ᠬᠦᠦᠳᠠᠭᠤᠯᠠ ᠶᠠᠷᠢᠶ᠎ᠠ ᠲᠠᠯᠪᠢᠪᠠ
3 ᠰᠠᠷ᠎ᠠ ᠶ᠋ᠢᠨ 31 ᠤ᠋ ᠡᠳᠦᠷ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ ᠤ ᠬᠣᠷᠢᠢ᠎ᠠ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠤ᠋ᠨ 2026 ᠣᠨ᠎ᠤ ᠭᠣᠣᠯᠳᠠᠯᠭ᠎ᠠ᠎ᠲᠠᠶ ᠰᠡᠳᠦᠪ ᠢ ᠪᠠᠢᠴᠠᠭᠠᠨ ᠰᠤᠳᠤᠯᠬᠤ ᠵᠥᠪᠳᠡᠯᠴᠡᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠦᠦᠳᠠᠭᠤᠯᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠂ ᠠᠷᠪᠠᠨ ᠨᠢᠭᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠭᠤᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠦᠨᠡᠨ ᠮᠡᠳᠡᠯᠭᠡ ᠨᠡᠪᠲᠡᠷᠬᠡᠶ ᠦᠵᠡᠯᠲᠡ᠎ᠵᠢ ᠳᠤᠷᠠᠳᠴᠤ᠌᠂ ᠴᠢᠨᠠᠷ ᠰᠠᠢᠲᠠᠶ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢᠶᠡᠷ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠳᠦ ᠦᠶ᠋ᠯᠡᠴᠢᠯᠡᠬᠦ᠌᠎ᠶ᠋ᠢ ᠬᠦᠰᠡᠭᠰᠡᠨ ᠪᠦᠭᠡᠳ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠪᠠᠲᠤ ᠴᠢᠩᠭ᠎ᠠ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠡᠯ᠎ᠡ ᠠᠷᠠᠳᠴᠢᠯᠠᠭ᠍ᠰᠠᠨ ᠨᠠᠮ ᠪᠦᠯᠦᠭ ᠦᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠣᠯᠪᠣᠭ᠎ᠠ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠥᠳ ᠵᠢᠴᠢ ᠨᠠᠮ ᠪᠦᠯᠦᠭ ᠦᠨ ᠪᠤᠰᠤ ᠬᠥᠮᠦᠰ᠎ᠦᠨ ᠲᠥᠯᠥᠭᠡᠯᠡᠭ᠌ᠴᠢ ᠦᠭᠡ ᠬᠡᠯᠡᠵᠡᠢ᠃