​ᠬᠠᠪᠤᠷ᠎ᠤᠨ ᠤᠷᠢᠨ᠎ᠢ ᠠᠮᠵᠢᠵᠤ ᠬᠠᠮᠳᠤ ᠪᠠᠷ ᠮᠤᠳᠤ ᠲᠠᠷᠢᠵᠠᠭᠠᠶ᠎ᠠ — ᠥᠪᠥᠷ ᠮᠣᠩᠭᠣᠯ ᠠᠮᠢ ᠠᠬᠤᠶ ᠶ᠋ᠢᠨ ᠨᠤᠮᠢᠨ ᠨᠤᠭᠤᠭᠠᠨ ᠣᠷᠳᠣ ᠴᠠᠭᠠᠨ ᠬᠡᠷᠡᠮ ᠢ᠋ ᠪᠠᠳᠤ ᠴᠣᠭ᠍ᠴᠠᠯᠠᠨ᠎ᠠ
2026-04-19 11:44:18
ᠵᠣᠬᠢᠶᠠᠭ᠍ᠴᠢ᠄
ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ ᠰᠠᠭᠠᠲᠠᠬᠤᠶ᠎ᠠ ᠡᠭᠡ ᠪᠠᠢᠭᠠᠯᠢ ᠠᠮᠢᠵᠢᠷᠠᠯ ᠤ᠋ᠨ ᠬᠦᠴᠦᠨ ᠢ᠋ᠶ᠋ᠡᠷ ᠪᠢᠯᠬᠠᠵᠤ᠂ ᠦᠪᠤᠷ ᠮᠤᠡᠭᠭᠤᠯ᠎ᠤᠨ ᠡᠯ᠎ᠠ ᠭᠠᠵᠠᠷ᠎ᠤᠨ ᠬᠢᠨ ᠮᠣᠳᠣ ᠲᠠᠷᠢᠵᠤ ᠶᠠᠭᠠᠷᠠᠯᠳᠤᠨ᠎ᠠ᠃

3 ᠰᠠᠷ᠎ᠠ ᠶ᠋ᠢᠨ 12 ᠤ᠋ᠨ ᠡᠳᠦᠷ᠂ ᠠᠯᠠᠱᠠ ᠠᠢᠮᠠᠭ ᠪᠥᠬᠥ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠵᠢ ᠡᠬᠢᠯᠡᠭᠦᠯᠵᠦ᠍᠂ ᠲᠣᠰ ᠡᠳᠦᠷ ᠵᠠᠭ ᠮᠤᠳᠤ᠂  ᠳᠡᠷᠪᠡᠯᠵᠢ ᠵᠢ 1.5 ᠲᠦᠮᠡᠨ ᠰᠠᠭᠤᠷᠢ ᠵᠠᠢᠯᠠᠪᠠ; 4 ᠰᠠᠷ᠎ᠠ ᠶ᠋ᠢᠨ 14 ᠤ᠋ ᠡᠳᠦᠷ᠂ ᠪᠠᠶᠠᠨᠨᠠᠭᠤᠷ ᠬᠤᠳᠠ ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠶᠡᠬᠡ ᠳᠠᠢᠯᠠᠯᠳᠤᠭᠠᠨ ᠢ᠋ ᠡᠬᠢᠯᠡᠭᠦᠯᠵᠦ᠍᠂ 2000 ᠭᠠᠷᠤᠢ ᠺᠠᠳ᠋ᠷ ᠤᠯᠠᠨ ᠲᠦᠮᠡᠨ ᠲᠤᠰ ᠡᠳᠦᠷ 4.2 ᠲᠦᠮᠡᠨ ᠰᠠᠭᠤᠷᠢ ᠮᠣᠳᠣ ᠵᠠᠢᠯᠠᠪᠠ ᠁ ᠠᠯᠠᠱᠠ ᠶ᠋ᠢᠨ ᠨᠡᠯᠦᠭᠡᠷ ᠶᠡᠬᠡ ᠡᠯᠡᠰᠦ ᠡᠴᠡ ᠬᠦᠯᠦᠨ ᠪᠤᠢᠷ ᠤ᠋ᠨ ᠦᠷᠭᠡᠨ ᠠᠭᠤᠳᠠᠮ ᠤᠢ ᠰᠢᠭᠤᠢ ᠬᠦᠷᠲᠡᠯ᠎ᠡ᠂ ᠬᠠᠲᠤᠨ ᠭᠤᠤᠯ ᠤ᠋ᠨ ᠶᠡᠬᠡ ᠲᠤᠬᠤᠢ ᠡᠴᠡ ᠬᠤᠷᠴᠢᠨ ᠤ᠋ ᠡᠯᠡᠰᠦᠷᠬᠡᠭ ᠭᠠᠵᠠᠷ ᠬᠦᠷᠲᠡᠯ᠎ᠡ ᠨᠢᠭᠡ ᠤᠳᠠᠭᠠᠨ ᠤ᠋ ᠪᠦᠬᠦ ᠠᠷᠠᠳ᠎ᠤᠨ ᠤᠷᠤᠯᠴᠠᠬᠰᠠᠨ ᠮᠤᠳᠤ ᠲᠠᠷᠢᠬᠤ ᠠᠵᠢᠯᠯᠠᠭ᠎ᠠ ᠶᠠᠭ ᠦᠪᠦᠷ ᠮᠤᠨᠭᠭᠤᠯ ᠤ᠋ᠨ ᠡᠬᠡ ᠭᠠᠵᠠᠷ ᠳᠡᠭᠡᠷ᠎ᠡ ᠡᠷᠴᠢᠮ ᠲᠠᠢ ᠶᠠᠪᠤᠬᠳᠠᠵᠤ ᠪᠠᠢᠨ᠎ᠠ ᠃

2026 ᠣᠨ ᠪᠣᠯ ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ᠎ᠵᠢ ᠥᠷᠨᠢᠭᠦᠯᠦᠭ᠌ᠰᠡᠨ 45 ᠵᠢᠯ ᠤ᠋ᠨ ᠤᠢ ᠪᠣᠯᠤᠨ᠎ᠠ᠃ ᠪᠥᠬᠥ᠌ ᠤᠯᠤᠰ ᠤ᠋ᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ ᠬᠠᠮᠤᠭ ᠤ᠋ᠨ ᠲᠥᠪᠯᠡᠷᠡᠭ᠌ᠰᠡᠨ᠂ ᠬᠤᠤᠷ ᠬᠥᠨᠥᠭᠡᠯ ᠬᠠᠮᠤᠭ ᠤ᠋ᠨ ᠬᠦᠨᠳᠦ ᠨᠣᠴᠢᠲᠠᠶ ᠮᠤᠵᠢ ᠣᠷᠣᠨ ᠤ᠋ ᠨᠢᠭᠡ ᠪᠣᠯᠤᠭ᠍ᠰᠠᠨ ᠤ᠋ ᠬᠤᠪᠢ ᠳ᠋ᠤ᠂ ᠮᠣᠳᠣ ᠲᠠᠷᠢᠵᠤ ᠣᠢᠵᠢᠭᠤᠯᠤᠨ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠵᠢ ᠠᠬᠢᠭᠤᠯᠵᠤ᠂ ᠡᠬᠡ ᠤᠯᠤᠰ ᠤ᠋ᠨ ᠤᠮᠠᠷᠠᠲᠤ ᠶ᠋ᠢᠨ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠢ᠋ ᠰᠠᠢᠲᠤᠷ ᠰᠠᠬᠢᠨ ᠬᠠᠮᠠᠭᠠᠯᠠᠬᠤ ᠪᠣᠯ ᠥᠪᠥᠷ ᠮᠣᠩᠭᠣᠯ ᠤ᠋ᠨ ᠬᠤᠪᠢᠷᠠᠰᠢ ᠥᠬᠡᠶ ᠪᠠᠷᠢᠮᠲᠠᠯᠠᠯ ᠮᠥᠨ᠃ 1981 ᠣᠨ ᠳ᠋ᠤ ᠲᠦᠷᠦ᠍ ᠶ᠋ᠢᠨ ᠶᠠᠪᠤᠳᠠᠯ ᠤ᠋ᠨ ᠬᠣᠷᠢᠶ᠎ᠠ ᠡᠴᠡ 《ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠎ᠵᠢ ᠥᠷᠨᠢᠭᠦᠯᠬᠦ᠌ ᠲᠤᠬᠠᠢ ᠱᠢᠢᠳᠪᠦᠷᠢ》  ᠵᠢ ᠨᠡᠢᠲᠡᠯᠡᠵᠦ᠍᠂ 1982 ᠣᠨ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠡᠴᠡ 《ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ᠎ᠵᠢ ᠶᠡᠬᠡ ᠪᠡᠷ ᠥᠷᠨᠢᠭᠦᠯᠬᠦ᠌ ᠲᠤᠬᠠᠢ ᠮᠡᠳᠡᠭ᠌ᠳᠡᠯ》 ᠢ᠋ ᠪᠠᠭᠤᠯᠭᠠᠭ᠍ᠰᠠᠨ ᠡᠴᠡ ᠨᠠᠭᠠᠰᠢ᠂ ᠬᠠᠪᠤᠷ ᠪᠣᠯᠤᠬᠰᠠᠭᠠᠷ ᠨᠠᠮ ᠵᠠᠰᠠᠭ ᠴᠡᠷᠢᠭ ᠤ᠋ᠨ ᠤᠳᠤᠷᠢᠳᠤᠯᠭ᠎ᠠ ᠲᠦᠷᠦᠭᠦᠯᠡᠭᠰᠡᠡ᠂ ᠪᠠᠢᠭᠤᠯᠭ᠎ᠠ᠂ ᠴᠡᠷᠢᠭ ᠠᠡᠭᠬᠢ᠂ ᠰᠤᠷᠭᠠᠭᠤᠯᠢ᠂ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ ᠶ᠋ᠢᠨ ᠬᠠᠮᠲᠤ ᠪᠡᠷ ᠣᠷᠣᠯᠴᠠᠭ᠍ᠰᠠᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠥᠪᠥᠷ ᠮᠣᠩᠭᠣᠯ ᠳ᠋ᠤ ᠥᠷᠭᠡᠨ ᠲᠡᠯᠭᠡᠷ ᠡᠷᠴᠢᠮᠳᠠᠢ ᠶᠠᠪᠤᠬᠳᠠᠬᠰᠠᠭᠠᠷ ᠢᠷᠡᠵᠡᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠠᠯᠪᠠᠨ ᠵᠢᠷᠤᠮ ᠤ᠋ᠨ ᠮᠣᠳᠣ ᠳᠠᠷᠢᠬᠤ ᠱᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠵᠦ᠍᠂ ᠪᠥᠬᠥ᠌ ᠣᠷᠣᠨ ᠤ᠋ ᠬᠡᠪᠴᠢᠶᠡᠨ ᠳ᠋ᠤ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠳ᠋ᠤ ᠣᠷᠣᠯᠴᠠᠭ᠍ᠰᠠᠨ ᠬᠥᠮᠦᠨ ᠤ᠋ ᠲᠣᠭ᠎ᠠ ᠨᠡᠢᠲᠡ 4408 ᠲᠦᠮᠡᠨ ᠬᠥᠮᠦᠨ ᠤᠳᠠᠭ᠎ᠠ ᠳ᠋ᠤ ᠬᠦᠷᠴᠦ᠍᠂ 2 ᠳ᠋ᠦᠩᠱᠢᠭᠤᠷ ᠱᠢᠬᠠᠮ ᠰᠠᠭᠤᠷᠢ ᠮᠣᠳᠣ ᠳᠠᠷᠢᠪᠠ ᠃ ᠣᠳᠣᠬᠠᠨ ᠳ᠋ᠤ᠂ ᠥᠪᠥᠷ ᠮᠣᠩᠭᠣᠯ ᠤ᠋ᠨ ᠤᠢ ᠱᠢᠭᠤᠢ ᠶ᠋ᠢᠨ ᠪᠦᠷᠬᠦᠴᠡ ᠶ᠋ᠢᠨ ᠨᠤᠷᠮ᠎ᠠ 22% ᠲᠦ᠍ ᠬᠦᠷᠴᠦ᠍᠂ 《ᠪᠣᠬᠢᠷᠲᠤᠯ ᠦᠭᠡᠢ ᠬᠦᠷᠦᠨᠭᠭᠡ》 ᠶᠠᠪᠤᠬᠤ ᠲᠤᠳᠤᠮ ᠵᠤᠵᠠᠭᠠᠷᠠᠵᠤ᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠨᠡᠩ ᠪᠡᠬᠢᠵᠢᠪᠡ᠃

ᠪᠥᠬᠥ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠶ᠋ᠢᠨ ᠭᠦᠨᠵᠡᠭᠡᠶ ᠥᠷᠨᠢᠬᠦ᠌ ᠵᠢ ᠳᠠᠭᠠᠯᠳᠤᠨ᠂ ᠪᠥᠬᠥ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠬᠡᠯᠪᠡᠷᠢ ᠴᠦ᠍ ᠲᠠᠰᠤᠷᠠᠯᠲᠠ ᠥᠬᠡᠶ ᠪᠠᠶᠠᠯᠢᠭ᠍ᠵᠢᠵᠤ᠂ ᠣᠢᠵᠢᠭᠤᠯᠵᠤ ᠨᠣᠭᠣᠭᠠᠷᠠᠭᠤᠯᠬᠤ᠂ ᠠᠷᠠᠴᠢᠯᠠᠵᠤ ᠬᠠᠮᠠᠭᠠᠯᠠᠬᠤ᠂ ᠪᠠᠢᠭᠠᠯᠢ ᠶ᠋ᠢᠨ ᠬᠠᠮᠠᠭᠠᠯᠠᠯᠲᠠ᠂ ᠳᠠᠭᠠᠭᠠᠴᠢᠯᠠᠨ ᠲᠠᠷᠢᠵᠤ ᠠᠷᠠᠴᠢᠯᠠᠬᠤ᠂ ᠰᠠᠢᠨ ᠳᠤᠷ᠎ᠠ ᠶ᠋ᠢᠨ ᠦᠶ᠋ᠯᠡᠴᠢᠯᠡᠭᠡ ᠵᠡᠷᠭᠡ 8 ᠲᠥᠷᠥᠯ ᠳ᠋ᠤ ᠬᠤᠪᠢᠶᠠᠭ᠍ᠳᠠᠪᠠ᠃ 2023 ᠣᠨ ᠡᠴᠡ ᠨᠠᠭᠠᠰᠢ᠂ ᠥᠪᠥᠷ ᠮᠣᠩᠭᠣᠯ 《ᠢᠨᠲ᠋ᠸᠷ ᠰᠦᠯᠵᠢᠶ᠎ᠡ + ᠪᠥᠬᠥ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠳᠠᠷᠢᠬᠤ》 ᠠᠵᠢᠯ ᠢ᠋ ᠢᠳᠡᠪᠬᠢᠲᠡᠶ ᠥᠷᠨᠢᠭᠦᠯᠵᠦ᠍᠂ 8 ᠲᠥᠷᠥᠯ ᠤ᠋ᠨ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠬᠡᠯᠪᠡᠷᠢ ᠵᠢ ᠪᠥᠬᠥ᠌ ᠣᠷᠣᠨ ᠤ᠋ ᠣᠶ ᠱᠢᠭᠤᠶ ᠨᠤᠲᠤᠭ ᠪᠡᠯᠴᠢᠭᠡᠷ ᠤ᠋ᠨ ᠠᠵᠢᠯ ᠲᠥᠷᠥᠯ ᠤ᠋ᠨ ᠬᠠᠷᠠᠯᠲᠠ ᠡᠭᠦᠷᠭᠡ ᠳ᠋ᠤ ᠠᠭᠤᠰᠭᠠᠨ ᠣᠷᠣᠭᠤᠯᠪᠠ᠃ 2025 ᠣᠨ ᠤ᠋ ᠰᠡᠭᠦᠯᠴᠢ ᠪᠣᠯᠲᠠᠯ᠎ᠠ᠂ 《ᠢᠨᠲ᠋ᠧᠷ ᠰᠦᠯᠵᠢᠶ᠎ᠡ + ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ》 ᠰᠠᠭᠤᠷᠢᠨ ᠢ᠋ ᠨᠡᠢᠲᠡ 290 ᠪᠠᠢᠭᠤᠯᠵᠤ᠂ 《ᠢᠨᠲ᠋ᠧᠷ ᠰᠦᠯᠵᠢᠶ᠎ᠡ + ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ》 ᠠᠵᠢᠯᠯᠠᠭ᠎ᠠ ᠳ᠋ᠤ ᠣᠷᠣᠯᠴᠠᠭ᠍ᠰᠠᠨ ᠬᠥᠮᠦᠨ ᠤ᠋ ᠲᠣᠭ᠎ᠠ 189.05 ᠲᠦᠮᠡᠨ ᠬᠥᠮᠦᠨ ᠤᠳᠠᠭ᠎ᠠ ᠳ᠋ᠤ ᠬᠦᠷᠴᠠᠢ᠃

ᠰᠠᠯᠬᠢ ᠱᠢᠭᠤᠷᠭ᠎ᠠ ᠪᠠᠭᠠᠰᠴᠤ᠌᠂ ᠣᠷᠴᠢᠨ ᠲᠣᠭᠣᠷᠢᠨ ᠴᠡᠪᠡᠷᠰᠢᠪᠠ᠃ ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠨᠢ ᠥᠪᠥᠷ ᠮᠣᠩᠭᠣᠯ ᠤ᠋ᠨ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ ᠤ᠋ ᠪᠠᠢᠳᠠᠯ ᠤ᠋ᠨ ᠰᠠᠢᠵᠢᠷᠠᠯᠲᠠ ᠵᠢ ᠬᠦᠴᠦᠲᠡᠢ ᠠᠬᠢᠭᠤᠯᠵᠤ᠂ 《ᠪᠠᠢᠭᠠᠯᠢ ᠵᠢ ᠬᠦᠨᠳᠦᠳᠭᠡᠵᠦ᠍᠂ ᠪᠠᠢᠭᠠᠯᠢ ᠵᠢ ᠬᠠᠢᠷᠠᠯᠠᠬᠤ》 ᠠᠮᠢ ᠠᠬᠤᠢ ᠶ᠋ᠢᠨ ᠪᠣᠯᠪᠠᠰᠤᠨ ᠤ᠋ ᠤᠢ᠍ᠢᠯᠠᠭᠠᠭ᠍ᠳᠠᠬᠤᠨ ᠢ᠋ ᠬᠥᠮᠦᠰ ᠤ᠋ᠨ ᠰᠡᠳᠭᠢᠯ  ᠳ᠋ᠤ  ᠭᠦᠨ ᠬᠠᠳᠠᠩᠱᠢᠭᠤᠯᠪᠠ᠃

ᠬᠠᠪᠤᠷ ᠤ᠋ᠨ ᠤᠷᠢᠨ ᠢ᠋ ᠠᠮᠵᠢᠵᠤ ᠬᠠᠮᠲᠤ ᠪᠡᠷ ᠮᠤᠳᠤ ᠲᠠᠷᠢᠵᠠᠭᠠᠨ᠎ᠠ᠃ 2026 ᠣᠨ ᠳ᠋ᠤ ᠥᠪᠥᠷ ᠮᠣᠩᠭᠣᠯ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠪᠠᠷ ᠲᠠᠮᠵᠢᠨ 3000 ᠲᠦᠮᠡᠨ ᠰᠠᠭᠤᠷᠢ ᠮᠤᠳᠤ ᠲᠠᠷᠢᠬᠤ ᠪᠡᠷ ᠲᠥᠯᠥᠪᠯᠡᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠠᠯᠪᠠᠨ ᠵᠢᠷᠤᠮ ᠤ᠋ᠨ ᠮᠣᠳᠣ ᠲᠠᠷᠢᠬᠤ ᠱᠢᠰᠲ᠋ᠧᠮ ᠢ᠋ ᠦᠷᠭᠦᠯᠵᠢᠯᠡᠨ ᠪᠦᠷᠢᠨᠱᠢᠬᠦᠯᠬᠦ᠌ ᠪᠣᠯᠤᠨ᠎ᠠ᠃

ᠬᠠᠷᠠᠯᠲᠠ ᠲᠣᠳᠣᠷᠬᠠᠶ᠂ ᠠᠵᠢᠯᠯᠠᠭ᠎ᠠ ᠡᠷᠴᠢᠮᠳᠠᠢ᠃ ᠨᠠᠮ ᠵᠠᠰᠠᠭ ᠬᠥᠲᠥᠯᠥᠨ ᠳᠠᠭᠠᠭᠤᠯᠵᠤ᠂ ᠪᠦᠬᠦ᠌ ᠠᠷᠠᠳ ᠢ᠋ᠶ᠋ᠡᠷ ᠢ᠋ᠶ᠋ᠡᠨ ᠢᠳᠡᠪᠬᠢᠳᠠᠢ ᠣᠷᠣᠯᠴᠠᠨ᠎ᠠ᠃

4 ᠰᠠᠷ᠎ᠠ ᠶ᠋ᠢᠨ 10  ᠤ᠋ ᠡᠳᠦᠷ᠂ ᠣᠷᠳᠣᠰ ᠬᠣᠲᠠ ᠶ᠋ᠢᠨ ᠡᠮᠡᠭ᠌ᠲᠡᠢᠴᠦᠳ ᠤ᠋ᠨ ᠬᠣᠯᠪᠣᠭ᠎ᠠ᠎ᠵᠢᠨ ᠬᠢᠨ ᠬᠠᠩᠭᠢᠨ ᠬᠣᠱᠢᠭᠤᠨ ᠤ᠋ ᠳᠤᠭᠤᠢᠲᠠᠯ᠎ᠠ ᠪᠠᠯᠭᠠᠰᠤᠨ ᠳ᠋ᠤ 《ᠳᠤᠯᠠᠭᠠᠨ ᠬᠣᠲᠠ ᠶ᠋ᠢᠨ ᠡᠮᠡᠭ᠌ᠲᠡᠢᠴᠦᠳ ᠤ᠋ᠨ ᠬᠦᠴᠦᠨ ᠢ᠋ ᠨᠢᠭ᠍ᠲᠠᠷᠠᠭᠤᠯᠵᠤ ᠪᠣᠬᠢᠷᠲᠤᠯ ᠥᠬᠡᠶ ᠠᠮᠢ ᠠᠬᠤᠶ ᠶ᠋ᠢᠨ ᠤᠮᠠᠷᠠᠲᠤ ᠬᠢᠯᠢ ᠵᠢ ᠬᠠᠮᠲᠤ ᠪᠡᠷ ᠪᠥᠲᠥᠭᠡᠨ ᠪᠠᠢᠭᠤᠯᠬᠤ》 2026 ᠣᠨ ᠤ᠋ ᠤᠮᠠᠷᠠᠲᠤ ᠬᠢᠯᠢ ᠶ᠋ᠢᠨ ᠡᠮᠡᠭ᠌ᠲᠡᠢᠴᠦᠳ ᠤ᠋ᠨ  ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠵᠢ ᠵᠣᠬᠢᠶᠠᠨ ᠪᠠᠢᠭᠤᠯᠵᠤ ᠥᠷᠨᠢᠭᠦᠯᠪᠡ᠃ ᠠᠢᠮᠠᠭ ᠬᠣᠲᠠ᠂ ᠬᠣᠱᠢᠭᠤ ᠱᠢᠶᠠᠨ᠂ ᠱᠢᠶᠠᠩ ᠪᠠᠯᠭᠠᠰᠤ ᠭᠤᠷᠪᠠᠨ ᠱᠠᠲᠤᠨ ᠤ᠋ ᠡᠮᠡᠭ᠌ᠲᠡᠢᠴᠦᠳ ᠤ᠋ᠨ ᠬᠣᠯᠪᠣᠭ᠎ᠠ ᠶ᠋ᠢᠨ ᠺᠠᠳ᠋ᠷᠴᠤᠳ᠂ ᠰᠤᠳᠤᠨ ᠡᠮᠡᠭ᠌ᠲᠡᠢᠴᠦᠳ᠂ ᠡᠮᠡᠭ᠌ᠲᠡᠶ ᠰᠠᠢᠨ ᠳᠤᠷᠠᠴᠤᠳ ᠤ᠋ᠨ ᠲᠥᠯᠥᠭᠡᠯᠡᠭ᠌ᠴᠢ ᠨᠡᠢᠲᠡ 70 ᠭᠠᠷᠤᠶ ᠬᠥᠮᠦᠨ ᠠᠵᠢᠯᠯᠠᠭ᠎ᠠ ᠳ᠋ᠤ ᠣᠷᠣᠯᠴᠠᠵᠤ᠂ ᠪᠣᠳᠠᠲᠤ ᠠᠵᠢᠯᠯᠠᠭ᠎ᠠ ᠪᠡᠷ ᠢ᠋ᠶ᠋ᠡᠨ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ ᠬᠦᠴᠦᠨ ᠨᠡᠮᠡᠷᠢᠯᠡᠪᠡ᠃

4 ᠰᠠᠷ᠎ᠠ ᠶ᠋ᠢᠨ 15 ᠤ᠋ ᠡᠳᠦᠷ᠂ ᠱᠢᠯᠢ ᠶ᠋ᠢᠨ ᠭᠤᠤᠯ ᠠᠢᠮᠠᠭ ᠤ᠋ᠨ ᠱᠢᠯᠤᠭᠤᠨ ᠬᠥᠬᠡ ᠬᠣᠱᠢᠭᠤᠨ ᠤ᠋ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠣᠷᠣᠨ ᠳ᠋ᠤ ᠂ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠦᠯᠦᠭ᠌ᠯᠡᠯ ᠤ᠋ᠨ ᠱᠢᠯᠢ ᠶ᠋ᠢᠨ ᠭᠤᠤᠯ ᠤ᠋ᠨ ᠬᠤᠪᠢᠶᠠᠷᠢ ᠺᠣᠮᠫᠠᠨᠢ ᠶ᠋ᠢᠨ ᠺᠠᠳ᠋ᠷ ᠠᠵᠢᠯᠲᠠᠨ ᠠᠵᠢᠯᠴᠢᠳ ᠭᠤᠷᠪᠠᠳᠤᠭᠠᠷ ᠬᠤᠭᠤᠴᠠᠭᠠᠨ ᠤ᠋ ᠬᠠᠪᠤᠷ ᠤ᠋ᠨ ᠤᠯᠠᠷᠢᠯ ᠤ᠋ᠨ ᠠᠯᠪᠠᠨ ᠵᠢᠷᠤᠮ ᠤ᠋ᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃ ᠮᠣᠳᠣ ᠲᠠᠷᠢᠬᠤ ᠲᠤᠬᠠᠢ ᠶ᠋ᠢᠨ ᠲᠠᠯᠠᠪᠠᠢ ᠳ᠋ᠤ᠂ ᠤᠯᠠᠨ ᠢ᠋ᠶ᠋ᠡᠷ ᠢ᠋ᠶ᠋ᠡᠨ ᠡᠷᠴᠢ ᠵᠣᠷᠢᠭ᠎ᠵᠢᠡᠨ ᠬᠦᠪᠴᠢᠯᠠᠵᠤ᠂ ᠬᠦᠷᠵᠡ ᠡᠷᠭᠢᠭᠦᠯᠦᠨ ᠨᠦᠬᠡ ᠮᠠᠯᠲᠠᠬᠤ ᠡᠴᠡ ᠴᠢᠬᠢ ᠰᠠᠭᠤᠯᠭᠠᠬᠤ ᠬᠦᠷᠲᠡᠯ᠎ᠡ ᠡᠮᠬᠢ ᠲᠢᠭᠯᠢᠮ ᠲᠠᠢ ᠶᠠᠪᠤᠭᠳᠠᠭᠤᠯᠤᠨ᠎ᠠ᠃ ᠬᠠᠮᠲᠤ ᠶ᠋ᠢᠨ ᠴᠢᠷᠮᠠᠢᠯᠭ᠎ᠠ ᠪᠡᠷ ᠲᠠᠮᠵᠢᠨ᠂ ᠲᠤᠬᠠᠢ᠎ᠵᠢᠨ ᠡᠳᠦᠷ ᠲᠦ᠍ ᠨᠡᠢ᠌ᠳᠡ 1.5 ᠲᠦᠮᠡ ᠭᠠᠷᠤᠢ ᠢᠮᠠᠭᠠᠨ ᠪᠤᠷᠭᠠᠰᠤ ᠲᠠᠷᠢᠪᠠ᠃ ᠲᠠᠨᠢᠯᠴᠠᠭᠤᠯᠤᠭ᠍ᠰᠠᠨ ᠢ᠋ᠶ᠋ᠡᠷ᠂ 3 ᠵᠢᠯ ᠤ᠋ᠨ ᠳᠣᠲᠣᠷ᠎ᠠ ᠨᠡᠢᠲᠡ 55 ᠮᠥ᠍ ᠲᠠᠯᠠᠪᠠᠶ᠂ 7 ᠲᠦᠮᠡ ᠭᠠᠷᠤᠶ ᠰᠠᠭᠤᠷᠢ ᠢᠮᠠᠭᠠᠨ ᠪᠤᠷᠭᠠᠰᠤ ᠳᠠᠷᠢᠵᠤ᠂ ᠨᠡᠯᠦᠭᠡᠷ ᠶᠡᠬᠡ ᠡᠯᠡᠰᠦᠨ ᠭᠠᠵᠠᠷ ᠲᠦ᠍ ᠨᠤᠮᠢᠨ ᠨᠤᠭᠤᠭᠠᠨ ᠠᠮᠢᠯᠠᠯ᠎ᠤᠨ ᠬᠦᠴᠤᠨ ᠤᠯᠭᠤᠪᠠ᠃

ᠡᠯ᠎ᠡ ᠭᠠᠵᠠᠷ ᠤ᠋ᠨ ᠬᠢᠨ ᠪᠠᠰᠠ 《ᠡᠭᠦᠯᠡᠨ ᠳᠡᠪᠴᠠᠩ ᠳᠡᠭᠡᠷ᠎ᠡ ᠮᠣᠳᠣ ᠲᠠᠷᠢᠬᠤ》᠂ 《ᠺᠣᠳ᠋ ᠵᠢᠨᠷ ᠬᠠᠷᠢᠭᠤᠴᠠᠯᠭ᠎ᠠ ᠪᠠᠨ ᠭᠦᠢᠴᠡᠳᠭᠡᠬᠦ᠌》 ᠵᠡᠷᠭᠡ ᠳᠥᠭᠥᠮ ᠳᠥᠲᠡ ᠠᠷᠭ᠎ᠠ ᠬᠡᠯᠪᠡᠷᠢ ᠪᠡᠷ ᠡᠭᠦᠷᠭᠡ ᠪᠠᠨ ᠭᠦᠢᠴᠡᠳᠭᠡᠵᠦ᠍᠂ 《ᠤᠮᠠᠷᠠᠳᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠦᠷ᠎ᠡ ᠪᠦᠲᠦᠭᠡᠯ ᠢ᠋ ᠤᠯᠠᠮ ᠴᠢᠨᠠᠭ᠍ᠰᠢᠳᠠ ᠪᠡᠬᠢᠵᠢᠭᠦᠯᠪᠡ᠃

ᠡᠨᠡ ᠵᠢᠯ ᠡᠴᠡ ᠨᠠᠭᠠᠰᠢ᠂ ᠥᠪᠥᠷ ᠮᠣᠩᠭᠣᠯ ᠨᠢᠭᠡᠨᠲᠡ 179.48 ᠲᠦᠮᠡᠨ ᠰᠠᠭᠤᠷᠢ ᠠᠯᠪᠠᠨ ᠵᠢᠷᠤᠮ ᠤ᠋ᠨ ᠮᠣᠳᠣ ᠳᠠᠷᠢᠵᠤ᠂ 43.1 ᠲᠦᠮᠡᠨ ᠬᠥᠮᠦᠨ ᠤᠳᠠᠭ᠎ᠠ ᠣᠷᠣᠯᠴᠠᠪᠠ᠃

ᠥᠪᠥᠷ ᠮᠣᠩᠭᠣᠯ ᠤᠯᠠᠨ ᠵᠢᠯ ᠤ᠋ᠨ ᠪᠠᠲᠤ ᠪᠠᠷᠢᠮᠲᠠᠯᠠᠯ ᠢ᠋ᠶ᠋ᠡᠷ ᠬᠠᠪᠤᠷ ᠤ᠋ᠨ ᠮᠤᠳᠤ ᠲᠠᠷᠢᠬᠤ ᠠᠵᠢᠯᠯᠠᠭ᠎ᠠ ᠵᠢ ᠡᠷᠴᠢᠮᠲᠡᠢ ᠦᠷᠨᠢᠭᠦᠯᠦᠨ᠂ ᠦᠪᠤᠷ ᠮᠤᠡᠭᠭᠤᠯ᠎ᠵᠢᠡᠨ ᠨᠠᠡᠭ ᠦᠵᠡᠰᠭᠦᠯᠡᠩᠲᠦ ᠰᠠᠢᠬᠠᠨ ᠪᠤᠯᠭᠠᠨ ᠪᠦᠳᠤᠭᠡᠨ ᠪᠠᠢᠭᠤᠯᠤᠨ᠎ᠠ᠃

2026 ᠣᠨ ᠤ᠋ 3 ᠰᠠᠷ᠎ᠠ ᠳ᠋ᠤ ᠪᠠᠲᠤᠯᠠᠭ᠍ᠰᠠᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠤᠯᠢ ᠶ᠋ᠢᠨ ᠪᠢᠴᠢᠭ》 ᠎ᠲᠦ᠍᠂ 《ᠮᠣᠳᠣ ᠳᠠᠷᠢᠵᠤ ᠣᠢᠵᠢᠭᠤᠯᠬᠤ᠂ ᠣᠶ ᠱᠢᠭᠤᠶ ᠵᠢ ᠬᠠᠮᠠᠭᠠᠯᠠᠬᠤ ᠪᠣᠯ ᠠᠷᠠᠳ ᠢᠷᠭᠡᠳ ᠤ᠋ᠨ ᠭᠦᠶ᠋ᠴᠡᠳᠭᠡᠪᠡᠰᠦ ᠵᠣᠬᠢᠬᠤ ᠡᠭᠦᠷᠭᠡ ᠮᠥᠨ》 ᠭᠡᠵᠦ᠍ ᠴᠢᠬᠤᠯᠠᠴᠢᠯᠠᠪᠠ᠃

2026 ᠣᠨ ᠤ᠋ 3 ᠰᠠᠷ᠎ᠠ ᠶ᠋ᠢᠨ 26 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠬᠣᠷᠢᠨ ᠵᠢᠷᠭᠤᠳᠤᠭᠠᠷ ᠬᠤᠷᠠᠯ ᠡᠴᠡ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠣᠶ ᠱᠢᠭᠤᠶ ᠶ᠋ᠢᠨ ᠬᠠᠤᠯᠢ〉 ᠵᠢ ᠬᠡᠷᠡᠭ᠌ᠵᠢᠭᠦᠯᠬᠦ᠌ ᠠᠷᠭ᠎ᠠ》 ᠎ᠳ᠋ᠤ ᠵᠠᠰᠠᠪᠤᠷᠢ ᠣᠷᠣᠭᠤᠯᠤᠨ ᠪᠠᠲᠤᠯᠠᠵᠤ᠂ 2026 ᠣᠨ ᠤ᠋ 5 ᠰᠠᠷ᠎ᠠ ᠶ᠋ᠢᠨ 1 ᠤ᠋ ᠡᠳᠦᠷ ᠡᠴᠡ ᠡᠬᠢᠯᠡᠨ ᠬᠡᠷᠡᠭ᠌ᠵᠢᠭᠦᠯᠬᠦ ᠪᠠᠷ ᠪᠤᠯᠵᠤ᠂ ᠠᠯᠪᠠᠨ ᠵᠢᠷᠤᠮ ᠤ᠋ᠨ ᠮᠣᠳᠣ ᠳᠠᠷᠢᠬᠤ ᠳ᠋ᠤ ᠨᠠᠩ ᠪᠠᠲᠤ ᠪᠠᠬᠢ ᠬᠠᠤᠯᠢᠵᠢᠯ ᠤ᠋ᠨ ᠪᠠᠲᠤᠯᠠᠭ᠎ᠠ ᠬᠠᠩᠭᠠᠪᠠ᠃

ᠳᠠᠷᠠᠭᠠᠴᠢ ᠪᠠᠷ᠂ ᠥᠪᠥᠷ ᠮᠣᠩᠭᠣᠯ᠎ᠤᠨ ᠬᠢᠨ ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ ᠢ᠋ ᠦᠷᠭᠦᠯᠵᠢᠯᠡᠨ ᠪᠠᠲᠤ ᠪᠣᠶ ᠪᠣᠯᠭᠠᠵᠤ᠂ ᠨᠣᠭᠣᠭᠠᠷᠠᠭᠤᠯᠤᠯᠲᠠ ᠵᠢ ᠥᠷᠭᠡᠳᠭᠡᠬᠦ᠌᠂ ᠨᠣᠭᠣᠭᠠᠷᠠᠭᠤᠯᠤᠯᠲᠠ ᠵᠢ ᠬᠥᠭ᠌ᠵᠢᠭᠦᠯᠬᠦ᠌᠂ ᠨᠣᠭᠣᠭᠠᠷᠠᠭᠤᠯᠤᠯᠲᠠ ᠵᠢ ᠬᠠᠮᠠᠭᠠᠯᠠᠬᠤ ᠵᠢ ᠵᠡᠷᠭᠡ ᠪᠡᠷ ᠠᠳᠭᠤᠬᠤ ᠵᠢ ᠪᠠᠷᠢᠮᠲᠠᠯᠠᠨ᠂ ᠠᠯᠪᠠᠨ ᠵᠢᠷᠤᠮ ᠤ᠋ᠨ ᠮᠣᠳᠣ ᠳᠠᠷᠢᠬᠤ ᠤᠬᠠᠭᠤᠯᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠯᠪᠠᠨ ᠵᠢᠷᠤᠮ ᠤ᠋ᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠬᠡᠯᠪᠡᠷᠢ ᠪᠠᠨ ᠰᠢᠨᠡᠴᠢᠯᠠᠵᠤ᠂ ᠶᠡᠬᠡ ᠬᠡᠪᠴᠢᠶᠡᠨ ᠤ᠋ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠶ᠋ᠢᠨ ᠠᠵᠢᠯᠯᠠᠭ᠎ᠠ ᠶ᠋ᠢᠨ ᠭᠦᠨᠵᠡᠭᠡᠢᠷᠡᠨ ᠬᠥᠭ᠌ᠵᠢᠬᠦ᠌ ᠵᠢ ᠠᠬᠢᠭᠤᠯᠵᠤ᠂ ᠨᠠᠩ ᠣᠯᠠᠨ ᠬᠦᠮᠦᠰ ᠢ᠋ ᠬᠥᠲᠥᠯᠥᠨ ᠵᠢᠯᠣᠭᠣᠳᠴᠤ᠌ ᠪᠠᠢᠭᠠᠳ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠳ᠋ᠤ ᠣᠷᠣᠯᠴᠠᠭᠤᠯᠤᠨ᠂ ᠨᠣᠭᠣᠭᠠᠨ ᠥᠩᠭᠡ ᠵᠢ ᠥᠪᠥᠷ ᠮᠣᠩᠭᠣᠯ ᠤ᠋ᠨ ᠡᠬᠡ ᠭᠠᠵᠠᠷ ᠤ᠋ᠨ ᠬᠠᠮᠤᠭ ᠤ᠋ᠨ ᠦᠵᠡᠰᠭᠦᠯᠡᠩᠲᠦ ᠰᠠᠢᠬᠠᠨ ᠳᠡᠪᠢᠰᠭᠡᠷ ᠥᠩᠭᠡ ᠪᠣᠯᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠢ᠋ ᠬᠠᠮᠲᠤ ᠪᠡᠷ ᠪᠥᠲᠥᠭᠡᠨ ᠪᠠᠢᠭᠤᠯᠬᠤ᠂ ᠠᠮᠢ ᠠᠬᠤᠶ ᠶ᠋ᠢᠨ ᠠᠮᠤᠷ ᠲᠦᠪᠱᠢᠨ ᠢ᠋ ᠰᠠᠬᠢᠨ ᠬᠠᠮᠠᠭᠠᠯᠠᠬᠤ ᠳ᠋ᠤ ᠦᠷᠭᠦᠯᠵᠢᠯᠡᠨ ᠥᠪᠥᠷ ᠮᠣᠩᠭᠣᠯ ᠤ᠋ᠨ ᠬᠦᠴᠦᠨ ᠴᠢᠳᠠᠯ ᠢ᠋ᠶ᠋ᠡᠨ ᠨᠠᠮᠠᠷᠢᠯᠡᠬᠦ ᠪᠠᠷ ᠡᠷᠴᠢ ᠵᠤᠷᠢᠭ᠎ᠵᠢᠡᠨ ᠬᠦᠪᠴᠢᠯᠠᠵᠤ ᠡᠷᠡᠮᠡᠭᠡᠢᠯᠡᠨ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号