— ᠺᠦᠩ ᠴᠠᠭ᠍ᠳᠠᠭ᠎ᠠ ᠡ᠂ ᠥᠨᠥᠳᠦᠷ ᠪᠠᠰᠠ ᠬᠡᠨ ᠤ᠋ ᠳ᠋ᠤ ᠣᠴᠢᠬᠤ ᠭᠡᠵᠦ ᠪᠠᠢᠬᠤ ᠪᠤᠢ?
— ᠮᠥᠳᠳᠥ ᠬᠡᠳᠦᠨ ᠡᠷᠦᠬᠡ ᠪᠡᠷ ᠰᠤᠷᠪᠤᠯᠵᠢᠯᠠᠨ᠎ᠠ᠂ 11 ᠴᠠᠭ ᠭᠠᠷᠤᠶ᠎ᠳᠤ ᠪᠠᠰᠠ ᠨᠢᠭᠡ ᠤᠳᠠᠭᠠᠨ᠎ᠤ ᠱᠤᠤᠬᠢᠶᠠᠨ᠎ᠡᠴᠡ ᠪᠣᠯᠤᠭ᠍ᠰᠠᠨ ᠵᠠᠭᠤᠷᠠᠯᠳᠤᠭᠠᠨ᠎ᠢ ᠡᠶᠡᠳᠡᠭᠦᠯᠦᠨ᠎ᠡ᠃
4 ᠰᠠᠷ᠎ᠠ᠎ᠶ᠋ᠢᠨ14᠎ᠤ᠋ ᠡᠳᠦᠷ᠂ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠠᠢᠬᠠᠨ ᠲᠤᠭᠤᠷᠢᠭ ᠤ᠋ᠨ ᠬᠤᠪᠢᠶᠠᠷᠢ ᠲᠣᠪᠴᠢᠶ᠎ᠠ᠎ᠶ᠋ᠢᠨ ᠵᠢᠨᠴᠢᠶᠤᠤ ᠲᠣᠮᠢᠯᠠᠭ᠍ᠰᠠᠨ ᠰᠠᠯᠪᠤᠷᠢ᠎ᠶ᠋ᠢᠨ ᠲᠤᠰᠠᠯᠠᠬᠤ ᠴᠠᠭ᠍ᠳᠠᠭ᠎ᠠ ᠺᠦᠩ ᠷᠦᠢ ᠹᠸᠩ ᠡᠷᠦᠬᠡ᠎ᠳᠦ ᠣᠷᠣᠵᠤ ᠰᠤᠷᠪᠤᠯᠵᠢᠯᠠᠬᠤ ᠲᠡᠮᠳᠡᠭ᠌ᠯᠡᠯ᠂ ᠨᠠᠷᠢᠨ ᠲᠠᠩᠰᠠ ᠵᠡᠷᠭᠡ ᠪᠠᠨ ᠡᠷᠲᠡᠬᠡᠨ ᠡᠮᠬᠢᠯᠡᠨ ᠳᠢᠭ᠌ᠯᠡᠵᠦ᠍ ᠪᠣᠭ᠍ᠴᠣᠨᠳᠠᠭᠠᠨ ᠬᠢᠭᠡᠳ ᠰᠠᠢᠬᠠᠨ ᠲᠣᠭᠣᠷᠢᠭ᠎ᠤᠨ ᠬᠥᠯᠥᠨ ᠪᠣᠢᠷ ᠡᠮᠦᠨ᠎ᠡ ᠵᠠᠮ᠎ᠤᠨ ᠵᠡᠭᠡᠯᠢ ᠭᠤᠳᠤᠮᠵᠢ᠎ᠶ᠋ᠢᠨ ᠢ ᠯᠢ ᠨᠡᠢᠭᠡᠮ ᠲᠣᠭᠣᠷᠢᠭ᠎ᠲᠤ ᠬᠦᠷᠴᠦ᠍ ᠢᠷᠡᠪᠡ᠃ ᠲᠡᠷᠭᠡᠨ ᠡᠭᠦᠳᠡ᠎ᠪᠡᠨ ᠨᠡᠭᠡᠭᠡᠮᠡᠭ᠌ᠴᠡ᠂ ᠨᠡᠢᠭᠡᠮ ᠲᠣᠭᠣᠷᠢᠭ᠎ᠤᠨ ᠠᠵᠢᠯᠲᠠᠳ ᠬᠠᠯᠠᠭᠤᠮᠰᠤᠭ᠎ᠢᠶᠠᠷ ᠲᠡᠭᠦᠨ᠎ᠲᠡᠶ ᠮᠡᠨᠳᠦᠴᠢᠯᠡᠯ᠎ᠡ᠃
ᠺᠦᠩ ᠷᠦᠢ ᠹᠸᠩ ᠨᠡᠢᠭᠡᠮ ᠲᠣᠭᠣᠷᠢᠭ᠎ᠤᠨ ᠰᠦᠯᠵᠢᠶᠡᠨ᠎ᠦ ᠠᠵᠢᠯᠲᠠᠨ ᠷᠧᠨ ᠴᠢᠨ ᠵᠡᠷᠭᠡ ᠬᠥᠮᠦᠰ᠎ᠲᠡᠶ ᠬᠠᠮᠲᠤ 《ᠬᠦᠰᠡᠯ᠎ᠤᠨ ᠳᠤᠶᠠᠭ᠎ᠠ ᠬᠤᠷᠢᠶᠠᠯᠠᠯ》 ᠰᠠᠭᠤᠭᠠᠯᠢ ᠠᠷᠠᠳ ᠤ᠋ᠨ ᠲᠣᠭᠣᠷᠢᠭ᠎ᠤᠨ ᠵᠠᠩ ᠠᠨ ᠵᠧ ᠨᠠᠰᠤᠲᠠᠨ᠎ᠤ ᠭᠡᠷ᠎ᠲᠦ ᠬᠦᠷᠪᠡ᠃
ᠡᠭᠦᠳᠡ ᠵᠢ ᠨᠢ ᠲᠤᠭᠰᠢᠬᠤ ᠵᠢᠨ ᠲᠠᠭᠠᠤ᠄
— ᠵᠠᠩ ᠠᠪᠤ ᠡ᠂ ᠭᠡᠷ᠎ᠲᠡᠬᠡᠨ ᠪᠠᠢᠨ᠎ᠠ ᠤᠤ?ᠭᠡᠵᠦ ᠺᠦᠩ ᠷᠦᠢ ᠹᠧᠩ ᠠᠰᠠᠭᠤᠪᠠ᠃
— ᠪᠠᠢᠨ᠎ᠠ᠂ ᠡᠭᠦᠳᠡ ᠣᠨᠢᠰᠤᠯᠠᠭ᠍ᠰᠠᠨ ᠦᠭᠡᠢ᠂ ᠱᠢᠭᠤᠳ ᠣᠷᠣᠭᠠᠳ ᠢᠷ᠎ᠡ! ᠭᠡᠵᠦ᠍ ᠵᠠᠩ ᠠᠨ ᠵᠧ ᠨᠠᠰᠤᠲᠠᠨ ᠬᠠᠷᠢᠭᠤᠯᠪᠠ᠃
— ᠺᠦᠩ ᠴᠠᠭ᠍ᠳᠠᠭ᠎ᠠ ᠡ! ᠬᠦᠷᠦᠭᠡᠳ ᠢᠷᠡᠴᠢᠬᠡᠪᠠ ᠤᠤ? ᠭᠡᠵᠦ ᠵᠠᠩ ᠠᠨ ᠵᠧ ᠨᠠᠰᠤᠲᠠᠨ ᠡᠭᠦᠳᠡ᠎ᠪᠡᠨ ᠨᠡᠭᠡᠭᠡᠬᠦ᠌᠎ᠶ᠋ᠢᠨ ᠳᠠᠭᠠᠤ ᠤᠯᠠᠨ᠎ᠢ ᠳᠠᠭᠤᠳᠠᠵᠤ ᠭᠡᠷ᠎ᠲᠡᠭᠡᠨ ᠣᠷᠣᠭᠤᠯᠪᠠ᠃
— ᠪᠢᠳᠡ ᠡᠮᠦᠨᠡᠭᠡᠨ ᠢᠷᠡᠭᠰᠡᠨ ᠳ᠋ᠤ ᠲᠠ ᠭᠡᠷ᠎ᠲᠡᠬᠡᠨ ᠪᠠᠢᠭᠰᠠᠨ ᠦᠭᠡᠢ᠃ ᠥᠨᠥᠳᠦᠷ ᠭᠣᠣᠯᠳᠠᠭᠤ ᠲᠠᠠ ᠡᠴᠠ ᠶᠠᠮᠠᠷ ᠬᠠᠪᠰᠤᠷᠬᠤ ᠴᠢᠬᠤᠯᠠᠳᠠᠢ ᠵᠦᠢᠯ ᠪᠠᠢᠬᠤ ᠵᠢ ᠠᠰᠠᠭᠤᠬᠤ ᠪᠡᠷ ᠢᠷᠡᠯ᠎ᠡ᠂ ᠪᠠᠰᠠ ᠲᠠᠨ᠎ᠳᠤ ᠬᠠᠮᠤᠭ᠎ᠤᠨ ᠱᠢᠨ᠎ᠡ ᠮᠡᠬᠡᠯᠡᠯ ᠢ᠋ ᠰᠡᠷᠭᠡᠢᠯᠡᠬᠦ ᠤᠬᠠᠭᠤᠯᠭ᠎ᠠ᠎ᠶ᠋ᠢᠨ ᠮᠠᠲ᠋ᠧᠷᠢᠶᠠᠯ ᠠᠪᠴᠢᠷᠠᠯ᠎ᠠ᠂ ᠲᠠ ᠰᠡᠯᠡᠬᠦᠦ ᠦᠶᠡᠰ ᠲᠡᠬᠡᠨ ᠤᠩᠱᠢᠭᠠᠷᠠᠢ᠃
— ᠲᠦᠷᠦᠭᠦᠬᠡᠨ ᠬᠥᠭ᠌ᠰᠢᠨ ᠮᠠᠨᠢ ᠨᠢᠳᠦᠨ᠎ᠦ ᠮᠡᠰᠡ ᠵᠠᠰᠠᠯ ᠬᠢᠯᠭᠡᠭᠡᠳ ᠰᠠᠶᠢ ᠡᠮᠨᠡᠯᠭᠡ᠎ᠡᠴᠡ ᠭᠠᠷᠤᠭ᠍ᠰᠠᠨ ᠪᠣᠯᠬᠣᠷ ᠪᠢ ᠪᠠᠰᠠ ᠰᠠᠶᠢ ᠬᠠᠷᠢᠵᠤ ᠢᠷᠡᠵᠦ ᠪᠠᠢᠨ᠎ᠠ ᠁ ᠭᠡᠵᠦ᠍ ᠵᠠᠩ ᠠᠨ ᠵᠧ ᠨᠠᠰᠤᠲᠠᠨ ᠬᠡᠯᠡᠵᠦ᠍ ᠪᠠᠢᠯ᠎ᠠ᠃
ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ《ᠡᠭᠦᠳᠡ ᠲᠣᠭ᠍ᠰᠢᠵᠤ ᠡᠷᠦᠬᠡ᠎ᠳᠦ ᠭᠦᠨᠵᠡᠭᠡᠢᠷᠡᠬᠦ᠌》 ᠰᠤᠷᠪᠤᠯᠵᠢᠯᠠᠬᠤ ᠠᠵᠢᠯᠯᠠᠭ᠎ᠠ᠎ᠶ᠋ᠢᠨ ᠲᠤᠬᠠᠶ ᠶᠠᠷᠢᠬᠤ᠎ᠳᠤ᠂ ᠡᠨᠡ ᠵᠢᠯ 86 ᠨᠠᠰᠤᠲᠠᠶ ᠵᠠᠩ ᠠᠨ ᠵᠧ ᠨᠠᠰᠤᠲᠠᠨ ᠰᠡᠳᠭᠢᠯ ᠬᠥᠳᠡᠯᠦᠨ᠄《ᠡᠲᠡᠭᠡᠷ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ ᠨᠠᠷ ᠶᠠᠭ ᠯᠠ ᠥᠪᠡᠷ᠎ᠦᠨ ᠬᠡᠦᠬᠡᠳᠰᠢᠭ᠂ ᠢᠷᠡᠬᠦ᠌ ᠪᠦᠷᠢ ᠴᠥᠮ ᠮᠠᠰᠢ ᠬᠠᠯᠠᠭᠤᠮᠰᠤᠭ᠂ ᠪᠠᠰᠠ ᠬᠡᠷ᠎ᠦᠨ ᠠᠵᠢᠯ ᠬᠠᠪᠰᠤᠷᠤᠨ ᠬᠢᠵᠤ ᠥᠭ᠌ᠭᠦᠨ᠎ᠡ᠂ ᠦᠨᠡᠬᠡᠷ ᠳᠣᠲᠣᠨᠣᠰᠤᠭ ᠡ》 ᠭᠡᠵᠦ ᠪᠠᠢᠯ᠎ᠠ᠃
ᠡᠷᠦᠬᠡ᠎ᠳᠦ ᠣᠷᠣᠵᠤ ᠰᠤᠷᠪᠤᠯᠵᠢᠯᠠᠬᠤ ᠠᠵᠢᠯ ᠳᠠᠭᠤᠰᠭᠤ ᠦᠶ᠎ᠡ᠎ᠳᠦ᠂ ᠵᠠᠩ ᠠᠨ ᠵᠧ ᠨᠠᠰᠤᠲᠠᠨ ᠺᠦᠩ ᠷᠦᠢ ᠹᠸᠩ᠎ᠤᠨ ᠭᠠᠷ ᠡᠴᠠ ᠠᠳᠭᠤᠵᠤ᠄ 《ᠲᠠ᠎ᠨᠠᠷ ᠦᠷᠭᠦᠯᠵᠢ ᠢᠷᠡᠭᠡᠷᠡᠢ!》 ᠭᠡᠪᠡ᠃
ᠺᠦᠩ ᠷᠦᠢ ᠹᠧᠩ᠄ 《ᠯᠠᠪᠲᠠᠶ ᠦᠷᠭᠦᠯᠵᠢ ᠢᠷᠡᠨ᠎ᠡ᠂ ᠲᠠ ᠬᠤᠷᠳᠤᠨ ᠭᠡᠷ᠎ᠲᠡᠬᠡᠨ ᠤᠷᠤᠭᠠᠷᠠᠢ!》 ᠬᠡᠵᠤ ᠢᠨᠢᠶᠡᠮᠰᠦᠭᠯᠡᠨ ᠬᠡᠯᠡᠬᠡᠳ ᠭᠠᠷᠤᠯ᠎ᠠ᠃
ᠭᠡᠷ᠎ᠦᠨ ᠡᠭᠦᠳᠡ ᠨᠡᠭᠡᠭᠡᠭᠳᠡᠵᠦ᠂ 《ᠰᠡᠳᠭᠢᠯ᠎ᠦᠨ ᠡᠭᠦᠳᠡ》 ᠴᠦ᠍ ᠨᠡᠭᠡᠭᠡᠭᠳᠡᠵᠦ᠍᠂ ᠠᠮᠤᠷ ᠲᠦᠪᠱᠢᠨ᠎ᠦ ᠡᠭᠦᠳᠡ ᠰᠠᠬᠢᠭᠳᠠᠪᠠ᠃ ᠡᠨᠡ ᠵᠢᠯ᠎ᠡᠴᠡ ᠨᠠᠭᠠᠰᠢ᠂ ᠵᠢᠨᠴᠢᠶᠤᠤ ᠲᠣᠮᠢᠯᠠᠭ᠍ᠰᠠᠨ ᠰᠠᠯᠪᠤᠷᠢ᠎ᠶ᠋ᠢᠨ᠎ᠬᠢᠨ ᠱᠢᠨ᠎ᠡ ᠴᠠᠭ ᠦᠶ᠎ᠡ᠎ᠶ᠋ᠢᠨ 《ᠹᠸᠩᠴᠢᠶᠤᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ 《ᠲᠦᠮᠡᠨ ᠴᠠᠭ᠍ᠳᠠᠭ᠎ᠠ ᠲᠦᠮᠡᠨ ᠲᠤᠤᠷᠵᠢᠭᠤᠯᠤᠯᠳᠠ᠎ᠶ᠋ᠢᠨ ᠠᠵᠢᠯᠳᠡᠨ ᠲᠦᠮᠡᠨ ᠡᠷᠦᠬᠡ᠎ᠳᠦ ᠣᠷᠣᠬᠤ》ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠭᠤᠤᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠴᠠᠭ᠍ᠳᠠᠭᠠᠨ᠎ᠤ ᠬᠦᠴᠦᠨ᠎ᠢ ᠳᠣᠷᠣᠭ᠍ᠰᠢ ᠪᠠᠭᠤᠯᠭᠠᠬᠤ ᠵᠢ ᠠᠬᠢᠭᠤᠯᠵᠤ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠵᠣᠪᠠᠭᠤᠷᠢ᠎ᠶ᠋ᠢ ᠠᠷᠢᠯᠭᠠᠵᠤ᠂ ᠵᠥᠷᠢᠴᠡᠯ᠎ᠢ ᠠᠷᠢᠯᠭᠠᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠂ ᠪᠥᠬᠥ᠌ ᠴᠠᠭ᠍ᠳᠠᠭ᠎ᠠ᠎ᠶ᠋ᠢ ᠳᠠᠢᠴᠢᠯᠠᠨ᠂ ᠪᠥᠬᠥ᠌ ᠣᠷᠣᠨ ᠪᠦᠰᠡ᠎ᠪᠡᠷ ᠬᠦᠴᠦᠯᠡᠵᠤ᠂ ᠣᠯᠠᠨ ᠲᠦᠮᠡᠨ᠎ᠳᠦ ᠦᠶ᠋ᠯᠡᠴᠢᠯᠡᠬᠦ᠌ ᠠᠵᠢᠯ᠎ᠢ ᠦᠨᠡᠨ ᠬᠦ᠌ ᠣᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠥᠬᠥ᠌ ᠬᠦᠴᠦᠨ᠎ᠢᠶᠡᠷ᠎ᠢᠶᠡᠨ ᠳᠡᠭᠡᠭ᠌ᠰᠢᠯᠡᠭᠦᠯᠪᠡ᠃
ᠲᠣᠰ ᠲᠣᠮᠢᠯᠠᠭ᠍ᠰᠠᠨ ᠰᠠᠯᠪᠤᠷᠢ᠎ᠶ᠋ᠢᠨ ᠬᠢᠨ ᠠᠷᠠᠳ᠎ᠤᠨ ᠴᠠᠭ᠍ᠳᠠᠭ᠎ᠠ ᠲᠤᠰᠠᠯᠠᠭ᠍ᠴᠢ ᠴᠠᠭ᠍ᠳᠠᠭ᠎ᠠ᠎ᠶ᠋ᠢ ᠪᠠᠢᠩᠭᠤ ᠵᠣᠬᠢᠶᠠᠨ ᠪᠠᠢᠭᠤᠯᠵᠤ ᠨᠡᠢᠭᠡᠮ ᠲᠣᠭᠣᠷᠢᠭ᠎ᠲᠤ ᠭᠦᠨᠵᠡᠭᠡᠢᠷᠡᠨ᠂ ᠵᠢᠷᠤᠮ᠎ᠤᠨ ᠴᠠᠭ᠍ᠳᠠᠭ᠎ᠠ᠎ᠶ᠋ᠢᠨ ᠭᠡᠱᠢᠭᠦᠨ᠂ ᠲᠤᠤᠷᠵᠢᠭᠤᠯᠤᠯᠳᠠ᠎ᠶ᠋ᠢᠨ ᠠᠵᠢᠯᠳᠡᠨ ᠵᠡᠷᠭᠡ ᠬᠦᠴᠦᠨ᠎ᠲᠡᠶ ᠬᠣᠯᠪᠣᠭᠠᠯᠠᠵᠤ᠂ ᠨᠡᠢᠭᠡᠮ ᠲᠣᠭᠣᠷᠢᠭ᠂ ᠬᠤᠳᠠᠯᠳᠤᠭᠠᠨ᠎ᠤ ᠫᠦᠰᠡ ᠵᠡᠷᠭᠡ᠎ᠳᠦ ᠭᠦᠨᠵᠡᠭᠡᠢᠷᠡᠨ᠂《ᠡᠭᠦᠳᠡ ᠲᠣᠭ᠍ᠰᠢᠵᠤ ᠡᠷᠦᠬᠡ᠎ᠳᠦ ᠭᠦᠨᠵᠡᠭᠡᠢᠷᠡᠬᠦ᠌》 ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠍᠂ ᠣᠯᠠᠨ ᠲᠦᠮᠡᠨ᠎ᠲᠡᠶ ᠨᠢᠭᠤᠷᠳᠠᠨ ᠰᠠᠨᠠᠯ᠎ᠢᠶᠠᠨ ᠰᠣᠯᠢᠯᠴᠠᠵᠤ᠂ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠬᠠᠪᠰᠤᠷᠤᠨ ᠱᠢᠶ᠋ᠳᠪᠦᠷᠢᠯᠡᠵᠦ᠍ ᠪᠠᠢᠨ᠎ᠠ᠃ 《ᠵᠢᠭ᠍ᠰᠠᠭᠠᠨ ᠪᠠᠢᠴᠠᠭᠠᠬᠤ᠎ᠳᠠᠭᠠᠨ ᠨᠢᠭᠡ ᠡᠷᠦᠬᠡᠵᠢᠴᠤ ᠣᠷᠬᠢᠭ᠍ᠳᠠᠭᠤᠯᠬᠤ ᠦᠭᠡᠢ᠂ ᠡᠷᠦᠬᠡ᠎ᠳᠦ ᠤᠷᠤᠭᠠᠳ ᠨᠢᠭᠡ ᠬᠦᠮᠦᠨ᠎ᠢ ᠴᠤ᠌ ᠣᠷᠬᠢᠭ᠍ᠳᠠᠭᠤᠯᠬᠤ ᠦᠭᠡᠢ》 ᠠᠵᠢᠯ᠎ᠤᠨ ᠵᠠᠷᠴᠢᠮ ᠶᠣᠰᠣᠭᠠᠷ᠂ ᠵᠥᠷᠢᠴᠡᠯ ᠵᠠᠭᠤᠷᠠᠯᠳᠤᠭᠠᠨ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠡᠷᠲᠡ᠎ᠡᠴᠡ ᠣᠯᠵᠤ ᠮᠡᠳᠡᠨ᠂ ᠪᠠᠭ᠎ᠠ᠎ᠡᠴᠡ᠎ᠨᠢ ᠱᠢᠶ᠋ᠳᠪᠦᠷᠢᠯᠡᠵᠦ᠍᠂ ᠨᠡᠢᠭᠡᠮ᠎ᠦᠨ ᠠᠮᠤᠷ ᠲᠦᠪᠱᠢᠨ᠎ᠢ ᠰᠠᠨᠠᠭᠠᠴᠢᠯᠠᠭᠠᠲᠤ ᠪᠤᠰᠤ᠎ᠪᠠᠷ ᠠᠷᠭᠠᠴᠡᠭᠠᠵᠤ ᠪᠠᠢᠭ᠍ᠰᠠᠨ᠎ᠡᠴᠡ᠎ᠨᠢ ᠰᠠᠨᠠᠭᠠᠴᠢᠯᠠᠭ᠎ᠠ᠎ᠡᠴᠡ᠎ᠪᠠᠨ ᠰᠡᠷᠭᠡᠢᠯᠡᠬᠦ᠌ ᠳᠠᠢᠰᠢ ᠬᠤᠪᠢᠷᠠᠭᠤᠯᠬᠤ᠎ᠶ᠋ᠢ ᠬᠦᠴᠦᠯᠡᠨ ᠪᠡᠶᠡᠯᠡᠭᠦᠯᠪᠡ᠃
ᠵᠢᠭ᠍ᠰᠠᠭᠠᠨ ᠪᠠᠢᠴᠠᠭᠠᠵᠤ ᠭᠠᠷᠭᠠᠭ᠍ᠰᠠᠨ ᠬᠡᠷ ᠪᠦᠯᠢ᠂ ᠬᠥᠷᠰᠢ ᠵᠡᠷᠭᠡᠯᠡᠳᠡᠭᠡ᠂ ᠥᠷᠢ ᠥᠭ᠌ᠴᠡᠭᠡ ᠵᠡᠷᠭᠡ ᠵᠥᠷᠢᠴᠡᠯ ᠵᠠᠭᠤᠷᠠᠯᠳᠤᠭᠠᠨ᠎ᠢ ᠲᠣᠰ ᠰᠠᠯᠪᠤᠷᠢ ᠨᠢ 《ᠲᠣᠮᠢᠯᠠᠭ᠍ᠰᠠᠨ ᠰᠠᠯᠪᠤᠷᠢ᠂ ᠬᠠᠤᠯᠢ ᠴᠠᠭᠠᠵᠠ᠎ᠶ᠋ᠢᠨ ᠭᠠᠵᠠᠷ ᠬᠠᠮᠲᠤᠷᠠᠨ ᠡᠶᠡᠳᠡᠭᠦᠯᠬᠦ᠌》ᠬᠣᠯᠪᠣᠭᠠᠯᠠᠨ ᠱᠢᠶ᠋ᠳᠪᠦᠷᠢᠯᠡᠬᠦ᠌ ᠲᠣᠭ᠍ᠲᠡᠴᠡ᠎ᠶ᠋ᠢ ᠡᠬᠢᠯᠡᠭᠦᠯᠵᠦ᠍᠂ ᠲᠥᠬᠥᠮ ᠵᠠᠭᠤᠷᠠᠯᠳᠤᠭᠠᠨ᠎ᠢ ᠲᠤᠬᠠᠶ᠎ᠶ᠋ᠢᠨ ᠲᠠᠯᠠᠪᠤᠷ᠎ᠲᠤ ᠨᠢ ᠡᠶᠡᠳᠡᠭᠦᠯᠦᠨ ᠱᠢᠶ᠋ᠳᠪᠦᠷᠢᠯᠡᠵᠦ᠍᠂ ᠪᠤᠳᠤᠯᠢᠶᠠᠨᠲᠠᠶ ᠵᠠᠭᠤᠷᠠᠯᠳᠤᠭᠠᠨ᠎ᠢ ᠬᠠᠮᠲᠤᠷᠠᠨ ᠪᠡᠷᠬᠡ ᠰᠡᠳᠦᠪ᠎ᠢ ᠱᠢᠶ᠋ᠳᠪᠦᠷᠢᠯᠡᠪᠡ᠃ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ᠎ᠶ᠋ᠢ ᠬᠥᠲᠥᠯᠥᠨ ᠵᠢᠯᠣᠭᠣᠳᠴᠤ᠌《ᠰᠡᠳᠭᠢᠯ᠎ᠦᠨ ᠵᠠᠩᠭᠢᠶᠠᠰᠤ》 ᠶ᠋ᠢ ᠤᠷᠠᠨ᠎ᠢᠶᠠᠷ ᠲᠠᠢᠯᠬᠤ ᠵᠢᠷᠭᠤᠭᠠᠨ ᠵᠦᠶ᠋ᠯ᠎ᠦᠨ ᠠᠵᠢᠯ᠎ᠤᠨ ᠠᠷᠭ᠎ᠠ᠎ᠵᠢ ᠢᠳᠡᠪᠬᠢᠲᠡᠢ ᠬᠡᠷᠡᠭᠯᠡᠪᠡ᠂ ᠲᠤᠬᠠᠢᠯᠠᠪᠠᠯ 《ᠰᠣᠨᠣᠰᠬᠤ ᠲᠤᠳᠤᠯᠠᠬᠤ ᠢᠳᠬᠠᠬᠤ ᠨᠠᠢᠷ ᠲᠠᠯᠪᠢᠬᠤ ᠡᠶᠡᠳᠡᠬᠦᠯᠬᠦ》 ᠲᠠᠪᠤᠨ ᠠᠯᠬᠤᠮ᠎ᠤᠨ ᠡᠶᠡᠳᠡᠭᠦᠯᠬᠦ᠌ ᠠᠷᠭ᠎ᠠ᠂ ᠰᠡᠳᠭᠢᠯ ᠲᠠᠯᠪᠢᠬᠤ᠂ ᠨᠠᠷᠢᠨ ᠬᠢᠨᠠᠮᠠᠭᠠᠶ᠂ ᠬᠦᠯᠢᠴᠡᠩᠭᠦᠶ᠂ ᠬᠠᠯᠠᠭᠤᠨ ᠰᠡᠳᠭᠢᠯ᠎ᠢᠶᠡᠷ ᠡᠶᠡᠳᠡᠭᠦᠯᠬᠦ ᠠᠷᠭ᠎ᠠ ᠵᠢᠴᠢ ᠪᠠᠢᠷᠢ ᠰᠣᠯᠢᠵᠤ ᠰᠡᠳᠭᠢᠬᠦ᠌ ᠠᠷᠭ᠎ᠠ᠂ 《ᠣᠭ ᠦᠨᠳᠦᠰᠦ᠎ᠶ᠋ᠢ ᠨᠢ ᠡᠷᠢᠬᠦ᠌》 ᠠᠷᠭ᠎ᠠ᠂ 《ᠨᠢᠭᠤᠷᠳᠠᠬᠤ ᠥᠬᠡᠶ ᠪᠡᠷ》 ᠡᠶᠡᠳᠡᠭᠦᠯᠬᠦ᠌ ᠠᠷᠭ᠎ᠠ ᠪᠣᠯᠤᠨ 《ᠬᠠᠤᠯᠢ ᠬᠢᠭᠡᠳ ᠰᠡᠳᠭᠢᠯᠭᠡ》 ᠶ᠋ᠢ ᠤᠶᠠᠯᠳᠤᠭᠤᠯᠤᠨ ᠠᠭᠤᠰᠤᠯᠴᠠᠭᠤᠯᠬᠤ ᠠᠷᠭ᠎ᠠ ᠪᠣᠯᠤᠨ᠎ᠠ᠃ ᠰᠤᠷᠪᠤᠯᠵᠢᠯᠠᠬᠤ ᠳᠤᠮᠳᠠ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠵᠡᠷᠭᠡ᠎ᠪᠡᠷ ᠥᠷᠨᠢᠭᠦᠯᠵᠦ᠍᠂ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠲᠠᠢᠯᠪᠤᠷᠢᠯᠠᠬᠤ᠂ ᠬᠡᠷᠡᠭ᠎ᠢᠶᠡᠷ ᠬᠠᠤᠯᠢ᠎ᠶ᠋ᠢ ᠲᠠᠢᠯᠪᠤᠷᠢᠯᠠᠬᠤ᠎ᠪᠠᠷ ᠳᠠᠮᠵᠢᠭᠤᠯᠤᠨ᠂ ᠠᠮᠤᠷ ᠲᠦᠪᠱᠢᠨ᠎ᠦ ᠮᠡᠳᠡᠯᠭᠡ᠎ᠶ᠋ᠢ ᠲᠦᠭᠡᠮᠡᠯᠵᠢᠭᠦᠯᠵᠦ᠍᠂ ᠤᠯᠠᠨ ᠲᠦᠮᠡᠨ᠎ᠦ ᠥᠪᠡᠷ᠎ᠢ᠎ᠪᠡᠨ ᠰᠡᠷᠭᠡᠢᠯᠡᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠷᠠᠭᠤᠯᠪᠠ᠃
ᠡᠨᠡ ᠵᠢᠯ᠎ᠡᠴᠡ ᠨᠠᠭᠠᠰᠢ ᠲᠤᠰ ᠰᠠᠯᠪᠤᠷᠢ᠎ᠵᠢᠨ ᠠᠷᠠᠳ᠎ᠤᠨ ᠴᠠᠭ᠍ᠳᠠᠭ᠎ᠠ ᠲᠤᠰᠠᠯᠠᠭ᠍ᠴᠢ ᠴᠠᠭ᠍ᠳᠠᠭ᠎ᠠ ᠨᠡᠢᠲᠡ 1200 ᠭᠠᠷᠤᠶ ᠡᠷᠦᠬᠡ᠎ᠪᠡᠷ ᠶᠠᠪᠤᠵᠤ᠂ 60 ᠭᠠᠷᠤᠶ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠵᠢᠯ᠎ᠳᠤ ᠤᠷᠢᠳᠴᠢᠯᠠᠨ ᠣᠷᠣᠯᠴᠠᠵᠠᠶ᠃
ᠡᠭᠦᠨ᠎ᠦ ᠬᠠᠮᠲᠤ᠂ ᠬᠠᠷᠢᠶ᠎ᠠ ᠣᠷᠣᠨ᠎ᠤ ᠠᠵᠤ ᠠᠬᠤᠢᠯᠠᠯ ᠮᠠᠰᠢ ᠣᠯᠠᠨ ᠪᠠᠢᠬᠤ ᠪᠣᠳᠠᠲᠤ ᠪᠠᠢᠳᠠᠯ᠎ᠳᠤ ᠴᠢᠭ᠌ᠯᠡᠭᠦᠯᠦᠨ᠂ ᠲᠣᠰ ᠰᠠᠯᠪᠤᠷᠢ᠎ᠨᠢ ᠪᠠᠰᠠ《ᠠᠮᠤᠷ ᠲᠦᠪᠱᠢᠨ᠎ᠦ ᠤᠬᠠᠭᠤᠯᠭ᠎ᠠ᠎ᠵᠢ ᠬᠡᠷ᠎ᠲᠦᠨᠢ ᠬᠦᠷᠴᠦ᠍ ᠶᠠᠷᠢᠬᠤ᠂ ᠭᠡᠷᠡᠴᠢ ᠦᠨᠡᠮᠯᠡᠯ ᠭᠦᠶ᠋ᠴᠡᠳᠭᠡᠬᠦ᠌᠎ᠶ᠋ᠢ ᠬᠡᠷ᠎ᠲᠦᠨᠢ ᠬᠦᠷᠭᠡᠵᠦ᠍ ᠥᠭ᠌ᠬᠦ》ᠦᠶ᠋ᠯᠡᠴᠢᠯᠡᠭᠡ᠎ᠵᠢᠨ ᠱᠢᠨ᠎ᠡ᠎ᠵᠢ ᠡᠭᠦᠳᠴᠦ᠍᠂ ᠴᠠᠭ᠍ᠳᠠᠭ᠎ᠠ ᠪᠠ ᠠᠵᠤ ᠠᠬᠤᠢᠯᠠᠯ᠎ᠤᠨ 《ᠨᠢᠭᠤᠷᠳᠠᠨ》 ᠬᠠᠷᠢᠯᠴᠠᠬᠤ ᠲᠣᠭ᠍ᠲᠡᠴᠡ᠎ᠶ᠋ᠢ ᠪᠠᠢᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠭᠤᠷᠠᠯᠳᠤᠭᠠᠨ᠎ᠢ ᠲᠦᠷᠭᠡᠨ ᠴᠤᠤᠷᠢᠶᠠᠲᠤᠨ ᠳᠠᠭᠠᠬᠤ ᠵᠠᠮ᠎ᠢ ᠪᠠᠢᠭᠤᠯᠵᠤ᠂ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ᠎ᠶ᠋ᠢᠨ 《ᠵᠦᠳᠡᠷᠡᠯ᠎ᠦᠨ ᠵᠢᠭᠠᠯᠲᠠ ᠲᠣᠭ᠎ᠠ》 ᠪᠠᠷ ᠠᠵᠤ ᠠᠬᠤᠢᠯᠠᠯ ᠪᠠ ᠣᠯᠠᠨ ᠲᠦᠮᠡᠨ᠎ᠦ 《ᠵᠣᠯ ᠵᠢᠷᠭᠠᠯ᠎ᠤᠨ ᠵᠢᠭᠠᠯᠲᠠ ᠲᠣᠭ᠎ᠠ》 ᠶ᠋ᠢ ᠰᠣᠯᠢᠵᠤ ᠠᠪᠴᠠᠶ᠃
《ᠠᠮᠤᠷ ᠲᠤᠭᠲᠠᠭᠤᠨ ᠪᠣᠯ ᠬᠥᠭ᠌ᠵᠢᠯᠲᠡ᠎ᠶ᠋ᠢᠨ ᠤᠷᠢᠲᠠᠯ᠂ ᠨᠡᠩ ᠴᠤ᠌ ᠤᠯᠠᠨ ᠲᠦᠮᠡᠨ᠎ᠦ ᠬᠦᠰᠡᠯ ᠡᠷᠡᠮᠡᠯᠵᠡᠯ ᠮᠥᠨ᠃ ᠪᠢᠳᠡ 〈ᠲᠦᠮᠡᠨ ᠴᠠᠭ᠍ᠳᠠᠭ᠎ᠠ ᠲᠦᠮᠡᠨ ᠲᠤᠤᠷᠵᠢᠭᠤᠯᠤᠯᠲᠠ᠎ᠵᠢᠨ ᠠᠵᠢᠯᠲᠠᠨ᠎ᠢ ᠲᠦᠮᠡᠨ ᠡᠷᠦᠬᠡ᠎ᠳᠦ ᠣᠷᠣᠭᠤᠯᠬᠤ〉 ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠱᠢᠨ᠎ᠡ ᠴᠠᠭ ᠦᠶ᠎ᠡ᠎ᠶ᠋ᠢᠨ 〈ᠹᠧᠩᠴᠢᠶᠣᠤ᠎ᠶ᠋ᠢᠨ ᠲᠤᠷᠱᠢᠯᠭ᠎ᠠ〉 ᠶ᠋ᠢ ᠪᠠᠷᠢᠮᠲᠠᠯᠠᠨ ᠬᠥᠭ᠌ᠵᠢᠭᠦᠯᠬᠦ᠌᠂ ᠦᠨᠳᠦᠰᠦᠨ ᠱᠠᠲᠤᠨ᠎ᠤ ᠵᠠᠰᠠᠯᠲᠠ᠎ᠵᠢ ᠪᠡᠬᠢᠵᠢᠭᠦᠯᠬᠦ ᠴᠢᠬᠤᠯᠠ ᠭᠠᠷᠳᠡᠴᠡ ᠪᠣᠯᠭᠠᠵᠤ᠂ ᠴᠠᠭ᠍ᠳᠠᠭᠠᠨ᠎ᠤ ᠬᠦᠴᠦᠨ᠎ᠢ ᠪᠣᠳᠠᠲᠠᠢᠵᠢᠭᠤᠯᠵᠤ᠂ ᠪᠣᠳᠠᠲᠤ ᠪᠠᠢᠳᠠᠯ᠎ᠢ ᠣᠢᠯᠠᠭᠠᠵᠤ᠂ ᠣᠯᠠᠨ ᠲᠦᠮᠡᠨ᠎ᠳᠦ ᠦᠶ᠋ᠯᠡᠴᠢᠯᠡᠬᠦ᠌ ᠳᠤᠮᠳᠠ ᠴᠠᠭ᠍ᠳᠠᠭᠠᠨ᠎ᠤ ᠶᠠᠪᠤᠳᠠᠯ᠎ᠤᠨ ᠠᠵᠢᠯ᠎ᠤᠨ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠎ᠡ》 ᠭᠡᠵᠦ᠍᠎ᠶ᠋ᠢᠨ ᠴᠢᠶᠣᠤ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠬᠤᠤ ᠱᠢᠶᠤᠤ ᠯᠢᠨ ᠬᠡᠯᠡᠪᠡ᠃
【ᠰᠤᠷᠪᠤᠯᠵᠢᠯᠠᠭ᠍ᠴᠢ᠎ᠶ᠋ᠢᠨ ᠭᠠᠷ ᠲᠡᠮᠳᠡᠭ᠌ᠯᠡᠯ】
ᠠᠷᠠᠳ᠎ᠤᠨ ᠴᠠᠭ᠍ᠳᠠᠭ᠎ᠠ ᠲᠤᠰᠠᠯᠠᠭ᠍ᠴᠢ ᠴᠠᠭ᠍ᠳᠠᠭ᠎ᠠ᠎ᠶ᠋ᠢ ᠳᠠᠭᠠᠵᠤ ᠡᠷᠦᠬᠡ᠎ᠳᠦ ᠣᠷᠣᠵᠤ ᠰᠤᠷᠪᠤᠯᠵᠢᠯᠠᠬᠤ᠎ᠳᠠᠭᠠᠨ᠂ ᠲᠡᠳᠡᠨ᠎ᠦ ᠬᠠᠷᠢᠶ᠎ᠠ ᠣᠷᠣᠨ᠎ᠤ ᠰᠠᠭᠤᠭᠠᠯᠢ ᠡᠷᠦᠬᠡ᠎ᠶ᠋ᠢᠨ ᠪᠠᠢᠳᠠᠯ᠂ ᠬᠠᠷᠢᠶ᠎ᠠ ᠣᠷᠣᠨ᠎ᠤ ᠶᠡᠬᠡ ᠪᠠᠭ᠎ᠠ ᠶᠠᠪᠤᠳᠠᠯ᠎ᠢ ᠪᠦᠷ ᠰᠠᠢᠨ ᠮᠡᠳᠡᠳᠡᠭ᠎ᠳᠤ ᠨᠢ ᠪᠢ ᠶᠡᠬᠡᠳᠡ ᠭᠠᠢᠬᠠᠯ᠎ᠠ᠃ ᠵᠠᠮ ᠲᠤᠷᠰᠢ᠂ ᠴᠥᠭᠡᠨ ᠪᠤᠰᠤ ᠤᠯᠠᠨ ᠲᠦᠮᠡᠨ ᠬᠠᠯᠠᠭᠤᠮᠰᠤᠭ᠎ᠢᠶᠠᠷ ᠲᠡᠳᠡᠨ᠎ᠲᠡᠶ ᠮᠡᠨᠳᠦᠴᠢᠯᠡᠵᠦ᠍ ᠪᠠᠢᠬᠤ ᠵᠢ ᠬᠠᠷᠠᠭᠠᠳ᠂ ᠭᠠᠭ᠍ᠴᠠ ᠬᠦ᠌ ᠦᠨᠡᠨ ᠰᠡᠳᠭᠢᠯ᠎ᠡᠴᠡ᠎ᠪᠡᠨ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠴᠦ᠂ ᠬᠦᠴᠢᠷ ᠠᠰᠠᠭᠤᠳᠠᠯ᠎ᠢ ᠨᠢ ᠱᠢᠢᠳᠪᠦᠷᠢᠯᠡᠪᠡᠯ ᠰᠠᠶ᠍ᠢ ᠤᠯᠠᠨ ᠲᠦᠮᠡᠨ᠎ᠦ ᠵᠥᠪᠱᠢᠶᠡᠷᠡᠯ ᠪᠠ ᠢᠲᠡᠭᠡᠯ᠎ᠢ ᠣᠯᠵᠤ᠂ ᠤᠯᠠᠨ ᠲᠦᠮᠡᠨ᠎ᠳᠦ ᠴᠡᠭᠡᠵᠢᠯᠡᠭᠳᠡᠵᠦ ᠴᠢᠳᠠᠨ᠎ᠠ ᠭᠡᠳᠡᠭ᠎ᠢ ᠪᠢ ᠭᠦᠨᠵᠡᠭᠡᠢ ᠮᠡᠳᠡᠷᠡᠯ᠎ᠡ᠃
ᠠᠮᠤᠷ ᠲᠤᠭᠲᠠᠭᠤᠨ ᠭᠡᠳᠡᠭ ᠨᠢ ᠪᠡᠶ᠎ᠡ ᠠᠮᠤᠷ ᠲᠦᠪᠱᠢᠨ ᠪᠠᠢᠬᠤ᠂ ᠪᠠᠰᠠ ᠴᠤ᠌ ᠰᠡᠳᠭᠢᠯ ᠠᠮᠤᠷ ᠪᠠᠢᠬᠤ ᠵᠢᠭᠠᠨ᠎ᠠ᠃ ᠰᠤᠷᠪᠤᠯᠵᠢᠯᠠᠭ᠎ᠠ ᠳᠤᠮᠳᠠ᠂《ᠡᠳᠦᠷ᠎ᠲᠡᠭᠡᠨ ᠴᠠᠭ᠍ᠳᠠᠭᠠᠨ ᠲᠡᠷᠭᠡ᠎ᠶ᠋ᠢ ᠤᠯᠵᠤ ᠦᠵᠡᠵᠦ᠂ ᠰᠥᠨᠢ᠎ᠳᠡᠭᠡᠨ ᠳᠣᠬᠢᠶᠠᠨ ᠳ᠋ᠧᠩ᠎ᠢ ᠤᠯᠵᠤ ᠦᠵᠡᠳᠡᠭ᠂ ᠴᠠᠭ᠍ᠳᠠᠭ᠎ᠠ ᠳᠡᠷᠭᠡᠳᠡ ᠪᠠᠢᠪᠠᠯ᠂ ᠠᠮᠤᠷ ᠲᠦᠪᠱᠢᠨ ᠳᠠᠷᠤᠢ ᠨᠢᠳᠦᠨ ᠡᠮᠦᠨ᠎ᠡ ᠪᠠᠢᠨ᠎ᠠ》 ᠭᠡᠬᠦ ᠦᠭᠡ ᠵᠢ ᠣᠯᠠᠨ ᠲᠦᠮᠡᠨ ᠬᠠᠮᠤᠭ᠎ᠡᠴᠡ ᠢᠯᠡᠭᠦᠦ ᠬᠡᠯᠡᠳᠡᠭ᠃ ᠣᠯᠠᠨ ᠲᠦᠮᠡᠨ᠎ᠦ ᠳᠤᠮᠳᠠ ᠭᠦᠨᠵᠡᠭᠡᠢᠷᠡᠨ᠂ ᠠᠷᠠᠳ᠎ᠤᠨ ᠠᠮᠢᠳᠤᠷᠠᠯ᠎ᠳᠤ ᠦᠶ᠋ᠯᠡᠴᠢᠯᠡᠵᠦ᠂ ᠣᠯᠠᠨ ᠲᠦᠮᠡᠨ ᠰᠡᠳᠭᠢᠯ ᠬᠠᠨᠤᠮᠵᠢᠲᠠᠶ ᠪᠠᠢᠬᠤ ᠨᠢ ᠳᠣᠲᠣᠭᠠᠳᠤ᠎ᠶ᠋ᠢ ᠬᠠᠮᠠᠭᠠᠯᠠᠬᠤ ᠠᠵᠢᠯ᠎ᠳᠡᠬᠢ ᠬᠠᠮᠤᠭ᠎ᠤᠨ ᠶᠡᠬᠡ ᠮᠡᠳᠡᠷᠡᠮᠵᠢ ᠮᠥᠨ᠃ ᠲᠦᠮᠡᠨ ᠴᠠᠭ᠍ᠳᠠᠭ᠎ᠠ ᠲᠦᠮᠡᠨ ᠲᠤᠤᠷᠵᠢᠭᠤᠯᠤᠯᠲᠠ᠎ᠵᠢᠨ ᠠᠵᠢᠯᠲᠠᠨ ᠲᠦᠮᠡᠨ ᠡᠷᠦᠬᠡ᠎ᠪᠡᠷ ᠣᠷᠣᠵᠤ᠂ ᠴᠠᠭ᠍ᠳᠠᠭ᠎ᠠ ᠠᠷᠠᠳ᠎ᠤᠨ ᠬᠠᠷᠢᠴᠠᠭ᠎ᠠ ᠶᠠᠭ ᠤᠳᠠᠭ᠎ᠠ ᠪᠦᠷᠢ᠎ᠶ᠋ᠢᠨ 《ᠤᠷᠤᠭ᠍ᠰᠢᠯᠠᠯᠲᠠ》 ᠳᠤᠮᠳᠠ ᠤᠯᠠᠮ ᠣᠢᠷᠠᠬᠠᠨ ᠪᠣᠯᠪᠠ᠃