ᠱᠠᠩᠨᠠᠯ ᠬᠦᠷᠳᠡᠭᠰᠡᠨ ᠶᠡᠷᠦᠩᠬᠡᠶ ᠲᠣᠭ᠎ᠠ ᠪᠦᠬᠦ᠌ ᠤᠯᠤᠰ᠎ᠤᠨ ᠨᠢᠭᠡᠳᠦᠭᠡᠷ᠎ᠲᠦ ᠤᠷᠤᠵᠠᠢ
ᠤᠢ᠍ᠢᠷ᠎ᠠ᠎ᠳᠤ᠂ ᠲᠥᠪ᠎ᠦᠨ ᠵᠣᠬᠢᠶᠠᠨ ᠪᠠᠢᠭᠤᠯᠬᠤ ᠬᠡᠯᠲᠡᠰ ᠡᠴᠡ ᠡᠷᠬᠢᠯᠡᠭ᠌ᠰᠡᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ᠎ᠦᠨ ᠲᠧᠯᠸᠢᠰ ᠹᠢᠯᠢᠮ᠎ᠤᠨ ᠲᠤᠭᠤᠷᠢᠨ ᠦᠵᠡᠵᠤ ᠰᠤᠯᠢᠯᠴᠠᠬᠤ ᠠᠵᠢᠯᠯᠠᠭ᠎ᠠ ᠲᠡᠭᠡᠷ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠡᠴᠡ ᠦᠢᠯᠡᠳᠴᠦ᠍ ᠰᠤᠩᠭᠤᠨ ᠲᠡᠪᠰᠢᠬᠦᠯᠦᠭᠰᠡᠨ 6 ᠪᠦᠲᠦᠭᠡᠯ ᠨᠢ 8 ᠱᠠᠩᠨᠠᠯ ᠣᠯᠵᠤ᠂ ᠱᠠᠩᠨᠠᠯ ᠬᠦᠷᠳᠡᠭᠰᠡᠨ ᠶᠡᠷᠦᠩᠬᠡᠶ ᠲᠣᠭ᠎ᠠ ᠪᠦᠬᠦ᠌ ᠤᠯᠤᠰ᠎ᠤᠨ ᠨᠢᠭᠡᠳᠦᠭᠡᠷ᠎ᠲᠦ ᠤᠷᠤᠭᠰᠠᠨ ᠱᠢᠯᠢᠳᠡᠭ ᠬᠢᠷᠢ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ ᠱᠢᠯᠢᠳᠡᠭ ᠵᠣᠬᠢᠶᠠᠨ ᠪᠠᠢᠭᠤᠯᠤᠬᠰᠡᠨ ᠨᠢᠭᠡᠴᠢ᠎ᠪᠡᠷ ᠦᠨᠡᠯᠡᠭ᠌ᠳᠡᠪᠡ᠃
ᠪᠥᠬᠥ᠌ ᠤᠯᠤᠰ᠎ᠤᠨ ᠨᠠᠮ᠎ᠤᠨ ᠭᠡᠱᠢᠭᠦᠨ᠎ᠦ ᠬᠥᠮᠦᠵᠢᠯ᠎ᠦᠨ ᠲᠧᠯᠸᠢᠰ ᠹᠢᠯᠢᠮ᠎ᠦᠨ ᠲᠤᠭᠤᠷᠢᠨ ᠦᠵᠡᠵᠤ ᠰᠣᠯᠢᠯᠴᠠᠬᠤ ᠠᠵᠢᠯᠯᠠᠭ᠎ᠠ᠎ᠶ᠋ᠢ ᠬᠣᠶᠠᠷ ᠵᠢᠯ᠎ᠳᠦ ᠨᠢᠭᠡ ᠤᠳᠠᠭ᠎ᠠ ᠡᠷᠭᠢᠯᠡᠳᠡᠭ᠃ ᠲᠣᠰ ᠬᠤᠭᠤᠴᠠᠭ᠎ᠠ ᠨᠡᠢᠲᠡ 632 ᠪᠦᠲᠦᠭᠡᠯ ᠱᠢᠯᠭᠠᠷᠠᠭᠤᠯᠤᠯᠲᠠ᠎ᠳᠤ ᠣᠷᠣᠯᠴᠠᠪᠠ᠃ ᠥᠪᠥᠷ ᠮᠣᠩᠭᠣᠯ᠎ᠤᠨ ᠮᠡᠳᠡᠭᠦᠯᠦᠨ ᠬᠦᠷᠭᠡᠭ᠌ᠰᠡᠨ 《903 ᠨᠤᠮᠸᠷ ᠪᠠᠢᠨ᠎ᠠ᠎ᠤᠤ》 ᠭᠡᠬᠦ᠌ ᠪᠦᠲᠦᠭᠡᠯ ᠨᠡᠢᠲᠡᠯᠢᠭ ᠦᠶ᠋ᠯᠡ ᠠᠵᠢᠯᠯᠠᠭ᠎ᠠ᠎ᠶ᠋ᠢᠨ ᠹᠢᠯᠢᠮ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ 《ᠬᠡᠷᠡᠯ ᠭᠢᠯᠪᠠᠭᠠᠲᠤ ᠠᠶᠠᠯᠠᠯ》 ᠭᠡᠬᠦ᠌ ᠪᠦᠲᠦᠭᠡᠯ ᠪᠢᠴᠢᠯ ᠸᠢᠳᠢᠣ᠋᠎ᠶ᠋ᠢᠨ ᠬᠣᠶᠠᠳᠤᠭᠠᠷ ᠳᠡᠰ᠎ᠤᠨ ᠱᠠᠩᠨᠠᠯ ᠭᠥᠷᠳᠡᠪᠡ; 《ᠳᠤᠷᠤᠭ ᠪᠤᠭᠤ ᠳᠤᠷᠨᠢᠭᠤᠨ ᠦᠰᠦᠨ᠎ᠡ》 ᠭᠡᠬᠦ᠌ ᠹᠢᠯᠢᠮ ᠨᠡᠢᠲᠡᠯᠢᠭ ᠦᠢᠯᠡ ᠠᠵᠢᠯᠯᠠᠭ᠎ᠠ᠎ᠶ᠋ᠢᠨ ᠹᠢᠯᠢᠮ᠎ᠤᠨ ᠭᠤᠷᠪᠠᠳᠤᠭᠠᠷ ᠳᠡᠰ᠎ᠤᠨ ᠱᠠᠩᠨᠠᠯ ᠬᠦᠷᠲᠡᠪᠡ; 《ᠰᠦ᠎ᠶᠢᠨ ᠦᠨᠦᠷ ᠠᠨᠭᠭᠢᠯᠤᠨᠠ》 ᠨᠢ ᠲᠤᠬᠠᠢᠯᠠᠭ᠍ᠰᠠᠨ ᠠᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠹᠢᠯᠢᠮ᠎ᠤᠨ ᠭᠤᠷᠪᠠᠳᠤᠭᠠᠷ ᠳᠡᠰ᠎ᠤᠨ ᠱᠠᠩᠨᠠᠯ ᠭᠥᠷᠳᠡᠪᠡ; 《ᠭᠤᠪᠢ ᠨᠤᠳᠤᠭ ᠲᠤ᠌ ᠬᠠᠢᠷ᠎ᠠ ᠪᠠᠨ ᠡᠷᠭᠦᠭᠰᠡᠨ ᠴᠢᠩ ᠵᠤᠷᠢᠬᠳᠤ ᠬᠢᠯᠢ ᠵᠢᠨ ᠰᠠᠬᠢᠭᠤᠰᠤ》᠂ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠᠬᠢ 〈ᠡᠮᠡᠭᠳᠡᠢᠴᠤᠳ〉 ᠤ᠋ᠨ ᠬᠦᠴᠦᠨ》 ᠭᠡᠬᠦ᠌ ᠹᠢᠯᠢᠮ ᠨᠢ ᠲᠣᠰ ᠲᠣᠰ ᠨᠡᠢᠲᠡᠯᠢᠭ ᠦᠶ᠋ᠯᠡ ᠠᠵᠢᠯᠯᠠᠭ᠎ᠠ᠎ᠶ᠋ᠢᠨ ᠹᠢᠯᠢᠮ ᠪᠠ ᠪᠢᠴᠢᠯ ᠸᠢᠳᠢᠣ᠋᠎ᠶᠢᠨ ᠱᠠᠩᠨᠠᠯ ᠬᠦᠷᠳᠡᠪᠡ; ᠬᠠᠮᠤᠭ᠎ᠤᠨ ᠰᠢᠯᠢᠳᠡᠭ ᠨᠠᠢᠷᠠᠭᠤᠯᠤᠨ ᠤᠳᠤᠷᠢᠳᠤᠭᠠᠴᠢ᠂ ᠬᠠᠮᠤᠭ᠎ᠤᠨ ᠰᠢᠯᠢᠳᠡᠭ ᠰᠡᠭᠦᠳᠡᠷᠯᠡᠭᠴᠢ ᠭᠡᠬᠦ ᠬᠣᠶᠠᠷ ᠳᠠᠩ ᠵᠦᠢᠯ᠎ᠦᠨ ᠱᠠᠩᠨᠠᠯ᠎ᠢ ᠴᠤ᠌ ᠥᠪᠥᠷ ᠮᠣᠩᠭᠣᠯ ᠬᠦᠷᠳᠡᠵᠡᠢ᠃
ᠡᠲᠡᠭᠡᠷ ᠱᠠᠩᠨᠠᠯ ᠭᠥᠷᠳᠡᠭ᠌ᠰᠡᠨ ᠪᠦᠲᠦᠭᠡᠯ᠎ᠨᠢ ᠦᠨᠳᠦᠰᠦᠨ ᠱᠠᠲᠤ ᠡᠮᠦᠨ᠎ᠡ ᠹᠷᠣᠨᠲ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠬᠢᠯᠢ ᠬᠢᠵᠠᠭᠠᠷ ᠣᠷᠣᠨ᠎ᠳᠤ ᠦᠨᠳᠦᠰᠦᠯᠡᠵᠦ᠍᠂ ᠣᠯᠠᠨ ᠲᠦᠮᠡᠨ᠎ᠳᠦ ᠦᠶ᠋ᠯᠡᠴᠢᠯᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠭ᠍ᠰᠠᠨ ᠰᠡᠳᠭᠢᠯ ᠬᠥᠳᠡᠯᠭᠡᠮ᠎ᠡ ᠥᠯᠢᠭᠡᠷ ᠪᠠ ᠨᠡᠢᠲᠡᠯᠢᠭ ᠦᠶ᠋ᠯᠡ ᠠᠵᠢᠯᠯᠠᠭ᠎ᠠ᠎ᠶ᠋ᠢ ᠠᠮᠢᠳᠤᠯᠢᠭ᠎ᠢᠶᠠᠷ ᠶᠠᠷᠢᠵᠤ᠂ ᠨᠠᠮ᠎ᠤᠨ ᠭᠡᠱᠢᠭᠦᠨ᠎ᠦ ᠬᠥᠮᠦᠵᠢᠯ ᠪᠣᠯᠪᠠᠰᠤᠷᠠᠯ᠎ᠤᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠤᠬᠰᠠᠨ᠎ᠢᠶᠡᠷ ᠪᠠᠷᠠᠬᠤ ᠥᠬᠡᠶ ᠨᠠᠩ ᠴᠤ᠌ ᠨᠠᠮ᠎ᠤᠨ ᠭᠡᠱᠢᠭᠦᠨ ᠺᠠᠳ᠋ᠷ᠎ᠤᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠤᠷᠤᠭ᠍ᠰᠢᠯᠠᠨ ᠳᠠᠪᠱᠢᠬᠤ ᠬᠦᠴᠦᠨ᠎ᠢ ᠬᠥᠭ᠌ᠵᠢᠭᠡᠬᠦ᠌ ᠴᠢᠬᠤᠯᠠ ᠠᠴᠢᠶᠠᠯᠠᠪᠤᠷᠢ ᠪᠣᠯᠤᠨ᠎ᠠ᠃
ᠣᠢᠷ᠎ᠠ᠎ᠶ᠋ᠢᠨ ᠵᠢᠯ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠥᠪᠥᠷ ᠮᠣᠩᠭᠣᠯ᠎ᠤᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠨᠠᠮ᠎ᠤᠨ ᠭᠡᠱᠢᠭᠦᠨ᠎ᠦ ᠬᠥᠮᠦᠵᠢᠯ᠎ᠦᠨ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠨᠠᠮ᠎ᠤᠨ ᠭᠡᠱᠢᠭᠦᠨ᠎ᠦ ᠬᠥᠮᠦᠵᠢᠯ᠎ᠦᠨ ᠱᠢᠯᠢᠳᠡᠭ ᠬᠢᠴᠢᠶᠡᠯ᠎ᠦᠨ ᠡᠬᠢ ᠪᠠᠶᠠᠯᠢᠭ᠎ᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ᠎ᠦᠨ ᠰᠤᠷᠤᠯᠴᠠᠯᠭ᠎ᠠ᠎ᠶ᠋ᠢᠨ ᠠᠭᠤᠯᠭ᠎ᠠ ᠳ᠋ᠤ ᠣᠷᠣᠭᠤᠯᠵᠤ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ ᠪᠣᠯᠭᠠᠪᠠ᠃
ᠲᠣᠰ ᠤᠳᠠᠭ᠎ᠠ ᠵᠢᠨ ᠱᠠᠩᠨᠠᠯ ᠭᠥᠷᠳᠡᠭ᠌ᠰᠡᠨ ᠪᠦᠲᠦᠭᠡᠯ᠎ᠢ ᠡᠪ ᠬᠠᠮᠲᠤ ᠨᠠᠮ᠎ᠤᠨ ᠭᠡᠱᠢᠭᠦᠨ ᠰᠦᠯᠵᠢᠶ᠎ᠡ᠂ ᠤᠮᠠᠷᠠᠲᠤ᠎ᠶ᠋ᠢᠨ ᠬᠣᠱᠢᠭᠤᠴᠢ ᠰᠦᠯᠵᠢᠶ᠎ᠡ ᠵᠡᠷᠭᠡ ᠵᠠᠭᠤᠴᠢᠯᠠᠭᠤᠷ᠎ᠤᠨ ᠲᠠᠪᠴᠠᠩ᠎ᠳᠤ ᠵᠠᠯᠭᠠᠭ᠎ᠠ᠎ᠪᠠᠷ ᠳᠡᠯᠭᠡᠨ ᠦᠵᠡᠭᠦᠯᠵᠦ᠂ ᠥᠷᠭᠡᠨ ᠣᠯᠠᠨ ᠨᠠᠮ᠎ᠤᠨ ᠭᠡᠱᠢᠭᠦᠨ᠎ᠤ ᠰᠤᠷᠤᠯᠴᠠᠵᠤ ᠬᠡᠷᠡᠭ᠌ᠯᠡᠬᠦ ᠳ᠋ᠤ ᠲᠦᠬᠦᠮ ᠦᠵᠡᠬᠦᠯᠦᠨ᠎ᠡ᠃