ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠦᠪ ᠪᠤᠯᠭᠠᠵᠤ ᠪᠣᠳᠠᠲᠠᠶ ᠠᠵᠢᠯᠯᠠᠬᠤ ᠰᠤᠷᠲᠠᠯ᠎ᠢ ᠴᠢᠷᠮᠠᠢᠨ ᠪᠡᠬᠢᠵᠢᠬᠦᠯᠦᠨ᠎ᠡ
2026-04-02 09:32:08
ᠵᠣᠬᠢᠶᠠᠭ᠍ᠴᠢ᠄
ᠪᠠᠢ ᠳ᠋ᠠᠨ ᠯᠢᠶᠠᠩ ᠯᠢᠶᠠᠩ ᠱᠤᠸᠠᠢ ᠵᠧᠩ ᠮᠧᠢ ᠭᠠᠩ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ


ᠤᠷᠢᠬᠠᠨ ᠬᠠᠪᠤᠷ᠎ᠤᠨ ᠰᠠᠯᠬᠢ ᠡᠬᠡ ᠭᠠᠵᠠᠷ᠎ᠢ ᠢᠯᠪᠢᠬᠡᠳ ᠡᠷᠡᠮᠡᠬᠡᠢᠯᠡᠨ ᠤᠷᠤᠭ᠍ᠰᠢᠯᠠᠬᠤ ᠴᠠᠭ ᠪᠤᠯᠤᠯ᠎ᠠ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠪᠥᠬᠥ᠌ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ 《ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠶ᠋ᠯᠡᠳᠴᠤ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠵᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠰᠤᠳᠤᠯᠤᠨ ᠶᠠᠷᠢᠯᠴᠠᠵᠤ ᠣᠶᠤᠨ ᠲᠠᠷᠢᠬᠢᠨ ᠳ᠋ᠤᠨᠢ ᠰᠠᠭᠤᠭ᠍ᠳᠠᠭᠤᠯᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌ ᠳ᠋ᠤ ᠦᠨᠡᠨ ᠬᠦ᠌ ᠬᠠᠲᠠᠭᠤ᠎ᠲᠠᠶ᠎ᠨᠢ ᠬᠠᠯᠳᠠᠬᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠳ᠋ᠤ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ ᠵᠢ ᠠᠬᠢᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠪᠣᠳᠠᠳᠤ ᠠᠮᠵᠢᠯᠲᠠ ᠪᠦᠲᠦᠮᠵᠢ ᠪᠤᠯᠭᠠᠨ ᠬᠤᠪᠢᠷᠠᠭᠤᠯᠪᠠ᠃

ᠬᠥᠯᠥᠨ ᠪᠣᠢᠷ ᠬᠣᠲᠠ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠬᠦ᠌᠂ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠬᠦ᠌᠂ ᠲᠥᠷᠥᠯ ᠬᠤᠪᠢᠶᠠᠨ ᠵᠢᠯᠣᠭᠣᠳᠭᠤ᠎ᠪᠠᠨ ᠴᠢᠩᠭᠠᠳᠭᠠᠬᠤ᠂ ᠰᠤᠷᠲᠠᠯ᠎ᠢᠶᠠᠨ ᠰᠠᠢᠵᠢᠷᠠᠭᠤᠯᠬᠤ᠎ᠶ᠋ᠢ ᠳᠣᠪᠣᠢᠯᠭᠠᠬᠤ᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠬᠤ ᠵᠡᠷᠭᠡ ᠲᠠᠪᠤᠨ ᠲᠠᠯ᠎ᠠ᠎ᠪᠠᠷ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ 《1 + 4 + 14 + N》 ᠠᠵᠢᠯ᠎ᠤᠨ ᠱᠢᠰᠲ᠋ᠧᠮ᠎ᠢ ᠪᠠᠢᠭᠤᠯᠵᠤ᠂ ᠰᠤᠷᠤᠯᠴᠠᠯᠭ᠎ᠠ ᠬᠥᠮᠦᠵᠢᠯ ᠵᠢᠡᠷ ᠪᠦᠬᠦᠨ᠎ᠢ ᠪᠦᠷᠬᠦᠭᠦᠯᠪᠡ᠃ ᠪᠥᠬᠥ᠌ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷ ᠨᠣᠮ ᠤᠩᠱᠢᠬᠤ ᠠᠩᠭᠢ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢ᠎ᠪᠡᠷ ᠳᠠᠮᠵᠢᠨ ᠭᠦᠨᠵᠡᠭᠡᠶ ᠰᠤᠷᠤᠯᠴᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠬᠡᠯᠪᠡᠢᠬᠦᠦ ᠪᠠᠢᠬᠤ ᠠᠰᠠᠭᠤᠳᠠᠯ᠎ᠤᠨ ᠨᠠᠷᠢᠨ ᠲᠠᠩᠰᠠ ᠯᠤᠭ᠎ᠠ ᠬᠠᠷᠭᠤᠭᠤᠯᠵᠤ ᠪᠠᠢᠴᠠᠭᠠᠨ ᠦᠵᠡᠬᠦ ᠪᠠ ᠴᠡᠭ᠌ᠴᠡᠯᠡᠨ ᠰᠠᠢᠵᠢᠷᠠᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠠᠵᠢᠯ᠎ᠢᠶᠠᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠤᠨᠳᠤᠤᠰᠢᠭᠤᠯᠪᠠ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠪᠡᠷ ᠤᠳᠤᠷᠢᠳᠤᠮᠵᠢ ᠪᠣᠯᠭᠠᠵᠤ᠂ ᠬᠥᠯᠥᠨ ᠪᠣᠢᠷ ᠬᠣᠲᠠ ᠤᠯᠠᠮᠵᠢᠯᠠᠯᠲᠤ ᠳᠠᠪᠠᠭᠤᠯᠢᠭ ᠠᠵᠤ ᠦᠶ᠋ᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠪᠠ ᠱᠢᠨ᠎ᠡ᠎ᠪᠡᠷ ᠮᠠᠨᠳᠤᠭ᠍ᠰᠠᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠴᠣᠭ᠍ᠴᠠᠯᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠣᠶ᠃ ᠤᠯᠠᠮᠵᠢᠯᠠᠯᠲᠤ ᠮᠠᠯ ᠠᠵᠤ ᠠᠬᠤᠶ᠎ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠪᠥᠬᠥ᠌ ᠶᠠᠪᠤᠴᠠ᠎ᠶ᠋ᠢ ᠮᠥᠷᠳᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠨ᠂ ᠦᠶ᠋ᠯᠡᠳᠬᠦᠨ᠎ᠦ ᠢᠯᠡᠳᠬᠡᠮᠵᠢ ᠲᠡᠮᠳᠡᠭ᠎ᠢ ᠨᠢᠭᠡᠳᠭᠡᠵᠦ᠍᠂ ᠪᠣᠷᠣᠯᠠᠭᠤᠯᠬᠤ ᠡᠬᠢ ᠪᠠᠶᠠᠯᠢᠭ᠎ᠢ ᠨᠡᠢᠳᠬᠡᠵᠦ᠍᠂ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ ᠵᠢᠨ ᠲᠤᠤᠷ᠎ᠢ ᠱᠢᠯᠢᠳᠡᠭ᠌ᠵᠢᠭᠦᠯᠦᠨ᠂ ᠳᠡᠭᠡᠳᠦ ᠲᠠᠰ᠎ᠤᠨ ᠵᠠᠬ᠎ᠠ ᠳᠡᠯᠭᠡᠭᠦᠷ᠎ᠦᠨ ᠠᠷᠭ᠎ᠠ ᠵᠠᠮ᠎ᠢ ᠥᠷᠭᠡᠳᠭᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠪᠡ᠃ 《ᠠᠭᠤᠰᠤᠯᠴᠠᠯ᠎ᠤᠨ ᠵᠠᠮ》 ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠌᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠮᠠᠨᠳᠤᠭᠤᠯᠬᠤ᠎ᠪᠠᠷ ᠭᠠᠷᠳᠠᠴᠠ ᠪᠣᠯᠭᠠᠨ᠂ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠨ᠂ ᠣᠷᠣᠨ ᠪᠦᠰᠡ ᠠᠯᠤᠰᠯᠠᠨ ᠬᠠᠮᠵᠢᠯᠴᠠᠵᠤ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠨᠱᠢᠭᠦᠯᠵᠡᠢ᠃ ᠪᠦᠬᠦ᠌ ᠣᠷᠣᠨ ᠪᠦᠰᠡ᠎ᠶ᠋ᠢᠨ ᠪᠦᠬᠦ᠌ ᠤᠯᠠᠷᠢᠯ᠎ᠤᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶ᠋ᠢ ᠪᠠᠢᠩᠭᠤᠵᠢᠭᠤᠯᠤᠨ ᠵᠣᠯᠭᠠᠭᠤᠯᠬᠤ᠂ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠪᠦᠬᠦ᠌ ᠣᠷᠣᠨ ᠪᠦᠰᠡ᠎ᠶ᠋ᠢᠨ ᠪᠦᠬᠦ᠌ ᠤᠯᠠᠷᠢᠯ᠎ᠤᠨ᠂ ᠬᠠᠮᠵᠢᠯᠴᠠᠨ ᠬᠥᠭ᠌ᠵᠢᠬᠦ᠌᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠴᠢᠷᠮᠠᠢᠨ ᠪᠠᠢᠭᠤᠯᠪᠠ᠃

ᠦᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠪᠡ᠃ ᠨᠣᠮ ᠤᠩᠱᠢᠬᠤ ᠠᠩᠭᠢ᠎ᠨᠢ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠡᠯ᠎ᠡ ᠨᠠᠮ᠎ᠤᠨ ᠡᠭᠦᠷ᠎ᠦᠨ ᠱᠦᠵᠢ ᠳᠠᠭᠠᠭᠤᠯᠤᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠦᠵᠡᠬᠦ ᠵᠡᠷᠭᠡ ᠠᠷᠭ᠎ᠠ ᠬᠡᠯᠪᠡᠷᠢ᠎ᠪᠡᠷ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠣᠶ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠡᠷᠭᠡ ᠠᠭᠤᠯᠭ᠎ᠠ᠎ᠶ᠋ᠢ ᠭᠦᠨᠵᠡᠭᠡᠶ ᠰᠤᠷᠤᠯᠴᠠᠵᠤ᠂  ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ᠂ ᠰᠤᠳᠤᠯᠤᠨ ᠶᠠᠷᠢᠯᠴᠠᠵᠤ ᠰᠣᠯᠢᠯᠴᠠᠬᠤ᠎ᠶ᠋ᠢ ᠭᠦᠨᠵᠡᠭᠡᠶ ᠥᠷᠨᠢᠭᠦᠯᠪᠡ᠃ ᠤᠯᠠᠨ᠎ᠢᠶᠠᠷ᠎ᠢᠶᠠᠨ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠰᠡᠳᠬᠢᠯ᠎ᠳᠡᠭᠡᠨ ᠰᠢᠨᠭᠭᠡᠭᠡᠨ᠂ ᠦᠢᠯᠡ ᠠᠵᠢᠯᠯᠠᠭ᠎ᠠ᠎ᠳᠠᠭᠠᠨ ᠠᠭᠤᠰᠬᠠᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠡᠯ᠎ᠡ ᠵᠦᠢᠯ᠎ᠦᠨ ᠭᠣᠣᠯᠳᠠᠯᠭ᠎ᠠ᠎ᠲᠠᠢ ᠠᠵᠢᠯ᠎ᠤᠨ ᠪᠠᠢᠷᠢᠯᠠᠭᠤᠯᠤᠯᠲᠠ᠎ᠶᠢ ᠯᠠᠪᠳᠠᠭᠤᠨ ᠪᠠᠲᠤᠲᠠᠢ ᠪᠦᠲᠦᠮᠵᠢᠲᠡᠢ ᠨᠠᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠬᠦᠯᠬᠦ᠎ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠂ ᠪᠣᠳᠠᠲᠠᠢ ᠠᠵᠢᠯᠯᠠᠨ ᠪᠣᠳᠠᠲᠤ ᠠᠮᠵᠢᠯᠲᠠ ᠪᠦᠲᠦᠮᠵᠢ᠎ᠪᠡᠷ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠡᠴᠡ 3 ᠡᠳᠦᠷ᠎ᠦᠨ ᠬᠤᠭᠤᠴᠠᠭ᠎ᠠ᠎ᠲᠠᠢ ᠨᠣᠮ ᠤᠩᠰᠢᠬᠤ ᠠᠩᠭᠢ ᠡᠷᠬᠢᠯᠡᠵᠦ᠂ ᠲᠤᠰᠬᠠᠢ ᠰᠡᠳᠦᠪᠲᠦ ᠲᠠᠢᠯᠤᠮᠵᠢ ᠬᠢᠬᠦ᠂ ᠤᠯᠠᠮᠵᠢᠯᠠᠨ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠡᠭᠦᠳᠡᠨ᠎ᠡᠴᠡ ᠰᠤᠷᠤᠯᠴᠠᠭᠤᠯᠬᠤ᠂ ᠠᠰᠠᠭᠤᠳᠠᠯ᠎ᠢ ᠰᠢᠢᠳᠪᠦᠷᠢᠯᠡᠬᠦ ᠡᠭᠦᠳᠡᠨ᠎ᠡᠴᠡ ᠰᠤᠷᠤᠯᠴᠠᠭᠤᠯᠬᠤ᠂ ᠰᠡᠳᠬᠢᠨ ᠪᠣᠳᠣᠯᠬᠢᠯᠠᠬᠤ ᠡᠭᠦᠳᠡᠨ᠎ᠡᠴᠡ ᠰᠤᠷᠤᠯᠴᠠᠭᠤᠯᠵᠤ᠂ ᠤᠶᠤᠨ ᠲᠠᠷᠢᠬᠢᠨ᠎ᠳᠠᠭᠠᠨ ᠬᠠᠳᠠᠩᠰᠢᠭᠤᠯᠤᠨ᠂ ᠲᠤᠭᠤᠰᠢᠲᠠᠢ ᠡᠵᠡᠮᠰᠢᠬᠦ ᠵᠢ ᠠᠬᠢᠭᠤᠯᠵᠤ᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶᠢᠨ ᠤᠬᠠᠮᠰᠠᠷ᠎ᠢ ᠦᠨᠡᠨ ᠬᠦ᠌ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠡᠴᠡ ᠪᠠᠰᠠ ᠡᠯ᠎ᠡ ᠨᠠᠮ᠎ᠤᠨ ᠡᠭᠦᠷ᠎ᠦᠨ ᠭᠦᠨᠵᠡᠭᠡᠢ ᠪᠠᠢᠴᠠᠭᠠᠨ ᠳᠡᠯᠭᠡᠬᠦ᠎ᠳᠦ ᠬᠦᠴᠦ ᠲᠠᠯᠪᠢᠵᠤ᠂ ᠪᠦᠬᠦ ᠲᠠᠯ᠎ᠠ᠎ᠪᠠᠷ ᠬᠠᠷᠭᠤᠭᠤᠯᠵᠤ᠂ ᠭᠦᠨᠵᠡᠭᠡᠢ ᠪᠠᠢᠴᠠᠭᠠᠨ ᠦᠵᠡᠬᠦ᠎ᠶᠢ ᠠᠬᠢᠭᠤᠯᠪᠡ᠃ ᠡᠭᠦᠨ᠎ᠦ ᠵᠡᠷᠭᠡ ᠪᠡᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠦᠢᠯᠡᠳᠦᠯᠭᠡ᠎ᠶᠢᠨ ᠱᠠᠭᠠᠷᠳᠠᠯᠭ᠎ᠠ᠎ᠶᠢ ᠣᠨᠣᠪᠴᠢᠲᠠᠶ ᠡᠵᠡᠮᠳᠡᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠪᠠᠢᠴᠠᠭᠠᠨ ᠰᠤᠳᠤᠯᠤᠯᠲᠠ ᠬᠢᠬᠦ᠎ᠶᠢ ᠴᠢᠬᠤᠯᠠᠴᠢᠯᠠᠵᠤ᠂ ᠤᠯᠠᠨ ᠲᠦᠮᠡᠨ᠎ᠦ ᠳᠤᠮᠳᠠ ᠭᠦᠨᠵᠡᠭᠡᠢᠷᠡᠨ ᠰᠠᠨᠠᠯ᠎ᠢ ᠨᠢ ᠰᠣᠨᠣᠰᠴᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ᠎ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠤᠯᠬᠤ᠎ᠶᠢ ᠡᠷᠬᠢᠮᠯᠡᠪᠡ᠃ ᠪᠠᠢᠭᠤᠯᠭ᠎ᠠ ᠨᠢᠭᠡᠴᠢ᠎ᠶᠢᠨ ᠨᠠᠮ᠎ᠤᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠪᠠᠲᠤᠯᠠᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠵᠤ ᠵᠢᠯᠤᠭᠣᠳᠬᠤ᠎ᠶᠢ ᠴᠢᠩᠭᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠣᠷᠢᠭ᠍ᠲᠠᠢ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠬᠤ ᠵᠢ ᠵᠣᠷᠢᠭ᠍ᠵᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠥᠬᠥ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠲᠣᠪᠴᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠶ᠋ᠯ᠎ᠦᠨ ᠡᠭᠦᠷᠭᠡ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠰᠤᠷᠤᠯᠴᠠᠯᠭ᠎ᠠ᠎ᠶ᠋ᠢᠨ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠎ᠶ᠋ᠢ ᠡᠷᠭᠢᠯᠡᠵᠦ᠍᠂ ᠲᠤᠰᠭᠠᠶ ᠰᠡᠳᠦᠪᠲᠦ ᠬᠠᠪᠰᠤᠷᠤᠨ ᠵᠢᠯᠣᠭᠣᠳᠭᠤ ᠲᠠᠢᠯᠤᠮᠵᠢ ᠬᠢᠬᠦ᠌᠂ ᠲᠥᠪᠯᠡᠷᠡᠭᠦᠯᠦᠨ ᠰᠤᠳᠤᠯᠤᠨ ᠶᠠᠷᠢᠯᠴᠠᠵᠤ ᠰᠣᠯᠢᠯᠴᠠᠬᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠳᠠᠭᠠᠭᠤᠯᠤᠨ ᠰᠤᠷᠤᠯᠴᠠᠬᠤ ᠬᠢᠭᠡᠳ ᠭᠠᠵᠠᠷ ᠲᠠᠰᠤᠭ᠎ᠦᠨ ᠬᠠᠷᠢᠭᠤᠴᠠᠯᠭᠠᠲᠠᠨ᠎ᠤ ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠨᠭᠬᠢᠮ᠎ᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠠᠪᠴᠤ᠌᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠦᠶ᠋ᠯᠡ ᠠᠵᠢᠯᠯᠠᠭ᠎ᠠ ᠲᠡᠬᠡᠷ᠎ᠡ ᠪᠠᠨ ᠢᠯᠡᠷᠡᠭᠦᠯᠬᠦ᠌᠎ᠶ᠋ᠢ ᠠᠬᠢᠭᠤᠯᠪᠠ᠃ ᠠᠰᠠᠭᠤᠳᠠᠯ᠎ᠢ ᠣᠨᠣᠪᠴᠢᠲᠠᠢ ᠡᠷᠢᠵᠦ᠍ ᠡᠬᠢ ᠦᠨᠳᠦᠰᠦ᠎ᠶ᠋ᠢ ᠨᠢ ᠭᠦᠨ ᠠᠭᠤᠳᠠᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠵᠥᠷᠢᠶ᠎ᠡ᠎ᠶ᠋ᠢᠨ ᠨᠠᠷᠢᠨ ᠲᠠᠩᠰᠠ᠎ᠲᠠᠶ ᠪᠠᠷᠢᠮᠵᠢᠶᠠᠯᠠᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠬᠦᠷᠢᠶᠡᠨ᠎ᠦ ᠲᠦᠭᠵᠢᠷᠡᠯ ᠠᠰᠠᠭᠤᠳᠠᠯ ᠬᠦᠴᠢᠷ ᠠᠰᠠᠭᠤᠳᠠᠯ ᠪᠣᠯᠤᠨ ᠤᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠪᠠᠢᠴᠠᠭᠠᠨ ᠳᠡᠯᠭᠡᠬᠦ᠌᠎ᠲᠡᠶ ᠤᠶᠠᠯᠳᠤᠭᠤᠯᠵᠤ᠂ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠍᠂ ᠡᠬᠢ ᠦᠨᠳᠦᠰᠦ᠎ᠶ᠋ᠢ ᠪᠠᠢᠴᠠᠭᠠᠵᠤ᠂ ᠪᠣᠯᠪᠠᠰᠤᠷᠠᠯ᠎ᠢ ᠴᠢᠩᠭᠠᠳᠭᠠᠪᠠ᠃ ᠴᠡᠭ᠌ᠴᠡᠯᠡᠨ ᠰᠠᠢᠵᠢᠷᠠᠭᠤᠯᠬᠤ ᠠᠵᠢᠯ᠎ᠢ ᠴᠢᠩᠭ᠎ᠠ ᠠᠳᠭᠤᠵᠤ ᠪᠣᠳᠠᠲᠤ ᠦᠷ᠎ᠡ ᠪᠦᠲᠦᠮᠵᠢ ᠭᠠᠷᠭᠠᠬᠤ ᠵᠢ ᠡᠷᠬᠢᠮᠯᠡᠵᠦ᠂ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠵᠤ᠂ ᠡᠬᠡ ᠲᠠᠩᠰᠠ ᠵᠢ ᠪᠠᠢᠭᠤᠯᠵᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠦᠷ᠎ᠡ ᠪᠦᠲᠦᠮᠵᠢ᠎ᠶ᠋ᠢ ᠮᠥᠷᠳᠡᠨ ᠠᠰᠠᠭᠤᠪᠠ᠃ ᠳᠦᠷᠢᠮ ᠲᠣᠭ᠍ᠲᠠᠭᠠᠯ ᠲᠣᠭ᠍ᠲᠠᠭᠠᠬᠤ᠎ᠳᠠᠭᠠᠨ ᠥᠩᠭᠡᠨ ᠲᠠᠯ᠎ᠠ ᠪᠠ ᠦᠨᠳᠦᠰᠦ᠎ᠶ᠋ᠢ ᠵᠡᠷᠭᠡ ᠪᠡᠷ ᠵᠠᠰᠠᠵᠤ᠂ ᠳᠦᠷᠢᠮ ᠲᠣᠭ᠍ᠲᠠᠭᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠣᠭ᠍ᠲᠡᠴᠡ᠎ᠪᠠᠨ ᠲᠡᠭᠦᠯᠳᠡᠷᠵᠢᠭᠦᠯᠵᠦ᠍᠂ ᠠᠯᠳᠠᠬᠳᠠᠯ ᠭᠠᠷᠬᠤ᠎ᠶ᠋ᠢ ᠰᠡᠷᠬᠡᠢᠯᠡᠪᠡ᠃ ᠡᠭᠦᠳᠡ ᠪᠠᠨ ᠨᠡᠬᠡᠭᠡᠨ ᠰᠤᠷᠭᠠᠨ ᠬᠥᠮᠦᠵᠢᠭᠦᠯᠵᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠰᠦᠯᠵᠢᠶᠡᠨ ᠳᠡᠭᠡᠷ᠎ᠡ ᠢᠯᠡ᠎ᠪᠡᠷ ᠰᠠᠨᠠᠯ ᠬᠤᠷᠢᠶᠠᠬᠤ ᠠᠵᠢᠯᠯᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠶᠠᠷᠢᠶ᠎ᠠ ᠬᠡᠯᠡᠯᠴᠡᠭᠡᠨ᠎ᠦ ᠵᠠᠮ᠎ᠢ ᠥᠷᠭᠡᠨ᠎ᠢᠶᠡᠷ ᠨᠡᠭᠡᠭᠡᠵᠦ᠍ ᠠᠷᠠᠳ᠎ᠤᠨ ᠣᠶᠤᠨ ᠤᠬᠠᠭᠠᠨ᠎ᠢ ᠬᠤᠷᠠᠮᠳᠤᠭᠤᠯᠪᠠ᠃ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠠᠷᠠᠳ᠎ᠤᠨ ᠵᠣᠪᠠᠨᠢᠯ᠎ᠢ ᠠᠷᠢᠯᠭᠠᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠯᠠᠨ ᠲᠦᠮᠡᠨ᠎ᠦ ᠡᠮ ᠡᠮᠨᠡᠯᠭᠡ᠎ᠵᠢᠨ ᠪᠠᠲᠤᠯᠠᠭ᠎ᠠ᠎ᠶ᠋ᠢᠨ ᠡᠷᠬᠡ ᠠᠱᠢᠭ᠎ᠢ ᠦᠨᠡᠨ ᠬᠦ᠌ ᠰᠠᠬᠢᠨ ᠬᠠᠮᠠᠭᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号