ᠮᠠᠨ᠎ᠤ ᠤᠯᠤᠰ ᠬᠣᠱᠢᠭᠤᠷᠠᠯ ᠮᠡᠷᠭᠡᠵᠢᠯ ᠪᠤᠯᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠲᠦᠷᠭᠡᠳᠭᠡᠨ ᠠᠬᠢᠭᠤᠯᠤᠨ᠎ᠠ
2026-04-02 16:45:39
ᠵᠣᠬᠢᠶᠠᠭ᠍ᠴᠢ᠄
​ ᠶᠧ ᠬᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 30 ᠎ᠤ᠋ ᠡᠳᠦᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠣᠱᠢᠭᠤᠷᠠᠯ ᠮᠡᠷᠭᠡᠵᠢᠯ ᠪᠤᠯᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠲᠦᠷᠭᠡᠳᠭᠡᠨ ᠠᠬᠢᠭᠤᠯᠵᠤ᠂ ᠤᠰᠤᠨ ᠵᠠᠮ᠎ᠤᠨ ᠲᠡᠭᠡᠭᠡᠪᠦᠷᠢ᠎ᠶ᠋ᠢᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠣᠢᠷ᠎ᠠ᠎ᠳᠤ ᠬᠠᠮᠲᠤᠷᠠᠨ 《ᠤᠶᠤᠨᠲᠤ ᠤᠰᠤᠨ ᠵᠠᠮ᠎ᠤᠨ ᠲᠡᠭᠡᠭᠡᠪᠦᠷᠢ᠎ᠶ᠋ᠢᠨ 2030 ᠣᠨ᠎ᠤ ᠠᠵᠢᠯᠯᠠᠭᠠᠨ᠎ᠤ ᠲᠥᠯᠥᠪᠯᠡᠭᠡ》 ᠶ᠋ᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠤᠶᠤᠨᠲᠤ ᠤᠰᠤᠨ ᠵᠠᠮ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ᠎ᠲᠠᠶ ᠡᠭᠦᠷᠭᠡ ᠪᠠ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃

ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠠᠵᠢᠯᠯᠠᠭᠠᠨ᠎ᠤ ᠲᠥᠯᠥᠪᠯᠡᠭᠡ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠪᠡᠷ ᠠᠷᠭ᠎ᠠ ᠵᠠᠮ ᠪᠣᠯᠭᠠᠵᠤ᠂ ᠠᠬᠤᠶ ᠲᠠᠯᠠᠪᠠᠶ᠎ᠶ᠋ᠢᠨ ᠬᠡᠷᠡᠭ᠌ᠯᠡᠯᠲᠡ᠎ᠪᠡᠷ ᠵᠢᠯᠣᠭᠣᠳᠤᠮᠵᠢ ᠪᠣᠯᠭᠠᠵᠤ᠂ ᠬᠣᠶᠠᠷ ᠱᠠᠲᠤ ᠦᠶ᠎ᠡ᠎ᠶ᠋ᠢᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠳᠣᠷᠬᠠᠶ ᠲᠣᠭ᠍ᠲᠠᠭᠠᠪᠠ᠃ 2027 ᠣᠨ ᠪᠣᠯᠬᠤ᠎ᠳᠤ᠂ ᠮᠠᠨ᠎ᠤ ᠤᠯᠤᠰ ᠵᠣᠬᠢᠶᠠᠮᠠᠯ ᠣᠶᠤᠨ ᠴᠢᠳᠠᠪᠤᠷᠢ ᠪᠤᠯᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠴᠢᠬᠤᠯᠠ ᠡᠯᠧᠮᠧᠨ᠋ᠲ᠎ᠦᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠵᠦ᠍᠂ ᠭᠤᠤᠯᠯᠠᠬᠴᠢ ᠵᠠᠩᠭᠢᠯᠠᠭ᠎ᠠ᠎ᠶ᠋ᠢᠨ ᠮᠡᠷᠭᠡᠵᠢᠯ᠎ᠳᠦ ᠱᠢᠪᠲᠤᠯᠤᠯᠲᠠ ᠭᠠᠷᠭᠠᠵᠤ᠂ ᠭᠤᠷᠪᠠ᠎ᠡᠴᠡ ᠳᠡᠭᠡᠭ᠌ᠰᠢ ᠣᠶᠤᠨᠳᠤ ᠤᠰᠤᠨ ᠵᠠᠮ᠎ᠤᠨ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠪᠦᠰᠡ᠎ᠶ᠋ᠢ ᠪᠠᠢᠭᠤᠯᠵᠤ᠂ ᠲᠠᠪᠤ᠎ᠡᠴᠡ ᠳᠡᠭᠡᠭ᠌ᠰᠢ ᠲᠤᠷᠱᠢᠯᠲᠠ᠎ᠶ᠋ᠢᠨ ᠠᠶᠠᠯᠠᠯ᠎ᠤᠨ ᠱᠤᠭᠤᠮ᠎ᠢ ᠨᠡᠭᠡᠭᠡᠵᠦ᠍᠂ ᠠᠷᠪᠠ᠎ᠡᠴᠡ ᠳᠡᠭᠡᠭ᠌ᠰᠢ ᠳᠡᠯᠭᠡᠷᠡᠭᠦᠯᠵᠦ᠍ ᠪᠣᠯᠬᠤ ᠣᠶᠤᠨᠳᠤ ᠤᠰᠤᠨ ᠵᠠᠮ᠎ᠤᠨ ᠲᠡᠭᠡᠭᠡᠪᠦᠷᠢ᠎ᠶ᠋ᠢᠨ ᠨᠡᠢᠲᠡᠯᠢᠭ ᠠᠬᠤᠶ ᠪᠠᠢᠳᠠᠯ᠎ᠢ ᠪᠣᠶ ᠪᠣᠯᠭᠠᠵᠤ᠂ ᠵᠠᠭᠤ᠎ᠡᠴᠡ ᠳᠡᠭᠡᠭ᠌ᠰᠢ ᠣᠶᠤᠨᠳᠤ ᠣᠩᠭᠣᠴᠠ ᠰᠠᠯ᠎ᠢ ᠡᠵᠡᠩᠨᠡᠨ᠎ᠡ;2030 ᠣᠨ ᠪᠣᠯᠬᠤ᠎ᠳᠤ᠂ ᠮᠠᠨ᠎ᠤ ᠤᠯᠤᠰ ᠭᠣᠣᠯᠯᠠᠭ᠍ᠴᠢ ᠵᠠᠩᠭᠢᠯᠠᠭ᠎ᠠ᠎ᠶ᠋ᠢᠨ ᠮᠡᠷᠭᠡᠵᠢᠯ᠎ᠢ ᠪᠦᠬᠦ᠌ ᠲᠠᠯ᠎ᠠ᠎ᠪᠠᠷ ᠡᠵᠡᠮᠱᠢᠵᠦ᠍᠂ ᠮᠡᠷᠭᠡᠵᠢᠯ᠂ ᠠᠵᠤ ᠦᠢᠯᠡᠰ᠂ ᠵᠠᠰᠠᠯᠲᠠ ᠬᠠᠮᠵᠢᠯᠴᠠᠨ ᠬᠥᠭ᠌ᠵᠢᠬᠦ᠌ ᠱᠢᠨ᠎ᠡ ᠵᠠᠭ᠍ᠪᠤᠷ᠎ᠢ ᠪᠦᠷᠢᠯᠳᠦᠭᠦᠯᠵᠦ᠍᠂ ᠤᠶᠤᠨᠲᠤ ᠤᠰᠤᠨ ᠵᠠᠮ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠨ᠎ᠡ ᠭᠡᠵᠤ ᠲᠠᠨᠢᠯᠴᠠᠭᠤᠯᠪᠠ᠃

ᠳᠡᠭᠡᠷᠡᠬᠢ ᠬᠠᠷᠠᠯᠲᠠ᠎ᠶ᠋ᠢᠨ ᠲᠣᠭᠣᠷᠢᠨ᠎ᠳᠤ᠂ ᠲᠤᠰ ᠬᠠᠷᠢᠭᠤᠴᠠᠯᠭᠠᠲᠠᠨ᠂ ᠠᠵᠢᠯᠯᠠᠭᠠᠨ ᠤ᠋ ᠲᠥᠯᠥᠪᠯᠡᠭᠡ ᠨᠢ ᠮᠡᠷᠭᠡᠵᠢᠯ ᠲᠣᠨᠣᠭ᠍ᠯᠠᠯ᠎ᠤᠨ ᠪᠣᠭᠣᠮᠲᠠ ᠱᠢᠪᠲᠤᠯᠬᠤ᠂ ᠬᠡᠷᠡᠭ᠌ᠯᠡᠭᠡᠨ᠎ᠦ ᠲᠤᠷᠱᠢᠯᠲᠠ᠎ᠶ᠋ᠢᠨ ᠴᠡᠭ᠎ᠡᠴᠡ ᠬᠦᠴᠤᠨ ᠣᠯᠭᠣᠬᠤ᠂ ᠰᠠᠭᠤᠷᠢ ᠲᠥᠬᠥᠭᠡᠷᠦᠮᠵᠢ᠎ᠶ᠋ᠢ ᠳᠡᠭᠡᠭ᠌ᠰᠢᠯᠡᠭᠦᠯᠬᠦ᠌᠂ ᠬᠢᠨᠠᠯᠲᠠ ᠬᠠᠮᠢᠶᠠᠷᠤᠯᠲᠠ ᠵᠠᠰᠠᠯᠲᠠ᠎ᠶ᠋ᠢ ᠳᠡᠭᠡᠭ᠌ᠰᠢᠯᠡᠭᠦᠯᠬᠦ᠌ ᠲᠦᠷᠪᠡᠨ ᠶᠡᠬᠡ ᠲᠠᠯ᠎ᠠ᠎ᠡᠴᠡ 11 ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠱᠢᠰᠲᠸᠮ ᠲᠠᠢ ᠪᠠᠢᠷᠢᠯᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠦᠷᠳᠡᠭ᠎ᠦᠨ ᠬᠡᠯᠬᠢᠶ᠎ᠡ᠎ᠶ᠋ᠢ ᠪᠦᠷᠬᠦᠭ᠌ᠰᠡᠨ ᠤᠶᠤᠨᠲᠤ ᠤᠰᠤᠨ ᠵᠠᠮ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢᠨ ᠱᠢᠰᠲᠸᠮ᠎ᠢ ᠬᠦᠴᠦᠯᠡᠨ ᠪᠠᠢᠭᠤᠯᠵᠤ᠂ ᠮᠠᠨ᠎ᠤ ᠤᠯᠤᠰ᠎ᠤᠨ ᠤᠶᠤᠨᠲᠤ ᠤᠰᠤᠨ ᠵᠠᠮ᠎ᠤᠨ ᠲᠡᠭᠡᠭᠡᠪᠦᠷᠢ᠎ᠶ᠋ᠢᠨ ᠱᠢᠰᠲᠸᠮ᠎ᠤᠨ ᠬᠤᠷᠠᠮᠠᠯ ᠪᠠ ᠬᠡᠪᠴᠢᠶᠡᠵᠢᠭ᠌ᠰᠡᠨ ᠬᠡᠷᠡᠭ᠌ᠯᠡᠯᠲᠡ᠎ᠶ᠋ᠢᠨ ᠱᠢᠨ᠎ᠡ ᠱᠠᠲᠤᠨ᠎ᠳᠤ ᠣᠷᠣᠬᠤ᠎ᠶ᠋ᠢ ᠠᠬᠢᠭᠤᠯᠬᠤ ᠪᠤᠯᠤᠨ᠎ᠠ ᠭᠡᠪᠡ᠃

ᠲᠣᠰ ᠬᠠᠷᠢᠭᠤᠴᠠᠯᠭᠠᠲᠠᠨ᠂ ᠠᠵᠢᠯᠯᠠᠭᠠᠨ᠎ᠤ ᠲᠥᠯᠥᠪᠯᠡᠭᠡ᠎ᠶ᠋ᠢ ᠳᠠᠷᠤᠮᠠᠯᠯᠠᠨ ᠲᠠᠷᠬᠠᠭᠠᠭ᠍ᠰᠠᠨ ᠨᠢ ᠮᠠᠨ᠎ᠤ ᠤᠯᠤᠰ᠎ᠤᠨ ᠣᠶᠤᠨᠳᠤ ᠤᠰᠤᠨ ᠵᠠᠮ᠎ᠤᠨ ᠲᠡᠭᠡᠭᠡᠪᠦᠷᠢ᠎ᠶ᠋ᠢᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠣᠭᠣᠮᠢ᠎ᠶ᠋ᠢᠨ ᠠᠰᠠᠭᠤᠳᠠᠯ᠎ᠢ ᠱᠢᠶ᠋ᠳᠪᠦᠷᠢᠯᠡᠬᠦ᠌᠎ᠳᠦ ᠱᠢᠰᠲ᠋ᠧᠮᠲᠦ ᠴᠢᠨᠠᠷᠲᠠᠶ ᠱᠢᠶ᠋ᠳᠪᠦᠷᠢᠯᠡᠬᠦ᠌ ᠲᠥᠰᠦᠯ ᠬᠠᠩᠭᠠᠭ᠍ᠰᠠᠨ ᠪᠦᠭᠡᠳ ᠪᠠᠰᠠ 2035 ᠣᠨ᠎ᠳᠤ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠦᠨᠳᠦᠰᠦᠨ᠎ᠳᠡᠭᠡᠨ ᠪᠠᠢᠭᠤᠯᠤᠨ ᠪᠦᠲᠦᠭᠡᠵᠦ᠍᠂ ᠳᠤᠮᠳᠠᠳᠤ ᠤᠯᠤᠰ᠎ᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠪᠥᠬᠥ᠌ ᠪᠥᠮᠪᠥᠷᠴᠡᠭ᠎ᠦᠨ ᠣᠶᠤᠨᠴᠢᠯᠠᠭ᠍ᠰᠠᠨ ᠤᠷᠤᠰᠭᠠᠯ᠎ᠤᠨ ᠳᠤᠮᠳᠠ《ᠵᠡᠷᠭᠡᠴᠡᠨ ᠭᠦᠶᠦᠵᠦ᠍》ᠪᠠᠢᠭ᠍ᠰᠠᠨ᠎ᠡᠴᠡ᠎ᠪᠠᠨ 《ᠳᠠᠭᠠᠭᠤᠯᠤᠨ ᠭᠦᠶᠦᠬᠦ᠌》ᠳᠠᠪᠠᠯᠲᠠ᠎ᠶ᠋ᠢ ᠪᠡᠶᠡᠯᠡᠭᠦᠯᠬᠦ ᠳ᠋ᠤ ᠬᠦᠴᠤᠨ ᠨᠠᠮᠠᠷᠢᠯᠠᠵᠤ᠂ ᠬᠦᠴᠦᠷᠬᠡᠭ ᠶᠡᠬᠡ ᠬᠥᠳᠡᠯᠭᠡᠭ᠌ᠴᠢ ᠡᠨᠧᠷᠭᠢ ᠨᠡᠮᠡᠷᠢᠯᠡᠵᠦ᠍᠂ ᠪᠠᠲᠤ ᠪᠠᠬᠢ ᠲᠤᠯᠭᠠᠭᠤᠷᠢᠯᠠᠯ ᠬᠠᠩᠭᠠᠵᠠᠢ ᠭᠡᠵᠤ ᠢᠯᠡᠳᠭᠡᠪᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号