ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠳᠦ ᠵᠠᠢᠯᠠᠰᠢ ᠦᠭᠡᠢ ᠲᠦᠪ ᠰᠢᠳᠤᠷᠭᠤ ᠠᠷᠢᠭᠤᠨ ᠴᠢᠬᠡᠴᠢ ᠪᠠᠢᠬᠤ ᠰᠠᠬᠢᠯᠭ᠎ᠠ ᠪᠠᠲᠤ᠎ᠶᠢᠨ ᠱᠠᠭᠠᠷᠳᠠᠯᠭ᠎ᠠ ᠠᠭᠤᠯᠤᠭᠳᠠᠵᠤ ᠪᠠᠢᠳᠠᠭ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠳᠦ ᠠᠷᠢᠭᠤᠨ ᠴᠢᠬᠡᠴᠢ᠎ᠪᠠᠷ ᠰᠠᠭᠤᠷᠢ ᠪᠣᠯᠭᠠᠵᠤ᠂ ᠠᠷᠢᠭᠤᠨ ᠴᠢᠬᠡᠴᠢ᠎ᠪᠡᠷ ᠠᠵᠢᠯ ᠬᠢᠬᠦ ᠡᠨᠡ ᠬᠦ᠌ ᠰᠠᠬᠢᠯᠭ᠎ᠠ ᠪᠠᠲᠤ᠎ᠶᠢᠨ ᠬᠥᠪᠴᠢ᠎ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃
ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ ᠬᠢᠵᠦ ᠦᠢᠯᠡᠰ ᠪᠣᠰᠬᠠᠬᠤ ᠦᠵᠡᠯ ᠰᠠᠨᠠᠭᠠᠨ᠎ᠤ 《ᠶᠡᠷᠦᠩᠬᠡᠢ ᠨᠡᠭᠡᠯᠡᠭᠡᠢ》 ᠮᠥᠨ᠃ ᠶᠠᠮᠠᠷ ᠨᠢᠭᠡᠨ ᠤᠳᠬ᠎ᠠ᠎ᠡᠴᠡ ᠠᠪᠴᠤ ᠬᠡᠯᠡᠪᠡᠯ ᠠᠷᠢᠭᠤᠨ ᠴᠢᠬᠡᠴᠢ ᠪᠣᠯ 《1》᠂ ᠪᠤᠰᠤᠳ ᠨᠢ 《0》 ᠮᠥᠨ᠂ 《1》 ᠪᠠᠢᠬᠤ ᠦᠭᠡᠢ ᠪᠣᠯ ᠬᠣᠢᠨ᠎ᠡ ᠨᠢ ᠬᠡᠳᠦᠢ ᠤᠯᠠᠨ 《0》 ᠪᠠᠢᠭᠰᠠᠨ ᠴᠤ᠌ ᠲᠠᠯᠠᠭᠠᠷ ᠬᠤᠭᠤᠰᠤᠨ ᠪᠣᠯᠣᠨ᠎ᠠ᠃ ᠬᠥᠭᠵᠢᠯᠳᠠ ᠵᠢ ᠠᠬᠢᠭᠤᠯᠵᠤ ᠡᠷᠡᠯᠬᠡᠭᠯᠡᠨ ᠤᠷᠤᠭᠰᠢᠯᠠᠬᠤ ᠵᠠᠩᠭᠢᠯᠠᠭ᠎ᠠ᠎ᠶᠢᠨ ᠴᠠᠭ ᠦᠶ᠎ᠡ ᠪᠣᠯᠬᠤ ᠲᠤᠳᠤᠮ ᠡᠯᠳᠡᠪ ᠶᠠᠨᠭᠵᠤ ᠵᠢᠨ ᠥᠳᠥᠭᠡᠯᠭᠡ ᠪᠠ ᠰᠢᠯᠭᠠᠯᠲᠠ᠎ᠳᠦ ᠲᠤᠯᠭᠠᠷᠠᠨ᠎ᠠ᠃ ᠡᠨᠡ ᠦᠶ᠎ᠠ ᠳ᠋ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠲᠦ᠍ ᠲᠥᠪ ᠰᠢᠳᠤᠷᠭᠤ ᠠᠷᠢᠭᠤᠨ ᠴᠢᠬᠡᠴᠢ ᠪᠠᠢᠬᠤ ᠡᠨᠡ ᠬᠦ᠌ ᠦᠨᠳᠦᠰᠦᠨ ᠵᠦᠢᠯ᠎ᠢᠶᠡᠨ ᠪᠠᠲᠤ ᠰᠠᠬᠢᠬᠤ ᠵᠢ ᠤᠯᠠᠮ ᠱᠠᠭᠠᠷᠳᠠᠭᠳᠠᠳᠠᠭ᠃ ᠬᠢᠯᠪᠠᠷ ᠪᠤᠰᠤ᠎ᠪᠠᠷ ᠣᠯᠣᠭᠰᠠᠨ ᠨᠠᠮ ᠪᠠ ᠠᠷᠠᠳ ᠲᠦᠮᠡᠨ᠎ᠳᠦ ᠬᠤᠪᠢ ᠨᠡᠮᠡᠷᠢ ᠦᠵᠡᠭᠦᠯᠬᠦ ᠠᠵᠠ ᠲᠣᠬᠢᠶᠠᠯ ᠵᠢᠡᠨ ᠨᠠᠨᠳᠢᠩᠨᠠᠵᠤ᠂ ᠬᠦᠰᠡᠯᠡᠩ ᠢᠲᠡᠭᠡᠯ ᠪᠢᠰᠢᠷᠡᠯ ᠭᠤᠢᠪᠢᠰᠢ ᠦᠭᠡᠢ᠂ ᠤᠶᠤᠨ ᠰᠠᠨᠠᠭᠠᠨ᠎ᠤ ᠲᠦᠰᠢᠭ ᠲᠤᠯᠭᠠᠭᠤᠷᠢ ᠬᠠᠵᠠᠢᠬᠤ ᠦᠭᠡᠢ ᠪᠠᠢᠬᠤ ᠵᠢ ᠪᠠᠷᠢᠮᠲᠠᠯᠠᠵᠤ᠂ ᠨᠠᠵᠠᠭᠠᠢ ᠬᠡᠪ ᠰᠤᠷᠲᠠᠯ᠎ᠳᠤ ᠨᠥᠯᠥᠭᠡᠯᠡᠭᠳᠡᠬᠦ ᠦᠭᠡᠢ᠂ ᠬᠤᠪᠢ᠎ᠶᠢᠨ ᠠᠰᠢᠭ᠋᠎ᠲᠤ ᠰᠢᠨᠤᠬᠤ ᠦᠢᠯᠡ ᠠᠵᠢᠯᠯᠠᠭ᠎ᠠ᠎ᠳᠤ ᠨᠥᠯᠥᠭᠡᠯᠡᠭᠳᠡᠬᠦ ᠦᠭᠡᠢ ᠪᠠᠢᠬᠤ᠎ᠶᠢ ᠪᠠᠷᠢᠮᠲᠠᠯᠠᠵᠤ᠂ 《ᠵᠢᠵᠢᠭ ᠰᠠᠵᠢᠭ᠋ ᠵᠦᠢᠯ᠎ᠡᠴᠡ ᠭᠠᠷᠳᠠᠬᠤ ᠰᠡᠷᠭᠡᠢᠯᠡᠯᠲᠡ᠎ᠶᠢᠨ ᠱᠤᠭᠤᠮ》 ᠢ᠋ ᠪᠠᠲᠤ ᠰᠠᠬᠢᠵᠤ᠂ 《ᠰᠢᠯᠤᠭᠤᠨ ᠰᠢᠳᠤᠷᠭᠤ ᠵᠢᠨ ᠵᠠᠮ》 ᠵᠢᠡᠷ ᠯᠠᠪᠳᠠᠭᠤᠨ ᠤᠷᠤᠭᠰᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠰᠢᠯᠢᠳᠡᠭ ᠰᠤᠷᠲᠠᠯ᠎ᠢ ᠦᠢᠯᠡᠳᠦᠯᠭᠡᠵᠢᠭᠦᠯᠬᠦ ᠬᠡᠷᠡᠭᠲᠡᠢ᠃
ᠲᠥᠪ ᠰᠢᠳᠤᠷᠭᠤ ᠠᠷᠢᠭᠤᠨ ᠴᠢᠬᠡᠴᠢ ᠪᠠᠢᠬᠤ ᠪᠠ ᠠᠵᠢᠯ ᠬᠢᠵᠦ ᠦᠢᠯᠡᠰ ᠪᠣᠰᠬᠠᠬᠤ ᠨᠢ ᠶᠡᠷᠦ᠎ᠡᠴᠡ ᠡᠢᠮᠦ ᠪᠢᠰᠢ ᠪᠤᠯ ᠲᠡᠢᠮᠦ ᠭᠡᠬᠦ 《ᠭᠠᠭᠴᠠ ᠬᠠᠷᠢᠭᠤᠯᠳᠠ ᠵᠢᠨ ᠰᠣᠩᠭᠣᠯᠲᠠ》 ᠪᠢᠰᠢ ᠶᠤᠮ᠂ ᠰᠠᠬᠢᠯᠭ᠎ᠠ ᠪᠠᠲᠤ ᠶᠣᠰᠣ᠌ ᠳᠦᠷᠢᠮ ᠨᠢ ᠨᠡᠩ ᠴᠤ᠌ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠢᠯᠭ᠎ᠠ ᠭᠠᠷᠭᠠᠬᠤ ᠦᠭᠡᠢ ᠵᠢᠨ 《ᠬᠠᠯᠬᠠᠪᠴᠢ ᠪᠠᠮᠪᠠᠢ》 ᠪᠢᠰᠢ ᠶᠤᠮ᠃ ᠣᠳᠣᠬᠠᠨ᠎ᠳᠤ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠪᠣᠭᠣᠮᠲᠠ ᠰᠢᠪᠲᠤᠯᠬᠤ᠎ᠶᠢ ᠠᠬᠢᠭᠤᠯᠬᠤ᠎ᠳᠤ ᠤᠯᠠᠨ᠎ᠢᠶᠠᠷ᠎ᠢᠶᠠᠨ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠭᠰᠠᠨ ᠤᠷᠢᠲᠠᠯ ᠳᠣᠣᠷ᠎ᠠ ᠲᠤᠰᠠᠲᠠᠢ ᠪᠦᠬᠡᠳ ᠰᠠᠢᠨ ᠠᠷᠭ᠎ᠠ ᠪᠣᠳᠣᠯᠭ᠎ᠠ ᠭᠠᠷᠭᠠᠵᠤ᠂ ᠯᠠᠪᠳᠠᠭᠤᠨ ᠪᠠᠲᠤᠲᠠᠢ ᠲᠡᠮᠡᠴᠡᠵᠦ ᠠᠵᠢᠯ᠎ᠢᠶᠠᠨ ᠰᠠᠢᠲᠤᠷ ᠬᠢᠬᠦ ᠬᠡᠷᠡᠭᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠭ᠌ᠵᠢᠯᠲᠡ᠎ᠶ᠋ᠢ ᠠᠬᠢᠭᠤᠯᠬᠤ ᠪᠦᠬᠦ᠌ ᠶᠠᠪᠤᠴᠠ ᠡᠯ᠎ᠡ ᠲᠠᠯ᠎ᠠ᠎ᠳᠤ ᠢᠯᠡᠷᠡᠭᠦᠯᠦᠭ᠌ᠰᠡᠨ ᠴᠦ᠍ ᠲᠡᠷᠡ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠯᠡᠬᠦ᠌ ᠴᠡᠭ ᠪᠣᠯᠭᠠᠭ᠍ᠰᠠᠨ ᠴᠤ᠌ ᠲᠡᠷᠡ᠂ ᠡᠰᠡᠬᠦᠯ᠎ᠡ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠠᠳᠭᠤᠭ᠍ᠰᠠᠨ ᠴᠤ᠌ ᠲᠡᠷᠡ᠂ ᠴᠥᠮ ᠪᠢᠳᠡᠨ᠎ᠦ ᠠᠵᠢᠯ ᠪᠣᠯᠭᠠᠨ᠎ᠢ ᠯᠠᠪᠳᠠᠭᠤᠨ ᠪᠠᠲᠤᠲᠠᠢ ᠬᠢᠵᠦ᠂ ᠰᠠᠢᠲᠤᠷ ᠬᠢᠵᠦ᠍᠂ ᠠᠷᠢᠭᠤᠨ ᠴᠢᠬᠡᠴᠢ ᠰᠡᠳᠭᠢᠯ᠎ᠢᠶᠡᠷ ᠠᠵᠢᠯ ᠬᠢᠬᠦ᠌ ᠤᠬ ᠰᠠᠨᠠᠭ᠎ᠠ᠎ᠪᠠᠨ ᠰᠠᠬᠢᠵᠤ᠂ ᠲᠥᠪ ᠴᠢᠬᠡᠴᠢ ᠰᠤᠷᠲᠠᠯ᠎ᠢᠶᠠᠷ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠠᠷᠢᠭᠤᠨ ᠴᠢᠬᠡᠴᠢ ᠪᠠᠢᠬᠤ ᠪᠠ ᠠᠵᠢᠯ ᠬᠢᠬᠦ᠌ ᠵᠢ ᠬᠠᠷᠢᠯᠴᠠᠨ ᠨᠦᠬᠦᠪᠦᠷᠢᠯᠡᠵᠦ ᠬᠠᠷᠢᠯᠴᠠᠨ ᠬᠠᠮᠵᠢᠯᠴᠠᠭᠤᠯᠬᠤ᠂ ᠠᠷᠢᠭᠤᠨ ᠴᠢᠬᠡᠴᠢ ᠪᠠᠢᠬᠤ ᠪᠠ ᠬᠥᠭ᠌ᠵᠢᠭᠦᠯᠬᠦ᠎ᠶ᠋ᠢ ᠠᠳᠠᠯᠢ ᠴᠢᠭᠯᠡᠯᠵᠢᠡᠷ ᠤᠷᠤᠭᠰᠢᠯᠠᠭᠤᠯᠬᠤ᠎ᠶ᠋ᠢ ᠱᠠᠭᠠᠷᠳᠠᠨ᠎ᠠ᠃
《ᠲᠦᠪ ᠭᠣᠣᠯᠴᠢ ᠪᠠᠢᠪᠠᠯ ᠰᠠᠶᠢ ᠵᠦᠪ ᠪᠤᠷᠤᠭᠤ ᠵᠢ ᠢᠯᠭᠠᠨ ᠲᠠᠨᠢᠵᠤ᠂ ᠠᠷᠢᠭᠤᠨ ᠴᠢᠬᠡᠴᠢ ᠪᠠᠢᠮᠠᠨᠵᠢᠨ ᠰᠠᠶᠢ ᠢᠳᠡᠭᠡᠯ᠎ᠢ ᠤᠯᠵᠤ ᠴᠢᠳᠠᠨ᠎ᠠ》᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠬᠤ ᠨᠢ ᠤᠯᠤᠰ ᠲᠦᠷᠦ᠍᠎ᠶ᠋ᠢᠨ ᠠᠮᠢ ᠠᠬᠤᠢ᠎ᠶ᠋ᠢ ᠡᠬᠢ ᠡᠭᠦᠰᠦᠯ᠎ᠡᠴᠡ ᠨᠢ ᠴᠡᠪᠡᠷᠱᠢᠭᠦᠯᠬᠦ᠌᠎ᠳᠦ ᠠᠱᠢᠭ᠍ᠲᠠᠢ ᠶᠤᠮ᠃ ᠭᠠᠭ᠍ᠴᠠ ᠬᠦ᠌ ᠲᠥᠪ ᠭᠣᠣᠯᠴᠢ ᠰᠡᠳᠭᠢᠯ᠎ᠢ ᠪᠠᠷᠢᠮᠲᠠᠯᠠᠵᠤ᠂ ᠤᠯᠠᠨ ᠨᠡᠢᠲᠡ᠎ᠶ᠋ᠢᠨ ᠠᠱᠢᠭ ᠲᠤᠰᠠ᠎ᠶ᠋ᠢ ᠲᠡᠷᠢᠭᠦᠨ᠎ᠳᠦ ᠲᠠᠯᠪᠢᠵᠤ᠂ ᠬᠤᠪᠢ ᠬᠥᠮᠦᠨ᠎ᠦ ᠠᠱᠢᠭ ᠲᠤᠰᠠ᠎ᠵᠢ ᠲᠠᠶᠠᠬᠳᠠᠪᠠᠯ ᠰᠠᠶᠢ ᠠᠰᠠᠭᠤᠳᠠᠯ᠎ᠢ ᠲᠣᠳᠣᠷᠬᠠᠢ ᠲᠠᠨᠢᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ ᠴᠢᠳᠠᠨ᠎ᠠ; ᠭᠠᠭ᠍ᠴᠠ ᠬᠦ᠌ ᠠᠷᠢᠭᠤᠨ ᠴᠢᠬᠡᠴᠢ᠎ᠶ᠋ᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠥᠪᠡᠷ᠎ᠢ᠎ᠪᠡᠨ ᠴᠢᠩᠭ᠎ᠠ ᠱᠠᠭᠠᠷᠳᠠᠪᠠᠯ ᠰᠠᠶᠢ ᠤᠯᠠᠨ ᠲᠦᠮᠡᠨ᠎ᠦ ᠢᠲᠡᠭᠡᠯ᠎ᠢ ᠣᠯᠵᠤ᠂ ᠠᠷᠠᠳ ᠲᠦᠮᠡᠨ᠎ᠦ ᠳᠡᠮᠵᠢᠯᠭᠡ᠎ᠶ᠋ᠢ ᠣᠯᠵᠤ ᠴᠢᠳᠠᠨ᠎ᠠ᠃ ᠨᠠᠮ᠎ᠤᠨ ᠭᠡᠱᠢᠭᠦᠨ ᠺᠠᠳ᠋ᠷᠴᠤᠳ《ᠤᠯᠤᠬᠰᠠᠨ᠎ᠢᠶᠡᠨ ᠴᠢᠮᠠᠯᠠᠬᠤ ᠦᠬᠡᠢ ᠠᠷᠢᠭᠤᠨ ᠴᠢᠬᠡᠴᠢ᠎ᠶ᠋ᠢ ᠡᠷᠬᠢᠮᠯᠡᠪᠡᠰᠦ ᠠᠮᠤᠷ ᠲᠦᠪᠰᠢᠨ ᠪᠠᠢᠵᠤ ᠴᠢᠳᠠᠬᠤ》 ᠶᠣᠰᠣ ᠤᠴᠢᠷ᠎ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠢᠮᠠᠭ᠍ᠲᠠ ᠲᠥᠪ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ᠎ᠪᠡᠷ ᠠᠵᠢᠯ ᠬᠢᠵᠦ᠂ ᠰᠤᠷᠲᠠᠯ ᠴᠢᠬᠡᠴᠢ ᠣᠪᠣᠷ ᠲᠥᠪ ᠠᠭᠤᠷ ᠠᠮᠢᠰᠭᠤᠯ᠎ᠤᠨ ᠳᠤᠮᠳᠠ ᠲᠦᠷᠦᠭᠦᠯᠡᠨᠴᠢᠷᠮᠠᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠣᠩᠭᠣᠴᠠ᠎ᠶ᠋ᠢᠨ ᠠᠶᠠᠯᠠᠯ᠎ᠤᠨ ᠴᠢᠭᠯᠡᠯ᠎ᠢ ᠯᠠᠪᠳᠠᠭᠤᠨ ᠡᠵᠡᠮᠳᠡᠵᠦ᠍᠂ ᠬᠥᠳᠡᠯᠭᠡᠬᠦ᠌ ᠬᠦᠴᠦᠨ᠎ᠢ ᠭᠦᠢᠴᠡᠳ ᠪᠠᠳᠠᠷᠠᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠦᠨᠡᠨ ᠬᠦ᠌ ᠬᠦᠷᠲᠡᠭᠡᠬᠦ᠌ ᠬᠡᠷᠡᠭ᠌ᠲᠡᠢ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠵᠥᠪ ᠪᠣᠯ ᠣᠪᠣᠷ ᠰᠤᠷᠲᠠᠯ ᠲᠥᠪ ᠪᠤᠯᠵᠤ᠂ ᠠᠵᠢᠯ ᠦᠢᠯᠡᠰ ᠬᠦᠭᠵᠢᠵᠤ ᠮᠠᠨᠳᠤᠨ᠎ᠠ᠃ ᠱᠢᠨ᠎ᠡ ᠠᠶᠠᠨ ᠪᠣᠯ ᠢᠷᠠᠭᠤ ᠠᠯᠳᠠᠷ ᠪᠣᠯᠤᠨ ᠬᠦᠰᠡᠯ ᠵᠡᠭᠦᠳᠦ᠍᠎ᠪᠡᠷ ᠪᠢᠯᠬᠠᠭ᠍ᠰᠠᠨ ᠠᠯᠤᠰ᠎ᠤᠨ ᠠᠶᠠᠨ ᠮᠥᠨ᠂ ᠨᠠᠮ᠎ᠤᠨ ᠭᠡᠱᠢᠭᠦᠨ ᠺᠠᠳ᠋ᠷ ᠨᠢᠭᠡ ᠪᠦᠷᠢ ᠠᠷᠢᠭᠤᠨ ᠴᠢᠬᠡᠴᠢ ᠪᠠᠢᠬᠤ᠎ᠶ᠋ᠢ ᠰᠡᠳᠭᠢᠯ᠎ᠳᠡᠭᠡᠨ ᠪᠤᠳᠤᠵᠤ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠵᠢ ᠦᠨᠡᠨ ᠬᠦ᠌ ᠭᠦᠢᠴᠡᠳᠭᠡᠵᠦ᠂ ᠪᠠᠢᠳᠠᠯ᠎ᠢ ᠠᠵᠢᠭ᠍ᠯᠠᠵᠤ ᠰᠠᠭᠤᠬᠤ ᠦᠭᠡᠢ᠂ ᠲᠠᠲᠠᠭᠠᠯᠵᠠᠬᠤ ᠦᠭᠡᠢ᠂ ᠡᠷᠴᠢ ᠵᠣᠷᠢᠭ᠎ᠢᠶᠠᠨ ᠰᠤᠯᠠᠷᠠᠭᠤᠯᠬᠤ ᠦᠭᠡᠢ ᠪᠠᠢᠵᠤ᠂ ᠠᠷᠢᠭᠤᠨ ᠴᠢᠬᠡᠴᠢ ᠰᠤᠷᠲᠠᠯ᠎ᠢ ᠡᠷᠬᠢᠮᠯᠡᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠡᠩᠭᠡᠷ ᠳᠡᠭᠡᠨ ᠵᠡᠭᠦᠭᠰᠡᠨ ᠨᠠᠮ᠎ᠤᠨ ᠰᠦᠯᠳᠡ ᠳᠡᠭᠡᠷᠡᠬᠢ ᠲᠤᠭ᠎ᠢ ᠬᠢᠯᠠᠯᠵᠠᠭᠤᠯᠬᠤ ᠬᠡᠷᠡᠭ᠌ᠲᠡᠢ᠃