ᠠ ᠵᠠᠮ᠎ᠢᠶᠠᠷ ᠨᠢᠭᠡᠨ ᠰᠠᠯᠠᠭ᠎ᠠ ᠲᠤᠰᠭᠠᠶ ᠮᠡᠷᠭᠡᠵᠢᠯ ᠳ᠋ᠤ ᠴᠠᠭᠠᠷᠠᠬᠰᠠᠨ᠂ ᠪᠦᠲᠦᠴᠡ ᠨᠢ ᠵᠦᠶ ᠵᠣᠬᠢᠰᠲᠠᠶ ᠤᠷᠠᠨ ᠪᠢᠴᠢᠯᠭᠡ᠎ᠶ᠋ᠢᠨ ᠪᠠᠭ᠍ᠰᠢ᠎ᠶ᠋ᠢᠨ ᠡᠩᠨᠡᠭᠡ᠎ᠶ᠋ᠢ ᠱᠢᠰᠲ᠋ᠧᠮ᠎ᠲᠡᠶ ᠪᠠᠢᠭᠤᠯᠪᠠ᠃ ᠲᠤᠰᠭᠠᠶ ᠮᠡᠷᠭᠡᠵᠢᠯ᠎ᠦᠨ ᠭᠤᠤᠯᠯᠠᠭ᠍ᠴᠢ ᠬᠦᠴᠦᠨ ᠵᠢᠡᠷ ᠬᠥᠲᠥᠯᠥᠨ ᠳᠠᠭᠠᠭᠤᠯᠬᠤ᠂ ᠲᠤᠰᠭᠠᠶ ᠲᠤᠱᠢᠶᠠᠯ᠎ᠳᠤ ᠪᠠ ᠲᠤᠱᠢᠶᠠᠯ ᠬᠠᠪᠰᠤᠷᠭᠠᠬᠤ᠎ᠶ᠋ᠢ ᠤᠶᠠᠯᠳᠤᠭᠤᠯᠬᠤ᠂ ᠡᠯ᠎ᠡ ᠳᠠᠪᠬᠤᠷᠭ᠎ᠠ᠎ᠶ᠋ᠢ ᠬᠠᠮᠤᠷᠤᠭ᠍ᠰᠠᠨ ᠪᠠᠭ᠍ᠰᠢ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠲᠤᠯᠭᠠᠭᠤᠷᠢᠯᠠᠯ ᠬᠠᠩᠭᠠᠪᠠ᠃