ᠸᠠᠩ ᠸᠧᠢ ᠵᠦᠩ ᠬᠥᠯᠥᠨ ᠪᠤᠢ᠌ᠷ ᠬᠤᠳᠠ᠎ᠳᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ ᠨᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠤ ᠪᠣᠳᠠᠲᠠᠢ ᠠᠵᠢᠯᠯᠠᠵᠤ ᠪᠣᠳᠠᠲᠤ ᠠᠮᠵᠢᠯᠲᠠ ᠪᠦᠲᠦᠮᠵᠢ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭᠳᠠᠢ
2026-04-02 09:18:19
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 29 ᠡᠴᠡ 4 ᠰᠠᠷ᠎ᠠ᠎ᠶ᠋ᠢᠨ 1 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠯᠥᠨ ᠪᠤᠢ᠌ᠷ ᠬᠤᠳᠠ᠎ᠳᠤ ᠠᠮᠢ ᠠᠬᠤᠢ᠎ᠶ᠋ᠢᠨ ᠬᠠᠮᠠᠭᠠᠯᠠᠯᠲᠠ ᠪᠠ ᠪᠦᠳᠦᠭᠡᠨ ᠪᠠᠢᠭᠤᠯᠤᠯᠲᠠ᠂ ᠠᠵᠤ ᠦᠢᠯᠡᠰ᠎ᠦᠨ ᠬᠥᠭ᠌ᠵᠢᠯᠲᠡ᠂ ᠭᠠᠳᠠᠭᠠᠳᠤ ᠨᠡᠭᠡᠭᠡᠯᠳᠠ᠂ ᠨᠤᠲᠤᠭ ᠪᠡᠯᠴᠢᠭᠡᠷ ᠤᠢ ᠱᠢᠭᠤᠢ᠎ᠶ᠋ᠢᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠪᠠ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠬᠦ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠡᠷᠭᠡ ᠪᠠᠢᠳᠠᠯ᠎ᠢ ᠪᠠᠢᠴᠠᠭᠠᠨ ᠰᠤᠳᠤᠯᠵᠤ ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠷᠠᠳ ᠲᠦᠮᠡᠨ ᠤ᠋ ᠲᠦᠯᠦᠭᠡ ᠵᠠᠰᠠᠭ ᠤ᠋ᠨ ᠠᠵᠢᠯ᠎ᠤᠨ ᠠᠮᠵᠢᠯᠲᠠ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠠᠮᠵᠢᠯᠲᠠ ᠪᠦᠲᠦᠮᠵᠢ ᠭᠠᠷᠭᠠᠬᠤ ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃


ba6097d7-2d50-487c-9122-76b6afb135c3.png


3 ᠰᠠᠷ᠎ᠠ ᠵᠢᠨ 30᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠯᠥᠨ ᠨᠠᠭᠤᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠵᠠᠰᠠᠯᠲᠠ᠎ᠶ᠋ᠢᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠬᠥᠷᠴᠤ ᠣᠢᠯᠠᠭᠠᠪᠠ᠃     

ᠰᠤᠷᠪᠤᠯᠵᠢᠯᠠᠭᠴᠢ  ᠮᠨ ᠵᠢᠶᠠᠨ ᠪᠢᠩ  ᠰᠡᠬᠦᠳᠡᠷᠯᠡᠪᠠ


ᠮᠠᠨᠵᠤᠤᠷ ᠬᠣᠲᠠ᠎ᠳᠤ ᠸᠠᠩ ᠸᠧᠶ ᠵᠥᠩ ᠤᠷᠢᠳ ᠬᠣᠵᠢᠳ ᠲᠠᠪᠤᠳᠤᠭᠠᠷ ᠦᠶ᠎ᠡ᠎ᠶ᠋ᠢᠨ ᠤᠯᠤᠰ᠎ᠤᠨ ᠡᠭᠦᠳᠡ᠂ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠂ ᠲᠡᠮᠦᠷ ᠵᠠᠮ᠎ᠤᠨ ᠴᠢᠩᠭᠡᠯᠢᠭ ᠰᠣᠯᠢᠵᠤ ᠠᠴᠢᠶᠠᠯᠠᠬᠤ ᠲᠠᠯᠠᠪᠠᠶ᠎ᠳᠤ ᠬᠦᠷᠴᠦ᠍᠂ ᠬᠢᠯᠢ ᠵᠢᠨ ᠪᠣᠭᠣᠮᠲᠠ᠎ᠪᠠᠷ ᠥᠩᠭᠡᠷᠡᠬᠦ᠌᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡᠨ᠎ᠦ ᠠᠶᠠᠯᠠᠯ᠂ ᠠᠵᠤ ᠦᠶ᠋ᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠡᠷᠭᠡ ᠪᠠᠢᠳᠠᠯ᠎ᠢ ᠨᠠᠷᠢᠨ ᠬᠢᠨᠠᠮᠠᠭᠠᠶ ᠣᠢᠯᠠᠭᠠᠪᠠ᠃ ᠲᠡᠷᠡ᠂ ᠰᠠᠨᠠᠭᠠᠴᠢᠯᠠᠭ᠎ᠠ ᠡᠴᠡ᠎ᠪᠠᠨ ᠪᠠᠢᠳᠠᠯ᠎ᠤᠨ ᠬᠤᠪᠢᠷᠠᠯᠲᠠ᠎ᠳᠤ ᠵᠣᠬᠢᠴᠠᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠪᠠ ᠲᠦᠷᠢᠮ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠠᠪᠴᠠᠩ ᠤ᠋ᠨ ᠲᠦᠪᠯᠡᠷᠡᠬᠦᠯᠦᠭᠰᠡᠨ ᠦᠶ᠋ᠯᠡᠳᠦᠯ᠎ᠢ ᠪᠠᠳᠠᠷᠠᠭᠤᠯᠵᠤ᠂ ᠭᠠᠳᠠᠭᠠᠳᠤ ᠡᠴᠡ ᠣᠷᠣᠭᠤᠯᠤᠭ᠍ᠰᠠᠨ ᠡᠬᠢ ᠪᠠᠶᠠᠯᠢᠭ᠎ᠢ ᠰᠠᠭᠤᠷᠢᠰᠢᠭᠤᠯᠤᠨ ᠡᠳ᠋ᠱᠢᠭᠦᠯᠬᠦ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠵᠡᠷᠭᠡ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠳᠥᠭᠥᠮ ᠲᠦᠷᠭᠡᠨ ᠵᠠᠮ ᠬᠠᠷᠢᠯᠴᠠᠭᠠᠨ᠎ᠤ ᠭᠤᠤᠯ ᠱᠤᠭᠤᠮ ᠪᠠ ᠪᠠᠷᠠᠭᠠᠨ᠎ᠤ ᠭᠦᠶ᠋ᠯᠭᠡᠭᠡ ᠵᠢᠨ ᠬᠦᠶ᠋ᠰᠦ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠰᠠᠢᠲᠤᠷ ᠪᠥᠲᠥᠭᠡᠨ ᠪᠠᠢᠭᠤᠯᠬᠤ ᠬᠡᠷᠡᠭ᠌ᠲᠡᠶ᠃ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠤᠢᠯᠠᠭᠠᠭᠳᠠᠬᠤᠨ᠎ᠢ ᠪᠠᠲᠤ ᠪᠣᠶ ᠪᠣᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃

ᠸᠠᠩ ᠸᠧᠢ ᠵᠦᠩ ᠬᠥᠯᠥᠨ ᠨᠠᠭᠤᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠵᠠᠰᠠᠯᠲᠠ᠎ᠶ᠋ᠢᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠣᠢᠯᠠᠭᠠᠵᠤ᠂ ᠰᠠᠪᠠ ᠭᠠᠵᠠᠷ᠎ᠤᠨ ᠪᠠᠢᠳᠠᠯ᠂ ᠵᠠᠰᠠᠯᠲᠠ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠴᠤ᠌᠂ ᠤᠰᠤᠨ᠎ᠤ ᠴᠢᠨᠠᠷ᠎ᠢ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠪᠠᠢᠴᠠᠭᠠᠨ ᠦᠵᠡᠪᠡ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠬᠥᠯᠥᠨ ᠨᠠᠭᠤᠷ᠎ᠤᠨ ᠵᠠᠰᠠᠯᠲᠠ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠤᠯᠤᠰ᠎ᠤᠨ ᠶᠡᠬᠡ ᠶᠠᠪᠤᠳᠠᠯ》 ᠤ᠋ᠨ ᠦᠨᠳᠦᠷᠴᠡ ᠳ᠋ᠤ ᠵᠤᠬᠰᠤᠵᠤ ᠱᠢᠰᠲ᠋ᠧᠮ᠎ᠲᠡᠶ ᠬᠠᠮᠠᠭᠠᠯᠠᠬᠤ ᠪᠠ ᠵᠠᠰᠠᠬᠤ ᠮᠡᠷᠭᠡᠵᠢᠯ᠎ᠦᠨ ᠱᠤᠭᠤᠮ᠎ᠤᠨ ᠰᠤᠳᠤᠯᠭᠠᠨ᠎ᠢ ᠴᠢᠩᠭᠠᠳᠭᠠᠵᠤ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠲᠣᠭ᠍ᠲᠠᠭᠤᠨ᠎ᠢᠶᠠᠷ ᠰᠠᠢᠵᠢᠷᠠᠬᠤ ᠵᠢ ᠠᠬᠢᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠤ᠂ ᠵᠠᠰᠠᠯᠲᠠ᠎ᠶ᠋ᠢᠨ ᠦᠷ᠎ᠡ ᠪᠦᠲᠦᠭᠡᠯ᠎ᠢ ᠰᠠᠢᠲᠤᠷ ᠪᠡᠬᠢᠵᠢᠭᠦᠯᠬᠦ᠌ ᠬᠡᠷᠡᠭ᠌ᠲᠡᠶ ᠭᠡᠵᠠᠢ᠃

ᠬᠥᠯᠥᠨ ᠪᠣᠢᠷ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ᠎ᠤᠨ ᠮᠠᠱᠢᠨ ᠮᠸᠬᠠᠨᠢᠭ ᠦᠶ᠋ᠯᠡᠳᠬᠦ᠌ ᠪᠠ ᠮᠥᠰᠥ᠍ ᠴᠠᠰᠤᠨ᠎ᠤ ᠠᠵᠤ ᠠᠬᠤᠶ᠎ᠢᠯᠡ ᠲᠣᠳᠣ ᠦᠪᠡᠷᠮᠢᠴᠡ ᠣᠨᠴᠠᠯᠢᠭ ᠲᠠᠢ ᠶᠤᠮ᠃ ᠸᠠᠩ ᠸᠧᠶ ᠵᠥᠩ ᠬᠡᠷᠦᠯᠦᠨ ᠰᠤᠮᠤ᠎ᠶ᠋ᠢᠨ ᠮᠠᠩᠯᠠᠶ ᠭᠠᠴᠠᠭ᠎ᠠ᠎ᠳᠤ  ᠮᠠᠯᠴᠢᠳ᠎ᠤᠨ ᠦᠶ᠋ᠯᠡᠳᠪᠦᠷᠢᠯᠡᠯ ᠠᠮᠢᠳᠤᠷᠠᠯ᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠂ ᠪᠡᠯᠴᠢᠭᠡᠷ᠎ᠤᠨ ᠳᠠᠭᠠᠭᠠᠴᠠ ᠡᠴᠡ ᠬᠡᠳᠦᠷᠡᠳᠡᠯ᠎ᠠ ᠮᠠᠯᠵᠢᠬᠤ ᠵᠢ ᠵᠠᠰᠠᠬᠤ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠮᠠᠯ ᠠᠵᠤ ᠠᠬᠤᠶ᠎ᠶ᠋ᠢᠨ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ᠂ ᠲᠥᠷᠥᠯ ᠲᠡᠮᠳᠡᠭ᠎ᠦᠨ ᠪᠠᠢᠭᠤᠯᠤᠯᠲᠠ᠂ ᠡᠵᠡᠩᠨᠡᠨ ᠪᠣᠷᠣᠯᠠᠭᠤᠯᠬᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠵᠢ ᠴᠢᠩᠭᠠᠳᠬᠠᠵᠤ᠂ ᠦᠶ᠋ᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠵᠡᠷᠭᠡ 《ᠭᠤᠷᠪᠠ᠎ᠶ᠋ᠢ ᠨᠢᠭᠡ ᠴᠤᠬ᠍ᠴᠠᠵᠢᠭᠤᠯᠤᠬᠰᠠᠨ》 ᠶᠡᠷᠦᠩᠬᠡᠢᠯᠡᠭ᠌ᠰᠡᠨ ᠬᠠᠮᠲᠤᠷᠠᠯᠴᠠᠭ᠎ᠠ ᠵᠡᠷᠭᠡ ᠲᠤᠷᠱᠢᠯᠭ᠎ᠠ ᠪᠠ ᠠᠷᠭ᠎ᠠ ᠬᠢᠳᠡᠯ᠎ᠢ ᠳᠡᠯᠭᠡᠷᠡᠭᠦᠯᠵᠤ᠂ ᠮᠠᠯ ᠠᠵᠤ ᠠᠬᠤᠶ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃ ᠵᠢᠦ ᠵᠢᠶᠠ ᠮᠠᠱᠢᠨ ᠮᠸᠬᠠᠨᠢᠭ ᠲᠤᠨᠤᠭ ᠲᠥᠬᠥᠭᠡᠷᠦᠮᠵᠢ ᠦᠢᠯᠡᠳᠬᠦ᠌ ᠺᠣᠮᠫᠠᠨᠢ᠎ᠳᠤ ᠲᠡᠷᠡ ᠠᠵᠤ ᠠᠬᠤᠢᠯᠠᠯ᠎ᠤᠨ ᠬᠢᠨ᠎ᠢ ᠵᠢᠵᠢᠭ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ ᠮᠸᠬᠠᠨᠢᠭ ᠵᠢᠴᠢ ᠳᠣᠪᠣᠴᠠᠭ ᠠᠭᠤᠯᠠᠷᠬᠠᠭ ᠣᠷᠣᠨ ᠳ᠋ᠤ ᠲᠤᠬᠢᠷᠠᠬᠤ ᠲᠠᠷᠢᠶᠠᠯᠠᠩ᠎ᠤᠨ ᠮᠠᠱᠢᠨ ᠮᠸᠬᠠᠨᠢᠭ᠎ᠢ ᠰᠤᠳᠤᠯᠤᠨ ᠦᠢᠯᠡᠳᠬᠦ ᠪᠡᠨ ᠴᠢᠩᠭᠠᠳᠭᠠᠵᠤ᠂ ᠲᠣᠨᠣᠭ᠍ᠯᠠᠯ᠎ᠤᠨ ᠠᠦ᠋ᠲ᠋ᠣᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠵᠣᠷᠢᠭ᠍ᠵᠢᠭᠤᠯᠪᠠ᠃ ᠬᠤᠸᠠ ᠨᠸᠩ ᠪᠦᠯᠦᠭᠯᠡᠯ᠎ᠤᠨ ᠢᠮᠢᠨ ᠨᠡᠭᠦᠷᠡᠰᠦᠨ ᠴᠠᠬᠢᠯᠭᠠᠨ᠎ᠤ ᠺᠣᠮᠫᠠᠨᠢ᠎ᠶ᠋ᠢᠨ ᠵᠠᠳᠠᠭᠠᠶ ᠠᠭᠤᠷᠬᠠᠶ᠎ᠳᠤ ᠲᠡᠷᠡ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡᠨ ᠢ᠋ ᠭᠦᠨᠵᠡᠭᠡᠢᠷᠡᠭᠦᠯᠵᠦ᠍᠂ ᠠᠭᠤᠷᠬᠠᠶ᠎ᠶ᠋ᠢ ᠨᠡᠭᠡᠭᠡᠨ ᠮᠠᠯᠲᠠᠬᠤ᠎ᠶ᠋ᠢ ᠣᠶᠤᠨᠳᠤ ᠥᠨᠳᠥᠷ ᠪᠦᠲᠦᠮᠵᠢᠲᠡᠶ᠂ ᠠᠮᠤᠷ ᠲᠦᠪᠱᠢᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠠᠬᠢᠭᠤᠯᠵᠤ᠂ ᠠᠶᠤᠯᠭᠦᠶ ᠦᠶ᠋ᠯᠡᠳᠪᠦᠷᠢᠯᠡᠯ᠎ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠲᠥᠪ᠎ᠲᠦ ᠲᠡᠷᠡ ᠲᠤᠬᠠᠢ᠎ᠶ᠋ᠢᠨ ᠭᠠᠵᠠᠷ᠎ᠤᠨ ᠬᠢᠨ ᠢ᠋ ᠡᠯᠪᠡᠭ ᠪᠠᠶᠠᠯᠢᠭ ᠮᠥᠰᠥ᠍ ᠴᠠᠰᠤᠨ᠎ᠤ ᠡᠬᠢ ᠪᠠᠶᠠᠯᠢᠭ ᠪᠣᠯᠤᠨ ᠲᠠᠯᠠᠪᠠᠢ ᠣᠷᠳᠣᠨ᠎ᠤ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠮᠥᠰᠥ᠍ ᠴᠠᠰᠤᠨ᠎ᠤ ᠰᠣᠶᠣᠯ᠂ ᠮᠥᠰᠥ᠍ ᠴᠠᠰᠤᠨ᠎ᠤ ᠲᠣᠨᠣᠭ᠍ᠯᠠᠯ᠂ ᠮᠥᠰᠥ᠍ ᠴᠠᠰᠤᠨ᠎ᠤ ᠵᠢᠭᠤᠯᠴᠢᠯᠠᠯ᠎ᠤᠨ ᠪᠦᠬᠦ᠌ ᠠᠵᠤ ᠦᠢᠯᠡᠰ᠎ᠦᠨ ᠬᠡᠯᠬᠢᠶ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠭ᠍ᠰᠠᠨ ᠪᠥᠭᠡᠳ ᠲᠠᠮᠢᠷᠴᠢᠳ᠎ᠢ ᠪᠣᠯᠪᠠᠰᠤᠷᠠᠯ᠎ᠢᠶᠠᠨ ᠴᠢᠩᠭᠠᠳᠭᠠᠵᠤ᠂ ᠳᠠᠬᠢᠨᠲᠠ ᠱᠢᠯᠢᠳᠡᠭ ᠠᠮᠵᠢᠯᠲᠠ ᠤᠯᠤᠭᠠᠷᠠᠢ ᠭᠡᠵᠤ ᠵᠣᠷᠢᠭ᠍ᠵᠢᠭᠤᠯᠪᠠ᠃

ᠬᠠᠩᠰᠢ᠎ᠶ᠋ᠢᠨ ᠡᠳᠦᠷ ᠬᠦᠷᠴᠤ ᠢᠷᠡᠬᠦ ᠪᠡᠷ᠂ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ 4 ᠰᠠᠷ᠎ᠠ᠎ᠶ᠋ᠢᠨ 1 ᠎ᠡᠴᠡ ᠡᠬᠢᠯᠡᠨ ᠲᠦᠢᠮᠡᠷ᠎ᠢ ᠰᠡᠷᠭᠡᠢᠯᠡᠬᠦ᠌ ᠬᠤᠭᠤᠴᠠᠭᠠᠨ᠎ᠳᠤ ᠣᠷᠣᠪᠠ᠃ ᠸᠠᠩ ᠸᠧᠶ ᠵᠥᠩ ᠨᠢᠭᠡᠨ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ ᠠᠩᠭᠢ᠂ ᠬᠤᠩᠬᠤᠯᠵᠢ ᠣᠶ ᠱᠢᠭᠤᠶ᠎ᠶ᠋ᠢᠨ ᠲᠣᠪᠴᠢᠶ᠎ᠠ᠎ᠳᠤ ᠭᠦᠨᠵᠡᠭᠡᠢᠷᠡᠨ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠪᠠᠢᠳᠠᠯ᠎ᠢ ᠣᠢᠯᠠᠭᠠᠵᠤ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠬᠦᠮᠦᠨ ᠤ᠋ ᠬᠦᠴᠦᠨ᠎ᠢᠶᠡᠷ ᠰᠡᠷᠭᠡᠢᠯᠡᠬᠦ᠂ ᠪᠣᠳᠠᠰ᠎ᠤᠨ ᠬᠦᠴᠦᠨ᠎ᠢᠶᠡᠷ ᠰᠡᠷᠭᠡᠢᠯᠡᠬᠦ᠂ ᠮᠡᠷᠭᠡᠵᠢᠯ᠎ᠢᠶᠡᠷ ᠰᠡᠷᠭᠡᠢᠯᠡᠬᠦ᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠵᠢᠵᠢᠭᠦᠷᠯᠡᠨ ᠰᠠᠬᠢᠬᠤ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠪᠡᠨ ᠴᠢᠩᠭᠠᠳᠭᠠᠵᠤ᠂ ᠭᠠᠵᠠᠷ ᠣᠷᠣᠨ᠎ᠤ ᠬᠣᠭᠣᠷᠣᠨᠳᠣᠬᠢ ᠬᠣᠯᠪᠣᠭᠠᠯᠠᠨ ᠰᠡᠷᠭᠡᠢᠯᠡᠬᠦ ᠬᠣᠯᠪᠣᠭᠠᠯᠠᠨ ᠡᠵᠡᠮᠳᠡᠬᠦ᠌᠎ᠪᠠᠨ ᠴᠢᠩᠭᠠᠳᠭᠠᠵᠤ᠂ ᠴᠢᠬᠤᠯᠠ ᠴᠠᠭ ᠬᠤᠭᠤᠴᠠᠭ᠎ᠠ ᠪᠣᠯᠤᠨ ᠵᠠᠩᠭᠢᠯᠠᠭ᠎ᠠ᠎ᠶ᠋ᠢᠨ ᠭᠠᠵᠠᠷ᠎ᠢ ᠴᠢᠩᠭ᠎ᠠ ᠠᠩᠬᠠᠷᠴᠤ᠌᠂ ᠡᠷᠲᠡ᠎ᠡᠴᠡ ᠰᠡᠷᠭᠡᠢᠯᠡᠵᠦ᠍ ᠪᠠᠭ᠎ᠠ ᠲᠡᠬᠡᠷ᠎ᠡ ᠨᠢ ᠰᠡᠷᠭᠡᠢᠯᠡᠵᠤ ᠲᠤᠭᠤᠰᠢᠳᠠᠢ ᠰᠡᠷᠭᠡᠢᠯᠡᠵᠤ ᠲᠡᠢᠯᠬᠦ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠵᠠᠬᠢᠪᠠ᠃

ᠸᠠᠩ ᠸᠧᠶ ᠵᠥᠩ ᠪᠠᠰᠠ ᠮᠠᠯᠴᠢᠨ ᠪᠠᠶᠠᠷᠲᠤ᠎ᠶ᠋ᠢᠨ ᠬᠡᠷ᠎ᠲᠦ ᠭᠦᠷᠴᠤ᠂ ᠣᠷᠣᠯᠭ᠎ᠠ᠎ᠶ᠋ᠢᠨ ᠢᠷᠡᠯᠲᠡ᠂ ᠦᠬᠡᠷ  ᠮᠠᠯ᠎ᠤᠨ ᠬᠢᠵᠢᠭ᠎ᠢ ᠰᠡᠷᠭᠡᠢᠯᠡᠬᠦ᠌ ᠵᠡᠷᠭᠡ ᠪᠠᠢᠳᠠᠯ᠎ᠢ ᠨᠠᠷᠢᠨ ᠠᠰᠠᠭᠤᠵᠤ᠂ ᠺᠠᠳ᠋ᠷᠴᠤᠳ᠎ᠲᠦ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠱᠢᠨ ᠪᠠ ᠦᠶ᠋ᠯᠡᠳᠪᠦᠷᠢᠯᠡᠯ ᠠᠮᠢᠳᠤᠷᠠᠯ᠎ᠤᠨ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ᠎ᠶ᠋ᠢ ᠰᠡᠳᠭᠢᠯ ᠲᠠᠯᠪᠢᠨ ᠰᠠᠢᠲᠤᠷ ᠪᠠᠲᠤᠯᠠᠬᠤ ᠬᠡᠷᠡᠭ᠌ᠲᠡᠶ ᠭᠡᠵᠦ᠍ ᠵᠠᠬᠢᠪᠠ᠃ ᠬᠠᠢᠯᠠᠷ ᠲᠣᠭᠣᠷᠢᠭ᠎ᠤᠨ ᠵᠧᠩ ᠶᠠᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠨᠡᠭᠡᠭᠡᠯᠲᠡ᠎ᠶ᠋ᠢᠨ ᠲᠣᠭᠣᠷᠢᠭ᠎ᠤᠨ ᠨᠡᠢᠭᠡᠮ ᠲᠣᠭᠣᠷᠢᠭ᠎ᠤᠨ ᠨᠠᠮ᠎ᠤᠨ ᠬᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠸᠠᠩ ᠸᠧᠶ ᠵᠥᠩ ᠨᠡᠢᠭᠡᠮ ᠲᠣᠭᠣᠷᠢᠭ᠎ᠤᠨ ᠨᠠᠮ᠎ᠤᠨ ᠪᠠᠢᠭᠤᠯᠤᠯᠲᠠ᠂ 《ᠴᠠᠭᠳᠠᠭᠠᠨ᠎ᠤ ᠶᠠᠪᠤᠳᠠᠯ᠎ᠤᠨ ᠳᠤᠤᠷᠵᠢᠯ + ᠳᠤᠤᠷᠵᠢᠯ》 ᠤ᠋ᠨ ᠬᠠᠮᠢᠶᠠᠷᠤᠯᠲᠠ᠂ 《ᠥᠲᠡᠭᠦᠰ ᠨᠢᠯᠬᠠᠰ》 ᠤ᠋ᠨ ᠦᠶ᠋ᠯᠡᠴᠢᠯᠡᠭᠡ ᠵᠡᠷᠭᠡ ᠪᠠᠢᠳᠠᠯ᠎ᠢ ᠨᠠᠷᠢᠨ ᠬᠢᠨᠠᠮᠠᠭᠠᠶ ᠣᠢᠯᠠᠭᠠᠪᠠ᠃ ᠲᠡᠷᠡ᠂ ᠨᠡᠢᠭᠡᠮ ᠲᠣᠭᠣᠷᠢᠭ᠎ᠨᠢ ᠲᠦᠭ ᠲᠦᠮᠡᠨ ᠠᠢᠯ ᠡᠷᠦᠬᠡ᠎ᠲᠡᠶ ᠬᠣᠯᠪᠣᠯᠳᠤᠵᠤ ᠪᠠᠢᠳᠠᠭ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌᠎ᠲᠡᠶ ᠤᠶᠠᠯᠳᠤᠭᠤᠯᠤᠨ ᠣᠯᠠᠨ ᠲᠦᠮᠡᠨ᠎ᠦ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠂ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠠᠷᠢᠯᠭᠠᠬᠤ ᠵᠡᠷᠭᠡ ᠠᠵᠢᠯ᠎ᠢ ᠨᠠᠷᠢᠨ ᠨᠢᠮᠪᠠᠶ ᠰᠠᠢᠲᠤᠷ ᠬᠢᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ ᠡᠯ᠎ᠡ ᠱᠠᠲᠤᠨ᠎ᠤ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠌ ᠬᠡᠷᠡᠭ᠌ᠲᠡᠢ᠃ ᠰᠤᠷᠤᠯᠴᠠᠯᠭ᠎ᠠ᠎ᠶ᠋ᠢ ᠰᠠᠢᠲᠤᠷ ᠠᠳᠭᠤᠭ᠍ᠰᠠᠨ ᠰᠠᠭᠤᠷᠢᠨ ᠳᠡᠭᠡᠷ᠎ᠡ ᠣᠯᠠᠨ ᠲᠦᠮᠡᠨ᠎ᠦ ᠠᠩᠬᠠᠷᠤᠨ ᠬᠠᠯᠠᠮᠵᠢᠯᠠᠵᠤ ᠪᠠᠢᠭ᠎ᠠ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠦᠶ᠋ᠯᠡᠴᠢᠯᠡᠭᠡ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠵᠡᠷᠭᠡ ᠲᠠᠯ᠎ᠠ᠎ᠶ᠋ᠢᠨ ᠪᠣᠳᠠᠲᠠᠶ ᠠᠰᠠᠭᠤᠳᠠᠯ ᠡᠴᠡ ᠭᠠᠷᠳᠠᠨ ᠦᠨᠡᠨ᠎ᠡᠴᠡ ᠵᠥᠪ᠎ᠢ ᠡᠷᠢᠵᠦ᠍ ᠠᠰᠠᠭᠤᠳᠠᠯ᠎ᠢ ᠣᠨᠣᠪᠴᠢᠲᠠᠶ ᠡᠷᠢᠵᠦ᠍᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃ ᠱᠢᠨ᠎ᠡ ᠳᠠᠷᠤᠭ᠎ᠠ ᠬᠠᠭᠤᠴᠢᠨ ᠲᠠᠩᠰᠠ ᠵᠢ ᠬᠠᠮᠢᠶᠠᠷᠬᠤ ᠥᠬᠡᠶ᠂ ᠠᠪᠤᠨ ᠳᠤᠤᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠰᠣᠬᠣᠷ ᠪᠠᠯᠠᠶ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ 《ᠳᠦᠷᠢ ᠲᠥᠷᠬᠦ᠌᠎ᠶ᠋ᠢᠨ ᠢᠨᠵᠧᠨᠧᠷᠢᠩ》 ᠪᠣᠯᠤᠨ 《ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠢᠨᠵᠧᠨᠧᠷᠢᠩ》 ᠵᠡᠷᠭᠡ ᠲᠣᠪᠣᠢᠮ᠎ᠠ ᠠᠰᠠᠭᠤᠳᠠᠯ᠎ᠢ ᠡᠷᠡᠰ ᠰᠡᠷᠭᠡᠢᠯᠡᠨ ᠵᠠᠯᠠᠷᠠᠭᠤᠯᠵᠤ᠂ ᠰᠤᠯᠠ ᠲᠠᠯᠪᠢᠭᠳᠠᠵᠤ ᠪᠠᠢᠭ᠎ᠠ 《ᠬᠠᠭᠠᠰ ᠳᠤᠲᠠᠭᠤ ᠤᠷᠬᠢᠭᠰᠠᠨ》 ᠢᠨᠵᠧᠨᠧᠷᠢᠩ᠎ᠢ ᠭᠦᠨᠵᠡᠭᠡᠶ ᠵᠢᠭ᠍ᠰᠠᠭᠠᠨ ᠪᠠᠢᠴᠠᠭᠠᠬᠤ ᠪᠠ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠯᠡᠵᠦ᠍᠂ ᠲᠡᠭᠦᠨ᠎ᠢ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠶ ᠭᠡᠵᠦ ᠪᠠᠢᠴᠠᠭᠠᠨ ᠰᠤᠳᠤᠯᠤᠯᠲᠠ ᠳᠤᠮᠳᠠ ᠪᠠᠨ ᠤᠯᠠᠨ ᠤᠳᠠᠭ᠎ᠠ ᠴᠢᠬᠤᠯᠠᠴᠢᠯᠠᠪᠠ᠃ ᠲᠡᠷᠡ ᠪᠠᠰᠠ ᠠᠶᠤᠯᠭᠦᠢ ᠦᠢᠯᠡᠳᠪᠦᠷᠢᠯᠡᠯ᠎ᠢ ᠡᠷᠬᠡᠪᠰᠢ ᠴᠥᠬᠥᠷᠡᠰᠢ ᠦᠬᠡᠢ ᠴᠢᠩᠭ᠎ᠠ ᠠᠳᠭᠤᠵᠤ᠂ ᠶᠡᠬᠡ ᠵᠢᠭ᠍ᠰᠠᠭᠠᠨ ᠪᠠᠢᠴᠠᠭᠠᠯᠲᠠ ᠶᠡᠬᠡ ᠴᠡᠭ᠌ᠴᠡᠯᠡᠨ ᠰᠠᠢᠵᠢᠷᠠᠭᠤᠯᠤᠯᠲᠠ᠎ᠶ᠋ᠢ ᠦᠷᠭᠦᠯᠵᠢᠯᠡᠨ ᠭᠦᠨᠵᠡᠭᠡᠢ ᠥᠷᠨᠢᠭᠦᠯᠵᠦ᠍᠂ ᠢᠯᠡᠷᠡᠭᠦᠯᠦᠭ᠌ᠰᠡᠨ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠡᠴᠦᠰ᠎ᠲᠦᠨᠢ ᠲᠤᠯᠲᠠᠯ᠎ᠠ ᠮᠦᠷᠳᠡᠨ ᠠᠩᠬᠠᠷᠴᠤ᠌᠂ ᠡᠴᠦᠰ᠎ᠲᠦᠨᠢ ᠲᠤᠯᠲᠠᠯ᠎ᠠ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ᠃ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠵᠤ ᠠᠬᠤᠢᠯᠠᠯ᠎ᠤᠨ᠎ᠬᠢᠨ᠎ᠢ ᠲᠦᠷᠢᠮ ᠲᠣᠭ᠍ᠲᠠᠭᠠᠯ᠎ᠢ ᠴᠢᠩᠭ᠎ᠠ ᠵᠢᠷᠤᠮᠯᠠᠨ ᠦᠶ᠋ᠯᠡᠳᠪᠦᠷᠢᠯᠡᠯ᠎ᠢᠶᠡᠨ ᠵᠣᠬᠢᠶᠠᠨ ᠪᠠᠢᠭᠤᠯᠬᠤ᠎ᠶ᠋ᠢ ᠱᠠᠯᠠᠪᠳᠠᠭᠤᠯᠤᠨ ᠱᠠᠭᠠᠷᠳᠠᠵᠤ᠂ ᠠᠮᠤᠷ ᠲᠦᠪᠱᠢᠨ᠎ᠦ ᠬᠥᠮᠦᠵᠢᠯ᠎ᠢ ᠴᠢᠩᠭᠠᠳᠭᠠᠨ᠂ ᠠᠵᠢᠯᠲᠠᠳ᠎ᠤᠨ ᠠᠮᠤᠷ ᠲᠦᠪᠱᠢᠨ᠎ᠦ ᠤᠬᠠᠮᠰᠠᠷ᠎ᠢ ᠳᠡᠭᠡᠭ᠌ᠰᠢᠯᠡᠭᠦᠯᠵᠦ᠍᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号