— ᠶᠡᠷᠦᠩᠬᠡᠶ ᠱᠦᠵᠢ ᠰᠢ ᠵᠢᠨ ᠫᠢᠩ᠎ᠦᠨ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠥᠷᠭᠡᠨ ᠣᠯᠠᠨ ᠺᠠᠳ᠋ᠷ ᠣᠯᠠᠨ ᠲᠦᠮᠡᠨ᠎ᠦ ᠬᠦᠴᠦ᠍᠎ᠪᠡᠨ ᠬᠠᠮᠲᠤᠳᠭᠠᠨ ᠰᠠᠢᠨ ᠰᠠᠢᠬᠠᠨ ᠠᠮᠢ ᠠᠬᠤᠶ ᠶ᠋ᠢ ᠬᠠᠮᠲᠤ ᠪᠠᠷ ᠪᠥᠲᠥᠭᠡᠨ ᠪᠠᠢᠭᠤᠯᠬᠤ᠎ᠶ᠋ᠢ ᠵᠣᠷᠢᠭ᠍ᠵᠢᠭᠤᠯᠪᠠ
ᠤᠷᠢᠬᠠᠨ ᠰᠠᠯᠬᠢ ᠡᠭᠡ ᠭᠠᠵᠠᠷ ᠢ᠋ ᠢᠯᠪᠢᠵᠦ᠍᠂ ᠲᠦᠮᠡᠨ ᠪᠣᠳᠠᠰ ᠲᠦᠯᠵᠢᠨ ᠠᠮᠢᠯᠠᠨ᠎ᠠ᠃
ᠶᠡᠷᠦᠩᠬᠡᠶ ᠱᠦᠵᠢ ᠰᠢ ᠵᠢᠨ ᠫᠢᠩ 30 ᠤ᠋ ᠡᠳᠦᠷ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ᠎ᠳᠠᠭᠠᠨ᠄《ᠪᠥᠬᠥ᠌ ᠨᠡᠢᠭᠡᠮᠵᠢᠡᠷ ᠵᠢᠡᠨ ᠮᠣᠳᠣ ᠳᠠᠷᠢᠵᠤ ᠣᠢᠵᠢᠭᠤᠯᠬᠤ ᠠᠵᠢᠯ᠎ᠳᠤ ᠥᠷᠭᠡᠨ᠎ᠢᠶᠡᠷ ᠤᠷᠤᠯᠴᠠᠬᠤ ᠵᠢ ᠵᠤᠬᠢᠶᠠᠨ ᠪᠠᠢᠭᠤᠯᠤᠨ ᠲᠠᠢᠴᠢᠯᠠᠵᠤ᠂ ᠠᠭᠤᠯᠠ ᠤᠰᠤ ᠪᠠᠢᠭᠠᠯᠢ ᠲᠡᠯᠡᠭᠡᠢ ᠪᠡᠨ ᠨᠡᠩ ᠭᠤᠶᠤᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠳᠡᠪᠢᠰᠭᠡᠷ ᠥᠩᠭᠡ᠎ᠶ᠋ᠢ ᠨᠠᠩ ᠦᠵᠡᠰᠭᠦᠯᠡᠩᠲᠦ ᠰᠠᠢᠬᠠᠨ ᠪᠣᠯᠭᠠᠬᠤ ᠬᠡᠷᠡᠭ᠌ᠲᠡᠶ》 ᠭᠡᠵᠤ ᠴᠢᠬᠤᠯᠠᠴᠢᠯᠠᠪᠠ᠃
ᠥᠷᠭᠡᠨ ᠤᠯᠠᠨ ᠺᠠᠳ᠋ᠷ ᠤᠯᠠᠨ ᠲᠦᠮᠡᠨ᠂ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢ ᠠᠬᠢᠭᠤᠯᠬᠤ᠎ᠳᠤ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠣᠷᠣᠯᠴᠠᠵᠤ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠪᠠ᠃ ᠶᠡᠷᠦᠩᠬᠡᠢ ᠱᠦᠵᠢ᠎ᠶ᠋ᠢᠨ ᠱᠠᠭᠠᠷᠳᠠᠯᠭ᠎ᠠ ᠶᠣᠰᠣᠭᠠᠷ᠂ ᠮᠣᠳᠣ ᠲᠠᠷᠢᠵᠤ ᠣᠢᠵᠢᠭᠤᠯᠬᠤ᠎ᠳᠤ ᠢᠳᠡᠪᠬᠢᠲᠡᠢ ᠣᠷᠣᠯᠴᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠰᠠᠢ᠌ᠨ ᠰᠠᠢᠬᠠᠨ ᠠᠮᠢ ᠠᠬᠤᠢ᠎ᠶ᠋ᠢ ᠬᠦᠴᠦ᠍᠎ᠪᠡᠨ ᠬᠠᠮᠲᠤᠳᠭᠠᠨ ᠬᠠᠮᠲᠤ᠎ᠪᠠᠷ ᠪᠠᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠤᠪᠢ ᠨᠡᠮᠡᠷᠢ ᠦᠵᠡᠭᠦᠯᠤᠨ᠎ᠠ ᠭᠡᠵᠤ ᠢᠯᠡᠳᠭᠡᠵᠡᠭᠡᠪᠡ᠃
ᠥᠪᠥᠷ ᠮᠣᠩᠭᠣᠯ᠎ᠤᠨ ᠪᠠᠶᠠᠨᠨᠠᠭᠤᠷ᠎ᠲᠤ ᠪᠠᠢᠷᠢᠯᠠᠭ᠎ᠠ ᠤᠯᠤᠰ᠎ᠤᠨ ᠡᠵᠡᠩᠨᠡᠯᠲᠡ᠎ᠶ᠋ᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ 1960 ᠣᠨ᠎ᠳᠤ ᠪᠠᠢᠭᠤᠯᠤᠭ᠍ᠳᠠᠭ᠍ᠰᠠᠨ᠎ᠡᠴᠡ ᠨᠠᠭᠠᠰᠢ ᠨᠡᠢ᠌ᠳᠡ 4.66 ᠲᠦᠮᠡᠨ ᠮᠦ᠍ ᠤᠢᠵᠢᠭᠤᠯᠪᠠ᠃
《ᠶᠡᠷᠦᠩᠬᠡᠢ ᠱᠦᠵᠢ ᠰᠢ ᠵᠢᠨ ᠫᠢᠩ᠂ ᠮᠣᠳᠣ ᠲᠠᠷᠢᠵᠦ᠍ ᠣᠢᠵᠢᠭᠤᠯᠬᠤ ᠪᠣᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠡ ᠪᠠᠢᠭᠤᠯᠤᠯᠲᠠ᠎ᠶ᠋ᠢᠨ ᠴᠢᠬᠤᠯᠠ ᠡᠭᠦᠷᠭᠡ ᠮᠥᠨ᠂ ᠰᠠᠨᠠᠬᠰᠡᠨ ᠳ᠋ᠠᠭᠠᠨ ᠬᠦᠷᠬᠦ ᠪᠡᠷ ᠰᠢᠨᠳᠠᠷᠠᠰᠢ ᠦᠭᠡᠢ ᠴᠢᠷᠮᠠᠢᠬᠤ ᠭᠡᠷᠡᠭᠳᠠᠢ ᠭᠡᠵᠦ ᠴᠢᠬᠤᠯᠠᠴᠢᠯᠠᠪᠠ᠃ ᠡᠨᠡ ᠨᠢ ᠪᠢᠳᠡᠨ᠎ᠳᠦ ᠡᠬᠦᠷᠭᠡ ᠬᠦᠨᠳᠤ ᠭᠡᠳᠡᠭ ᠢ᠋ ᠮᠡᠳᠡᠷᠡᠭᠦᠯᠵᠠᠢ》᠃ ᠤᠯᠤᠰ᠎ᠤᠨ ᠡᠵᠡᠨᠭᠨᠡᠯᠳᠠ ᠵᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠡᠳ᠋ ᠲᠠᠯᠠᠪᠠᠢ ᠵᠢᠨ ᠳᠠᠷᠤᠭ᠎ᠠ ᠯᠢᠦ ᠹᠠᠩ᠂ ᠤᠯᠠᠨ ᠮᠣᠳᠣᠨ᠎ᠤ ᠲᠦᠷᠦᠯ ᠵᠦᠢᠯ ᠤᠯᠠᠨ ᠤᠢ ᠱᠢᠭᠤᠢ᠎ᠶ᠋ᠢᠨ ᠲᠦᠷᠦᠯ ᠵᠦᠢᠯ᠎ᠢ ᠬᠠᠷᠢᠯᠴᠠᠨ ᠤᠶᠠᠯᠳᠤᠭᠤᠯᠤᠭ᠍ᠰᠠᠨ᠂ ᠳᠤᠮᠳᠠ ᠤᠷᠳᠤ ᠬᠤᠭᠤᠴᠠᠭᠠᠨ᠎ᠤ ᠦᠷ᠎ᠡ ᠠᠱᠢᠭ᠎ᠢ ᠬᠠᠮᠲᠤᠳᠤᠨᠢ ᠬᠠᠷᠠᠭᠠᠯᠵᠠᠭ᠍ᠰᠠᠨ ᠬᠠᠯᠬᠠᠪᠴᠢ ᠤᠢ᠎ᠶ᠋ᠢᠨ ᠱᠢᠰᠲᠸᠮ᠎ᠤᠨ ᠲᠤᠬᠢᠷᠠᠭᠤᠯᠤᠯᠳᠠ᠎ᠶ᠋ᠢᠨ ᠲᠥᠰᠦᠯ᠎ᠢ ᠰᠤᠳᠤᠯᠤᠨ ᠲᠣᠭ᠍ᠲᠠᠭᠠᠵᠤ᠂ ᠮᠣᠳᠣ ᠲᠠᠷᠢᠵᠤ ᠣᠢᠵᠢᠭᠤᠯᠬᠤ ᠡᠨᠡ ᠬᠦ᠌ ᠤᠯᠤᠰ᠎ᠲᠤ ᠠᠱᠢᠭ᠍ᠲᠠᠢ ᠠᠷᠠᠳ᠎ᠲᠤ ᠠᠱᠢᠭ᠍ᠲᠠᠢ ᠶᠡᠬᠡ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ ᠨᠢᠭᠡ ᠠᠯᠬᠤᠮ ᠪᠡᠬᠢᠵᠢᠭᠦᠯᠦᠨ᠎ᠡ ᠭᠡᠪᠡ᠃
ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢᠨ ᠭᠤᠤᠯ ᠲᠡᠢᠨ᠎ᠦ ᠲᠠᠯᠠᠪᠤᠷ ᠪᠣᠯᠬᠤ ᠤᠮᠠᠷᠠᠳᠤ ᠵᠢᠨ ᠭᠤᠷᠪᠡᠨ ᠤᠷᠤᠨ ᠤ᠋ ᠲᠠᠺᠯᠢᠮᠠᠺᠠᠨ ᠡᠯᠡᠰᠦᠨ ᠴᠥᠯ᠎ᠦᠨ ᠡᠮᠦᠨ᠎ᠡ ᠵᠠᠬ᠎ᠠ᠎ᠳᠤ᠂ ᠨᠦᠬᠡ ᠮᠠᠯᠲᠠᠵᠤ᠂ ᠴᠢᠬᠢ ᠰᠠᠭᠤᠯᠭᠠᠨ᠂ ᠱᠢᠷᠣᠶ ᠨᠡᠮᠡᠵᠤ᠂ ᠤᠰᠤᠯᠠᠨ᠎ᠠ ᠁ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠶᠠᠭ ᠬᠠᠪᠤᠷ᠎ᠤᠨ ᠤᠯᠠᠷᠢᠯ᠎ᠤᠨ ᠠᠭᠠᠷ᠎ᠤᠨ ᠳᠤᠯᠠᠭᠠᠨ ᠳᠡᠭᠡᠭ᠌ᠰᠢᠯᠡᠬᠦ᠌᠂ ᠬᠥᠷᠥᠰᠥᠨ᠎ᠦ ᠴᠢᠭᠢᠭ᠎ᠦᠨ ᠪᠠᠢᠳᠠᠯ ᠰᠠᠢᠨ ᠪᠠᠢᠬᠤ ᠠᠱᠢᠭ᠍ᠲᠠᠶ ᠲᠣᠬᠢᠶᠠᠯ᠎ᠢ ᠠᠮᠵᠢᠵᠤ᠂ ᠵᠢᠮᠢᠰ᠎ᠦᠨ ᠣᠶ᠎ᠶ᠋ᠢᠨ ᠬᠣᠭᠣᠷᠣᠨᠳᠣ ᠰᠠᠷᠭᠠᠶ ᠴᠡᠴᠡᠭ᠎ᠦᠨ ᠴᠢᠬᠢ᠎ᠶ᠋ᠢ ᠠᠯᠠᠬᠯᠠᠨ ᠳᠠᠷᠢᠨ᠎ᠠ᠃
《ᠶᠡᠷᠦᠩᠬᠡᠢ ᠱᠦᠵᠢ ᠰᠢ ᠵᠢᠨ ᠫᠢᠩ 〈ᠣᠳᠣᠬᠠᠨ᠎ᠳᠤ ᠰᠠᠭᠤᠷᠢᠯᠠᠵᠤ᠂ ᠠᠯᠤᠰ ᠬᠡᠳᠤ᠎ᠶ᠋ᠢ ᠪᠣᠳᠣᠯᠬᠢᠯᠠᠵᠤ᠂ ᠪᠤᠤᠬᠢᠶ᠎ᠠ ᠳᠠᠮᠵᠢᠭᠤᠯᠤᠨ ᠡᠷᠡᠮᠡᠬᠡᠢᠯᠡᠨ ᠤᠷᠤᠭ᠍ᠰᠢᠯᠠᠬᠤ ᠬᠡᠷᠡᠭ᠌ᠲᠡᠢ〉ᠭᠡᠵᠦ᠍ ᠴᠢᠬᠤᠯᠠᠴᠢᠯᠠᠵᠤ᠂ ᠪᠢᠳᠡᠨ᠎ᠦ ᠳᠠᠷᠠᠭᠠᠴᠢ᠎ᠶ᠋ᠢᠨ ᠠᠯᠬᠤᠮ᠎ᠤᠨ ᠠᠵᠢᠯ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠱᠢᠨᠵᠢᠶᠠᠩ᠎ᠤᠨ ᠬᠤᠲ᠋ᠠᠨ ᠣᠷᠣᠨ᠎ᠤ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠵᠢᠨ ᠳᠡᠳ᠋ ᠳᠠᠷᠤᠭ᠎ᠠ ᠯᠦᠸᠧ ᠠᠢ ᠺᠸ᠂ ᠡᠨᠡ ᠵᠢᠯ ᠬᠤᠲ᠋ᠠᠨ ᠣᠷᠣᠨ᠎ᠤ ᠬᠢᠨ ᠠᠮᠢᠳᠤ ᠪᠣᠳᠠᠰ᠎ᠢᠶᠠᠷ ᠡᠯᠡᠰᠦ᠎ᠶ᠋ᠢ ᠵᠠᠰᠠᠬᠤ᠂ ᠢᠨᠵᠧᠨᠧᠷᠢᠩ᠎ᠢᠶᠡᠷ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠵᠡᠷᠭᠡ ᠶᠡᠷᠦᠩᠬᠡᠢᠯᠡᠨ ᠵᠠᠰᠠᠬᠤ ᠵᠠᠭ᠍ᠪᠤᠷ᠎ᠢ ᠦᠷᠭᠦᠯᠵᠢᠯᠡᠨ ᠳᠡᠯᠭᠡᠷᠡᠭᠦᠯᠵᠦ᠍᠂ ᠡᠯ᠎ᠡ ᠲᠠᠯ᠎ᠠ᠎ᠶ᠋ᠢᠨ ᠬᠢᠨ᠎ᠦ ᠢᠳᠡᠪᠬᠢᠵᠢᠯ᠎ᠢ ᠭᠦᠢᠴᠡᠳ ᠳᠠᠢ᠌ᠴᠢᠯᠠᠵᠤ᠂ ᠡᠯᠡᠰᠤ ᠵᠢ ᠪᠢᠲᠡᠭᠦᠮᠵᠢᠯᠡᠬᠦ᠌ ᠪᠣᠬᠢᠷᠲᠤᠯ ᠦᠭᠡᠢ ᠬᠠᠮᠠᠭᠠᠯᠠᠯᠲᠠ᠎ᠶ᠋ᠢᠨ ᠪᠦᠰᠡ᠎ᠶ᠋ᠢᠨ ᠥᠷᠭᠡᠴᠡ᠎ᠶ᠋ᠢ ᠲᠣᠭ᠍ᠲᠠᠭᠤᠨ᠎ᠢᠶᠠᠷ ᠥᠷᠭᠡᠳᠭᠡᠵᠦ᠍᠂ ᠲᠠᠺᠯᠢᠮᠠᠺᠠᠨ ᠡᠯᠡᠰᠦᠨ ᠴᠦᠯ᠎ᠦᠨ 《ᠨᠣᠭᠣᠭᠠᠨ ᠬᠦᠵᠦᠭᠦᠪᠴᠢ》 ᠵᠢ ᠨᠡᠩ ᠪᠠᠲᠤ ᠪᠡᠬᠢ ᠪᠣᠯᠭᠠᠨ᠎ᠠ ᠭᠡᠵᠦ᠍ ᠢᠯᠡᠳᠭᠡᠪᠡ᠃
《ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠦᠢᠯᠡᠰ᠎ᠢ ᠬᠥᠭ᠌ᠵᠢᠭᠦᠯᠬᠦ᠌᠂ ᠠᠷᠠᠳ᠎ᠲᠤ ᠠᠱᠢᠭ ᠬᠦᠷᠲᠡᠭᠡᠬᠦ᠌᠎ᠶ᠋ᠢ ᠨᠡᠩ ᠢᠯᠡᠭᠦᠦ ᠴᠢᠬᠤᠯᠠᠴᠢᠯᠠᠬᠤ ᠬᠡᠷᠡᠭ᠌ᠲᠡᠢ》᠂《ᠲᠠᠷᠢᠬᠤ ᠪᠠ ᠬᠠᠮᠢᠶᠠᠷᠬᠤ᠎ᠶ᠋ᠢ ᠵᠡᠷᠭᠡ᠎ᠪᠡᠷ ᠠᠳᠭᠤᠬᠤ᠂ ᠠᠮᠢ ᠠᠬᠤᠢ ᠪᠠ ᠠᠵᠤ ᠦᠢᠯᠡᠰ᠎ᠢ ᠵᠡᠷᠭᠡ᠎ᠪᠡᠷ ᠠᠬᠢᠭᠤᠯᠬᠤ᠂ ᠬᠥᠮᠦᠨ ᠪᠠᠢᠭᠠᠯᠢ ᠬᠠᠮᠲᠤ᠎ᠪᠠᠷ ᠣᠷᠣᠱᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ》᠂《ᠭᠠᠵᠠᠷ ᠣᠷᠣᠨ᠎ᠤ ᠪᠠᠢᠳᠠᠯ᠎ᠳ᠋ᠤᠨᠢ ᠲᠤᠬᠢᠷᠠᠭᠤᠯᠤᠨ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ》᠁ ᠱᠢᠨ᠎ᠡ ᠪᠠᠢᠳᠠᠯ ᠳᠣᠣᠷ᠎ᠠ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢ ᠠᠬᠢᠭᠤᠯᠬᠤ᠎ᠳᠤ᠂ ᠶᠡᠷᠦᠩᠬᠡᠢ ᠱᠦᠵᠢ ᠰᠢ ᠵᠢᠨ ᠫᠢᠩ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠦᠭᠪᠡ᠃
ᠤᠯᠤᠰ᠎ᠤᠨ ᠤᠢ ᠱᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠵᠢᠨ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠵᠤᠷᠭᠠᠨ᠎ᠤ ᠠᠯᠪᠠᠨ ᠵᠢᠷᠤᠮ᠎ᠤᠨ ᠮᠣᠳᠣ ᠲᠠᠷᠢᠬᠤ ᠪᠠ ᠰᠠᠯᠠᠭ᠎ᠠ ᠮᠥᠴᠢᠷ᠎ᠦᠨ ᠨᠣᠭᠣᠭᠠᠷᠠᠭᠤᠯᠤᠯᠲᠠ᠎ᠶ᠋ᠢᠨ ᠭᠠᠵᠠᠷ᠎ᠤᠨ ᠳᠠᠷᠤᠭ᠎ᠠ ᠵᠠᠩ ᠵᠤᠤ ᠬᠤᠢ᠄《ᠪᠢᠳᠡ ᠪᠣᠳᠠᠲᠠᠢ᠎ᠡᠴᠡ ᠡᠭᠦᠰᠭᠦ᠎ᠶ᠋ᠢ ᠪᠠᠷᠢᠮᠲᠠᠯᠠᠵᠤ᠂ ᠤᠯᠤᠰ᠎ᠤᠨ ᠪᠠᠢᠳᠠᠯ ᠭᠠᠵᠠᠷ ᠣᠷᠣᠨ᠎ᠤ ᠪᠠᠢᠳᠠᠯ ᠤᠢ ᠱᠢᠭᠤᠢ᠎ᠶ᠋ᠢᠨ ᠪᠠᠢᠳᠠᠯ᠎ᠳᠠᠭᠠᠨ ᠰᠠᠭᠤᠷᠢᠯᠠᠵᠤ᠂ ᠨᠣᠭᠣᠭᠠᠷᠠᠭᠤᠯᠤᠯᠲᠠ᠎ᠶ᠋ᠢᠨ ᠣᠷᠣᠨ ᠵᠠᠢ᠎ᠶ᠋ᠢ ᠨᠢᠭᠡᠳᠦᠯᠲᠡᠢ ᠲᠥᠯᠥᠪᠵᠢᠭᠦᠯᠦᠨ ᠠᠱᠢᠭ᠍ᠯᠠᠵᠤ᠂ ᠭᠠᠵᠠᠷ᠎ᠢᠶᠠᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠬᠤ᠂ ᠤᠰᠤ᠎ᠪᠠᠷ ᠨᠣᠭᠣᠭᠠᠷᠠᠭᠤᠯᠤᠯᠲᠠ᠎ᠶ᠋ᠢ ᠲᠣᠭ᠍ᠲᠠᠭᠠᠬᠤ ᠵᠢ ᠪᠠᠷᠢᠮᠳᠠᠯᠠᠵᠦ᠂ ᠱᠢᠨᠵᠢᠯᠡᠬᠦ᠌ ᠤᠬᠠᠭᠠᠨᠴᠢ᠎ᠪᠠᠷ ᠠᠷᠪᠢᠯᠠᠨ ᠭᠠᠮᠨᠠᠵᠤ ᠪᠣᠳᠠᠲᠠᠢ᠎ᠶ᠋ᠢ ᠡᠷᠬᠢᠮᠯᠡᠨ ᠨᠣᠭᠣᠭᠠᠷᠠᠭᠤᠯᠤᠯᠲᠠ᠎ᠶ᠋ᠢ ᠥᠷᠨᠢᠭᠦᠯᠦᠨ᠎ᠡ᠃ ᠮᠣᠳᠣ ᠳᠠᠷᠢᠬᠤ᠎ᠳᠤ ᠳᠣᠭᠢᠷᠠᠪᠠᠯ ᠮᠣᠳᠣ ᠳᠠᠷᠢᠵᠤ᠂ ᠡᠪᠡᠰᠦ ᠳᠠᠷᠢᠬᠤ᠎ᠳᠤ ᠳᠣᠭᠢᠷᠠᠪᠠᠯ ᠡᠪᠡᠰᠦ ᠳᠠᠷᠢᠵᠤ᠂ ᠡᠯᠡᠰᠤ ᠮᠠᠨᠭᠬ᠎ᠠ ᠵᠢ ᠪᠢᠳᠡᠬᠦᠮᠵᠢᠯᠡᠨ ᠤᠤᠯ ᠲᠦᠷᠬᠦ ᠵᠢ ᠨᠢ ᠬᠠᠳᠠᠭᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ ᠲᠣᠭ᠍ᠲᠠᠭᠤᠨ ᠴᠢᠨᠠᠷ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠤᠨ᠎ᠠ》 ᠭᠡᠪᠡ᠃
ᠤᠢ᠍ᠢᠷ᠎ᠠ᠎ᠶ᠋ᠢᠨ ᠵᠢᠯ᠎ᠳ᠋ᠤ᠂ ᠮᠠᠨ᠎ᠤ ᠤᠯᠤᠰ ᠤᠯᠤᠰ᠎ᠤᠨ ᠨᠤᠲᠤᠭ ᠳᠡᠪᠢᠰᠭᠡᠷ᠎ᠦᠨ ᠨᠣᠭᠣᠭᠠᠷᠠᠭᠤᠯᠤᠯᠲᠠ᠎ᠶ᠋ᠢ ᠠᠬᠢᠭᠤᠯᠬᠤ᠎ᠳᠤ ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠣᠢᠵᠢᠭᠤᠯᠤᠯᠲᠠ᠎ᠶ᠋ᠢᠨ ᠰᠡᠭᠦᠯᠴᠢ᠎ᠶ᠋ᠢᠨ ᠠᠵᠢᠯ᠎ᠢ ᠦᠷᠭᠦᠯᠵᠢᠯᠡᠨ ᠰᠠᠢᠲᠤᠷ ᠬᠢᠪᠡ᠃ ᠣᠷᠳᠣ ᠬᠤᠭᠤᠴᠠᠭ᠎ᠠ᠎ᠪᠠᠷ ᠣᠶ ᠱᠢᠭᠤᠶ ᠡᠪᠡᠰᠦ ᠪᠡᠯᠴᠢᠭᠡᠷ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠭ᠌ᠰᠡᠨ ᠳᠤᠮᠳᠠᠳᠤ ᠤᠯᠤᠰ᠎ᠤᠨ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠸᠠᠩ ᠶᠠᠩ ᠳ᠋ᠦᠩ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠᠴᠢᠯᠠᠭ᠍ᠰᠠᠨ 《ᠨᠠᠩ ᠶᠡᠬᠡ ᠬᠦᠴᠦ᠍ ᠣᠷᠣᠭᠤᠯᠵᠤ ᠪᠠᠢᠭᠠᠳ ᠬᠠᠮᠢᠶᠠᠷᠴᠤ᠌ ᠬᠠᠮᠠᠭᠠᠯᠠᠬᠤ᠎ᠪᠠᠨ ᠴᠢᠩᠭᠠᠳᠭᠠᠬᠤ ᠬᠡᠷᠡᠭ᠌ᠲᠡᠶ》 ᠭᠡᠬᠦ᠌ ᠬᠤᠯᠪᠤᠬᠳᠠᠯ ᠪᠥᠬᠥᠶ ᠠᠭᠤᠯᠭ᠎ᠠ᠎ᠵᠢᠨ ᠲᠤᠬᠠᠢ ᠬᠦᠨ ᠰᠠᠭᠤᠬᠳᠠᠯ ᠲᠠᠢ ᠪᠠᠢᠯ᠎ᠠ᠃
ᠸᠠᠩ ᠶᠠᠩ ᠳ᠋ᠦᠩ᠂ ᠰᠠᠭᠤᠷᠢ ᠰᠤᠳᠤᠯᠭᠠᠨ ᠬᠢᠭᠡᠳ ᠠᠵᠤ ᠦᠶ᠋ᠯᠡᠰ᠎ᠦᠨ ᠬᠡᠷᠡᠭ᠌ᠴᠡᠭᠡ᠎ᠶ᠋ᠢ ᠤᠶᠠᠯᠳᠤᠭᠤᠯᠬᠤ᠎ᠶ᠋ᠢ ᠭᠦᠨᠵᠡᠭᠡᠢᠷᠡᠭᠦᠯᠵᠦ᠍᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠬᠢᠭᠡᠳ ᠪᠠᠷᠢᠮᠵᠢᠶᠠᠵᠢᠭᠤᠯᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠰᠠᠢᠨ ᠡᠭᠦᠯᠳᠡᠷ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠥᠷᠭᠡᠳᠭᠡᠵᠦ᠍᠂ ᠣᠶ ᠱᠢᠭᠤᠶ᠎ᠶ᠋ᠢ ᠠᠷᠠᠴᠢᠯᠠᠨ ᠪᠣᠢᠵᠢᠭᠤᠯᠬᠤ ᠪᠠ ᠦᠷᠭᠦᠯᠵᠢᠯᠡᠨ ᠡᠵᠡᠩᠨᠡᠬᠦ᠌ ᠬᠠᠮᠢᠶ᠎ᠠ ᠪᠥᠬᠥᠶ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠦᠷᠭᠦᠯᠵᠢᠯᠡᠨ ᠬᠢᠵᠦ᠍᠂ ᠣᠶ ᠱᠢᠭᠤᠶ ᠡᠪᠡᠰᠦᠨ᠎ᠦ ᠶᠠᠰᠤ ᠴᠢᠨᠠᠷ ᠪᠠ ᠴᠢᠳᠠᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃
ᠣᠳᠣᠬᠠᠨ᠎ᠳᠤ᠂ ᠯᠢᠶᠣᠤᠨᠢᠩ ᠮᠤᠵᠢ᠎ᠶ᠋ᠢᠨ ᠵᠠᠩ ᠡᠸ᠋ ᠱᠢᠶᠠᠨ᠎ᠤ ᠯᠢᠶᠠᠩ ᠵᠢᠶᠠ ᠽᠢ ᠪᠠᠯᠭᠠᠰᠤᠨ᠎ᠤ ᠲᠠᠷᠢᠶᠠᠴᠢᠳ ᠵᠢᠮᠢᠰ᠎ᠦᠨ ᠮᠤᠳᠤᠨᠮᠦᠴᠢᠷᠢ ᠬᠠᠢᠴᠢᠯᠠᠵᠤ᠂ ᠪᠣᠷᠳᠣᠭᠤᠷ ᠣᠷᠣᠭᠤᠯᠤᠨ ᠶᠠᠭᠠᠷᠠᠯᠳᠤᠨ᠎ᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠲᠤᠬᠠᠶ᠎ᠶ᠋ᠢᠨ ᠭᠠᠵᠠᠷ᠎ᠤᠨ᠎ᠬᠢᠨ 《ᠡᠯᠡᠰᠦᠨ ᠬᠤᠳᠤᠭᠤᠷ》 ᠡᠴᠡ ᠣᠷᠣᠯᠭ᠎ᠠ᠎ᠪᠠᠨ ᠨᠡᠮᠡᠭ᠌ᠳᠡᠭᠦᠯᠬᠦ᠌ ᠵᠠᠮ᠎ᠢ ᠬᠠᠢᠨ ᠰᠦᠪᠡᠭ᠌ᠴᠢᠯᠡᠪᠡ᠃
《ᠶᠡᠷᠦᠩᠬᠡᠢ ᠱᠦᠵᠢ ᠰᠢ ᠵᠢᠨ ᠫᠢᠩ᠂ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠣᠨᠳᠣᠣᠱᠢᠭᠤᠯᠬᠤ ᠠᠷᠭ᠎ᠠ ᠵᠠᠮ᠎ᠢ ᠱᠢᠯᠤᠭᠤᠳᠭᠠᠵᠤ᠂ ᠤᠢ ᠱᠢᠭᠤᠢ ᠡᠪᠡᠰᠦᠨ᠎ᠦ ᠠᠵᠤ ᠦᠢᠯᠡᠰ᠎ᠢ ᠪᠤᠵᠠᠭᠠᠢᠷᠠᠭᠤᠯᠬᠤ ᠬᠡᠷᠡᠭ᠌ᠲᠡᠢ᠃ ᠪᠢᠳᠡ ᠣᠶᠲᠤᠳᠤᠷᠠᠬᠢ ᠨᠠᠩ ᠣᠯᠠᠨ ᠶᠠᠩᠵᠤ᠎ᠶ᠋ᠢᠨ ᠠᠵᠤ ᠠᠬᠤᠶ᠎ᠶ᠋ᠢᠨ ᠳᠠᠷᠢᠬᠤ ᠵᠠᠭ᠍ᠪᠤᠷ᠎ᠢ ᠦᠷᠭᠦᠯᠵᠢᠯᠡᠨ ᠬᠥᠭ᠌ᠵᠢᠭᠦᠯᠬᠦ᠌ ᠬᠡᠷᠡᠭ᠌ᠲᠡᠶ》ᠭᠡᠵᠦ ᠴᠢᠬᠤᠯᠠᠴᠢᠯᠠᠪᠠ᠃ ᠯᠢᠶᠠᠩ ᠵᠢᠶᠠ ᠽᠢ ᠪᠠᠯᠭᠠᠰᠤᠨ᠎ᠤ ᠳᠠᠷᠤᠭ᠎ᠠ ᠵᠢᠶ ᠵᠥᠩ ᠱᠢᠶᠠᠨ᠂ ᠵᠢᠮᠢᠰ᠎ᠤᠨ ᠮᠤᠳᠤᠨ ᠳᠤᠤᠷ᠎ᠠ ᠡᠪᠡᠰᠦᠨ ᠡᠮ ᠳᠠᠷᠢᠪᠠᠯ᠂ ᠵᠢᠯ ᠪᠦᠷᠢ ᠮᠥ᠍ ᠪᠦᠷᠢ ᠡᠴᠡ 2000 ᠭᠠᠷᠤᠶ ᠲᠥᠭᠥᠷᠢᠭ᠎ᠦᠨ ᠣᠷᠣᠯᠭ᠎ᠠ ᠣᠯᠵᠤ᠂ ᠡᠨᠡ ᠵᠢᠯ 《ᠣᠶ᠎ᠶ᠋ᠢᠨ ᠡᠮ》᠂《ᠣᠶ᠎ᠶ᠋ᠢᠨ ᠵᠢᠮᠢᠰ》᠎ᠢ᠋ ᠤᠶᠠᠯᠳᠤᠭᠤᠯᠤᠭ᠍ᠰᠠᠨ ᠣᠶᠲᠤᠳᠤᠷᠠᠬᠢ ᠲᠠᠷᠢᠮᠠᠯ᠎ᠤᠨ ᠲᠠᠯᠠᠪᠠᠶ᠎ᠶ᠋ᠢ ᠦᠷᠭᠦᠯᠵᠢᠯᠡᠨ ᠥᠷᠭᠡᠳᠭᠡᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠣᠷᠣᠯᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ ᠭᠡᠵᠦ ᠬᠡᠯᠡᠪᠡ᠃
ᠤᠷᠢᠬᠠᠨ ᠬᠠᠪᠤᠷᠵᠢᠡᠷ᠂ ᠭᠤᠸᠠᠩᠰᠢ᠎ᠶ᠋ᠢᠨ ᠯᠢᠦᠵᠸᠦ ᠵᠢᠨ 30 ᠲᠦᠮᠡᠨ ᠰᠠᠭᠤᠷᠢ ᠤᠯᠠᠭᠠᠨ ᠲᠤᠢᠪᠠᠩ ᠪᠠᠳᠠᠷᠠᠨ ᠳᠡᠯᠭᠡᠷᠡᠵᠦ᠍᠂ ᠤᠯᠠᠭᠠᠨ ᠲᠤᠢᠪᠠᠩ᠎ᠤᠨ ᠴᠡᠴᠡᠭ᠎ᠦᠨ ᠤᠷᠳᠤ ᠬᠤᠩᠬᠢᠯ ᠯᠢᠦᠵᠢᠶᠠᠩ ᠮᠥᠷᠡᠨ᠎ᠢ ᠳᠠᠭᠠᠨ ᠮᠢᠷᠠᠯᠵᠠᠨ ᠳᠡᠯᠭᠡᠷᠡᠨ᠎ᠡ᠃ ᠪᠢᠨ ᠱᠦᠢ ᠶᠡᠬᠡ ᠵᠠᠮ᠎ᠤᠨ ᠬᠠᠵᠠᠭᠤ᠎ᠳᠠᠬᠢ ᠬᠤᠸᠠᠨ ᠵᠢᠶᠠᠩ ᠲᠣᠰᠭᠣᠨ ᠶᠠᠭ ᠡᠨᠡ ᠬᠦ᠌ 《ᠴᠡᠴᠡᠭ᠌ᠲᠦ ᠵᠠᠮ》 ᠤ᠋ᠨ ᠬᠠᠵᠠᠭᠤ᠎ᠳᠤ ᠪᠠᠢᠷᠢᠯᠠᠵᠤ ᠪᠠᠢᠨ᠎ᠠ᠃
《ᠬᠠᠪᠤᠷ᠎ᠤᠨ ᠤᠯᠠᠷᠢᠯ᠎ᠳᠤ ᠤᠯᠠᠭᠠᠨ ᠲᠤᠢᠪᠠᠩ ᠴᠡᠴᠡᠭ᠎ᠦᠨ ᠳᠠᠯᠠᠢ ᠵᠢᠭᠤᠯᠴᠢᠯᠠᠭᠰᠠᠳ᠎ᠢ ᠲᠠᠲᠠᠵᠤ᠂ ᠨᠠᠮᠤᠷ᠎ᠤᠨ ᠤᠯᠠᠷᠢᠯ᠎ᠳᠤ ᠲᠣᠰᠭᠣᠨ᠎ᠤ ᠬᠢᠨ ᠯᠣᠣ᠎ᠶ᠋ᠢᠨ ᠨᠢᠳᠦᠨ ᠮᠤᠳᠤ᠎ᠪᠠᠷ ᠭᠣᠣᠯ ᠰᠡᠳᠦᠪ ᠪᠣᠯᠭᠠᠭ᠍ᠰᠠᠨ ᠯᠣᠣ᠎ᠶ᠋ᠢᠨ ᠨᠢᠳᠦᠨ ᠬᠤᠰᠢᠭᠤᠳᠤ ᠲᠠᠷᠴᠠ ᠵᠢᠨ ᠨᠠᠢᠷ ᠬᠢᠬᠦ᠌ ᠪᠣᠯᠤᠨ᠎ᠠ》᠃ ᠲᠣᠰᠭᠣᠨ᠎ᠤ ᠨᠠᠮ᠎ᠤᠨ ᠶᠡᠷᠦᠩᠬᠡᠶ ᠡᠭᠦᠷ᠎ᠦᠨ ᠱᠦᠵᠢ ᠱ᠌ᠢ ᠬᠣᠩ ᠼᠠᠢ 《ᠶᠡᠷᠦᠩᠬᠡᠶ ᠱᠦᠵᠢ᠎ᠶ᠋ᠢᠨ〈ᠠᠵᠤ ᠠᠬᠤᠶ᠎ᠶ᠋ᠢᠨ ᠦᠨ᠎ᠡ ᠥᠷᠲᠡᠭ ᠪᠠ ᠠᠮᠢ ᠠᠬᠤᠶ᠎ᠶ᠋ᠢᠨ ᠦᠷ᠎ᠡ ᠠᠱᠢᠭ᠎ᠢ ᠵᠡᠷᠭᠡ᠎ᠪᠡᠷ ᠳᠡᠭᠡᠭ᠌ᠰᠢᠯᠡᠭᠦᠯᠬᠦ᠌〉ᠱᠠᠭᠠᠷᠳᠠᠯᠭ᠎ᠠ ᠶᠣᠰᠣᠭᠠᠷ᠂ ᠪᠢᠳᠡ ᠵᠠᠭᠤᠨ ᠵᠢᠯ᠎ᠦᠨ ᠡᠷᠲᠡᠨ᠎ᠦ ᠮᠣᠳᠣ᠎ᠶ᠋ᠢ ᠦᠷᠭᠦᠯᠵᠢᠯᠡᠨ ᠰᠠᠢᠲᠤᠷ ᠬᠠᠮᠠᠭᠠᠯᠠᠵᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠲᠣᠰᠭᠣᠨ᠎ᠳᠤ ᠵᠢᠯ᠎ᠦᠨ ᠳᠥᠷᠪᠡᠨ ᠤᠯᠠᠷᠢᠯ᠎ᠳᠤ ᠬᠤᠸᠠᠷ ᠴᠡᠴᠡᠭ ᠰᠣᠨᠢᠷᠬᠠᠵᠤ᠂ ᠵᠢᠮᠢᠰ ᠲᠡᠭᠦᠵᠦ᠍᠂ ᠲᠣᠰᠭᠣᠨ᠎ᠤ ᠠᠷᠠᠳ ᠴᠥᠮ 〈ᠠᠮᠢ ᠠᠬᠤᠶ᠎ᠶ᠋ᠢᠨ ᠵᠢᠭᠤᠯᠴᠢᠯᠠᠯ᠎ᠤᠨ ᠦᠷ᠎ᠡ ᠠᠰᠢᠭ〉 ᠢ᠋ ᠬᠦᠷᠳᠡᠵᠦ ᠳᠡᠢᠯᠬᠦ ᠪᠤᠯᠭᠠᠨ᠎ᠠ》 ᠭᠡᠵᠦ ᠬᠡᠯᠡᠪᠡ᠃
《ᠬᠤᠳᠠ ᠬᠥᠳᠡᠭᠡ᠎ᠶ᠋ᠢᠨ ᠨᠣᠭᠣᠭᠠᠷᠠᠭᠤᠯᠤᠯᠲᠠ ᠭᠤᠶᠤᠵᠢᠭᠤᠯᠤᠯᠳᠠ ᠵᠢ ᠬᠠᠮᠵᠢᠯᠴᠠᠨ ᠠᠬᠢᠭᠤᠯᠵᠤ᠂ ᠵᠠᠢ ᠵᠠᠪᠰᠠᠷ ᠪᠦᠬᠦᠨ᠎ᠢ ᠠᠯᠳᠠᠯ ᠦᠭᠡᠢ ᠠᠰᠢᠭᠯᠠᠨ ᠤᠯᠠᠨ ᠲᠦᠮᠡᠨ᠎ᠦ ᠳᠡᠷᠭᠡᠳᠡᠬᠢ ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠢ ᠨᠡᠩ ᠤᠯᠠᠨ ᠨᠣᠭᠣᠭᠠᠷᠠᠭᠤᠯᠤᠯᠲᠠ ᠵᠢᠨ ᠬᠦᠷᠲᠡᠮᠵᠢ᠎ᠶ᠋ᠢᠨ ᠲᠦᠷᠦᠭ᠌ᠳᠡᠯ᠎ᠲᠡᠶ ᠪᠣᠯᠭᠠᠬᠤ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠬᠦ᠌ ᠪᠠᠢᠷᠢᠯᠠᠭᠤᠯᠤᠯᠲᠠ ᠨᠢ ᠲᠤᠬᠠᠢ᠎ᠶ᠋ᠢᠨ ᠲᠠᠯᠠᠪᠠᠢ᠎ᠳᠤ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠭ᠍ᠰᠠᠨ ᠪᠡᠭᠡᠵᠢᠩ ᠬᠤᠳᠠ᠎ᠶ᠋ᠢᠨ ᠴᠡᠴᠡᠷᠯᠢᠭ᠎ᠦᠨ ᠨᠣᠭᠣᠭᠠᠷᠠᠭᠤᠯᠤᠯᠲᠠ᠎ᠶ᠋ᠢᠨ ᠲᠣᠪᠴᠢᠶᠠᠨ᠎ᠤ ᠳᠠᠷᠤᠭ᠎ᠠ ᠭᠤᠤ ᠳ᠋ᠠ ᠸᠧᠢ᠎ᠶ᠋ᠢᠨ ᠡᠷᠴᠢ ᠵᠣᠷᠢᠭ᠎ᠢ ᠬᠥᠪᠴᠢᠯᠡᠪᠡ᠃
ᠭᠤᠤ ᠳ᠋ᠠ ᠸᠧᠶ᠂ ᠪᠡᠭᠡᠵᠢᠩ ᠬᠣᠲᠠ ᠶᠠᠭ 《ᠴᠡᠴᠡᠷᠯᠢᠭ᠎ᠦᠨ ᠬᠣᠲᠠ》 ᠶ᠋ᠢ ᠪᠠᠢᠭᠤᠯᠵᠤ᠂ 《ᠴᠣᠩᠬᠣ᠎ᠪᠠᠨ ᠨᠡᠭᠡᠭᠡᠮᠡᠭᠴᠡ ᠨᠣᠭᠣᠭᠠᠷᠠᠭᠤᠯᠤᠯᠲᠠ᠎ᠶ᠋ᠢ ᠣᠯᠵᠤ ᠬᠠᠷᠠᠨ᠂ ᠡᠭᠦᠳᠡᠨ ᠡᠴᠡ ᠪᠠᠨ ᠭᠠᠷᠤᠭᠰᠠᠭᠠᠷ ᠴᠡᠴᠡᠷᠯᠢᠭ ᠲᠦ᠍ ᠣᠷᠣᠬᠤ》᠎ᠶ᠋ᠢ ᠬᠥᠮᠦᠰ᠎ᠦᠨ ᠡᠳᠦᠷ ᠲᠤᠲᠤᠮ᠎ᠤᠨ ᠠᠮᠢᠳᠤᠷᠠᠯ ᠪᠣᠯᠭᠠᠵᠤ ᠪᠠᠢᠨ᠎ᠠ ᠭᠡᠵᠡᠶ᠃ ᠡᠨᠡ ᠵᠢᠯ ᠣᠢᠵᠢᠭᠤᠯᠵᠤ ᠨᠣᠭᠣᠭᠠᠷᠠᠭᠤᠯᠬᠤ ᠡᠭᠦᠷᠭᠡ᠎ᠪᠡᠨ ᠦᠷᠭᠦᠯᠵᠢᠯᠡᠨ ᠪᠡᠶᠡᠯᠡᠭᠦᠯᠬᠦ᠌᠎ᠡᠴᠡ ᠭᠠᠳᠠᠨ᠎ᠠ ᠪᠠᠰᠠ ᠠᠷᠭ᠎ᠠ ᠬᠡᠮᠵᠢᠶ᠎ᠡ ᠠᠪᠴᠤ᠌ ᠪᠠᠢᠭᠠᠳ ᠴᠡᠴᠡᠷᠯᠢᠭ᠎ᠦᠨ ᠲᠠᠩ ᠭᠠᠭ᠍ᠴᠠ ᠰᠡᠯᠡᠭᠦᠴᠡᠯ᠎ᠦᠨ ᠣᠷᠣᠨ ᠵᠠᠶ᠎ᠡᠴᠡ ᠰᠡᠯᠡᠭᠦᠴᠡᠯ᠂ ᠰᠣᠶᠣᠯ᠂ ᠬᠡᠷᠡᠭ᠌ᠯᠡᠭᠡ᠂ ᠠᠮᠢ ᠠᠬᠤᠶ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠨᠣᠭᠣᠭᠠᠷᠠᠭᠤᠯᠤᠯᠲᠠ ᠵᠢᠨ ᠠᠮᠢᠵᠢᠷᠠᠯ᠎ᠤᠨ ᠬᠦᠴᠦᠨ᠎ᠦ ᠲᠥᠪ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ ᠭᠡᠵᠦ ᠲᠠᠨᠢᠯᠴᠠᠭᠤᠯᠪᠠ᠃《ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠤ᠂ ᠬᠣᠲᠠ ᠴᠡᠴᠡᠷᠯᠢᠭ ᠬᠠᠷᠢᠯᠴᠠᠨ ᠠᠭᠤᠰᠤᠯᠴᠠᠭ᠍ᠰᠠᠨ᠂ ᠬᠥᠬᠡᠮᠳᠦᠭ ᠨᠣᠭᠣᠭᠠᠨ ᠰᠣᠯᠪᠢᠴᠠᠭ᠍ᠰᠠᠨ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠡᠶ᠎ᠡ ᠵᠣᠬᠢᠴᠠᠯ᠎ᠲᠠᠶ ᠣᠷᠣᠱᠢᠨ ᠰᠠᠭᠤᠬᠤ᠎ᠳᠤ ᠲᠣᠬᠢᠷᠠᠮᠵᠢᠲᠠᠶ ᠬᠣᠲᠠ᠎ᠶ᠋ᠢ ᠬᠠᠮᠲᠤ᠎ᠪᠠᠷ ᠪᠠᠢᠭᠤᠯᠤᠨ᠎ᠠ》 ᠭᠡᠵᠦ᠍ ᠲᠡᠷᠡ ᠬᠡᠯᠡᠪᠡ᠃
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠬᠤ ᠪᠥᠭᠡᠳ ᠮᠥᠨ ᠴᠦ᠍ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠬᠥᠳᠡᠯᠭᠡᠭᠡᠨ᠎ᠢ ᠥᠷᠨᠢᠭᠦᠯᠦᠭ᠌ᠰᠡᠨ 45 ᠵᠢᠯ᠎ᠦᠨ ᠣᠶ ᠪᠣᠯᠤᠨ᠎ᠠ᠃
ᠲᠦᠷᠦᠭᠦᠬᠡᠨ᠂ ᠰᠸᠴᠤᠸᠠᠨ᠎ᠤ ᠴᠧᠩᠳᠦ᠋ ᠶ᠋ᠢᠨ ᠶᠡᠬᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ᠎ᠢ ᠨᠢᠭᠡ ᠴᠤᠬ᠍ᠴᠠᠵᠢᠭᠤᠯᠬᠤ ᠪᠠᠢᠭᠤᠯᠤᠯᠲᠠ᠎ᠶ᠋ᠢᠨ ᠮᠣᠳᠣ ᠲᠠᠷᠢᠬᠤ ᠪᠠᠶᠠᠷ᠎ᠤᠨ ᠭᠣᠣᠯ ᠰᠡᠳᠦᠪᠲᠦ ᠠᠵᠢᠯᠯᠠᠭ᠎ᠠ ᠨᠢ 2300 ᠭᠠᠷᠤᠢ ᠰᠤᠷᠤᠬ᠍ᠴᠢ᠎ᠶ᠋ᠢ ᠲᠡᠳᠡᠨ ᠣᠷᠣᠯᠴᠠᠭᠤᠯᠪᠠ᠃
《ᠶᠡᠷᠦᠩᠬᠡᠢ ᠱᠦᠵᠢ ᠰᠢ ᠵᠢᠨ ᠫᠢᠩ᠂ ᠰᠠᠢ᠌ᠨ ᠰᠠᠢᠬᠠᠨ ᠠᠮᠢ ᠠᠬᠤᠢ᠎ᠶ᠋ᠢ ᠬᠥᠮᠦᠨ ᠪᠦᠬᠦᠨ ᠬᠠᠮᠲᠤ᠎ᠪᠠᠷ ᠡᠳ᠋ᠯᠡᠬᠦ᠌ᠮᠦᠷᠳᠡᠭᠡᠨ ᠪᠠᠰᠠ ᠬᠦᠴᠦ᠍᠎ᠪᠡᠨ ᠬᠠᠮᠲᠤᠳᠭᠠᠨ ᠬᠠᠮᠲᠤ᠎ᠪᠠᠷ ᠪᠦᠳᠦᠭᠡᠨ ᠪᠠᠢᠭᠤᠯᠬᠤ ᠬᠡᠷᠡᠭᠳᠡᠢ ᠭᠡᠵᠦ᠍ ᠬᠡᠯᠡᠪᠡ᠃ ᠵᠠᠯᠠᠭᠤ ᠰᠤᠷᠤᠭ᠍ᠴᠢ ᠪᠣᠯᠤᠭ᠍ᠰᠠᠨ᠎ᠤ ᠬᠤᠪᠢ᠎ᠳᠤ᠂ ᠪᠢᠳᠡ ᠮᠣᠳᠣ ᠲᠠᠷᠢᠵᠤ ᠣᠢᠵᠢᠭᠤᠯᠬᠤ᠎ᠳᠤ ᠢᠳᠡᠪᠬᠢᠲᠡᠢ ᠣᠷᠣᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠵᠦ᠍᠂ ᠨᠢᠷᠤᠭᠤ ᠲᠤᠯᠭᠠᠭᠤᠷᠢ ᠪᠣᠯᠬᠤ᠎ᠪᠠᠷ ᠴᠢᠷᠮᠠᠢᠨ᠎ᠠ》᠃ ᠠᠵᠢᠯᠯᠠᠭ᠎ᠠ᠎ᠳᠤ ᠣᠷᠣᠯᠴᠠᠭ᠍ᠰᠠᠨ ᠭᠤᠷᠪᠠᠳᠤᠭᠠᠷ ᠣᠨ᠎ᠤ ᠣᠶᠤᠲᠠᠨ ᠯᠢ ᠽᠢ ᠢ᠂ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ ᠨᠢ ᠵᠠᠯᠠᠭᠤᠴᠤᠳ ᠪᠠᠭᠠᠴᠤᠳ᠎ᠤᠨ ᠮᠡᠳᠡᠯᠭᠡ᠎ᠳᠦ ᠪᠠᠬᠠᠲᠠᠢ᠂ ᠬᠥᠳᠡᠯᠮᠦᠷᠢ᠎ᠳᠦ ᠪᠠᠬᠠᠲᠠᠢ᠂ ᠪᠠᠢᠭᠠᠯᠢ᠎ᠳᠤ ᠪᠠᠬᠠᠲᠠᠢ ᠪᠤᠯᠬᠤ᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠳᠤ ᠨᠡᠩ ᠥᠷᠭᠡᠨ ᠳᠡᠯᠭᠡᠷ ᠬᠦᠴᠦᠨ ᠴᠢᠳᠠᠯ᠎ᠢ ᠨᠢᠭ᠍ᠲᠠᠷᠠᠭᠤᠯᠵᠤ ᠴᠢᠳᠠᠨ᠎ᠠ ᠭᠡᠵᠦ᠍ ᠬᠡᠯᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 30 ᠤ᠋ ᠴᠠᠬᠢᠯᠭᠠᠨ ᠮᠡᠳᠡᠭᠡ)