ᠱᠢ ᠭᠤᠸᠠᠩ ᠬᠣᠶ ᠶᠠᠷᠢᠶ᠎ᠠ ᠲᠠᠯᠪᠢᠵᠤ ᠴᠧᠨ ᠳ᠋ᠦᠩ ᠭᠠᠩ ᠪᠠᠶᠠᠷ᠎ᠤᠨ ᠦᠭᠡ ᠬᠡᠯᠡᠪᠡ
4 ᠰᠠᠷ᠎ᠠ᠎ᠶ᠋ᠢᠨ 17 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠬᠤᠯᠪᠤᠭ᠎ᠠ ᠵᠢᠨ ᠬᠣᠶᠠᠳᠤᠭᠠᠷ ᠬᠤᠭᠤᠴᠠᠭᠠᠨ᠎ᠤ ᠭᠡᠱᠢᠭᠦᠳ᠎ᠦᠨ ᠲᠥᠯᠥᠭᠡᠯᠡᠭ᠌ᠴᠢᠳ᠎ᠦᠨ ᠶᠡᠬᠡ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠣᠶ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠣᠯᠪᠣᠭ᠎ᠠ ᠵᠢᠨ ᠳᠡᠳ᠋ ᠳᠠᠷᠤᠭ᠎ᠠ ᠴᠧᠨ ᠳ᠋ᠦᠩ ᠭᠠᠩ ᠪᠠᠶᠠᠷ᠎ᠤᠨ ᠦᠭᠡ ᠬᠡᠯᠡᠵᠡᠶ᠃
ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠵᠤ᠂ ᠭᠤᠤᠯ ᠠᠵᠢᠯ ᠶᠡᠬᠡ ᠲᠠᠯ᠎ᠠ᠎ᠶ᠋ᠢᠨ ᠲᠣᠭᠣᠷᠢᠨ᠎ᠳᠤ ᠤᠯᠤᠰ᠎ᠤᠨ ᠪᠠᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠰᠠᠢᠲᠤᠷ ᠦᠶ᠋ᠯᠡᠴᠢᠯᠡᠵᠦ᠍᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠠᠮᠢᠳᠤᠷᠠᠯ᠎ᠳᠤ ᠰᠠᠢᠲᠤᠷ ᠦᠶ᠋ᠯᠡᠴᠢᠯᠡᠵᠦ᠍᠂ ᠥᠪᠡᠷᠮᠢᠴᠡ ᠳᠠᠪᠠᠭᠤᠯᠢᠭ᠎ᠢᠶᠠᠨ ᠪᠠᠳᠠᠷᠠᠭᠤᠯᠵᠤ᠂ ᠨᠡᠢᠭᠡᠮ᠎ᠦᠨ ᠵᠠᠰᠠᠯᠲᠠ᠎ᠳᠤ ᠰᠠᠢᠲᠤᠷ ᠦᠶ᠋ᠯᠡᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌᠎ᠳᠦ ᠰᠠᠢᠨ ᠳᠤᠷ᠎ᠠ᠎ᠶ᠋ᠢᠨ ᠦᠢᠯᠡᠴᠢᠯᠡᠬᠡᠨ᠎ᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠤᠯᠤᠰ ᠲᠥᠷᠥ᠎ᠪᠡᠷ ᠬᠤᠯᠪᠤᠭ᠎ᠠ ᠪᠠᠨ ᠪᠠᠢᠭᠤᠯᠬᠤ᠂ ᠲᠦᠷᠢᠮ᠎ᠢᠶᠡᠷ ᠬᠤᠯᠪᠤᠭ᠎ᠠ ᠪᠠᠨ ᠬᠦᠴᠦᠷᠬᠡᠭ᠌ᠵᠢᠭᠦᠯᠬᠦ᠌᠂ ᠰᠤᠷᠲᠠᠯ᠎ᠢᠶᠠᠷ ᠬᠤᠯᠪᠤᠭ᠎ᠠ ᠪᠠᠨ ᠮᠠᠨᠳᠤᠭᠤᠯᠬᠤ᠎ᠶ᠋ᠢ ᠪᠠᠷᠢᠮᠲᠠᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠪᠣᠯᠤᠨ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠴᠢᠩᠭᠠᠳᠭᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠱᠢᠨ᠎ᠡ ᠨᠢᠭᠡ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠬᠣᠯᠪᠣᠭ᠎ᠠ ᠵᠢᠨ ᠬᠡᠷᠡᠭ ᠡᠷᠬᠢᠯᠡᠭ᠌ᠴᠢ᠂ ᠪᠠᠢᠩᠭᠤ᠎ᠶ᠋ᠢᠨ ᠬᠡᠷᠡᠭ ᠡᠷᠬᠢᠯᠡᠭ᠌ᠴᠢ ᠵᠢᠴᠢ ᠬᠠᠷᠢᠭᠤᠴᠠᠯᠭᠠᠲᠠᠨ᠎ᠢ ᠰᠣᠩᠭᠣᠨ ᠭᠠᠷᠭᠠᠪᠠ᠃